ᠬᠠᠭᠤᠴᠢᠨ ᠪᠠᠷᠭᠤ ᠬᠤᠰᠢᠭᠤᠨ ᠤ ᠬᠠᠤᠯᠢ ᠴᠠᠭᠠᠵᠠ ᠶᠢᠨ ᠲᠤᠪᠴᠢᠶ᠎ᠠ ᠶᠢᠨ ᠭᠤᠤᠯ ᠡᠬᠦᠷᠭᠡ ᠬᠠᠷᠢᠭᠤᠴᠠᠯᠭ᠎ᠠ
ᠨᠡᠶᠢᠲᠡᠯᠡᠭᠰᠡᠨ ᠴᠠᠭ᠄
2019/4/12
      ᠨᠢᠭᠡ᠂ ᠤᠯᠤᠰ᠂ ᠦᠪᠡᠷᠳᠡᠭᠡᠨ ᠵᠠᠰᠠᠬᠤ ᠤᠷᠤᠨ᠂ ᠬᠤᠳᠠ ᠶᠢᠨ ᠬᠠᠤᠯᠢ ᠴᠠᠭᠠᠵᠠ ᠵᠠᠰᠠᠭ ᠵᠠᠬᠢᠷᠭᠠᠨ ᠤ ᠠᠵᠢᠯ ᠤᠨ ᠬᠠᠤᠯᠢ ᠴᠠᠭᠠᠵᠠ ᠬᠠᠤᠯᠢ ᠲᠤᠭᠳᠠᠭᠠᠯ ᠪᠠ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ᠃       ᠬᠤᠶᠠᠷ᠂ ᠪᠦᠬᠦ ᠲᠠᠯ᠎ᠠ ᠪᠠᠷ ᠬᠠᠤᠯᠢ ᠪᠠᠷ ᠬᠤᠰᠢᠭᠤ ᠪᠠᠨ ᠵᠠᠰᠠᠬᠤ ᠶᠢ ᠲᠦᠯᠬᠢᠨ ᠠᠬᠢᠭᠤᠯᠬᠤ ᠶᠢ ᠬᠠᠷᠢᠭᠤᠴᠠᠨ᠎ᠠ᠃ ᠪᠦᠬᠦ ᠲᠠᠯ᠎ᠠ ᠪᠠᠷ ᠬᠠᠤᠯᠢ ᠪᠠᠷ ᠬᠤᠰᠢᠭᠤ ᠪᠠᠨ ᠵᠠᠰᠠᠬᠤ ᠴᠢᠬᠤᠯᠠ ᠶᠡᠭᠡ ᠠᠰᠠᠭᠤᠳᠠᠯ ᠤᠨ ᠲᠦᠷᠦ ᠶᠢᠨ ᠪᠤᠳᠤᠯᠭ᠎ᠠ ᠶᠢᠨ ᠰᠤᠳᠤᠯᠭᠠᠨ ᠢ ᠡᠭᠦᠷᠭᠡᠯᠡᠵᠦ᠂ ᠬᠠᠮᠢᠶ᠎ᠠ ᠪᠦᠬᠦᠢ ᠲᠠᠯ᠎ᠠ ᠶᠢ ᠵᠤᠬᠢᠴᠠᠭᠤᠯᠤᠨ ᠪᠦᠬᠦ ᠲᠠᠯ᠎ᠠ ᠪᠠᠷ ᠬᠠᠤᠯᠢ ᠶᠤᠰᠤᠭᠠᠷ ᠬᠤᠰᠢᠭᠤ ᠪᠠᠨ ᠵᠠᠰᠠᠬᠤ ᠲᠤᠮᠳᠠ ᠤᠷᠲᠦ ᠬᠤᠭᠤᠴᠠᠭᠠᠨ ᠤ ᠲᠦᠯᠦᠪᠵᠢᠭᠦᠯᠭᠡ ᠶᠢᠨ ᠰᠠᠨᠠᠭᠤᠯᠭ᠎ᠠ ᠶᠢ ᠲᠤᠷᠠᠳᠴᠦ᠂ ᠬᠠᠮᠢᠶ᠎ᠠ ᠪᠦᠬᠦᠢ ᠲᠠᠯ᠎ᠠ ᠶᠢ ᠵᠤᠬᠢᠴᠠᠭᠤᠯᠤᠨ ᠱᠠᠭᠠᠷᠳᠠᠵᠤ᠂ ᠬᠤᠰᠢᠭᠤ ᠨᠠᠮ ᠤᠨ ᠬᠤᠷᠢᠶᠠᠨ ᠤ ᠪᠦᠬᠦ ᠲᠠᠯ᠎ᠠ ᠪᠠᠷ ᠬᠠᠤᠯᠢ ᠪᠠᠷ ᠬᠤᠰᠢᠭᠤ ᠪᠠᠨ ᠵᠠᠰᠠᠬᠤ ᠵᠦᠪᠯᠡᠯ ᠤᠨ ᠲᠤᠭᠳᠠᠭᠠᠭᠰᠠᠨ ᠵᠦᠢᠯᠡᠰ᠂ ᠠᠵᠢᠯ ᠤᠨ ᠪᠠᠶᠢᠷᠢᠯᠠᠭᠤᠯᠤᠯᠳᠠ ᠪᠠ ᠱᠠᠭᠠᠷᠳᠠᠯᠠᠭ᠎ᠠ ᠵᠡᠷᠭᠡ ᠶᠢ ᠨᠠᠶᠢᠳᠠᠪᠤᠷᠢᠵᠢᠭᠤᠯᠵᠦ᠂  ᠬᠠᠮᠢᠶ᠎ᠠ ᠪᠦᠬᠦᠢ ᠰᠢᠢᠳᠪᠦᠷᠢᠲᠦ ᠪᠤᠳᠤᠯᠭ᠎ᠠ ᠶᠢᠨ ᠱᠠᠭᠠᠷᠳᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃       ᠭᠤᠷᠪᠠ᠂ ᠬᠠᠤᠯᠢᠵᠢᠯ ᠤᠨ ᠵᠠᠰᠠᠭ ᠤᠨ ᠤᠷᠳᠤᠨ ᠤ ᠪᠠᠶᠢᠭᠤᠯᠤᠯᠳᠠ ᠶᠢ ᠨᠢᠭᠡᠳᠦᠯᠳᠠᠢ ᠲᠦᠯᠦᠪᠯᠡᠨ ᠠᠬᠢᠭᠤᠯᠬᠤ ᠶᠢ ᠬᠠᠷᠢᠭᠤᠴᠠᠨ᠎ᠠ᠃  ᠡᠯ᠎ᠡ ᠰᠤᠮᠤ ᠪᠠᠯᠭᠠᠰᠤᠨ ᠤ ᠵᠠᠰᠠᠭ ᠤᠨ ᠤᠷᠳᠤᠨ᠂ ᠬᠤᠰᠢᠭᠤᠨ ᠤ ᠵᠠᠰᠠᠭ ᠤᠨ ᠤᠷᠳᠤᠨ ᠤ ᠡᠯ᠎ᠡ ᠰᠠᠯᠠᠭ᠎ᠠ ᠮᠦᠴᠢᠷ ᠤᠨ ᠬᠠᠤᠯᠢ ᠶᠤᠰᠤᠭᠠᠷ ᠵᠠᠰᠠᠭ ᠶᠠᠪᠤᠭᠤᠯᠬᠤ᠂ ᠬᠠᠤᠯᠢᠵᠢᠯ ᠤᠨ  ᠵᠠᠰᠠᠭ ᠤᠨ ᠤᠷᠳᠤᠨ ᠤ ᠪᠠᠶᠢᠭᠤᠯᠤᠯᠳᠠ ᠶᠢᠨ ᠠᠵᠢᠯ ᠢ ᠵᠢᠯᠤᠭᠤᠳᠴᠦ᠂ ᠬᠢᠨᠠᠯᠲᠠ ᠲᠠᠯᠪᠢᠨ᠎ᠡ᠃  ᠬᠤᠰᠢᠭᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠶᠡᠷᠦᠩᠬᠡᠶᠢᠯᠡᠨ ᠵᠤᠬᠢᠴᠠᠭᠤᠯᠤᠨ ᠬᠢᠨᠠᠯᠳᠠ ᠲᠠᠯᠪᠢᠬᠤ ᠶᠢ ᠬᠠᠷᠢᠭᠤᠴᠠᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠲᠦᠯᠬᠢᠨ ᠠᠬᠢᠭᠤᠯᠬᠤ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃  ᠵᠠᠰᠠᠭ ᠵᠠᠬᠢᠷᠭᠠᠨ ᠤ ᠠᠵᠢᠯᠯᠠᠭ᠎ᠠ ᠶᠢᠨ ᠬᠠᠤᠯᠢ ᠶᠤᠰᠤᠨ ᠤ ᠴᠢᠨᠠᠷ ᠢ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃  ᠵᠠᠰᠠᠭ ᠵᠠᠬᠢᠷᠭᠠᠨ ᠤ ᠲᠠᠬᠢᠨ ᠵᠦᠪᠯᠡᠬᠦ᠂  ᠵᠠᠰᠠᠭ ᠵᠠᠬᠢᠷᠭᠠᠨ ᠤ ᠵᠠᠭᠠᠯᠳᠤᠯᠭ᠎ᠠ ᠶᠢᠨ ᠬᠡᠷᠡᠭ ᠵᠠᠷᠭᠤ ᠶᠢ ᠭᠦᠢᠴᠡᠳᠭᠡᠬᠦ ᠶᠢ ᠬᠠᠷᠢᠭᠤᠴᠠᠵᠦ᠂ ᠪᠤᠰᠤᠳ ᠵᠠᠰᠠᠭ ᠵᠠᠬᠢᠷᠭᠠᠨ ᠤ ᠲᠠᠬᠢᠨ ᠵᠦᠪᠯᠡᠬᠦ᠂ ᠵᠠᠰᠠᠭ ᠵᠠᠬᠢᠷᠭᠠᠨ ᠤ ᠵᠠᠭᠠᠯᠳᠤᠯᠭ᠎ᠠ ᠶᠢᠨ ᠠᠵᠢᠯ ᠢ ᠵᠢᠯᠤᠭᠤᠳᠤᠨ ᠬᠢᠨᠠᠯᠳᠠ ᠲᠠᠯᠪᠢᠨ᠎ᠡ᠃ ᠬᠤᠰᠢᠭᠤ ᠵᠠᠰᠠᠭ ᠤᠨ ᠤᠷᠳᠤᠨ ᠤ ᠡᠯ᠎ᠡ ᠠᠵᠢᠯ ᠤᠨ ᠰᠠᠯᠠᠭ᠎ᠠ ᠮᠦᠴᠢᠷ ᠤᠨ ᠲᠦᠷᠢᠮᠵᠢᠭᠰᠡᠨ ᠪᠢᠴᠢᠭ ᠮᠠᠲ᠋ᠧᠷᠢᠶᠠᠯ ᠢ ᠲᠠᠩᠰᠠᠯᠠᠨ ᠬᠢᠨᠠᠨ ᠪᠠᠶᠢᠴᠠᠭᠠᠨ ᠬᠢᠨᠠᠯᠲᠠ ᠲᠠᠯᠪᠢᠬᠤ ᠠᠵᠢᠯ ᠢ ᠬᠠᠷᠢᠭᠤᠴᠠᠨ᠎ᠠ᠃       ᠲᠦᠷᠪᠡ᠂ ᠬᠠᠤᠯᠢᠵᠢᠯ ᠤᠨ ᠨᠡᠶᠢᠭᠡᠮ ᠤᠨ ᠪᠦᠳᠦᠭᠡᠨ ᠪᠠᠶᠢᠭᠤᠯᠤᠯᠳᠠ ᠶᠢ ᠨᠢᠭᠡᠳᠦᠯᠳᠠᠢ ᠲᠦᠯᠦᠪᠵᠢᠭᠦᠯᠬᠦ ᠶᠢ ᠬᠠᠷᠢᠭᠤᠴᠠᠨ᠎ᠠ᠃ ᠪᠦᠬᠦ ᠬᠤᠰᠢᠭᠤᠨ ᠤ ᠬᠠᠤᠯᠢ ᠪᠠᠷ ᠵᠠᠰᠠᠬᠤ ᠤᠬᠠᠭᠤᠯᠭ᠎ᠠ ᠬᠦᠮᠦᠵᠢᠯ ᠤᠨ ᠲᠦᠯᠦᠪᠵᠢᠭᠦᠯᠭᠡ ᠶᠢ ᠲᠤᠭᠤᠷᠪᠢᠬᠤ ᠶᠢ ᠬᠠᠷᠢᠭᠤᠴᠠᠵᠦ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯ ᠢ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠷᠠᠳ ᠲᠦᠮᠡᠨ ᠤ ᠬᠠᠤᠯᠢᠵᠢᠯ ᠤᠨ ᠪᠠᠶᠢᠭᠤᠯᠤᠯᠳᠠ ᠳᠤ ᠤᠷᠤᠯᠴᠠᠬᠤ ᠪᠠ ᠠᠬᠢᠭᠤᠯᠬᠤ ᠶᠢ ᠲᠦᠯᠬᠢᠨ ᠠᠬᠢᠭᠤᠯᠤᠨ᠎ᠠ᠃ ᠪᠦᠬᠦ ᠬᠤᠰᠢᠭᠤᠨ ᠤ ᠬᠠᠤᠯᠢ ᠪᠠᠷ ᠵᠠᠰᠠᠬᠤ ᠪᠠ ᠬᠠᠤᠯᠢᠵᠢᠯ ᠤᠨ ᠡᠭᠦᠳᠦᠨ ᠪᠠᠶᠢᠭᠤᠯᠬᠤ ᠠᠵᠢᠯ ᠢ ᠵᠢᠯᠤᠭᠤᠳᠤᠨ᠎ᠠ᠃ ᠡᠶᠡᠳᠡᠭᠦᠯᠬᠦ ᠠᠵᠢᠯ ᠪᠠ ᠠᠷᠠᠳ ᠤᠨ ᠬᠠᠪᠰᠤᠷᠤᠨ ᠰᠢᠭᠦᠭᠴᠢ ᠶᠢ ᠰᠤᠩᠭᠤᠨ ᠲᠤᠰᠢᠶᠠᠯ ᠡᠭᠦᠷᠭᠡᠯᠡᠬᠦ ᠬᠠᠮᠢᠶᠠᠷᠤᠯᠲᠠ ᠶᠢᠨ ᠠᠵᠢᠯ ᠢ ᠵᠢᠯᠤᠭᠤᠳᠴᠦ᠂ ᠠᠷᠠᠳ ᠤᠨ ᠬᠢᠨᠠᠯᠲᠠ ᠲᠠᠯᠪᠢᠭᠴᠢ ᠶᠢ ᠰᠤᠩᠭᠤᠨ ᠲᠤᠰᠢᠶᠠᠯ ᠡᠭᠦᠷᠭᠡᠯᠡᠬᠦ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃      ᠲᠠᠪᠤ᠂ ᠪᠦᠬᠦ ᠬᠤᠰᠢᠭᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠦᠨᠳᠦᠰᠦᠨ ᠱᠠᠳᠤᠨ ᠤ  ᠰᠠᠭᠤᠷᠢ ᠪᠦᠳᠦᠭᠡᠨ ᠪᠠᠶᠢᠭᠤᠯᠤᠯᠳᠠ  ᠶᠢ ᠵᠢᠯᠤᠭᠤᠳᠬᠤ ᠶᠢ ᠬᠠᠷᠢᠭᠤᠴᠠᠨ᠎ᠠ᠃ ᠬᠠᠤᠯᠢ ᠴᠠᠭᠠᠵᠠ ᠶᠢᠨ ᠦᠷᠳᠡᠭᠡᠨ ᠤ ᠪᠦᠳᠦᠭᠡᠨ ᠪᠠᠶᠢᠭᠤᠯᠤᠯᠳᠠ ᠶᠢ ᠠᠬᠢᠭᠤᠯᠬᠤ ᠶᠢ ᠬᠠᠷᠢᠭᠤᠴᠠᠨ᠎ᠠ᠃ ᠪᠦᠬᠦ ᠬᠤᠰᠢᠭᠤᠨ ᠤ ᠨᠡᠶᠢᠭᠡᠮ ᠲᠤᠭᠤᠷᠢᠭ ᠤᠨ ᠵᠠᠯᠠᠷᠠᠭᠤᠯᠬᠤ ᠠᠵᠢᠯ ᠢ ᠵᠢᠯᠤᠭᠤᠳᠤᠨ ᠬᠠᠮᠢᠶᠠᠷᠤᠨ᠎ᠠ᠃ ᠪᠦᠬᠦ ᠬᠤᠰᠢᠭᠤᠨ ᠤ ᠬᠤᠭᠤᠴᠠᠭ᠎ᠠ ᠨᠢ ᠲᠤᠯᠵᠦ ᠰᠤᠯᠠᠯᠠᠭᠳᠠᠭᠰᠠᠨ ᠬᠦᠮᠦᠰ ᠢ ᠬᠠᠪᠰᠤᠷᠤᠨ ᠰᠤᠷᠭᠠᠵᠤ ᠲᠦᠪᠬᠢᠨᠡᠭᠦᠯᠬᠦ ᠠᠵᠢᠯ ᠢ ᠵᠢᠯᠤᠭᠤᠳᠤᠨ᠎ᠠ᠃      ᠵᠢᠷᠭᠤᠭ᠎ᠠ᠂  ᠪᠦᠬᠦ ᠬᠤᠰᠢᠭᠤᠨ ᠤ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠤᠭᠳᠠᠯᠴᠠᠭ᠎ᠠ ᠶᠢᠨ ᠪᠠᠶᠢᠭᠤᠯᠤᠯᠳᠠ ᠶᠢ ᠬᠠᠷᠢᠭᠤᠴᠠᠨ᠎ᠠ᠃ ᠪᠦᠬᠦ ᠬᠤᠰᠢᠭᠤᠨ ᠤ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠤᠭᠳᠠᠯᠴᠠᠭ᠎ᠠ ᠶᠢᠨ ᠪᠠᠶᠢᠭᠤᠯᠤᠯᠳᠠ ᠶᠢᠨ ᠲᠦᠯᠦᠪᠵᠢᠭᠦᠯᠭᠡ ᠶᠢ ᠲᠤᠭᠤᠷᠪᠢᠬᠤ ᠶᠢᠨ ᠬᠠᠮᠲᠤ ᠵᠢᠯᠤᠭᠤᠳᠤᠨ ᠬᠡᠷᠡᠭᠵᠢᠭᠦᠯᠵᠦ᠂ ᠬᠤᠳᠠ ᠬᠦᠳᠡᠭᠡ᠂ ᠭᠠᠵᠠᠷ ᠤᠷᠤᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠡᠬᠢ ᠪᠠᠶᠠᠯᠢᠭ ᠢ ᠨᠢᠭᠡᠳᠦᠯᠳᠠᠢ ᠲᠦᠯᠦᠪᠯᠡᠨ ᠪᠠᠶᠢᠷᠢᠰᠢᠭᠤᠯᠤᠨ᠎ᠠ᠃  ᠪᠦᠬᠦ ᠬᠤᠰᠢᠭᠤᠨ ᠤ ᠬᠠᠤᠯᠢ ᠴᠠᠭᠠᠵᠠ ᠶᠢᠨ ᠵᠦᠪᠯᠡᠭᠴᠢ᠂ ᠬᠠᠤᠯᠢᠴᠢ᠂ ᠬᠠᠤᠯᠢ ᠴᠠᠭᠠᠵᠠ ᠶᠢᠨ ᠲᠤᠰᠠᠯᠠᠮᠵᠢ᠂ ᠠᠯᠪᠠᠨ ᠭᠡᠷᠡᠴᠢᠯᠡᠭᠡ ᠪᠠ ᠦᠨᠳᠦᠰᠦᠨ ᠱᠠᠳᠤᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠳᠤ ᠬᠢᠨᠠᠯᠲᠠ ᠲᠠᠯᠪᠢᠨ᠎ᠡ᠃  ᠪᠦᠬᠦ  ᠬᠤᠰᠢᠭᠤᠨ ᠤ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠢ ᠪᠠᠶᠢᠭᠤᠯᠬᠤ ᠠᠩᠬᠠᠨ ᠤ ᠬᠢᠨᠠᠯᠲᠠ ᠶᠢᠨ ᠠᠵᠢᠯ ᠪᠠ ᠬᠠᠤᠯᠢᠴᠢ ᠶᠢᠨ ᠠᠵᠢᠯ ᠡᠷᠬᠢᠯᠡᠬᠦ ᠬᠢᠷᠢ ᠬᠡᠮ ᠢ  ᠬᠢᠨᠠᠨ ᠰᠢᠯᠭᠠᠬᠤ ᠪᠠ ᠬᠢᠨᠠᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃  ᠬᠠᠤᠯᠢᠴᠢ ᠶᠢᠨ ᠠᠵᠢᠯ ᠲᠦᠷᠦᠯ ᠤᠨ ᠨᠠᠮ ᠤᠨ ᠪᠠᠶᠢᠭᠤᠯᠤᠯᠳᠠ ᠶᠢᠨ ᠠᠵᠢᠯ ᠢ ᠵᠢᠯᠤᠭᠤᠳᠤᠨ᠎ᠠ᠃     ᠲᠤᠯᠤᠭ᠎ᠠ᠂ ᠪᠦᠬᠦ ᠬᠤᠰᠢᠭᠤᠨ ᠤ ᠬᠠᠤᠯᠢ ᠪᠠᠷ ᠵᠠᠰᠠᠬᠤ ᠴᠢᠳᠠᠪᠤᠷᠢᠳᠠᠨ ᠤ ᠡᠩᠨᠡᠭᠡᠨ ᠤ ᠪᠠᠶᠢᠭᠤᠯᠤᠯᠲᠠ ᠶᠢ ᠬᠠᠷᠢᠭᠤᠴᠠᠨ᠎ᠠ᠃ ᠪᠦᠬᠦ ᠬᠤᠰᠢᠭᠤᠨ ᠤ ᠬᠠᠤᠯᠢ ᠪᠠᠷ ᠵᠠᠰᠠᠬᠤ ᠴᠢᠳᠠᠪᠤᠷᠢᠳᠠᠨ ᠤ ᠡᠩᠨᠡᠭᠡᠨ ᠤ ᠪᠠᠶᠢᠭᠤᠯᠤᠯᠳᠠ ᠶᠢᠨ ᠬᠤᠯᠪᠤᠭᠳᠠᠯ ᠪᠦᠬᠦᠢ ᠠᠵᠢᠯ ᠢ ᠲᠦᠯᠦᠪᠵᠢᠭᠦᠯᠦᠨ ᠵᠤᠬᠢᠴᠠᠭᠤᠯᠵᠦ ᠵᠢᠯᠤᠭᠤᠳᠤᠨ᠎ᠠ᠃  ᠪᠦᠬᠦ ᠬᠤᠰᠢᠭᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠡᠩᠨᠡᠭᠡᠨ ᠤ ᠪᠠᠶᠢᠭᠤᠯᠤᠯᠳᠠ ᠳᠤ ᠬᠢᠨᠠᠯᠲᠠ ᠲᠠᠯᠪᠢᠵᠦ᠂ ᠪᠦᠬᠦ ᠬᠤᠰᠢᠭᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠶᠡᠷᠦᠩᠬᠡᠶᠢᠯᠡᠨ ᠬᠢᠨᠠᠨ ᠪᠠᠶᠢᠴᠠᠭᠠᠬᠤ ᠵᠡᠷᠭᠡ ᠡᠩᠨᠡᠭᠡᠨ ᠤ ᠪᠠᠶᠢᠭᠤᠯᠤᠯᠳᠠ ᠶᠢᠨ ᠠᠵᠢᠯ ᠢ ᠬᠠᠷᠢᠭᠤᠴᠠᠨ᠎ᠠ᠃ ᠪᠦᠬᠦ ᠬᠤᠰᠢᠭᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠤᠯᠭ᠎ᠠ ᠪᠠ ᠬᠠᠤᠯᠢ ᠬᠡᠷᠡᠭᠵᠢᠭᠦᠯᠦᠭᠴᠢ ᠶᠢᠨ ᠲᠦᠪ ᠶᠤᠰᠤᠨ ᠤ ᠬᠠᠤᠯᠢ ᠬᠡᠷᠡᠭᠵᠢᠭᠦᠯᠬᠦ ᠡᠷᠬᠡ ᠠᠰᠢᠭ ᠢ ᠬᠠᠮᠠᠭᠠᠯᠠᠬᠤ ᠶᠢ ᠬᠠᠷᠢᠭᠤᠴᠠᠨ᠎ᠠ᠃      ᠨᠠᠢᠮᠠ᠂ ᠪᠦᠬᠦ ᠬᠤᠰᠢᠭᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠲᠤᠨᠤᠭ ᠲᠦᠬᠦᠭᠡᠷᠦᠮᠵᠢ ᠶᠢᠨ ᠡᠳ᠋ ᠤᠨ ᠶᠠᠪᠤᠳᠠᠯ ᠤᠨ ᠪᠠᠳᠤᠯᠠᠭ᠎ᠠ ᠶᠢᠨ ᠠᠵᠢᠯ ᠢ  ᠬᠠᠷᠢᠭᠤᠴᠠᠨ᠎ᠠ᠃ ᠪᠦᠬᠦ ᠬᠤᠰᠢᠭᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠬᠤᠪᠴᠠᠰᠤ ᠬᠤᠨᠠᠷ᠂ ᠴᠠᠭᠳᠠᠭᠠᠨ ᠤ ᠲᠡᠷᠭᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠦ᠂ ᠪᠦᠬᠦ ᠬᠤᠰᠢᠭᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠡᠳ᠋ ᠤᠨ ᠶᠠᠪᠤᠳᠠᠯ᠂ ᠲᠤᠨᠤᠭ ᠲᠦᠬᠦᠭᠡᠷᠦᠮᠵᠢ᠂  ᠪᠠᠭᠠᠵᠢ᠂  ᠲᠠᠯᠠᠪᠤᠷ ᠵᠡᠷᠭᠡ ᠶᠢᠨ ᠪᠠᠳᠤᠯᠠᠭ᠎ᠠ ᠶᠢᠨ ᠠᠵᠢᠯ ᠳᠤ ᠬᠢᠨᠠᠯᠲᠠ ᠲᠠᠯᠪᠢᠨ᠎ᠠ᠃      ᠶᠢᠰᠦ᠂ ᠪᠦᠬᠦ ᠬᠤᠰᠢᠭᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠤᠷᠠᠭ ᠵᠠᠩᠬᠢᠴᠢᠯᠠᠯᠲᠠ ᠶᠢᠨ ᠠᠵᠢᠯ ᠢ ᠲᠦᠯᠦᠪᠵᠢᠭᠦᠯᠬᠦ᠂  ᠬᠡᠷᠡᠭᠵᠢᠭᠦᠯᠬᠦ᠂  ᠵᠢᠯᠤᠭᠤᠳᠬᠤ ᠶᠢ ᠬᠠᠷᠢᠭᠤᠴᠠᠨ᠎ᠠ᠃ ᠪᠦᠬᠦ ᠬᠤᠰᠢᠭᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠪᠠᠴᠢᠮ ᠪᠠᠶᠢᠳᠠᠯ ᠢ ᠠᠷᠭᠠᠴᠠᠭᠠᠬᠤ ᠵᠢᠯᠤᠭᠤᠳᠤᠯᠭ᠎ᠠ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠰᠢᠢᠳᠪᠦᠷᠢᠯᠡᠬᠦ ᠪᠠ ᠶᠡᠷᠦᠩᠬᠡᠶᠢᠯᠡᠨ ᠵᠤᠬᠢᠴᠠᠭᠤᠯᠬᠤ ᠠᠵᠢᠯ ᠢ ᠡᠭᠦᠷᠭᠡᠯᠡᠨ᠎ᠡ᠃      ᠠᠷᠪᠠ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠ ᠲᠡᠭᠡᠳᠦ ᠱᠠᠳᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠦᠴᠢᠷ ᠤᠨ ᠲᠠᠭᠠᠭᠠᠯᠭᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃
ᠢᠷᠡᠯᠲᠡ᠄ ᠬᠠᠭᠤᠴᠢᠨ ᠪᠠᠷᠭᠤ ᠬᠤᠰᠢᠭᠤᠨ ᠤ ᠵᠠᠰᠠᠭ ᠤᠨ ᠤᠷᠳᠤᠨ