ᠬᠠᠭᠤᠴᠢᠨ ᠪᠠᠷᠭᠤ ᠬᠤᠰᠢᠭᠤᠨ ᠤ ᠦᠨᠳᠤᠰᠤᠨ ᠤ ᠬᠡᠷᠡᠭ ᠡᠷᠬᠢᠯᠡᠬᠦ ᠵᠦᠪᠯᠠᠯ ᠤᠨ ᠭᠤᠤᠯ ᠡᠬᠦᠷᠭᠡ ᠬᠠᠷᠢᠭᠤᠴᠠᠯᠭ᠎ᠠ
ᠨᠡᠶᠢᠲᠡᠯᠡᠭᠰᠡᠨ ᠴᠠᠭ᠄
2019/5/21
     ᠨᠢᠭᠡ᠂ ᠤᠯᠤᠰ᠂ ᠦᠪᠡᠷᠳᠡᠭᠡᠨ ᠵᠠᠰᠠᠬᠤ ᠤᠷᠤᠨ᠂ ᠬᠦᠯᠤᠨ ᠪᠦᠢᠷ ᠬᠤᠳᠠ ᠶᠢᠨ ᠦᠨᠳᠤᠰᠤᠳᠡᠨ ᠤ ᠠᠵᠢᠯ ᠤᠨ ᠲᠤᠬᠠᠢ ᠬᠠᠤᠯᠢ ᠴᠠᠭᠠᠵᠨ ᠬᠠᠤᠯᠢ ᠲᠤᠭᠳᠠᠭᠠᠯ ᠵᠢᠴᠢ ᠬᠠᠮᠢᠶ᠎ᠠ ᠪᠦᠬᠦᠢ ᠲᠦᠷᠤ ᠶᠢᠨ ᠪᠤᠳᠤᠯᠭ᠎ᠠ ᠶᠢ ᠲᠤᠤᠱᠯᠠᠭᠤᠯᠤᠨ ᠬᠡᠷᠩᠵᠢᠬᠦᠯᠤᠨ᠎ᠡ᠃ ᠦᠨᠳᠤᠰᠤᠳᠡᠨ ᠤ ᠤᠨᠤᠯ ᠪᠤᠯᠤᠨ ᠦᠨᠳᠤᠰᠤᠳᠡᠨ ᠤ ᠠᠵᠢᠯ ᠤᠨ ᠴᠢᠬᠤᠯᠠ ᠶᠡᠭᠡ ᠬᠡᠷᠡᠭ ᠶᠠᠪᠤᠳᠠᠯ ᠢ ᠪᠠᠶᠢᠴᠠᠭᠠᠨ ᠰᠤᠳᠤᠯᠬᠤ ᠶᠢ ᠵᠤᠬᠢᠶᠠᠨ ᠪᠠᠶᠢᠭᠤᠯᠤᠨ ᠦᠷᠨᠢᠬᠦᠯᠵᠤ᠂ ᠦᠨᠳᠤᠰᠤᠳᠡᠨ ᠤ ᠲᠦᠷᠤ ᠶᠢᠨ ᠪᠤᠳᠤᠯᠭ᠎ᠠ ᠪᠠ ᠴᠦᠭᠡᠨ ᠲᠤᠭᠠᠳᠤ ᠦᠨᠳᠤᠰᠤᠳᠡᠨ ᠤ ᠦᠭᠡ ᠬᠡᠯᠡ ᠦᠰᠤᠭ᠌ ᠪᠢᠴᠢᠭ ᠤᠨ ᠲᠦᠷᠤ ᠶᠢᠨ ᠪᠤᠳᠤᠯᠭ᠎ᠠ ᠶᠢᠨ ᠠᠷᠭ᠎ᠠ ᠠᠪᠴᠠᠯ᠂ ᠠᠷᠭ᠎ᠠ ᠵᠢᠴᠢ ᠬᠦᠭᠵᠢᠯᠲᠡ ᠶᠢᠨ ᠲᠦᠯᠤᠪᠵᠢᠬᠦᠯᠭᠡ ᠶᠢ ᠲᠤᠭᠤᠷᠪᠢᠨ ᠲᠤᠤᠱᠯᠠᠭᠤᠯᠤᠨ ᠨᠠᠶᠢᠳᠠᠪᠤᠷᠢᠵᠢᠭᠤᠯᠤᠨ ᠲᠤᠭᠳᠠᠭᠠᠬᠤ ᠶᠢᠨ ᠬᠠᠮᠳᠤ᠂ ᠬᠡᠷᠩᠵᠢᠬᠦᠯᠤᠭ᠍ᠰᠡᠨ ᠪᠠᠶᠢᠳᠠᠯ ᠳᠤ ᠬᠢᠨᠠᠯᠲᠠ ᠲᠠᠯᠪᠢᠨ᠎ᠠ᠃ ᠦᠨᠳᠤᠰᠤᠳᠡᠨ ᠤ ᠤᠨᠤᠯ᠂ ᠦᠨᠳᠤᠰᠤᠳᠡᠨ ᠤ ᠲᠦᠷᠤ ᠶᠢᠨ ᠪᠤᠳᠤᠯᠭ᠎ᠠ᠂ ᠴᠦᠭᠡᠨ ᠲᠤᠭᠠᠳᠤ ᠦᠨᠳᠤᠰᠤᠳᠡᠨ ᠤ ᠦᠭᠡ ᠬᠡᠯᠡ ᠦᠰᠤᠭ᠌ ᠪᠢᠴᠢᠭ ᠤᠨ ᠲᠦᠷᠤ ᠶᠢᠨ ᠪᠤᠳᠤᠯᠭ᠎ᠠ ᠶᠢᠨ ᠤᠬᠠᠭᠤᠯᠭ᠎ᠠ ᠬᠦᠮᠤᠵᠢᠯ ᠤᠨ ᠠᠵᠢᠯ ᠢ ᠵᠤᠬᠢᠶᠠᠨ ᠪᠠᠶᠢᠭᠤᠯᠤᠨ ᠦᠷᠨᠢᠬᠦᠯᠤᠨ᠎ᠡ᠃ ᠦᠨᠳᠤᠰᠤᠳᠡᠨ ᠤ  ᠭᠠᠵᠠᠷ ᠤᠷᠤᠨ ᠤ ᠦᠪᠡᠷᠳᠡᠬᠡᠨ ᠵᠠᠰᠠᠬᠤ ᠲᠦᠷᠢᠮ ᠤᠨ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠵᠤᠬᠢᠴᠠᠭᠤᠯᠤᠨ ᠵᠢᠯᠤᠭᠤᠳᠤᠨ᠎ᠠ᠃      ᠬᠤᠶᠡᠷ᠂ ᠦᠨᠳᠤᠰᠤᠳᠡᠨ ᠤ ᠬᠠᠷᠢᠴᠠᠭ᠎ᠠ ᠶᠢ ᠵᠤᠬᠢᠴᠠᠭᠤᠯᠬᠤ ᠪᠠ ᠴᠦᠭᠡᠨ ᠲᠤᠭᠠᠳᠤ ᠦᠨᠳᠤᠰᠤᠳᠡᠨ ᠤ ᠬᠠᠤᠯᠢ ᠶᠤᠰᠤᠨ ᠤ ᠡᠷᠭᠡ ᠠᠰᠢᠭ ᠢ ᠪᠠᠳᠤᠯᠠᠬᠤ ᠶᠢ ᠬᠠᠷᠢᠭᠤᠴᠠᠨ᠎ᠠ᠃ ᠦᠨᠳᠤᠰᠤᠳᠡᠨ ᠤ ᠬᠠᠷᠢᠴᠠᠭ᠎ᠠ ᠶᠢ ᠵᠤᠬᠢᠴᠠᠭᠤᠯᠬᠤ ᠠᠵᠢᠯ ᠤᠨ ᠰᠠᠨᠠᠭᠤᠯᠭ᠎ᠠ ᠶᠢ ᠰᠤᠳᠤᠯᠤᠨ ᠲᠤᠷᠠᠤᠨᠴᠦ᠂ ᠦᠨᠳᠤᠰᠤᠳᠡᠨ ᠤ ᠬᠠᠷᠢᠴᠠᠭ᠎ᠠ ᠤ ᠲᠤᠮᠳᠠᠬᠢ ᠴᠢᠬᠤᠯᠠ ᠶᠡᠭᠡ ᠵᠦᠢᠯᠡᠰ ᠢ ᠵᠤᠬᠢᠴᠠᠭᠤᠯᠤᠨ ᠰᠢᠢᠤᠨᠪᠤᠷᠢᠯᠠᠨ᠎ᠠ᠃ ᠴᠦᠭᠡᠨ ᠲᠤᠭᠠᠳᠤ ᠦᠨᠳᠤᠰᠤᠳᠡᠨ ᠤ ᠡᠷᠭᠡ ᠠᠰᠢᠭ ᠲᠠᠢ ᠬᠤᠯᠪᠤᠭᠳᠠᠭᠰᠠᠨ ᠵᠦᠢᠯᠡᠰ  ᠲᠤ ᠬᠢᠨᠠᠯᠲᠡ  ᠲᠠᠯᠪᠢᠨ ᠬᠦᠢᠴᠡᠤᠨᠬᠡᠨ᠎ᠡ᠃ ᠦᠨᠳᠤᠰᠤᠳᠡᠨ ᠤ ᠪᠦᠯᠬᠦᠮᠳᠡᠯ ᠲᠠᠪᠰᠢᠯᠲᠡ ᠶᠢ ᠡᠬᠦᠳᠤᠨ ᠪᠠᠶᠢᠭᠤᠯᠬᠤ ᠪᠠ ᠪᠦᠬᠦ ᠬᠤᠰᠢᠭᠤᠨ ᠤ ᠦᠨᠳᠤᠰᠤᠳᠡᠨ ᠤ ᠪᠦᠯᠬᠦᠮᠳᠡᠯ ᠲᠠᠪᠰᠢᠯᠲᠡ ᠶᠢᠨ ᠱᠠᠩᠨᠠᠯ  ᠬᠦᠬᠢᠬᠦᠯᠬᠦ ᠬᠤᠯᠪᠤᠭᠳᠠᠯ ᠪᠦᠬᠦᠢ ᠠᠵᠢᠯ ᠢ ᠬᠠᠷᠢᠭᠤᠴᠠᠨ᠎ᠠ᠃ ᠴᠦᠭᠡᠨ ᠲᠤᠭᠠᠳᠤ ᠦᠨᠳᠤᠰᠤᠳᠡᠨ ᠤ ᠵᠠᠩ ᠲᠠᠤᠨᠬᠠᠯ ᠢ ᠬᠦᠨᠳᠤᠤᠨᠬᠡᠬᠦ᠂ ᠯᠠᠯᠤ ᠶᠢᠨ ᠢᠳᠡᠭᠡᠨ ᠤ ᠬᠠᠮᠢᠶᠠᠷᠤᠯᠲᠡ ᠲᠠᠢ ᠬᠤᠯᠪᠤᠭᠳᠠᠭᠰᠠᠨ ᠬᠤᠯᠪᠤᠭᠳᠠᠯ ᠪᠦᠬᠦᠢ ᠠᠵᠢᠯ ᠢ ᠡᠬᠦᠷᠭᠡᠯᠡᠨ᠎ᠡ᠃ ᠦᠨᠳᠤᠰᠤᠳᠡᠨ ᠤ ᠪᠦᠷᠢᠯᠳᠤᠬᠦᠨ ᠤ ᠬᠠᠮᠢᠶᠠᠷᠤᠯᠲᠡ ᠶᠢᠨ ᠬᠤᠯᠪᠤᠭᠳᠠᠯ ᠪᠦᠬᠦᠢ ᠠᠵᠢᠯ ᠢ ᠬᠠᠷᠢᠭᠤᠴᠠᠨ᠎ᠠ᠃ ᠨᠡᠶᠢᠭᠡᠮ ᠤᠨ ᠲᠤᠭᠳᠠᠭᠤᠨ ᠢ ᠬᠠᠮᠠᠭᠠᠯᠠᠬᠤ ᠠᠵᠢᠯ ᠳᠤ ᠤᠷᠤᠯᠴᠠᠵᠤ᠂ ᠡᠯ᠎ᠡ ᠦᠨᠳᠤᠰᠤᠳᠡᠨ ᠤ ᠬᠠᠮᠳᠤ ᠪᠠᠷ ᠪᠦᠯᠬᠦᠮᠳᠡᠨ ᠲᠡᠮᠡᠴᠡᠨ᠂ ᠬᠠᠮᠳᠤ ᠪᠠᠷ ᠴᠡᠴᠡᠭᠯᠡᠨ ᠭᠦᠭᠵᠢᠨ᠂ ᠤᠯᠤᠰ ᠤᠨ  ᠨᠢᠭᠡᠳᠤᠯ ᠢ  ᠬᠠᠮᠠᠭᠠᠯᠠᠨ᠎ᠠ᠃        ᠭᠤᠷᠪᠠ᠂ ᠴᠦᠭᠡᠨ ᠲᠤᠭᠠᠳᠤ ᠦᠨᠳᠤᠰᠤᠳᠡᠨ ᠤ ᠠᠵᠢᠯ ᠦᠢᠯᠡᠰ ᠪᠠ ᠴᠦᠭᠡᠨ ᠲᠤᠭᠠᠳᠤ ᠦᠨᠳᠤᠰᠤᠳᠡᠨ ᠤ ᠲᠦᠪᠯᠡᠷᠡᠨ  ᠰᠠᠭᠤᠷᠢᠰᠢᠭᠰᠠᠨ ᠭᠠᠵᠠᠷ ᠤᠷᠤᠨ ᠤ ᠠᠵᠤ ᠠᠬᠤᠢ ᠪᠠ ᠨᠡᠶᠢᠭᠡᠮ ᠤᠨ ᠬᠦᠭᠵᠢᠯᠳᠡ ᠶᠢᠨ ᠬᠤᠯᠪᠤᠭᠳᠠᠯ ᠪᠦᠬᠦᠢ ᠠᠵᠢᠯ ᠢ ᠠᠬᠢᠭᠤᠯᠬᠤ ᠶᠢ ᠬᠠᠷᠢᠭᠤᠴᠠᠨ᠎ᠠ᠃ ᠴᠦᠭᠡᠨ ᠲᠤᠭᠠᠳᠤ ᠦᠨᠳᠤᠰᠤᠳᠡᠨ ᠪᠠ ᠴᠦᠭᠡᠨ ᠲᠤᠭᠠᠳᠤ ᠦᠨᠳᠤᠰᠤᠳᠡᠨ ᠤ ᠲᠦᠪᠯᠡᠷᠡᠨ ᠰᠠᠭᠤᠷᠢᠰᠢᠭᠰᠠᠨ ᠭᠠᠵᠠᠷ ᠤᠷᠤᠨ ᠤ ᠠᠵᠤ ᠠᠬᠤᠢ ᠪᠠ ᠨᠡᠶᠢᠭᠡᠮ ᠤᠨ ᠬᠦᠭᠵᠢᠯᠳᠡ ᠶᠢᠨ ᠲᠠᠯ᠎ᠠ ᠶᠢᠨ ᠠᠰᠠᠭᠤᠳᠠᠯ ᠢ ᠰᠤᠳᠤᠯᠤᠨ ᠵᠠᠳᠠᠯᠬᠤ ᠶᠢᠨ ᠬᠠᠮᠳᠤ ᠤᠨᠴᠠᠭᠠᠢ ᠲᠦᠷᠤ ᠶᠢᠨ ᠪᠤᠳᠤᠯᠭ᠎ᠠ ᠶᠢᠨ ᠰᠠᠨᠠᠭᠤᠯᠭ᠎ᠠ ᠲᠤᠷᠠᠳᠤᠨ᠎ᠠ᠃ ᠴᠦᠭᠡᠨ ᠲᠤᠭᠠᠳᠤ ᠦᠨᠳᠤᠰᠤᠳᠡᠨ ᠤ ᠰᠤᠮᠤ ᠲᠠᠢ ᠬᠠᠷᠢᠯᠴᠠᠨ᠎ᠠ᠃ ᠴᠦᠭᠡᠨ ᠲᠤᠭᠠᠳᠤ ᠦᠨᠳᠤᠰᠤᠳᠡᠨ ᠤ ᠠᠵᠢᠯ ᠦᠢᠯᠡᠰ ᠵᠡᠷᠭᠡ ᠲᠤᠰᠬᠠᠢ ᠲᠦᠯᠤᠪᠵᠢᠬᠦᠯᠭᠡ ᠶᠢ ᠬᠡᠷᠩᠵᠢᠬᠦᠯᠤᠭ᠍ᠰᠡᠨ ᠪᠠᠶᠢᠳᠠᠯ ᠢ ᠬᠢᠨᠠᠨ ᠪᠠᠶᠢᠴᠠᠭᠠᠵᠤ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠤᠯᠪᠤᠭᠳᠠᠯ ᠪᠦᠬᠦᠢ ᠤᠷᠤᠨ ᠪᠦᠰᠠ ᠶᠢᠨ ᠬᠦᠭᠵᠢᠯᠲᠡ ᠶᠢᠨ ᠲᠦᠯᠤᠪᠵᠢᠬᠦᠯᠭᠡ ᠶᠢ ᠲᠤᠭᠤᠷᠪᠢᠨ ᠲᠤᠭᠳᠠᠭᠠᠬᠤ ᠳᠤ ᠤᠷᠤᠯᠴᠠᠨ᠎ᠠ᠃ ᠡᠯ᠎ᠡ ᠰᠤᠮᠤ  ᠪᠠᠯᠭᠠᠰᠤ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠵᠤᠬᠢᠴᠠᠯᠳᠤᠨ ᠦᠨᠳᠤᠰᠤᠳᠡᠨ ᠤ ᠠᠵᠢᠯ ᠤᠨ ᠬᠤᠯᠪᠤᠭᠳᠠᠯ ᠪᠦᠬᠦᠢ ᠡᠬᠦᠷᠭᠡ ᠬᠠᠷᠢᠭᠤᠴᠠᠯᠭ᠎ᠠ ᠶᠢ ᠬᠦᠢᠴᠡᠤᠨᠬᠡᠭᠰᠡᠨ  ᠳᠤ ᠬᠢᠨᠠᠯᠲᠠ ᠲᠠᠯᠪᠢᠵᠤ᠂ ᠦᠨᠳᠤᠰᠤᠳᠡᠨ ᠤ ᠲᠦᠷᠤ ᠶᠢᠨ ᠪᠤᠳᠤᠯᠭ᠎ᠠ  ᠶᠢ ᠠᠬᠢᠭᠤᠯᠬᠤ ᠶᠢᠨ ᠠᠵᠤ ᠠᠬᠤᠢ ᠶᠢᠨ ᠬᠦᠭᠵᠢᠯᠳᠡ ᠪᠠ ᠨᠡᠶᠢᠭᠡᠮ ᠤᠨ ᠠᠵᠢᠯ ᠦᠢᠯᠡᠰ ᠤᠨ ᠬᠠᠮᠢᠶ᠎ᠠ ᠪᠦᠬᠦᠢ ᠬᠦᠷᠢᠶ᠎ᠡ ᠴᠠᠷᠠᠭᠠᠨ ᠳᠤ ᠬᠡᠷᠩᠵᠢᠬᠦᠯᠤᠨ ᠵᠤᠯᠭᠠᠭᠤᠯᠤᠨ᠎ᠠ᠃ ᠦᠨᠳᠤᠰᠤᠳᠡᠨ ᠤ ᠠᠷᠠᠯᠵᠢᠶ᠎ᠠ ᠬᠤᠳᠠᠯᠳᠤᠭ᠎ᠠ ᠶᠢ ᠵᠤᠬᠢᠴᠠᠭᠤᠯᠬᠤ᠂ ᠦᠨᠳᠤᠰᠤᠳᠡᠨ ᠤ ᠤᠨᠴᠠ ᠬᠡᠷᠩᠯᠡᠭᠡᠨ ᠤ ᠵᠦᠢᠯᠡᠰ ᠢ ᠦᠢᠯᠡᠤᠨᠪᠤᠷᠢᠯᠡᠬᠦ ᠵᠡᠷᠭᠡ ᠬᠠᠮᠢᠶ᠎ᠠ ᠪᠦᠬᠦᠢ ᠠᠵᠢᠯ ᠳᠤ ᠤᠷᠤᠯᠴᠠᠨ᠎ᠠ᠃ ᠦᠨᠳᠤᠰᠤᠳᠡᠨ ᠤ ᠭᠠᠵᠠᠷ ᠤᠷᠤᠨ ᠤ ᠬᠤᠯᠪᠤᠭᠳᠠᠯ ᠪᠦᠬᠦᠢ ᠲᠤᠭ᠎ᠠ ᠪᠦᠷᠢᠤᠨᠬᠡᠯ ᠤᠨ ᠵᠠᠳᠠᠯᠤᠯᠳᠠ ᠪᠠ ᠴᠦᠭᠡᠨ ᠲᠤᠭᠠᠳᠤ ᠦᠨᠳᠤᠰᠤᠳᠡᠨ ᠤ ᠠᠵᠢᠯ ᠦᠢᠯᠡᠰ ᠤᠨ ᠬᠦᠭᠵᠢᠯᠳᠡ ᠶᠢᠨ ᠶᠡᠷᠤᠩᠬᠡᠶᠢᠯᠡᠨ ᠦᠨᠡᠯᠡᠬᠦ ᠵᠡᠷᠭᠡ ᠠᠵᠢᠯ ᠢ ᠡᠬᠦᠷᠭᠡᠯᠡᠵᠤ᠂ ᠦᠨᠳᠤᠰᠤᠳᠡᠨ ᠤ ᠬᠡᠷᠡᠭ ᠡᠷᠬᠢᠯᠡᠬᠦ ᠦᠢᠯᠡᠴᠢᠯᠡᠭᠡᠨ ᠤ ᠲᠤᠭᠳᠠᠯᠴᠠᠭ᠎ᠠ ᠪᠠ ᠦᠨᠳᠤᠰᠤᠳᠡᠨ ᠤ ᠬᠡᠷᠡᠭ ᠡᠷᠬᠢᠯᠡᠬᠦ  ᠬᠠᠮᠢᠶᠠᠷᠤᠯᠲᠡ ᠶᠢᠨ ᠰᠤᠷᠠᠭ ᠵᠠᠩᠬᠢᠴᠢᠯᠠᠯᠳᠠ ᠶᠢᠨ ᠪᠠᠶᠢᠭᠤᠯᠤᠯᠳᠠ ᠶᠢ ᠬᠡᠷᠩᠵᠢᠬᠦᠯᠬᠦ ᠶᠢ ᠠᠬᠢᠭᠤᠯᠤᠨ᠎ᠠ᠃      ᠲᠦᠷᠪᠡ᠂ ᠴᠦᠭᠡᠨ ᠲᠤᠭᠠᠳᠤ ᠦᠨᠳᠤᠰᠤᠳᠡᠨ ᠤ ᠨᠡᠶᠢᠭᠡᠮ ᠤᠨ ᠠᠵᠢᠯ ᠦᠢᠯᠡᠰ ᠤᠨ ᠬᠦᠭᠵᠢᠯᠳᠡ ᠶᠢᠨ ᠲᠠᠯ᠎ᠠ ᠶᠢᠨ ᠬᠤᠯᠪᠤᠭᠳᠠᠯ ᠪᠦᠬᠦᠢ ᠠᠵᠢᠯ ᠢ ᠬᠠᠷᠢᠭᠤᠴᠠᠨ᠎ᠠ᠃ ᠴᠦᠭᠡᠨ ᠲᠤᠭᠠᠳᠤ ᠦᠨᠳᠤᠰᠤᠳᠡᠨ ᠪᠠ ᠴᠦᠭᠡᠨ ᠲᠤᠭᠠᠳᠤ ᠦᠨᠳᠤᠰᠤᠳᠡᠨ ᠤ  ᠲᠦᠪᠯᠡᠷᠡᠨ ᠰᠠᠭᠤᠷᠢᠰᠢᠭᠰᠠᠨ ᠭᠠᠵᠠᠷ ᠤᠷᠤᠨ ᠤ ᠬᠠᠮᠢᠶ᠎ᠠ  ᠪᠦᠬᠦᠢ ᠰᠤᠷᠭᠠᠨ ᠬᠦᠮᠤᠵᠢᠯ᠂ ᠰᠤᠶᠤᠯ᠂ ᠲᠠᠮᠢᠷ᠂ ᠡᠷᠡᠬᠦᠯ ᠬᠠᠮᠠᠭᠠᠯᠠᠯ᠂ ᠰᠢᠨᠵᠢᠯᠡᠭᠡ ᠮᠡᠷᠭᠡᠵᠢᠯ ᠵᠡᠷᠭᠡ ᠨᠡᠶᠢᠭᠡᠮ ᠤᠨ ᠠᠵᠢᠯ ᠦᠢᠯᠡᠰ ᠤᠨ ᠬᠦᠭᠵᠢᠯᠳᠡ ᠶᠢᠨ ᠤᠨᠴᠠᠭᠠᠢ ᠲᠦᠷᠤ ᠶᠢᠨ ᠪᠤᠳᠤᠯᠭ᠎ᠠ ᠶᠢᠨ ᠰᠠᠨᠠᠭᠤᠯᠭ᠎ᠠ ᠶᠢ ᠰᠤᠳᠤᠯᠤᠨ ᠲᠤᠷᠠᠳᠤᠨ᠎ᠠ᠃ ᠡᠯ᠎ᠡ ᠰᠤᠮᠤ ᠪᠠᠯᠭᠠᠰᠤ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠳᠤ ᠴᠢᠬᠤᠯᠠ ᠶᠡᠭᠡ ᠦᠨᠳᠤᠰᠤᠳᠡᠨ ᠤ ᠰᠤᠶᠤᠯ ᠤᠨ ᠬᠦᠳᠡᠯᠭᠡᠭᠡᠨ᠂ ᠪᠠᠶᠠᠷ ᠤᠨ ᠶᠤᠰᠤᠯᠠᠯ ᠪᠠ ᠴᠦᠭᠡᠨ ᠲᠤᠭᠠᠳᠤ ᠦᠨᠳᠤᠰᠤᠳᠡᠨ ᠤ ᠤᠯᠠᠮᠵᠢᠯᠠᠯᠳᠤ ᠪᠡᠶ᠎ᠡ ᠶᠢᠨ ᠲᠠᠮᠢᠷ ᠤᠨ ᠬᠦᠳᠡᠯᠭᠡᠭᠡᠨ ᠢ  ᠲᠠᠭᠠᠭᠠᠴᠢᠯᠠᠨ ᠡᠷᠬᠢᠯᠡᠨ᠎ᠡ᠃      ᠲᠠᠪᠤ᠂ ᠴᠦᠭᠡᠨ ᠲᠤᠭᠠᠳᠤ ᠦᠨᠳᠤᠰᠤᠳᠡᠨ ᠤ ᠦᠭᠡ ᠬᠡᠯᠡ ᠦᠰᠤᠭ᠌ ᠪᠢᠴᠢᠭ ᠤᠨ ᠬᠤᠯᠪᠤᠭᠳᠠᠯ ᠪᠦᠬᠦᠢ ᠠᠵᠢᠯ ᠢ ᠬᠠᠷᠢᠭᠤᠴᠠᠨ᠎ᠠ᠃ ᠴᠦᠭᠡᠨ ᠲᠤᠭᠠᠳᠤ ᠦᠨᠳᠤᠰᠤᠳᠡᠨ ᠤ ᠦᠭᠡ ᠬᠡᠯᠡ ᠦᠰᠤᠭ᠌ ᠪᠢᠴᠢᠭ ᠢ ᠰᠤᠷᠤᠯᠴᠠᠬᠤ᠂ ᠬᠡᠷᠩᠯᠡᠬᠦ᠂ ᠰᠤᠳᠤᠯᠬᠤ᠂ ᠬᠦᠭᠵᠢᠬᠦᠯᠬᠦ᠂ ᠠᠪᠤᠷᠠᠬᠤ᠂ ᠬᠠᠮᠠᠭᠠᠯᠠᠬᠤ᠂ ᠤᠯᠠᠮᠵᠢᠯᠠᠬᠤ ᠶᠢᠨ ᠬᠠᠮᠢᠶᠠᠷᠤᠯᠲᠡ ᠶᠢᠨ ᠠᠵᠢᠯ ᠢ  ᠬᠢᠨ᠎ᠡ᠃ ᠴᠦᠭᠡᠨ ᠲᠤᠭᠠᠳᠤ ᠦᠨᠳᠤᠰᠤᠳᠡᠨ ᠤ  ᠦᠭᠡ ᠬᠡᠯᠡ ᠦᠰᠤᠭ᠌ ᠪᠢᠴᠢᠭ ᠤᠨ ᠰᠤᠷᠭᠠᠨ ᠬᠦᠮᠤᠵᠢᠯ᠂ ᠤᠷᠴᠢᠭᠤᠯᠭ᠎ᠠ᠂ ᠬᠡᠪᠯᠠᠯ ᠵᠢᠴᠢ ᠷᠠᠳᠢᠤ᠋ ᠲᠧᠯᠸᠢᠰ᠂ ᠦᠨᠳᠤᠰᠤᠳᠡᠨ ᠤ ᠡᠷᠲᠡᠨ ᠤ ᠪᠢᠴᠢᠭ ᠢ ᠴᠤᠭᠯᠠᠭᠤᠯᠬᠤ᠂ ᠡᠮᠬᠢᠤᠨᠬᠡᠬᠦ᠂ ᠬᠡᠪᠯᠡᠬᠦ ᠠᠵᠢᠯ ᠢ ᠵᠢᠭᠠᠨ ᠵᠢᠯᠤᠭᠤᠳᠤᠨ᠎ᠠ᠃      ᠵᠢᠷᠭᠤᠭ᠎ᠠ᠂ ᠦᠨᠳᠤᠰᠤᠳᠡᠨ ᠤ ᠠᠵᠢᠯ ᠤᠨ ᠬᠦᠷᠢᠶ᠎ᠡ ᠴᠠᠷᠠᠭᠠᠨ ᠤ ᠭᠠᠳᠠᠭᠠᠳᠤ ᠰᠤᠯᠢᠯᠴᠠᠭᠠᠨ ᠤ ᠬᠤᠯᠪᠤᠭᠳᠠᠯ ᠪᠦᠬᠦᠢ ᠠᠵᠢᠯ ᠢ ᠬᠠᠷᠢᠭᠤᠴᠠᠨ᠎ᠠ᠃ ᠦᠨᠳᠤᠰᠤᠳᠡᠨ ᠤ ᠠᠵᠢᠯ ᠤᠨ ᠬᠦᠷᠢᠶ᠎ᠡ ᠴᠠᠷᠠᠭᠠᠨ ᠤ ᠬᠠᠮᠢᠶ᠎ᠠ ᠪᠦᠬᠦᠢ ᠭᠠᠳᠠᠭᠠᠳᠤ ᠲᠠᠢ ᠶᠠᠪᠤᠯᠴᠠᠬᠤ ᠪᠠ ᠰᠢᠶᠠᠩᠭᠠᠩ ᠤᠤᠮᠧᠨ ᠲᠠᠶᠢᠸᠠᠨ ᠤ ᠰᠤᠯᠢᠯᠴᠠᠭ᠎ᠠ ᠪᠠ ᠬᠤᠷᠰᠢᠯᠴᠠᠭ᠎ᠠ ᠶᠢ ᠵᠤᠬᠢᠶᠠᠨ ᠪᠠᠶᠢᠭᠤᠯᠤᠨ ᠵᠤᠬᠢᠴᠠᠭᠤᠯᠤᠨ᠎ᠠ᠃ ᠦᠨᠳᠤᠰᠤᠳᠡᠨ ᠤ ᠬᠡᠷᠡᠭ ᠶᠠᠪᠤᠳᠠᠯ ᠲᠠᠢ ᠬᠤᠯᠪᠤᠭᠳᠠᠭᠰᠠᠨ ᠭᠠᠳᠠᠭᠠᠳᠤ ᠤᠬᠠᠭᠤᠯᠭ᠎ᠠ ᠶᠢᠨ ᠠᠵᠢᠯ ᠳᠤ ᠤᠷᠤᠯᠴᠠᠨ᠎ᠠ᠃      ᠲᠤᠯᠤᠭ᠎ᠠ᠂ ᠴᠦᠭᠡᠨ ᠲᠤᠭᠠᠳᠤ ᠦᠨᠳᠤᠰᠤᠳᠡᠨ ᠤ ᠴᠢᠳᠠᠪᠤᠷᠢᠳᠠᠨ ᠢ ᠬᠦᠮᠤᠵᠢᠬᠦᠯᠬᠦ ᠪᠠ ᠺᠠᠳ᠋ᠷ ᠤᠨ ᠡᠩᠨᠡᠭᠡᠨ ᠤ ᠪᠠᠶᠢᠭᠤᠯᠤᠯᠳᠠ ᠶᠢᠨ ᠬᠤᠯᠪᠤᠭᠳᠠᠯ ᠪᠦᠬᠦᠢ ᠠᠵᠢᠯ ᠢ ᠬᠠᠷᠢᠭᠤᠴᠠᠨ᠎ᠠ᠃ ᠴᠦᠭᠡᠨ ᠲᠤᠭᠠᠳᠤ ᠦᠨᠳᠤᠰᠤᠳᠡᠨ ᠤ ᠴᠢᠳᠠᠪᠤᠷᠢᠳᠠᠨ ᠤ ᠡᠩᠨᠡᠭᠡᠨ ᠤ ᠪᠠᠶᠢᠭᠤᠯᠤᠯᠳᠠ ᠶᠢᠨ ᠲᠦᠯᠤᠪᠵᠢᠬᠦᠯᠭᠡ ᠶᠢ ᠲᠤᠭᠤᠷᠪᠢᠨ ᠲᠤᠭᠳᠠᠭᠠᠬᠤ ᠳᠤ ᠤᠷᠤᠯᠴᠠᠵᠤ᠂  ᠴᠦᠭᠡᠨ ᠲᠤᠭᠠᠳᠤ ᠦᠨᠳᠤᠰᠤᠳᠡᠨ ᠤ ᠺᠠᠳ᠋ᠷ ᠲᠠᠢ ᠬᠠᠷᠢᠯᠴᠠᠨ᠂ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠵᠢᠯᠴᠠᠨ ᠴᠦᠭᠡᠨ ᠲᠤᠭᠠᠳᠤ ᠦᠨᠳᠤᠰᠤᠳᠡᠨ ᠤ ᠺᠠᠳ᠋ᠷ ᠢ  ᠬᠦᠮᠤᠵᠢᠬᠦᠯᠬᠦ᠂ ᠰᠤᠷᠭᠠᠨ ᠬᠦᠮᠤᠵᠢᠯ ᠪᠠ ᠬᠡᠷᠩᠯᠡᠬᠦ ᠠᠵᠢᠯ ᠢ ᠰᠠᠶᠢᠳᠤᠷ ᠬᠢᠨ᠎ᠡ᠃      ᠨᠠᠢᠮᠠ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠ ᠲᠡᠬᠡᠳᠤ ᠱᠠᠳᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠦᠴᠢᠷ ᠤᠨ ᠲᠠᠭᠠᠭᠠᠯᠭᠠᠭᠰᠠᠨ ᠪᠤᠰᠤᠤᠨ ᠡᠬᠦᠷᠭᠡ ᠶᠢ ᠪᠡᠶᠡᠯᠡᠬᠦᠯᠤᠨ᠎ᠡ᠃
ᠢᠷᠡᠯᠲᠡ᠄ ᠬᠠᠭᠤᠴᠢᠨ ᠪᠠᠷᠭᠤ ᠬᠤᠰᠢᠭᠤᠨ ᠤ ᠵᠠᠰᠠᠭ ᠤᠨ ᠤᠷᠳᠤᠨ