ᠨᠢᠭᠡ᠂ ᠤᠯᠤᠰ᠂ ᠦᠪᠡᠷᠲᠡᠭᠡᠨ ᠵᠠᠰᠠᠬᠤ ᠤᠷᠤᠨ ᠤ ᠰᠤᠶᠤᠯ᠂ ᠵᠢᠭᠤᠯᠴᠢᠯᠠᠯ᠂ ᠷᠠᠳᠢᠤ᠋ ᠲᠧᠯᠧᠢᠰ᠂ ᠲᠡᠥᠭᠡ ᠶᠢᠨ ᠲᠤᠷᠠᠰᠬᠠᠯᠲᠤ ᠵᠦᠢᠯ ᠤᠨ ᠠᠵᠢᠯ ᠤᠨ ᠲᠤᠬᠠᠢ | ᠬᠠᠥᠯᠢ ᠴᠠᠭᠠᠵᠠ ᠬᠠᠥᠯᠢ ᠳᠦᠷᠢᠮ ᠵᠢᠴᠢ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠭᠦᠢᠴᠡᠳᠭᠡᠨ᠎ᠡ᠃ ᠬᠠᠭᠤᠴᠢᠨ ᠪᠠᠷᠭᠤ ᠬᠤᠰᠢᠭᠤᠨ ᠤ ᠰᠤᠶᠤᠯ᠂ | ᠵᠢᠭᠤᠯᠴᠢᠯᠠᠯ᠂ ᠷᠠᠳᠢᠤ᠋ ᠲᠧᠯᠧᠢᠰ᠂ ᠲᠡᠥᠭᠡ ᠶᠢᠨ ᠲᠤᠷᠠᠰᠬᠠᠯᠲᠤ ᠵᠦᠢᠯ ᠤᠨ ᠬᠠᠮᠢᠶᠠᠷᠤᠯᠲᠠ ᠶᠢᠨ ᠲᠦᠷᠦ ᠶᠢᠨ ᠪᠤᠳᠤᠯᠭ᠎ᠠ ᠶᠢ ᠰᠤᠳᠤᠯᠤᠨ ᠲᠤᠭᠤᠷᠪᠢᠨ ᠲᠤᠭᠲᠠᠭᠠᠵᠤ᠂ | ᠬᠠᠭᠤᠴᠢᠨ ᠪᠠᠷᠭᠤ ᠬᠤᠰᠢᠭᠤᠨ ᠤ ᠰᠤᠶᠤᠯ ᠵᠢᠭᠤᠯᠴᠢᠯᠠᠯ ᠢ ᠬᠠᠮᠠᠭᠠᠯᠠᠬᠤ ᠤᠷᠤᠨ ᠨᠤᠲᠤᠭ ᠤᠨ ᠴᠢᠨᠠᠷᠲᠡᠢ ᠬᠠᠥᠯᠢ ᠳᠦᠷᠢᠮ᠂ ᠲᠤᠭᠲᠠᠭᠠᠯ ᠢ ᠨᠤᠤᠷᠠᠭᠯᠠᠨ᠎ᠠ᠃ | ᠬᠤᠶᠠᠷ᠂ ᠰᠤᠶᠤᠯ᠂ ᠵᠢᠭᠤᠯᠴᠢᠯᠠᠯ᠂ ᠷᠠᠳᠢᠤ᠋ ᠲᠧᠯᠧᠢᠰ᠂ ᠲᠡᠥᠭᠡ ᠶᠢᠨ ᠲᠤᠷᠠᠰᠬᠠᠯᠲᠤ ᠵᠦᠢᠯ ᠤᠨ ᠠᠵᠢᠯ ᠦᠢᠯᠠᠰ ᠵᠢᠴᠢ ᠬᠤᠯᠪᠤᠭᠳᠠᠯ ᠪᠦᠬᠦᠢ ᠠᠵᠤ | ᠦᠢᠯᠡᠰ ᠤᠨ ᠬᠥᠭᠵᠢᠯᠲᠡ ᠶᠢ ᠨᠢᠭᠡᠳᠦᠯᠲᠡᠢ ᠲᠦᠯᠦᠪᠵᠢᠭᠦᠯᠵᠤ᠂ ᠬᠥᠭᠵᠢᠯᠲᠡ ᠶᠢᠨ ᠲᠦᠯᠦᠪᠵᠢᠭᠦᠯᠭᠡ ᠶᠢ ᠨᠠᠶᠢᠷᠠᠭᠤᠯᠬᠤ ᠶᠢᠨ ᠬᠠᠮᠲᠤ ᠵᠤᠬᠢᠶᠠᠨ ᠪᠠᠶᠢᠭᠤᠯᠤᠨ | ᠬᠡᠷᠡᠭᠵᠢᠭᠦᠯᠵᠦ᠂ ᠰᠤᠶᠤᠯ ᠪᠠ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠲᠥᠯᠬᠢᠨ ᠠᠬᠢᠭᠤᠯᠵᠤ᠂ ᠰᠤᠶᠤᠯ᠂ ᠵᠢᠭᠤᠯᠴᠢᠯᠠᠯ᠂ ᠷᠠᠳᠢᠤ᠋ ᠲᠧᠯᠧᠢᠰ ᠤᠨ | ᠪᠠᠶᠢᠭᠤᠯᠤᠮᠵᠢ ᠶᠢᠨ ᠲᠤᠭᠲᠠᠴᠠ ᠶᠢᠨ ᠦᠭᠡᠷᠡᠴᠢᠯᠡᠯᠲᠡ ᠶᠢ ᠲᠥᠯᠬᠢᠨ ᠠᠬᠢᠭᠤᠯᠤᠨ᠎ᠠ᠃ | ᠭᠤᠷᠪᠠ᠂ ᠰᠤᠶᠤᠯ᠂ ᠵᠢᠭᠤᠯᠴᠢᠯᠠᠯ᠂ ᠷᠠᠳᠢᠤ᠋ ᠲᠧᠯᠧᠢᠰ ᠤᠨ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠥᠪᠰᠢᠨ ᠤ ᠬᠠᠮᠢᠶᠠᠷᠤᠯᠲᠠ ᠶᠢ ᠬᠠᠷᠢᠭᠤᠴᠠᠵᠤ᠂ | ᠵᠦᠪ ᠤᠨᠤᠪᠴᠢᠲᠠᠢ ᠶᠠᠷᠢᠶ᠎ᠠ ᠬᠡᠯᠡᠯᠴᠡᠭᠡᠨ ᠤ ᠬᠦᠲᠦᠯᠤᠮᠵᠢ ᠪᠠ ᠡᠭᠦᠳᠦᠨ ᠪᠦᠲᠦᠭᠡᠯᠲᠡ ᠶᠢᠨ ᠬᠦᠳᠦᠯᠦᠮᠵᠢ ᠶᠢ ᠰᠠᠶᠢᠲᠤᠷ ᠠᠳᠬᠤᠨ᠎ᠠ᠃ ᠪᠦᠬᠦ ᠬᠤᠰᠢᠭᠤᠨ ᠤ | ᠴᠢᠨᠠᠷᠲᠡᠢ ᠴᠢᠬᠤᠯᠠ ᠶᠡᠭᠡ ᠰᠤᠶᠤᠯ ᠵᠢᠭᠤᠯᠴᠢᠯᠠᠯ ᠤᠨ ᠬᠦᠳᠡᠯᠭᠡᠭᠡᠨ ᠢ ᠬᠠᠮᠢᠶᠠᠷᠤᠨ ᠵᠤᠬᠢᠴᠠᠭᠤᠯᠤᠨ᠎ᠠ᠃ | ᠳᠦᠷᠪᠡ᠂ ᠤᠷᠠᠯᠢᠭ ᠤᠨ ᠠᠵᠢᠯ ᠦᠢᠯᠡᠰ ᠤᠨ ᠬᠥᠭᠵᠢᠯᠲᠡ ᠶᠢ ᠲᠥᠯᠬᠢᠨ ᠠᠬᠢᠭᠤᠯᠬᠤ ᠶᠢ ᠬᠠᠷᠢᠭᠤᠴᠠᠨ᠎ᠠ᠃ ᠪᠦᠬᠦ ᠬᠤᠰᠢᠭᠤᠨ ᠤ ᠲᠤᠰᠬᠠᠢ ᠮᠡᠷᠭᠡᠵᠢᠯ ᠤᠨ | ᠤᠷᠠᠯᠢᠭ ᠤᠨ ᠠᠵᠢᠯ ᠢ ᠬᠠᠮᠢᠶᠠᠷᠤᠨ᠂ ᠵᠢᠯᠤᠭᠤᠳᠴᠦ᠂ ᠲᠦᠯᠦᠪᠵᠢᠭᠦᠯᠵᠤ᠂ ᠤᠳᠬ᠎ᠠ ᠤᠷᠠᠯᠢᠭ ᠤᠨ ᠡᠭᠦᠳᠦᠨ ᠪᠦᠳᠦᠭᠡᠬᠦ ᠶᠢ ᠬᠠᠮᠢᠶᠠᠷᠤᠨ ᠵᠢᠯᠤᠭᠤᠳᠴᠦ᠂ | ᠨᠡᠶᠢᠭᠡᠮ ᠵᠢᠷᠤᠮ ᠤᠨ ᠭᠤᠤᠯᠯᠠᠭᠴᠢ ᠦᠷᠳᠡᠭ ᠤᠨ ᠦᠵᠡᠯᠲᠡ᠂ ᠬᠦᠲᠦᠯᠦᠮᠵᠢ ᠶᠢᠨ ᠴᠢᠨᠠᠷᠲᠡᠢ᠂ ᠲᠦᠯᠦᠭᠡᠯᠡᠬᠦ ᠴᠢᠨᠠᠷᠲᠡᠢ᠂ ᠵᠢᠱᠢᠶ᠎ᠡ ᠦᠵᠡᠭᠦᠯᠬᠦ ᠴᠢᠨᠠᠷ ᠢ | ᠢᠯᠡᠷᠡᠭᠦᠯᠦᠭᠰᠡᠨ ᠤᠳᠬ᠎ᠠ ᠤᠷᠠᠯᠢᠭ ᠤᠨ ᠪᠦᠳᠦᠭᠡᠯ ᠤᠨ ᠡᠭᠦᠳᠦᠨ ᠪᠦᠲᠦᠭᠡᠬᠦ ᠶᠢ ᠳᠡᠮᠵᠢᠵᠤ᠂ ᠡᠯ᠎ᠡ ᠲᠦᠷᠦᠯ ᠤᠨ ᠤᠷᠠᠯᠢᠭ᠂ ᠡᠯ᠎ᠡ ᠤᠷᠠᠯᠢᠭ ᠤᠨ ᠲᠦᠷᠦᠯ | ᠵᠦᠢᠯ ᠤᠨ ᠬᠥᠭᠵᠢᠯᠲᠡ ᠶᠢ ᠲᠥᠯᠬᠢᠨ ᠠᠬᠢᠭᠤᠯᠤᠨ᠎ᠠ᠃ ᠪᠦᠬᠦ ᠬᠤᠰᠢᠭᠤᠨ ᠤ ᠤᠯᠠᠭᠠᠨᠮᠦ᠋ᠴᠢᠷ ᠤᠨ ᠠᠵᠢᠯ ᠦᠢᠯᠡᠰ ᠤᠨ ᠬᠥᠭᠵᠢᠯᠲᠡ ᠶᠢ ᠵᠢᠯᠤᠭᠤᠳᠬᠤ ᠶᠢᠨ ᠬᠠᠮᠲᠤ | ᠲᠥᠯᠬᠢᠨ ᠠᠬᠢᠭᠤᠯᠤᠨ᠎ᠠ᠃ | ᠲᠠᠪᠤ᠂ ᠤᠯᠠᠨ ᠨᠡᠶᠢᠲᠡ ᠶᠢᠨ ᠰᠤᠶᠤᠯ ᠤᠨ ᠠᠵᠢᠯ ᠦᠢᠯᠡᠰ ᠤᠨ ᠬᠥᠭᠵᠢᠯᠲᠡ ᠶᠢ ᠲᠥᠯᠬᠢᠨ ᠠᠬᠢᠭᠤᠯᠬᠤ ᠶᠢ ᠬᠠᠷᠢᠭᠤᠴᠠᠨ᠎ᠠ᠃ ᠣᠳᠤ ᠦᠶ᠎ᠡ ᠶᠢᠨ ᠤᠯᠠᠨ | ᠨᠡᠶᠢᠲᠡ ᠶᠢᠨ ᠰᠤᠶᠤᠯ᠂ ᠵᠢᠭᠤᠯᠴᠢᠯᠠᠯ᠂ ᠷᠠᠳᠢᠤ᠋ ᠲᠧᠯᠧᠢᠰ ᠪᠠ ᠲᠡᠥᠭᠡ ᠶᠢᠨ ᠲᠤᠷᠠᠰᠬᠠᠯᠲᠤ ᠵᠦᠢᠯ ᠤᠨ ᠦᠢᠯᠡᠴᠢᠯᠡᠭᠡᠨ ᠤ ᠲᠤᠭᠲᠠᠯᠴᠠᠭ᠎ᠠ ᠶᠢᠨ ᠪᠦᠲᠦᠭᠡᠨ | ᠪᠠᠶᠢᠭᠤᠯᠤᠯᠲᠠ ᠶᠢ ᠲᠥᠯᠬᠢᠨ ᠠᠬᠢᠭᠤᠯᠵᠤ᠂ ᠤᠯᠠᠨ ᠨᠡᠶᠢᠲᠡ ᠶᠢᠨ ᠰᠤᠶᠤᠯ᠂ ᠵᠢᠭᠤᠯᠴᠢᠯᠠᠯ᠂ ᠤᠯᠠᠨ ᠨᠡᠶᠢᠲᠡ ᠶᠢᠨ ᠦᠢᠯᠡᠴᠢᠯᠡᠭᠡᠨ ᠨᠡᠶᠢᠲᠡ ᠶᠢᠨ ᠠᠰᠠᠷᠠᠮᠵᠢ ᠶᠢᠨ | ᠢᠨᠵᠧᠨᠧᠷᠢᠩ ᠪᠠ ᠨᠡᠶᠢᠲᠡ ᠶᠢᠨ ᠠᠰᠠᠷᠠᠮᠵᠢ ᠶᠢᠨ ᠬᠦᠳᠡᠯᠭᠡᠭᠡᠨ ᠢ ᠵᠤᠬᠢᠶᠠᠨ ᠪᠠᠶᠢᠭᠤᠯᠤᠨ ᠬᠡᠷᠡᠭᠵᠢᠭᠦᠯᠵᠦ᠂ ᠰᠤᠶᠤᠯ᠂ ᠵᠢᠭᠤᠯᠴᠢᠯᠠᠯ᠂ ᠷᠠᠳᠢᠣ᠋ ᠲᠧᠯᠧᠢᠰ ᠤᠨ | ᠠᠷᠠᠳ ᠢ ᠬᠠᠷᠠᠭᠠᠯᠵᠠᠬᠤ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠪᠦᠬᠦ ᠬᠤᠰᠢᠭᠤᠨ ᠤ ᠰᠤᠶᠤᠯ᠂ ᠵᠢᠭᠤᠯᠴᠢᠯᠠᠯ᠂ ᠷᠠᠳᠢᠣ᠋ ᠲᠧᠯᠧᠢᠰ ᠤᠨ ᠭᠤᠤᠯᠳᠠᠯᠭ᠎ᠠ ᠲᠠᠢ | ᠰᠠᠭᠤᠷᠢ ᠲᠦᠭᠦᠬᠡᠷᠦᠮᠵᠢ ᠶᠢᠨ ᠪᠠᠶᠢᠭᠤᠯᠤᠯᠲᠠ ᠶᠢ ᠵᠢᠯᠤᠭᠤᠳᠤᠨ ᠬᠢᠨᠠᠨ ᠬᠠᠮᠢᠶᠠᠷᠴᠦ᠂ ᠬᠢᠯᠢ ᠬᠢᠵᠠᠭᠠᠷ ᠤᠷᠤᠨ᠂ ᠦᠨᠳᠦᠰᠦᠲᠡᠨ ᠤ ᠭᠠᠵᠠᠷ ᠤᠷᠤᠨ ᠪᠠ ᠶᠠᠳᠠᠭᠤ | ᠬᠦᠴᠢᠷᠳᠡᠯᠲᠡᠢ ᠭᠠᠵᠠᠷ ᠤᠷᠤᠨ ᠤ ᠰᠤᠶᠤᠯ ᠵᠢᠭᠤᠯᠴᠢᠯᠠᠯ ᠷᠠᠳᠢᠣ᠋ ᠲᠧᠯᠧᠢᠰ ᠤᠨ ᠠᠵᠢᠯ ᠦᠢᠯᠡᠰ ᠤᠨ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠶᠢ | ᠴᠢᠩᠭᠠᠳᠬᠠᠬᠤ ᠶᠢᠨ ᠬᠠᠮᠲᠤ ᠳᠡᠮᠵᠢᠵᠤ᠂ ᠦᠨᠳᠦᠰᠦᠨ ᠤᠯᠠᠨ ᠨᠡᠶᠢᠲᠡ ᠶᠢᠨ ᠰᠤᠶᠤᠯ ᠤᠨ ᠦᠢᠯᠡᠴᠢᠯᠡᠭᠡᠨ ᠤ ᠪᠠᠷᠢᠮᠵᠢᠶᠠᠴᠢᠯᠠᠯᠲᠠ᠂ ᠲᠡᠩᠴᠡᠭᠦᠷᠢᠰᠢᠭᠦᠯᠤᠯᠲᠡ ᠶᠢ | ᠨᠢᠭᠡᠲᠦᠯᠲᠡᠢ ᠲᠦᠯᠦᠪᠯᠡᠨ ᠲᠥᠯᠬᠢᠨ ᠠᠬᠢᠭᠤᠯᠤᠨ᠎ᠠ᠃ | ᠵᠢᠷᠭᠤᠭ᠎ᠠ᠂ ᠪᠤᠳᠠᠰ ᠤᠨ ᠪᠤᠰᠤ ᠰᠤᠶᠤᠯ ᠤᠨ ᠦᠪ ᠢ ᠬᠠᠮᠠᠭᠠᠯᠠᠬᠤ ᠠᠵᠢᠯ ᠢ ᠬᠠᠷᠢᠭᠤᠴᠠᠨ᠎ᠠ᠃ ᠪᠦᠬᠦ ᠬᠤᠰᠢᠭᠤᠨ ᠤ ᠪᠤᠳᠠᠰ ᠤᠨ ᠪᠤᠰᠤ ᠰᠤᠶᠤᠯ ᠤᠨ ᠦᠪ | ᠢ ᠬᠠᠮᠠᠭᠠᠯᠠᠬᠤ᠂ ᠤᠯᠠᠮᠵᠢᠯᠠᠬᠤ᠂ ᠲᠦᠭᠡᠮᠡᠯᠵᠢᠭᠦᠯᠬᠦ᠂ ᠤᠷᠢᠶᠠᠯᠠᠬᠤ ᠪᠠ ᠬᠥᠭᠵᠢᠭᠦᠯᠦᠨ ᠮᠠᠨᠳᠤᠭᠤᠯᠬᠤ ᠶᠢ ᠲᠥᠯᠬᠢᠨ ᠠᠬᠢᠭᠤᠯᠤᠨ᠎ᠠ᠃ ᠪᠦᠬᠦ ᠬᠤᠰᠢᠭᠤᠨ ᠤ | ᠦᠨᠳᠦᠰᠦᠲᠡᠨ ᠤ ᠰᠤᠶᠤᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠤᠷᠤᠨ ᠤ ᠪᠦᠲᠦᠭᠡᠨ ᠪᠠᠶᠢᠭᠤᠯᠤᠯᠲᠠ ᠪᠠ ᠤᠯᠠᠮᠵᠢᠯᠠᠯᠲᠤ ᠭᠠᠷ ᠤᠷᠠᠯᠠᠯ ᠢ ᠬᠥᠭᠵᠢᠭᠦᠯᠦᠨ | ᠮᠠᠨᠳᠤᠭᠤᠯᠬᠤ ᠠᠵᠢᠯ ᠢ ᠵᠢᠯᠤᠭᠤᠳᠣᠨ᠎ᠠ᠃ | ᠳᠤᠯᠤᠭ᠎ᠠ᠂ ᠰᠤᠶᠤᠯ᠂ ᠵᠢᠭᠤᠯᠴᠢᠯᠠᠯ ᠪᠠ ᠷᠠᠳᠢᠣ᠋ ᠲᠧᠯᠧᠢᠰ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠨᠢᠭᠡᠳᠤᠯᠲᠠᠢ ᠲᠦᠯᠦᠪᠯᠡᠨ | ᠲᠦᠯᠦᠪᠵᠢᠭᠦᠯᠬᠦ ᠶᠢ ᠬᠠᠷᠢᠭᠤᠴᠠᠨ᠎ᠠ᠃ ᠰᠤᠶᠤᠯ ᠪᠠ ᠵᠢᠭᠤᠯᠴᠢᠯᠠᠯ ᠤᠨ ᠡᠬᠢ ᠰᠤᠷᠪᠤᠯᠵᠢ ᠶᠢ ᠨᠡᠶᠢᠳᠡᠮ ᠪᠠᠶᠢᠴᠠᠭᠠᠬᠤ᠂ ᠠᠭᠤᠳᠠᠯᠯᠠᠬᠤ᠂ ᠬᠠᠮᠢᠶᠠᠷᠬᠤ ᠪᠠ ᠠᠰᠢᠭᠯᠠᠬᠤ | ᠠᠵᠢᠯ ᠢ ᠵᠤᠬᠢᠶᠠᠨ ᠪᠠᠶᠢᠭᠤᠯᠤᠨ ᠬᠡᠷᠡᠭᠵᠢᠭᠦᠯᠵᠦ᠂ ᠰᠤᠶᠤᠯ᠂ ᠵᠢᠭᠤᠯᠴᠢᠯᠠᠯ ᠪᠠ ᠷᠠᠳᠢᠣ᠋ ᠲᠧᠯᠧᠢᠰ ᠤᠨ ᠠᠵᠤ ᠦᠢᠯᠡᠰ ᠤᠨ ᠭᠠᠳᠠᠭᠠᠲᠤ ᠲᠠᠢ ᠬᠤᠷᠰᠢᠯᠴᠠᠬᠤ ᠪᠠ | ᠵᠠᠬ᠎ᠠ ᠳᠡᠯᠭᠡᠭᠦᠷ ᠤᠨ ᠳᠡᠯᠭᠡᠷᠡᠭᠦᠯᠬᠦ ᠶᠢ ᠠᠬᠢᠭᠤᠯᠵᠤ᠂ ᠰᠤᠶᠤᠯ᠂ ᠵᠢᠭᠤᠯᠴᠢᠯᠠᠯ ᠪᠠ ᠷᠠᠳᠢᠣ᠋ ᠲᠧᠯᠧᠢᠰ ᠤᠨ ᠵᠠᠬ᠎ᠠ ᠳᠡᠯᠭᠡᠭᠦᠷ ᠤᠨ ᠨᠡᠭᠡᠭᠡᠨ ᠬᠥᠭᠵᠢᠭᠦᠯᠬᠦ ᠪᠠᠶᠢᠯᠳᠤᠬᠤ | ᠪᠤᠳᠤᠯᠭ᠎ᠠ ᠶᠢ ᠲᠤᠭᠲᠠᠭᠠᠬᠤ ᠶᠢᠨ ᠬᠠᠮᠲᠤ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠦᠬᠦ ᠤᠷᠤᠨ ᠪᠦᠰᠡ ᠶᠢᠨ ᠵᠢᠭᠤᠯᠴᠢᠯᠠᠯ᠂ ᠲᠦᠷᠪᠡᠨ ᠤᠯᠠᠷᠢᠯ ᠤᠨ | ᠵᠢᠭᠤᠯᠴᠢᠯᠠᠯ ᠤᠨ ᠠᠵᠢᠯ ᠢ ᠵᠢᠯᠤᠭᠤᠳᠤᠨ ᠲᠥᠯᠬᠢᠨ ᠠᠬᠢᠭᠤᠯᠤᠨ᠎ᠠ᠃ ᠪᠦᠬᠦ ᠬᠤᠰᠢᠭᠤᠨ ᠤ ᠡᠯ᠎ᠡ ᠲᠦᠷᠦᠯ ᠤᠨ ᠵᠢᠭᠤᠯᠴᠢᠯᠠᠯ ᠤᠨ ᠤᠷᠤᠨ᠂ ᠵᠢᠭᠤᠯᠴᠢᠯᠠᠯ ᠤᠨ ᠬᠡᠷ | ᠪᠦᠯᠢ ᠶᠢᠨ ᠵᠤᠴᠢᠯᠠᠬᠤ ᠡᠷᠦᠭᠡ᠂ ᠵᠢᠱᠢᠶᠡᠴᠢ ᠤᠷᠤᠨ᠂ ᠰᠡᠯᠡᠭᠦᠴᠡᠯ ᠤᠷᠤᠨ᠂ ᠵᠢᠭᠤᠯᠴᠢᠯᠠᠯ ᠤᠨ ᠵᠤᠰᠠᠯᠠᠩ ᠤᠨ ᠪᠠᠷᠢᠮᠵᠢᠶᠠᠵᠢᠭᠤᠯᠤᠨ ᠡᠭᠦᠳᠦᠨ ᠪᠠᠶᠢᠭᠤᠯᠬᠤ | ᠠᠵᠢᠯ ᠢ ᠵᠢᠯᠤᠭᠤᠳᠤᠨ᠎ᠠ᠃ ᠰᠤᠶᠤᠯ ᠵᠢᠭᠤᠯᠴᠢᠯᠠᠯ ᠤᠨ ᠪᠦᠳᠦᠭᠡᠭᠳᠡᠭᠦᠨ ᠪᠠ ᠲᠤᠷᠠᠰᠬᠠᠯ ᠤᠨ ᠪᠤᠳᠠᠰ ᠢ ᠨᠡᠭᠡᠭᠡᠨ ᠬᠥᠭᠵᠢᠭᠦᠯᠬᠦ ᠶᠢ ᠵᠢᠯᠤᠭᠤᠳᠤᠨ ᠬᠠᠮᠢᠶᠠᠷᠤᠨ᠎ᠠ᠃ | ᠨᠠᠢᠮᠠ᠂ ᠰᠤᠶᠤᠯ ᠤᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠰᠤᠶᠤᠯ᠂ ᠵᠢᠭᠤᠯᠴᠢᠯᠠᠯ᠂ ᠷᠠᠳᠢᠣ᠋ ᠲᠧᠯᠧᠢᠰ ᠤᠨ ᠵᠠᠬ᠎ᠠ | ᠳᠡᠯᠭᠡᠭᠦᠷ ᠤᠨ ᠬᠥᠭᠵᠢᠯᠲᠡ ᠶᠢ ᠵᠢᠯᠤᠭᠤᠳᠴᠦ᠂ ᠵᠠᠬ᠎ᠠ ᠳᠡᠯᠭᠡᠭᠦᠷ ᠤᠨ ᠡᠵᠡᠩᠨᠡᠯᠲᠡ ᠪᠠ ᠵᠠᠬ᠎ᠠ ᠳᠡᠯᠭᠡᠭᠦᠷ ᠤᠨ ᠠᠮᠤᠷ ᠲᠥᠪᠰᠢᠨ ᠳᠤ ᠠᠵᠢᠯ ᠲᠦᠷᠦᠯ ᠤᠨ ᠬᠢᠨᠠᠨ | ᠬᠠᠮᠢᠶᠠᠷᠤᠯᠲᠠ ᠬᠢᠵᠤ᠂ ᠰᠤᠶᠤᠯ ᠪᠠ ᠵᠢᠭᠤᠯᠴᠢᠯᠠᠯ ᠤᠨ ᠠᠵᠢᠯ ᠲᠦᠷᠦᠯ ᠤᠨ ᠢᠲᠡᠭᠡᠮᠵᠢ ᠶᠢᠨ ᠲᠤᠭᠲᠠᠯᠴᠠᠭ᠎ᠠ ᠶᠢᠨ ᠪᠠᠶᠢᠭᠤᠯᠤᠯᠲᠠ ᠶᠢ ᠲᠥᠯᠬᠢᠨ ᠠᠬᠢᠭᠤᠯᠵᠤ᠂ | ᠰᠤᠶᠤᠯ ᠪᠠ ᠵᠢᠭᠤᠯᠴᠢᠯᠠᠯ ᠤᠨ ᠵᠠᠬ᠎ᠠ ᠳᠡᠯᠭᠡ᠊ ᠭᠦ᠋ᠷ ᠤᠨ ᠡᠷᠡᠭᠦᠯ ᠢᠶᠠᠷ ᠬᠥᠭᠵᠢᠬᠦ ᠶᠢ ᠬᠠᠥᠯᠢ ᠶᠤᠰᠤᠭᠠᠷ ᠳᠦᠷᠢᠮᠵᠢᠭᠦᠯᠦᠨ᠎ᠡ᠃ | ᠶᠢᠰᠦ᠂ ᠪᠦᠬᠦ ᠬᠤᠰᠢᠭᠤᠨ ᠤ ᠰᠤᠶᠤᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠨ ᠬᠠᠥᠯᠢ ᠬᠡᠷᠡᠭᠵᠢᠭᠦᠯᠬᠦ ᠠᠵᠢᠯ ᠢ ᠵᠢᠯᠤᠭᠤᠳᠤᠨ ᠬᠢᠨᠠᠨ ᠬᠠᠮᠢᠶᠠᠷᠤᠨ᠎ᠠ᠃ ᠪᠦᠬᠦ | ᠬᠤᠰᠢᠭᠤᠨ ᠤ ᠴᠢᠨᠠᠷᠲᠡᠢ᠂ ᠤᠷᠤᠨ ᠪᠦᠰᠡ ᠠᠯᠤᠰᠯᠠᠭᠰᠠᠨ ᠰᠤᠶᠤᠯ ᠵᠢᠭᠤᠯᠴᠢᠯᠠᠯ᠂ ᠷᠠᠳᠢᠣ᠋ ᠲᠧᠯᠧᠢᠰ᠂ ᠲᠡᠥᠭᠡ ᠶᠢᠨ ᠲᠤᠷᠠᠰᠬᠠᠯᠲᠤ ᠵᠦᠢᠯ ᠤᠨ ᠵᠠᠬ᠎ᠠ | ᠳᠡᠯᠭᠡᠭᠦᠷ ᠵᠡᠷᠭᠡ ᠬᠠᠥᠯᠢ ᠶᠢ ᠵᠦᠷᠢᠴᠡᠭᠰᠡᠨ ᠠᠵᠢᠯᠯᠠᠭ᠎ᠠ ᠶᠢ ᠵᠤᠬᠢᠶᠠᠨ ᠪᠠᠶᠢᠭᠤᠯᠤᠨ ᠪᠠᠶᠢᠴᠠᠭᠠᠨ ᠰᠢᠢᠳᠭᠡᠵᠦ᠂ ᠲᠤᠮᠤ ᠴᠢᠬᠤᠯᠠ ᠬᠡᠷᠡᠭ ᠢ ᠱᠠᠭᠠᠷᠳᠠᠨ ᠪᠠᠶᠢᠴᠠᠭᠠᠨ | ᠱᠠᠭᠠᠷᠳᠡᠨ ᠭᠦᠢᠴᠡᠳᠭᠡᠵᠤ᠂ ᠵᠠᠬ᠎ᠠ ᠳᠡᠯᠭᠡᠭᠦᠷ ᠤᠨ ᠡᠮᠬᠢ ᠲᠢᠭᠯᠢᠮ ᠢ ᠬᠠᠮᠠᠭᠠᠯᠠᠨ᠎ᠠ᠃ | ᠠᠷᠪᠠ᠂ ᠭᠠᠳᠠᠭᠠᠲᠤ ᠲᠠᠢ ᠶᠠᠪᠤᠯᠴᠠᠬᠤ ᠰᠤᠶᠤᠯ ᠵᠢᠭᠤᠯᠴᠢᠯᠠᠯ ᠰᠤᠯᠢᠯᠴᠠᠭᠠᠨ ᠤ ᠠᠵᠢᠯ ᠢ ᠬᠠᠷᠢᠭᠤᠴᠠᠨ᠎ᠠ᠃ ᠤᠯᠤᠰ᠂ ᠦᠪᠡᠷᠲᠡᠭᠡᠨ ᠵᠠᠰᠠᠬᠤ ᠤᠷᠤᠨ᠂ | ᠬᠦᠯᠦᠨ ᠪᠤᠶᠢᠷ ᠬᠤᠳᠠ ᠶᠢᠨ ᠰᠤᠶᠤᠯ᠂ ᠵᠢᠭᠤᠯᠴᠢᠯᠠᠯ ᠪᠠ ᠷᠠᠳᠢᠣ᠋ ᠲᠧᠯᠧᠢᠰ ᠭᠠᠳᠠᠭᠠᠲᠤ ᠲᠠᠢ᠂ ᠰᠢᠶᠠᠩᠭᠠᠩ ᠤᠤᠮᠧᠨ ᠲᠠᠶᠢᠸᠠᠨ ᠲᠠᠢ ᠰᠤᠯᠢᠯᠴᠠᠨ ᠬᠤᠷᠰᠢᠯᠴᠠᠬᠤ | ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠯᠪᠤᠭᠳᠠᠯ ᠪᠦᠬᠦᠢ ᠤᠯᠠᠨ ᠤᠯᠤᠰ ᠪᠠ ᠤᠯᠤᠰ ᠤᠨ ᠲᠤᠳᠤᠭᠠᠳᠤᠬᠢ ᠰᠤᠯᠢᠯᠴᠠᠭ᠎ᠠ᠂ | ᠬᠤᠷᠰᠢᠯᠴᠠᠭ᠎ᠠ ᠪᠠ ᠤᠬᠠᠭᠤᠯᠭ᠎ᠠ ᠳᠡᠯᠭᠡᠷᠡᠭᠦᠯᠬᠦ ᠠᠵᠢᠯ ᠢ ᠵᠢᠯᠤᠭᠤᠳᠤᠨ ᠬᠠᠮᠢᠶᠠᠷᠴᠤ᠂ ᠰᠤᠶᠤᠯ᠂ ᠵᠢᠭᠤᠯᠴᠢᠯᠠᠯ ᠤᠨ ᠭᠠᠳᠠᠭᠠᠲᠤ ᠲᠠᠢ ᠰᠤᠯᠢᠯᠴᠠᠬᠤ ᠬᠦᠳᠡᠯᠭᠡᠭᠡᠨ ᠢ | ᠵᠤᠬᠢᠶᠠᠨ ᠪᠠᠶᠢᠭᠤᠯᠤᠨ᠂ ᠰᠤᠶᠤᠯ᠂ ᠷᠠᠳᠢᠣ᠋ ᠲᠧᠯᠧᠢᠰ ᠭᠠᠷᠴᠦ ᠶᠠᠪᠤᠬᠤ ᠠᠵᠢᠯ ᠢ ᠲᠥᠯᠬᠢᠨ ᠠᠬᠢᠭᠤᠯᠤᠨ᠎ᠠ᠃ | ᠠᠷᠪᠠᠨ ᠨᠢᠭᠡ᠂ ᠷᠠᠳᠢᠣ᠋ ᠲᠧᠯᠧᠢᠰ ᠤᠨ ᠤᠬᠠᠭᠤᠯᠭ᠎ᠠ ᠪᠠ ᠫᠷᠦᠭᠷᠡᠮ ᠤᠨ ᠠᠭᠤᠯᠭ᠎ᠠ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠷᠠᠳᠢᠣ᠋ ᠲᠧᠯᠧᠢᠰ ᠤᠨ ᠪᠦᠬᠦ | ᠬᠤᠰᠢᠭᠤᠨ ᠤ ᠴᠢᠨᠠᠷᠲᠡᠢ ᠴᠢᠬᠤᠯᠠ ᠶᠡᠭᠡ ᠤᠬᠠᠭᠤᠯᠭ᠎ᠠ ᠶᠢᠨ ᠬᠦᠳᠡᠯᠭᠡᠭᠡᠨ ᠢ ᠵᠢᠯᠤᠭᠤᠳᠤᠨ ᠵᠤᠬᠢᠴᠠᠭᠤᠯᠤᠨ᠎ᠠ᠃ ᠷᠠᠳᠢᠣ᠋ ᠲᠧᠯᠧᠢᠰ ᠤᠨ ᠫᠷᠦᠭᠷᠡᠮ᠂ ᠰᠦᠯᠵᠢᠶᠠᠨ ᠤ | ᠦᠵᠡᠵᠦ ᠰᠤᠨᠤᠰᠬᠤ ᠫᠷᠦᠭᠷᠡᠮ ᠤᠨ ᠠᠭᠤᠯᠭ᠎ᠠ ᠪᠠ ᠴᠢᠨᠠᠷ ᠴᠢᠨᠰᠠᠭ᠎ᠠ ᠶᠢ ᠬᠢᠨᠠᠨ ᠬᠠᠮᠢᠶᠠᠷᠤᠨ ᠬᠢᠨᠠᠨ ᠪᠠᠶᠢᠴᠠᠭᠠᠨ᠎ᠠ᠃ ᠪᠦᠬᠦ ᠬᠤᠰᠢᠭᠤᠨ ᠤ ᠲᠧᠯᠧᠢᠰ ᠵᠦᠴᠦᠭᠡ ᠶᠢᠨ | ᠠᠵᠢᠯ ᠲᠦᠷᠦᠯ ᠤᠨ ᠬᠥᠭᠵᠢᠯᠲᠡ ᠪᠠ ᠲᠧᠯᠧᠢᠰ ᠵᠦᠴᠦᠭᠡ ᠶᠢᠨ ᠡᠭᠦᠳᠦᠨ ᠪᠦᠲᠦᠭᠡᠬᠦ ᠶᠢ ᠵᠢᠤᠯᠭᠤᠳᠤᠨᠠ᠃ ᠷᠠᠳᠢᠣ᠋ ᠲᠧᠯᠧᠢᠰ ᠤᠨ ᠵᠠᠷ ᠮᠡᠳᠡᠭᠡ ᠲᠠᠯᠪᠢᠬᠤ ᠶᠢ | ᠵᠢᠯᠤᠭᠤᠳᠤᠨ ᠬᠢᠨᠠᠨ ᠬᠠᠮᠢᠶᠠᠷᠤᠨ᠎ᠠ᠃ | ᠠᠷᠪᠠᠨ ᠬᠤᠶᠠᠷ᠂ ᠵᠠᠭᠤᠴᠢᠯᠠᠭᠤᠷ ᠤᠨ ᠪᠠᠶᠢᠭᠤᠯᠤᠮᠵᠢ ᠶᠢ ᠬᠢᠨᠠᠨ ᠬᠠᠮᠢᠶᠠᠷᠬᠤ ᠠᠵᠢᠯ ᠢ ᠬᠠᠷᠢᠭᠤᠴᠠᠨ᠎ᠠ᠃ ᠪᠦᠬᠦ ᠬᠤᠰᠢᠭᠤᠨ ᠤ ᠡᠯ᠎ᠡ ᠲᠦᠷᠦᠯ ᠤᠨ ᠷᠠᠳᠢᠣ᠋ | ᠲᠧᠯᠧᠢᠰ ᠤᠨ ᠪᠠᠶᠢᠭᠤᠯᠤᠮᠵᠢ ᠳᠤ ᠲᠤᠬᠠᠶᠢᠯᠠᠭᠰᠠᠨ ᠠᠵᠢᠯ ᠤᠨ ᠵᠢᠯᠤᠭᠤᠳᠤᠯᠭ᠎ᠠ ᠪᠠ ᠠᠵᠢᠯ ᠲᠦᠷᠦᠯ ᠤᠨ ᠬᠢᠨᠠᠨ ᠬᠠᠮᠢᠶᠠᠷᠤᠯᠲᠠ ᠬᠢᠵᠤ᠂ ᠬᠤᠯᠪᠤᠭᠳᠠᠯ ᠪᠦᠬᠦᠢ | ᠰᠠᠯᠠᠭ᠎ᠠ ᠮᠦᠴᠢᠷ ᠲᠠᠢ ᠬᠠᠮᠲᠤ ᠰᠦᠯᠵᠢᠶᠠᠨ ᠤ ᠦᠵᠡᠵᠦ ᠰᠤᠨᠤᠰᠬᠤ ᠫᠷᠦᠭᠷᠡᠮ ᠤᠨ ᠦᠢᠯᠡᠴᠢᠯᠡᠭᠡᠨ ᠤ ᠪᠠᠶᠢᠭᠤᠯᠤᠮᠵᠢ ᠳᠤ ᠬᠠᠮᠢᠶᠠᠷᠤᠯᠲᠠ ᠬᠢᠨ᠎ᠡ᠃ ᠪᠦᠬᠦ | ᠬᠤᠰᠢᠭᠤᠨ ᠤ ᠷᠠᠳᠢᠣ᠋ ᠲᠧᠯᠧᠢᠰ ᠤᠨ ᠫᠷᠦᠭᠷᠡᠮ ᠤᠨ ᠬᠢᠨᠠᠨ ᠰᠤᠨᠤᠰᠴᠦ ᠬᠢᠨᠠᠨ ᠦᠵᠡᠨ᠎ᠡ᠃ ᠪᠦᠬᠦ ᠬᠤᠰᠢᠭᠤᠨ ᠤ ᠷᠠᠳᠢᠣ᠋ ᠲᠧᠯᠧᠢᠰ ᠪᠠ ᠰᠢᠨ᠎ᠡ ᠵᠠᠭᠤᠴᠢᠯᠠᠭᠤᠷ | ᠰᠢᠨ᠎ᠡ ᠮᠡᠷᠭᠡᠵᠢᠯ ᠰᠢᠨ᠎ᠡ ᠠᠵᠢᠯ ᠤᠨ ᠪᠠᠶᠢᠳᠠᠯ ᠤᠨ ᠠᠭᠤᠰᠤᠯᠴᠠᠨ ᠬᠥᠭᠵᠢᠬᠦ ᠶᠢ ᠲᠥᠯᠬᠢᠨ ᠠᠬᠢᠭᠤᠯᠬᠤ ᠶᠢ ᠬᠠᠷᠢᠭᠤᠴᠠᠵᠤ᠂ ᠷᠠᠳᠢᠣ᠋ ᠲᠧᠯᠧᠢᠰ ᠰᠦᠯᠵᠢᠶ᠎ᠡ ᠪᠠ | ᠴᠢᠮᠡᠭᠡ ᠬᠤᠯᠪᠤᠭᠠᠨ ᠤ ᠰᠦᠯᠵᠢᠶ᠎ᠡ᠂ ᠢᠨᠲ᠋ᠧᠷ ᠰᠦᠯᠵᠢᠶ᠎ᠡ ᠭᠤᠷᠪᠠᠨ ᠰᠦᠯᠵᠢᠶᠡᠨ ᠤ ᠠᠭᠤᠰᠤᠯᠴᠠᠬᠤ ᠶᠢ ᠲᠥᠯᠬᠢᠨ ᠠᠬᠢᠭᠤᠯᠤᠨ᠎ᠠ᠃ | ᠠᠷᠪᠠᠨ ᠭᠤᠷᠪᠠ᠂ ᠰᠤᠶᠤᠯ᠂ ᠵᠢᠭᠤᠯᠴᠢᠯᠠᠯ᠂ ᠷᠠᠳᠢᠣ᠋ ᠲᠧᠯᠧᠢᠰ ᠤᠨ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠢ ᠬᠠᠷᠢᠭᠤᠴᠠᠨ᠎ᠠ᠃ ᠰᠤᠶᠤᠯ᠂ | ᠵᠢᠭᠤᠯᠴᠢᠯᠠᠯ ᠪᠠ ᠷᠠᠳᠢᠣ᠋ ᠲᠧᠯᠧᠢᠰ ᠤᠨ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢ ᠲᠥᠯᠬᠢᠨ ᠠᠬᠢᠭᠤᠯᠵᠤ᠂ ᠰᠢᠨᠵᠢᠯᠡᠭᠡ ᠮᠡᠷᠭᠡᠵᠢᠯ ᠤᠨ | ᠬᠥᠭᠵᠢᠯᠲᠡ ᠶᠢᠨ ᠲᠦᠯᠦᠪᠵᠢᠭᠦᠯᠬᠡ᠂ ᠲᠦᠷᠦ ᠶᠢᠨ ᠪᠤᠳᠤᠯᠭ᠎ᠠ ᠶᠢᠨ ᠠᠷᠭ᠎ᠠ ᠠᠪᠴᠠᠯ ᠢ ᠲᠤᠭᠲᠠᠭᠠᠬᠤ ᠶᠢᠨ ᠬᠠᠮᠲᠤ ᠵᠤᠬᠢᠶᠠᠨ ᠪᠠᠶᠢᠭᠤᠯᠤᠨ ᠬᠡᠷᠡᠭᠵᠢᠭᠦᠯᠵᠦ᠂ | ᠰᠤᠶᠤᠯ᠂ ᠵᠢᠭᠤᠯᠴᠢᠯᠠᠯ᠂ ᠷᠠᠳᠢᠣ᠋ ᠲᠧᠯᠧᠢᠰ ᠤᠨ ᠠᠵᠢᠯ ᠲᠦᠷᠦᠯ ᠤᠨ ᠪᠠᠷᠢᠮᠵᠢᠶᠠᠵᠢᠯᠲᠠ᠂ ᠰᠤᠷᠠᠭ ᠵᠠᠩᠭᠢᠴᠢᠯᠲᠠ ᠶᠢᠨ ᠪᠦᠲᠦᠭᠡᠨ ᠪᠠᠶᠢᠭᠤᠯᠤᠯᠲᠠ ᠶᠢ ᠲᠥᠯᠬᠢᠨ | ᠠᠬᠢᠭᠤᠯᠵᠤ᠂ ᠬᠤᠯᠪᠤᠭᠳᠠᠯ ᠪᠦᠬᠦᠢ ᠠᠵᠢᠯ ᠲᠦᠷᠦᠯ ᠤᠨ ᠪᠠᠷᠢᠮᠵᠢᠶ᠎ᠠ ᠶᠢ ᠲᠤᠭᠲᠠᠭᠠᠬᠤ ᠶᠢᠨ ᠬᠠᠮᠲᠤ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ᠠᠷᠪᠠᠨ ᠳᠦᠷᠪᠡ᠂ ᠪᠦᠬᠦ ᠬᠤᠰᠢᠭᠤᠨ ᠤ ᠷᠠᠳᠢᠣ᠋ ᠲᠧᠯᠧᠢᠰ ᠤᠨ ᠫᠷᠦᠭᠷᠡᠮ ᠤᠨ ᠳᠠᠮᠵᠢᠭᠤᠯᠤᠨ ᠪᠦᠷᠬᠦᠬᠦᠯᠬᠦ᠂ ᠬᠢᠨᠠᠨ ᠬᠡᠮᠵᠢᠬᠦ ᠪᠠ ᠠᠮᠤᠷ ᠲᠥᠪᠰᠢᠨ | ᠨᠡᠪᠲᠡᠷᠡᠭᠦᠯᠬᠦ ᠳᠤ ᠬᠢᠨᠠᠨ ᠬᠠᠮᠢᠶᠠᠷᠤᠯᠲᠠ ᠬᠢᠬᠦ ᠶᠢ ᠬᠠᠷᠢᠭᠤᠴᠠᠵᠤ᠂ ᠪᠦᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠷᠠᠳᠢᠣ᠋ ᠨᠡᠪᠲᠡᠷᠡᠭᠦᠯᠬᠡ ᠶᠢᠨ | ᠲᠤᠭᠲᠠᠯᠴᠠᠭ᠎ᠠ ᠶᠢᠨ ᠪᠠᠶᠢᠭᠤᠯᠤᠯᠲᠠ ᠶᠢ ᠵᠢᠯᠤᠭᠤᠳᠤᠨ ᠲᠥᠯᠬᠢᠨ ᠠᠬᠢᠭᠤᠯᠤᠨ᠎ᠠ᠃ | ᠠᠷᠪᠠᠨ ᠲᠠᠪᠤ᠂ ᠰᠢᠰᠲ᠋ᠧᠮ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠬᠠᠷᠢᠭᠤᠴᠠᠨ᠎ᠠ᠃ ᠪᠦᠬᠦ ᠬᠤᠰᠢᠭᠤᠨ ᠤ ᠰᠤᠶᠤᠯ᠂ ᠵᠢᠭᠤᠯᠴᠢᠯᠠᠯ᠂ ᠷᠠᠳᠢᠣ᠋ | ᠲᠧᠯᠧᠢᠰ ᠤᠨ ᠰᠢᠰᠲ᠋ᠧᠮ ᠤᠨ ᠴᠢᠬᠤᠯᠠ ᠶᠡᠭᠡ ᠢᠨᠵᠧᠨᠧᠷᠢᠩ᠂ ᠴᠢᠬᠤᠯᠠ ᠶᠡᠭᠡ ᠰᠠᠭᠤᠷᠢ ᠲᠦᠭᠦᠭᠡᠷᠦᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠠᠶᠤᠯᠭᠦᠢ | ᠦᠢᠯᠡᠳᠪᠦᠷᠢᠯᠡᠯ ᠤᠨ ᠬᠢᠨᠠᠨ ᠬᠠᠮᠢᠶᠠᠷᠤᠯᠲᠠ ᠪᠠ ᠠᠶᠤᠯᠭᠦᠢ ᠦᠢᠯᠡᠳᠪᠦᠷᠢᠯᠡᠯ ᠤᠨ ᠤᠬᠠᠭᠤᠯᠭ᠎ᠠ ᠬᠦᠮᠦᠵᠢᠯ ᠢ ᠬᠠᠷᠢᠭᠤᠴᠠᠨ᠎ᠠ᠃ ᠪᠦᠬᠦ ᠬᠤᠰᠢᠭᠤᠨ ᠤ ᠷᠠᠳᠢᠣ᠋ | ᠲᠧᠯᠧᠢᠰ ᠤᠨ ᠠᠮᠤᠷ ᠲᠥᠪᠰᠢᠨ ᠨᠡᠪᠲᠡᠷᠡᠭᠦᠯᠬᠦ᠂ ᠬᠡᠨᠡᠳᠲᠠ ᠶᠢᠨ ᠡᠭᠦᠰᠬᠦ ᠬᠡᠷᠡᠭ ᠢ ᠤᠷᠢᠳᠴᠢᠯᠠᠨ ᠰᠡᠷᠭᠡᠶᠢᠯᠡᠨ ᠰᠢᠢᠳᠪᠦᠷᠢᠯᠡᠬᠦ ᠶᠢ ᠵᠢᠯᠤᠭᠤᠳᠤᠨ ᠵᠤᠬᠢᠴᠠᠭᠤᠯᠤᠨ᠎ᠠ᠃ | | ᠠᠷᠪᠠᠨ ᠵᠢᠷᠭᠤᠭ᠎ᠠ᠂ ᠲᠡᠥᠭᠡ ᠶᠢᠨ ᠲᠤᠷᠠᠰᠬᠠᠯᠲᠤ ᠵᠦᠢᠯ ᠢ ᠬᠠᠮᠠᠭᠠᠯᠠᠬᠤ ᠠᠵᠢᠯ ᠢ ᠬᠠᠷᠢᠭᠤᠴᠠᠨ᠎ᠠ᠃ ᠪᠦᠬᠦ ᠬᠤᠰᠢᠭᠤᠨ ᠤ ᠰᠤᠶᠤᠯ ᠤᠨ ᠥᠪ ᠪᠠ | ᠲᠡᠥᠭᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠠᠵᠢᠯ ᠢ ᠵᠤᠬᠢᠴᠠᠭᠤᠯᠤᠨ ᠵᠢᠯᠤᠭᠤᠳᠴᠦ᠂ ᠪᠦᠬᠦ ᠬᠤᠰᠢᠭᠤᠨ ᠤ ᠡᠯ᠎ᠡ ᠱᠠᠲᠤᠨ ᠤ ᠰᠤᠶᠤᠯ ᠤᠨ ᠦᠯᠡᠳᠡᠭᠳᠡᠯ ᠢ | ᠭᠤᠶᠤᠴᠢᠯᠠᠨ ᠮᠡᠳᠡᠭᠦᠯᠬᠦ ᠪᠠ ᠲᠡᠥᠭᠡ ᠶᠢᠨ ᠳᠤᠷᠠᠰᠬᠠᠯᠲᠤ ᠵᠦᠢᠯ ᠢ ᠬᠠᠮᠠᠭᠠᠯᠠᠵᠤ ᠤᠬᠠᠭᠤᠯᠬᠤ ᠠᠵᠢᠯ ᠢ ᠵᠤᠬᠢᠶᠠᠨ ᠪᠠᠶᠢᠭᠤᠯᠤᠨ ᠦᠷᠨᠢᠭᠦᠯᠦᠨ᠎ᠡ᠃ ᠬᠤᠯᠪᠤᠭᠳᠠᠯ | ᠪᠦᠬᠦᠢ ᠰᠠᠯᠠᠭ᠎ᠠ ᠮᠦᠴᠢᠷ ᠲᠠᠢ ᠬᠠᠮᠲᠤ ᠬᠠᠭᠤᠴᠢᠨ ᠪᠠᠷᠭᠤ ᠬᠤᠰᠢᠭᠤᠨ ᠤ ᠲᠡᠥᠬᠡ ᠰᠤᠶᠤᠯ ᠤᠨ ᠨᠡᠷᠡᠲᠦ ᠬᠤᠳᠠ ︵ᠰᠤᠮᠤ ᠪᠠᠯᠭᠠᠰᠤ᠂ ᠭᠠᠴᠠᠭ᠎ᠠ ᠲᠤᠰᠬᠤᠨ︶᠂ | ᠤᠯᠠᠮᠵᠢᠯᠠᠯᠲᠤ ᠲᠤᠰᠬᠤᠨ᠂ ᠲᠡᠥᠭᠡ ᠰᠤᠶᠤᠯ ᠤᠨ ᠵᠡᠭᠡᠯᠢ ᠶᠢᠨ ᠬᠠᠮᠠᠭᠠᠯᠠᠯᠲᠠ ᠪᠠ ᠬᠢᠨᠠᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠦᠬᠦ ᠬᠤᠰᠢᠭᠤᠨ ᠤ | ᠬᠠᠭᠤᠴᠢ ᠰᠤᠳᠤᠯᠤᠯ ᠤᠨ ᠠᠵᠢᠯ ᠢ ᠬᠠᠮᠢᠶᠠᠷᠤᠨ ᠵᠢᠯᠤᠭᠤᠳᠬᠤ ᠶᠢ ᠬᠠᠷᠢᠭᠤᠴᠠᠵᠤ᠂ ᠴᠢᠬᠤᠯᠠ ᠶᠡᠭᠡ ᠲᠡᠥᠭᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠪᠠ | ᠬᠠᠭᠤᠴᠢ ᠰᠤᠳᠤᠯᠤᠯ ᠤᠨ ᠲᠦᠷᠦᠯ ᠵᠦᠢᠯ ᠢ ᠬᠡᠷᠡᠭᠵᠢᠭᠦᠯᠬᠦ ᠶᠢ ᠵᠤᠬᠢᠶᠠᠨ ᠪᠠᠶᠢᠭᠤᠯᠤᠨ ᠵᠤᠬᠢᠴᠠᠭᠤᠯᠤᠨ᠎ᠠ᠃ ᠪᠦᠬᠦ ᠬᠤᠰᠢᠭᠤᠨ ᠤ ᠲᠡᠥᠭᠡ ᠶᠢᠨ ᠳᠤᠷᠠᠰᠬᠠᠯᠲᠤ ᠵᠦᠢᠯ | ᠪᠠ ᠮᠦᠽᠸᠢ ᠶᠢᠨ ᠲᠤᠬᠠᠶᠢᠯᠠᠭᠰᠠᠨ ᠠᠵᠢᠯ ᠢ ᠵᠢᠯᠤᠭᠤᠳᠴᠦ᠂ ᠮᠦᠽᠸᠢ ᠶᠢᠨ ᠬᠤᠭᠤᠷᠤᠨᠳᠤᠬᠢ ᠰᠤᠯᠢᠯᠴᠠᠭ᠎ᠠ ᠪᠠ ᠬᠠᠮᠵᠢᠯᠴᠠᠭᠠᠨ ᠤ ᠠᠵᠢᠯ ᠢ ᠵᠤᠬᠢᠴᠠᠭᠤᠯᠤᠨ᠎ᠠ᠃ | ᠪᠦᠬᠦ ᠤᠷᠤᠨ᠂ ᠪᠦᠬᠦ ᠬᠤᠳᠠ ᠶᠢᠨ ᠴᠢᠬᠤᠯᠠ ᠲᠡᠥᠭᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠨᠢᠭᠡᠴᠡ ᠶᠢ ᠰᠤᠩᠭᠤᠨ ᠲᠠᠨᠢᠯᠴᠠᠭᠤᠯᠬᠤ ᠪᠠ ᠪᠦᠬᠦ ᠬᠤᠰᠢᠭᠤᠨ ᠤ | ᠴᠢᠬᠤᠯᠠ ᠲᠡᠥᠭᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠨᠢᠭᠡᠴᠡ ᠶᠢ ᠲᠤᠭᠲᠠᠭᠠᠬᠤ ᠬᠤᠯᠪᠤᠭᠳᠠᠯ ᠪᠦᠬᠦᠢ ᠠᠵᠢᠯ ᠢ ᠡᠭᠦᠷᠭᠡᠯᠡᠨ᠎ᠡ᠃ | ᠠᠷᠪᠠᠨ ᠳᠤᠯᠤᠭ᠎ᠠ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠ ᠳᠡᠭᠡᠲᠤ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠦᠴᠢᠷ ᠤᠨ | ᠳᠠᠭᠠᠭᠠᠯᠭᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ |