ᠲᠤᠮᠳᠠᠳᠤ ᠤᠯᠤᠰ ᠤᠨ ᠡᠪ ᠬᠠᠮᠳᠤ ᠨᠠᠮ ᠤᠨ ᠬᠠᠭᠤᠴᠢᠨ ᠪᠠᠷᠭᠤ ᠬᠤᠰᠢᠭᠤᠨ ᠤ ᠬᠤᠷᠢᠶ᠎ᠠ ᠶᠢᠨ ᠤᠯᠤᠰ ᠲᠦᠷᠤ ᠬᠠᠤᠯᠢ ᠴᠠᠭᠠᠵᠨ ᠶᠢᠨ ᠵᠦᠪᠯᠠᠯ ᠤᠨ ᠭᠤᠤᠯ ᠡᠬᠦᠷᠭᠡ ᠬᠠᠷᠢᠭᠤᠴᠠᠯᠭ᠎ᠠ
ᠨᠡᠶᠢᠲᠡᠯᠡᠭᠰᠡᠨ ᠴᠠᠭ᠄
2019/5/13
     ᠨᠢᠭᠡ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠠᠯ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠤᠯᠤᠰ ᠲᠦᠷᠤ ᠬᠠᠤᠯᠢ ᠴᠠᠭᠠᠵᠨ  ᠶᠢᠨ ᠠᠵᠢᠯ ᠢ ᠡᠷᠬᠡᠪᠰᠢ ᠤᠳᠤᠷᠢᠤᠨᠬᠤ ᠶᠢ ᠪᠠᠷᠢᠮᠳᠠᠯᠠᠨ᠂ ᠨᠠᠮ ᠤᠨ ᠱᠤᠭᠤᠮ ᠴᠢᠭᠯᠡᠯᠳᠡ ᠲᠦᠷᠤ ᠶᠢᠨ ᠪᠤᠳᠤᠯᠭ᠎ᠠ ᠪᠠ ᠨᠠᠮ ᠤᠨ ᠲᠦᠪ ᠬᠤᠷᠢᠶᠠᠨ ᠤ ᠰᠢᠢᠤᠨᠪᠤᠷᠢᠳᠤ  ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠲᠤᠤᠱᠯᠠᠭᠤᠯᠤᠨ ᠬᠡᠷᠩᠵᠢᠬᠦᠯᠵᠦ᠂ ᠤᠯᠤᠰ ᠲᠦᠷᠤ ᠶᠢᠨ ᠡᠭᠡᠯᠵᠢᠯᠡᠨ ᠪᠤᠯᠪᠠᠰᠤᠷᠠᠭᠤᠯᠬᠤ  ᠪᠠ ᠤᠯᠤᠰ ᠲᠦᠷᠤ ᠶᠢᠨ ᠪᠠᠶᠢᠴᠠᠭᠠᠯᠳᠠ ᠶᠢᠨ ᠲᠦᠷᠢᠮ ᠢ ᠲᠡᠬᠦᠯᠳᠡᠷᠵᠢᠬᠦᠯᠬᠦ  ᠬᠠᠮᠳᠤ ᠨᠠᠶᠢᠳᠠᠪᠤᠷᠢᠵᠢᠭᠤᠯᠤᠨ᠎ᠠ᠃      ᠬᠤᠶᠡᠷ᠂ ᠲᠦᠪ ᠤᠨ ᠤᠯᠤᠰ ᠲᠦᠷᠤ ᠬᠠᠤᠯᠢ ᠴᠠᠭᠠᠵᠨ ᠶᠢᠨ ᠵᠦᠪᠯᠠᠯ᠂ ᠦᠪᠡᠷᠳᠡᠬᠡᠨ ᠵᠠᠰᠠᠬᠤ ᠤᠷᠤᠨ ᠤ ᠨᠠᠮ ᠤᠨ ᠤᠯᠤᠰ ᠲᠦᠷᠤ ᠬᠠᠤᠯᠢ ᠴᠠᠭᠠᠵᠨ ᠶᠢᠨ ᠵᠦᠪᠯᠠᠯ᠂ ᠬᠤᠳᠠ ᠶᠢᠨ ᠨᠠᠮ ᠤᠨ ᠬᠤᠷᠢᠶᠠᠨ ᠤ ᠤᠯᠤᠰ ᠲᠦᠷᠤ ᠬᠠᠤᠯᠢ ᠴᠠᠭᠠᠵᠨ ᠶᠢᠨ ᠵᠦᠪᠯᠠᠯ ᠪᠠ ᠬᠤᠰᠢᠭᠤ ᠨᠠᠮ ᠤᠨ ᠬᠤᠷᠢᠶᠠᠨ ᠤ ᠰᠢᠢᠤᠨᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠲᠤᠤᠱᠯᠠᠭᠤᠯᠤᠨ ᠬᠡᠷᠩᠵᠢᠬᠦᠯᠤᠨ᠎ᠡ᠃ ᠤᠯᠤᠰ ᠲᠦᠷᠤ ᠬᠠᠤᠯᠢ ᠴᠠᠭᠠᠵᠨ ᠶᠢᠨ ᠪᠠᠶᠢᠭᠤᠯᠤᠯᠭ᠎ᠠ ᠶᠢᠨ ᠬᠤᠭᠤᠷᠤᠨᠳᠤᠬᠢ ᠶᠢ ᠵᠤᠬᠢᠴᠠᠭᠤᠯᠬᠤ᠂ ᠤᠯᠤᠰ ᠲᠦᠷᠤ ᠬᠠᠤᠯᠢ ᠴᠠᠭᠠᠵᠨ ᠶᠢᠨ ᠨᠢᠭᠡᠴᠡ ᠪᠠ ᠬᠠᠮᠢᠶ᠎ᠠ ᠪᠦᠬᠦᠢ ᠰᠠᠯᠠᠭ᠎ᠠ ᠮᠦᠴᠢᠷ᠂ ᠭᠠᠵᠠᠷ ᠤᠷᠤᠨ ᠤ ᠬᠤᠭᠤᠷᠤᠨᠳᠤᠬᠢ ᠬᠠᠮᠢᠶ᠎ᠠ ᠪᠦᠬᠦᠢ ᠴᠢᠬᠤᠯᠠ ᠶᠡᠭᠡ  ᠵᠦᠢᠯᠡᠰ ᠢ ᠰᠤᠳᠤᠯᠤᠨ᠂ ᠤᠯᠤᠰ ᠲᠦᠷᠤ ᠬᠠᠤᠯᠢ ᠴᠠᠭᠠᠵᠨ ᠶᠢᠨ ᠨᠢᠭᠡᠴᠡ ᠶᠢᠨ ᠦᠵᠠᠯ ᠰᠠᠨᠠᠭ᠎ᠠ ᠪᠠ ᠦᠢᠯᠡ ᠠᠵᠢᠯᠯᠠᠭ᠎ᠠ ᠶᠢ ᠨᠢᠭᠡᠳᠤᠬᠦᠯᠤᠨ᠎ᠡ᠃ ᠪᠦᠬᠦ ᠬᠤᠰᠢᠭᠤᠨ ᠤ ᠤᠯᠤᠰ ᠲᠦᠷᠤ ᠬᠠᠤᠯᠢ ᠴᠠᠭᠠᠵᠨ ᠶᠢᠨ ᠠᠵᠢᠯ ᠢ ᠵᠢᠯᠤᠭᠤᠳᠤᠨ  ᠪᠠᠶᠢᠷᠢᠯᠠᠭᠤᠯᠤᠨ᠎ᠠ᠃      ᠭᠤᠷᠪᠠ᠂ ᠤᠯᠤᠰ ᠲᠦᠷᠤ ᠬᠠᠤᠯᠢ ᠴᠠᠭᠠᠵᠨ ᠶᠢᠨ ᠬᠦᠷᠢᠶ᠎ᠡ ᠴᠠᠷᠠᠭᠠᠨ ᠤ ᠴᠢᠬᠤᠯᠠ ᠶᠡᠭᠡ ᠦᠢᠯᠡᠳᠤᠯᠭᠡ ᠪᠠ ᠤᠨᠤᠯ ᠤᠨ ᠠᠰᠠᠭᠤᠳᠠᠯ ᠤᠨ ᠪᠠᠶᠢᠴᠠᠭᠠᠨ ᠰᠤᠳᠤᠯᠬᠤ ᠶᠢ ᠬᠠᠷᠢᠭᠤᠴᠠᠵᠤ᠂ ᠴᠢᠬᠤᠯᠠ ᠶᠡᠭᠡ ᠰᠢᠢᠤᠨᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠪᠠ ᠦᠭᠡᠷᠡᠴᠢᠯᠡᠯᠳᠡ ᠶᠢᠨ ᠠᠷᠭ᠎ᠠ ᠠᠪᠴᠠᠯ ᠤᠨ ᠰᠠᠨᠠᠯ ᠪᠠ ᠰᠠᠨᠠᠭᠤᠯᠭ᠎ᠠ ᠶᠢ ᠲᠤᠷᠠᠤᠨᠴᠦ᠂ ᠬᠤᠰᠢᠭᠤ ᠨᠠᠮ ᠤᠨ ᠬᠤᠷᠢᠶ᠎ᠠ ᠶᠢᠨ ᠰᠢᠢᠤᠨᠪᠤᠷᠢᠳᠤ ᠪᠤᠳᠤᠯᠭ᠎ᠠ ᠪᠠ ᠤᠯᠤᠰ ᠲᠦᠷᠤ ᠬᠠᠤᠯᠢ ᠴᠠᠭᠠᠵᠨ ᠶᠢᠨ ᠦᠭᠡᠷᠡᠴᠢᠯᠡᠯᠳᠡ ᠶᠢ ᠨᠢᠭᠡᠳᠤᠯᠳᠠᠢ ᠲᠦᠯᠤᠪᠯᠡᠨ ᠲᠦᠯᠬᠢᠨ ᠠᠬᠢᠭᠤᠯᠬᠤ ᠵᠡᠷᠭᠡ ᠡᠯ᠎ᠡ ᠲᠦᠷᠤᠯ ᠤᠨ ᠠᠵᠢᠯ ᠢ ᠬᠠᠮᠵᠢᠯᠴᠠᠨ᠎ᠠ᠃      ᠲᠦᠷᠪᠡ᠂ ᠨᠡᠶᠢᠭᠡᠮ ᠤᠨ ᠲᠤᠭᠳᠠᠭᠤᠨ ᠤ ᠪᠠᠶᠢᠳᠠᠯ᠂ ᠤᠯᠤᠰ ᠲᠦᠷᠤ ᠬᠠᠤᠯᠢ ᠴᠠᠭᠠᠵᠨ ᠶᠢᠨ ᠠᠵᠢᠯ ᠤᠨ ᠪᠠᠶᠢᠳᠠᠯ ᠢ ᠦᠢᠯᠠᠭᠠᠨ ᠡᠵᠡᠮᠳᠡᠬᠦ ᠪᠠ ᠵᠠᠳᠠᠯᠤᠨ ᠰᠤᠳᠤᠯᠤᠨ ᠮᠠᠭᠠᠤᠨᠯᠠᠵᠤ᠂ ᠤᠯᠠᠨ ᠰᠠᠯᠠᠭ᠎ᠠ ᠮᠦᠴᠢᠷ ᠤᠷᠤᠯᠴᠠᠭᠰᠠᠨ ᠠᠮᠤᠷ ᠲᠠᠶᠢᠪᠤᠩ ᠪᠠᠶᠢᠭᠤᠯᠤᠯᠳᠠ ᠶᠢᠨ ᠠᠵᠢᠯ ᠤᠨ ᠵᠤᠬᠢᠴᠠᠭᠤᠯᠬᠤ ᠲᠤᠭᠳᠠᠴᠠ ᠶᠢᠨ ᠰᠢᠨ᠎ᠡ  ᠪᠠᠷ ᠡᠬᠦᠳᠤᠨ ᠲᠡᠬᠦᠯᠳᠡᠷᠵᠢᠬᠦᠯᠤᠨ᠎ᠡ᠃ ᠲᠤᠭᠳᠠᠭᠤᠨ ᠢ ᠨᠦᠯᠤᠭᠡᠯᠡᠭᠰᠡᠨ ᠨᠡᠶᠢᠭᠡᠮ ᠤᠨ ᠵᠦᠷᠢᠴᠠᠯ ᠪᠠ ᠲᠦᠭᠰᠢᠬᠦᠷᠢ ᠶᠢ ᠤᠷᠢᠤᠨᠴᠢᠯᠠᠨ ᠰᠡᠷᠬᠡᠶᠢᠯᠡᠬᠦ ᠪᠠ ᠰᠢᠢᠤᠨᠪᠤᠷᠢᠯᠡᠬᠦ ᠶᠢ ᠵᠤᠬᠢᠴᠠᠭᠤᠯᠤᠨ ᠲᠦᠯᠬᠢᠨ ᠠᠬᠢᠭᠤᠯᠵᠤ᠂ ᠴᠢᠬᠤᠯᠠ ᠶᠡᠭᠡ ᠬᠡᠨᠡᠤᠨᠳᠡ ᠶᠢᠨ ᠡᠬᠦᠰᠤᠭ᠍ᠰᠡᠨ ᠬᠡᠷᠡᠭ ᠶᠠᠪᠤᠳᠠᠯ ᠢ  ᠵᠤᠬᠢᠴᠠᠭᠤᠯᠤᠨ ᠠᠷᠭᠠᠴᠠᠭᠠᠬᠤ ᠪᠠ ᠵᠤᠬᠢᠰᠳᠠᠢ ᠰᠢᠢᠤᠨᠪᠤᠷᠢᠯᠡᠵᠤ᠂ ᠤᠯᠤᠰ ᠲᠦᠷᠤ ᠬᠠᠤᠯᠢ ᠴᠠᠭᠠᠵᠨ ᠶᠢᠨ ᠨᠢᠭᠡᠴᠡ ᠪᠠ ᠬᠤᠯᠪᠤᠭᠳᠠᠯ ᠪᠦᠬᠦᠢ ᠰᠠᠯᠠᠭ᠎ᠠ ᠮᠦᠴᠢᠷ ᠢ ᠵᠤᠬᠢᠴᠠᠭᠤᠯᠤᠨ ᠵᠢᠯᠤᠭᠤᠤᠨᠴᠦ ᠭᠠᠵᠠᠭᠤ ᠨᠤᠮᠯᠠᠯ ᠢ ᠡᠰᠡᠷᠬᠦᠴᠡᠬᠦ᠂ ᠬᠦᠴᠤᠷᠭᠡᠭᠯᠠᠯ ᠰᠦᠷᠳᠡᠬᠦᠯᠤᠯ ᠢ ᠡᠰᠡᠷᠬᠦᠴᠡᠬᠦ ᠠᠵᠢᠯ ᠢ ᠰᠠᠶᠢᠳᠤᠷ ᠬᠢᠨ᠎ᠡ᠃      ᠲᠠᠪᠤ᠂  ᠪᠦᠬᠦ ᠬᠤᠰᠢᠭᠤᠨ ᠤ ᠤᠯᠤᠰ ᠲᠦᠷᠤ ᠬᠠᠤᠯᠢ  ᠴᠠᠭᠠᠵᠨ ᠶᠢᠨ ᠠᠵᠢᠯ ᠢ ᠱᠠᠭᠠᠷᠳᠠᠨ ᠪᠠᠶᠢᠴᠠᠭᠠᠵᠤ᠂ ᠪᠦᠬᠦ ᠬᠤᠰᠢᠭᠤᠨ ᠤ ᠨᠡᠶᠢᠭᠡᠮ ᠤᠨ ᠠᠮᠤᠷ ᠢ ᠬᠠᠮᠠᠭᠠᠯᠠᠬᠤ ᠶᠡᠷᠤᠩᠬᠡᠶᠢᠯᠡᠨ ᠵᠠᠰᠠᠬᠤ᠂  ᠨᠡᠶᠢᠭᠡᠮ ᠤᠨ ᠲᠤᠭᠳᠠᠭᠤᠨ ᠢ ᠬᠠᠮᠠᠭᠠᠯᠠᠬᠤ᠂ ᠭᠠᠵᠠᠭᠤ ᠨᠤᠮᠯᠠᠯ ᠢ ᠡᠰᠡᠷᠬᠦᠴᠡᠬᠦ᠂ ᠬᠦᠴᠤᠷᠭᠡᠭᠯᠠᠯ  ᠰᠦᠷᠳᠡᠬᠦᠯᠤᠯ ᠢ ᠡᠰᠡᠷᠬᠦᠴᠡᠬᠦ ᠵᠡᠷᠭᠡ ᠬᠠᠮᠢᠶ᠎ᠠ ᠪᠦᠬᠦᠢ ᠬᠠᠤᠯᠢ ᠴᠠᠭᠠᠵᠨ ᠬᠠᠤᠯᠢ ᠲᠦᠷᠢᠮ ᠪᠠ ᠲᠦᠷᠤ ᠶᠢᠨ ᠪᠤᠳᠤᠯᠭ᠎ᠠ ᠶᠢ  ᠬᠡᠷᠩᠵᠢᠬᠦᠯᠬᠦ ᠠᠵᠢᠯ ᠢ ᠨᠢᠭᠡᠳᠤᠯᠳᠠᠢ ᠲᠦᠯᠤᠪᠯᠡᠨ ᠵᠤᠬᠢᠴᠠᠭᠤᠯᠤᠨ᠎ᠠ᠃      ᠵᠢᠷᠭᠤᠭ᠎ᠠ᠂ ᠤᠯᠤᠰ ᠲᠦᠷᠤ ᠬᠠᠤᠯᠢ ᠴᠠᠭᠠᠵᠨ ᠶᠢᠨ ᠨᠢᠭᠡᠴᠡ ᠶᠢᠨ ᠬᠠᠤᠯᠢ ᠶᠤᠰᠤᠭᠠᠷ ᠡᠷᠭᠡ ᠲᠤᠰᠢᠶᠠᠯ ᠢᠶᠠᠨ ᠬᠡᠷᠩᠯᠡᠬᠦ ᠶᠢ ᠲᠡᠮᠵᠢᠨ ᠬᠢᠨᠠᠯᠲᠠ ᠲᠠᠯᠪᠢᠵᠤ᠂ ᠤᠯᠤᠰ ᠲᠦᠷᠤ ᠬᠠᠤᠯᠢ ᠴᠠᠭᠠᠵᠨ ᠶᠢᠨ ᠨᠢᠭᠡᠴᠡ ᠶᠢᠨ ᠨᠠᠮ ᠤᠨ ᠱᠤᠭᠤᠮ ᠴᠢᠭᠯᠡᠯᠳᠡ ᠲᠦᠷᠤ ᠶᠢᠨ ᠪᠤᠳᠤᠯᠭ᠎ᠠ᠂ ᠨᠠᠮ ᠤᠨ ᠲᠦᠪ ᠬᠤᠷᠢᠶᠠᠨ ᠤ ᠰᠢᠢᠤᠨᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠪᠠ ᠤᠯᠤᠰ ᠤᠨ ᠬᠠᠤᠯᠢ ᠴᠠᠭᠠᠵᠨ ᠬᠠᠤᠯᠢ  ᠲᠤᠭᠳᠠᠭᠠᠯ ᠢ ᠬᠡᠷᠩᠵᠢᠬᠦᠯᠤᠭ᠍ᠰᠡᠨ ᠪᠠᠶᠢᠳᠠᠯ ᠢ ᠪᠠᠶᠢᠴᠠᠭᠠᠵᠤ᠂ ᠤᠯᠤᠰ ᠲᠦᠷᠤ ᠬᠠᠤᠯᠢ ᠴᠠᠭᠠᠵᠠ ᠶᠢᠨ ᠨᠢᠭᠡᠴᠡ ᠶᠢᠨ ᠨᠢᠭᠲᠠ ᠬᠠᠮᠵᠢᠯᠴᠠᠬᠤ ᠶᠢ ᠵᠢᠯᠤᠳᠤᠭᠤᠨ ᠵᠤᠬᠢᠴᠠᠭᠤᠯᠵᠤ᠂ ᠴᠢᠬᠤᠯᠠ ᠶᠡᠭᠡ᠂ ᠬᠦᠴᠢᠷᠳᠠᠯᠳᠠᠢ ᠬᠡᠷᠡᠭ ᠢ ᠰᠤᠳᠤᠯᠤᠨ ᠵᠤᠬᠢᠴᠠᠭᠤᠯᠤᠨ᠂ ᠰᠠᠬᠢᠯᠭ᠎ᠠ ᠪᠠᠳᠤ ᠪᠠᠶᠢᠴᠠᠭᠠᠬᠤ ᠪᠠᠶᠢᠭᠤᠯᠤᠯᠭ᠎ᠠ ᠶᠢᠨ ᠠᠵᠢᠯ ᠢ ᠵᠤᠯᠭᠠᠭᠤᠯᠬᠤ ᠪᠠ ᠬᠠᠮᠵᠢᠯᠴᠠᠬᠤ ᠲᠤᠭᠳᠠᠴᠠ ᠶᠢ ᠪᠠᠶᠢᠭᠤᠯᠤᠨ ᠪᠦᠷᠢᠨᠰᠢᠬᠦᠯᠵᠦ᠂ ᠬᠠᠤᠯᠢ ᠶᠢ ᠴᠢᠩᠭ᠎ᠠ ᠬᠡᠷᠩᠵᠢᠬᠦᠯᠬᠦ᠂ ᠲᠦᠪ  ᠭᠤᠤᠯᠴᠢ ᠬᠠᠤᠯᠢ ᠴᠠᠭᠠᠵᠨ ᠶᠢ ᠲᠦᠯᠬᠢᠨ ᠠᠬᠢᠭᠤᠯᠤᠨ᠎ᠠ᠃        ᠲᠤᠯᠤᠭ᠎ᠠ᠂ ᠪᠦᠬᠦ ᠬᠤᠰᠢᠭᠤᠨ ᠤ ᠤᠯᠤᠰ ᠲᠦᠷᠤ ᠬᠠᠤᠯᠢ ᠴᠠᠭᠠᠵᠨ ᠶᠢᠨ ᠰᠢᠰᠲ᠋ᠧᠮ ᠤᠨ ᠨᠠᠮ ᠤᠨ ᠪᠠᠶᠢᠭᠤᠯᠤᠯᠳᠠ ᠪᠠ ᠤᠯᠤᠰ ᠲᠦᠷᠤ ᠬᠠᠤᠯᠢ ᠴᠠᠭᠠᠵᠨ ᠶᠢᠨ ᠡᠩᠨᠡᠭᠡᠨ ᠤ ᠪᠠᠶᠢᠭᠤᠯᠤᠯᠳᠠ ᠶᠢ ᠵᠢᠯᠤᠭᠤᠳᠤᠨ ᠲᠦᠯᠬᠢᠨ ᠠᠬᠢᠭᠤᠯᠵᠤ᠂ ᠬᠤᠰᠢᠭᠤ ᠨᠠᠮ ᠤᠨ ᠬᠤᠷᠢᠶ᠎ᠠ ᠵᠢᠴᠢ ᠵᠤᠬᠢᠶᠠᠨ ᠪᠠᠶᠢᠭᠤᠯᠬᠤ ᠰᠠᠯᠠᠭ᠎ᠠ ᠮᠦᠴᠢᠷ ᠢ ᠬᠠᠮᠵᠢᠯᠴᠠᠨ ᠪᠦᠬᠦ ᠬᠤᠰᠢᠭᠤᠨ ᠤ ᠤᠯᠤᠰ ᠲᠦᠷᠤ ᠬᠠᠤᠯᠢ ᠴᠠᠭᠠᠵᠨ ᠶᠢᠨ ᠨᠢᠭᠡᠴᠡ ᠶᠢᠨ ᠤᠳᠤᠷᠢᠤᠨᠬᠤ ᠪᠠᠭ ᠪᠠ ᠺᠠᠳ᠋ᠷ ᠤᠨ ᠡᠩᠨᠡᠭᠡᠨ ᠤ ᠪᠠᠶᠢᠭᠤᠯᠤᠯᠳᠠ ᠶᠢ ᠴᠢᠩᠭᠠᠤᠨᠬᠠᠨ᠎ᠠ᠃ ᠬᠤᠰᠢᠭᠤ ᠨᠠᠮ ᠤᠨ ᠬᠤᠷᠢᠶ᠎ᠠ ᠪᠠ ᠰᠠᠬᠢᠯᠭ᠎ᠠ ᠪᠠᠳᠤ ᠪᠠᠶᠢᠴᠠᠭᠠᠬᠤ ᠪᠠᠶᠢᠭᠤᠯᠤᠯᠭ᠎ᠠ ᠶᠢ ᠬᠠᠮᠵᠢᠯᠴᠠᠨ ᠬᠢᠨᠠᠯᠲᠠ ᠲᠠᠯᠪᠢᠵᠤ ᠪᠠᠶᠢᠴᠠᠭᠠᠬᠤ᠂ ᠬᠢᠨᠠᠨ ᠪᠠᠶᠢᠴᠠᠭᠠᠬᠤ ᠠᠵᠢᠯ ᠢ ᠰᠠᠶᠢᠳᠤᠷ ᠬᠢᠵᠤ᠂ ᠠᠳᠠᠯᠢ ᠱᠠᠳᠤᠨ ᠤ ᠤᠯᠤᠰ ᠲᠦᠷᠤ ᠬᠠᠤᠯᠢ ᠴᠠᠭᠠᠵᠨ ᠶᠢᠨ ᠨᠢᠭᠡᠴᠡ ᠶᠢᠨ ᠨᠠᠮ ᠤᠨ ᠲᠤᠭᠤᠶᠢᠯᠠᠩ ︵ᠨᠠᠮ ᠤᠨ ᠬᠤᠷᠢᠶ᠎ᠠ︶ ᠠᠷᠠᠤᠨᠴᠢᠯᠠᠯ ᠤᠨ ᠠᠮᠢᠳᠤᠷᠠᠯ ᠤᠨ ᠬᠤᠷᠠᠯ ᠳᠤ ᠲᠤᠮᠢᠯᠠᠨ ᠰᠤᠯᠠ  ᠤᠷᠤᠯᠴᠠᠭᠤᠯᠤᠨ᠎ᠠ᠃        ᠨᠠᠢᠮᠠ᠂ ᠲᠦᠪ᠂ ᠦᠪᠡᠳᠡᠷᠬᠡᠨ ᠵᠠᠰᠠᠬᠤ ᠤᠷᠤᠨ ᠪᠠ ᠬᠦᠯᠤᠨ ᠪᠦᠢᠷ ᠬᠤᠳᠠ ᠶᠢᠨ ᠤᠯᠤᠰ ᠤᠨ ᠠᠮᠤᠷ ᠲᠦᠪᠰᠢᠨ ᠤ ᠤᠳᠤᠷᠢᠤᠨᠬᠤ ᠪᠠᠶᠢᠭᠤᠯᠤᠮᠵᠢ᠂ ᠪᠦᠬᠦ ᠲᠠᠯ᠎ᠠ ᠪᠠᠷ ᠬᠠᠤᠯᠢ ᠶᠤᠰᠤᠭᠠᠷ ᠬᠤᠰᠢᠭᠤ ᠪᠠᠨ ᠵᠠᠰᠠᠬᠤ ᠤᠳᠤᠷᠢᠤᠨᠬᠤ ᠪᠠᠶᠢᠭᠤᠯᠤᠮᠵᠢ ᠶᠢᠨ ᠰᠢᠢᠤᠨᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠨᠠᠶᠢᠳᠠᠪᠤᠷᠢᠵᠢᠭᠤᠯᠵᠤ᠂ ᠬᠦᠢᠴᠡᠤᠨᠬᠡᠬᠦ ᠪᠠᠶᠢᠭᠤᠯᠤᠮᠵᠢ ᠶᠢᠨ ᠠᠵᠢᠯ ᠢ ᠲᠡᠮᠵᠢᠨ ᠬᠠᠮᠵᠢᠯᠴᠠᠨ᠎ᠠ᠃ ᠤᠯᠤᠰ ᠲᠦᠷᠤ ᠬᠠᠤᠯᠢ ᠴᠠᠭᠠᠵᠨ ᠶᠢᠨ ᠨᠢᠭᠡᠴᠡ ᠶᠢ ᠵᠢᠯᠤᠭᠤᠳᠤᠨ ᠤᠯᠤᠰ ᠤᠨ ᠤᠯᠤᠰ ᠲᠦᠷᠤ ᠶᠢᠨ ᠠᠮᠤᠷ ᠲᠦᠪᠰᠢᠨ ᠤ ᠪᠠᠶᠢᠯᠳᠤᠬᠤ ᠪᠤᠳᠤᠯᠭ᠎ᠠ ᠶᠢᠨ ᠰᠤᠳᠤᠯᠤᠯᠳᠠ᠂ ᠬᠠᠤᠯᠢᠵᠢᠯ ᠤᠨ ᠪᠠᠶᠢᠭᠤᠯᠤᠯᠳᠠ ᠶᠢᠨ ᠴᠢᠬᠤᠯᠠ ᠶᠡᠭᠡ ᠠᠰᠠᠭᠤᠳᠠᠯ ᠢ ᠰᠤᠳᠤᠯᠬᠤ ᠶᠢ ᠴᠢᠩᠭᠠᠤᠨᠬᠠᠨ᠂ ᠰᠠᠨᠠᠭᠤᠯᠭ᠎ᠠ ᠪᠠ ᠠᠵᠢᠯ ᠤᠨ ᠰᠠᠨᠠᠯ ᠲᠤᠷᠠᠤᠨᠴᠦ᠂ ᠤᠯᠤᠰ ᠲᠦᠷᠤ ᠬᠠᠤᠯᠢ ᠴᠠᠭᠠᠵᠨ ᠶᠢᠨ ᠨᠢᠭᠡᠴᠡ ᠶᠢᠨ ᠤᠯᠤᠰ ᠲᠦᠷᠤ ᠶᠢᠨ ᠠᠮᠤᠷ ᠲᠦᠪᠰᠢᠨ ᠤ ᠠᠵᠢᠯ ᠪᠠ ᠬᠠᠤᠯᠢ ᠬᠡᠷᠩᠵᠢᠬᠦᠯᠬᠦ ᠬᠠᠤᠯᠢ ᠴᠠᠭᠠᠵᠨ ᠶᠢᠨ ᠬᠤᠯᠪᠤᠭᠳᠠᠯ ᠪᠦᠬᠦᠢ ᠠᠵᠢᠯ ᠢ ᠬᠠᠮᠠᠭᠠᠯᠠᠬᠤ ᠶᠢ ᠵᠢᠯᠤᠭᠤᠳᠤᠨ ᠵᠤᠬᠢᠴᠠᠭᠤᠯᠤᠨ᠎ᠠ᠃       ᠶᠢᠰᠤ᠂ ᠤᠯᠤᠰ ᠲᠦᠷᠤ ᠬᠠᠤᠯᠢ ᠴᠠᠭᠠᠵᠠ ᠶᠢᠨ ᠶᠠᠷᠢᠶ᠎ᠠ ᠬᠡᠯᠡᠯᠴᠡᠬᠡᠨ ᠤ ᠪᠠᠶᠢᠳᠠᠯ ᠢ ᠡᠵᠡᠮᠰᠢᠨ ᠵᠠᠳᠠᠯᠵᠦ᠂ ᠤᠯᠤᠰ ᠲᠦᠷᠤ ᠬᠠᠤᠯᠢ ᠴᠠᠭᠠᠵᠠ ᠶᠢᠨ ᠨᠢᠭᠡᠴᠡ ᠪᠠ ᠬᠠᠮᠢᠶ᠎ᠠ ᠪᠦᠬᠦᠢ ᠰᠠᠯᠠᠭ᠎ᠠ ᠮᠦᠴᠢᠷ ᠢ ᠵᠢᠯᠤᠭᠤᠳᠤᠨ ᠵᠤᠬᠢᠴᠠᠭᠤᠯᠤᠨ ᠬᠠᠤᠯᠢ ᠶᠤᠰᠤᠭᠠᠷ ᠬᠦᠢᠴᠡᠤᠨᠬᠡᠬᠦ᠂ ᠤᠬᠠᠭᠤᠯᠤᠨ ᠮᠡᠳᠡᠬᠦᠯᠬᠦ ᠪᠠ ᠶᠠᠷᠢᠶ᠎ᠠ ᠬᠡᠯᠡᠯᠴᠡᠭᠡ ᠪᠠᠷ  ᠬᠦᠳᠤᠯᠬᠦ ᠵᠡᠷᠭᠡ ᠬᠤᠯᠪᠤᠭᠳᠠᠯ ᠪᠦᠬᠦᠢ ᠠᠵᠢᠯ ᠢ ᠰᠠᠶᠢᠳᠤᠷ ᠬᠢᠨ᠎ᠡ᠃       ᠠᠷᠪᠠ᠂ ᠬᠠᠭᠤᠴᠢᠨ ᠪᠠᠷᠭᠤ ᠬᠤᠰᠢᠭᠤᠨ ᠤ ᠬᠠᠤᠯᠢ  ᠶᠢᠨ ᠤᠬᠠᠭᠠᠨ ᠤ ᠨᠡᠶᠢᠭᠡᠮᠯᠢᠭ ᠤᠨ ᠨᠠᠷᠢᠨ ᠪᠢᠴᠢᠭᠡᠴᠢ ᠶᠢᠨ ᠲᠠᠰᠤᠭ ᠤᠷᠤᠯᠠᠨ ᠬᠠᠮᠢᠶᠠᠷᠤᠨ᠎ᠠ᠃      ᠠᠷᠪᠠᠨ ᠨᠢᠭᠡ᠂  ᠬᠤᠰᠢᠭᠤ ᠨᠠᠮ ᠤᠨ ᠬᠤᠷᠢᠶ᠎ᠠ ᠪᠠ ᠲᠡᠬᠡᠳᠤ ᠱᠠᠳᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠦᠴᠢᠷ ᠤᠨ ᠲᠠᠭᠠᠭᠠᠯᠭᠠᠭᠰᠠᠨ ᠪᠤᠰᠤᠤᠨ ᠡᠬᠦᠷᠭᠡ ᠶᠢ ᠪᠡᠶᠡᠯᠡᠬᠦᠯᠤᠨ᠎ᠡ᠃
ᠢᠷᠡᠯᠲᠡ᠄ ᠬᠠᠭᠤᠴᠢᠨ ᠪᠠᠷᠭᠤ ᠬᠤᠰᠢᠭᠤᠨ ᠤ ᠵᠠᠰᠠᠭ ᠤᠨ ᠤᠷᠳᠤᠨ