| ᠨᠢᠭᠡ᠂ ᠤᠯᠤᠰ᠂ ᠦᠪᠡᠷᠳᠡᠭᠡᠨ ᠵᠠᠰᠠᠬᠤ ᠤᠷᠤᠨ ᠤ《ᠮᠠᠯ ᠠᠵᠦ ᠠᠬᠤᠢ ᠲᠠᠷᠢᠶᠠᠯᠠᠩ ᠂ ᠮᠠᠯᠵᠢᠬᠤ ᠤᠷᠤᠨ ᠬᠦᠳᠡᠭᠡ ᠲᠤᠰᠬᠤᠨ ᠂ ᠮᠠᠯᠴᠢᠨ | ᠲᠠᠷᠢᠶᠠᠴᠢᠨ》 ᠤ ᠠᠵᠢᠯ ᠤᠨ ᠲᠤᠬᠠᠢ ᠬᠠᠤᠯᠢ ᠴᠠᠭᠠᠵᠠ ᠬᠠᠤᠯᠢ ᠲᠤᠭᠳᠠᠭᠠᠯ ᠪᠤᠯᠤᠨ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠬᠡᠷᠡᠭᠵᠢᠭᠦᠯᠵᠦ᠂ | 《ᠮᠠᠯ ᠠᠵᠦ ᠠᠬᠤᠢ ᠲᠠᠷᠢᠶᠠᠯᠠᠩ᠂ ᠮᠠᠯᠵᠢᠬᠤ ᠤᠷᠤᠨ ᠬᠦᠳᠡᠭᠡ ᠲᠤᠰᠬᠤᠨ᠂ ᠮᠠᠯᠴᠢᠨ ᠲᠠᠷᠢᠶᠠᠴᠢᠨ》 ᠤ ᠠᠵᠢᠯ ᠤᠨ ᠬᠦᠭᠵᠢᠯᠲᠡ ᠶᠢᠨ ᠪᠠᠶᠢᠯᠳᠤᠬᠤ ᠪᠤᠳᠤᠯᠭ᠎ᠠ᠂ | ᠬᠦᠭᠵᠢᠯᠲᠡ ᠶᠢᠨ ᠲᠦᠯᠦᠪᠵᠢᠭᠦᠯᠭᠡ ᠶᠢ ᠨᠢᠭᠡᠳᠦᠯᠳᠠᠢ ᠲᠦᠯᠦᠪᠯᠡᠨ ᠰᠤᠳᠤᠯᠬᠤ ᠪᠠ ᠵᠤᠬᠢᠶᠠᠨ ᠪᠠᠶᠢᠭᠤᠯᠤᠨ ᠬᠡᠷᠡᠭᠵᠢᠭᠦᠯᠤᠨ᠎ᠠ᠃ ᠲᠠᠷᠢᠶᠠᠯᠠᠩ ᠮᠠᠯ ᠠᠵᠦ | ᠠᠬᠤᠢ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠤᠭᠳᠠᠯᠴᠠᠭ᠎ᠠ ᠶᠢᠨ ᠪᠠᠶᠢᠭᠤᠯᠤᠯᠳᠠ ᠶᠢ ᠪᠦᠷᠢᠨᠰᠢᠭᠦᠯᠦᠨ᠎ᠡ᠃ | ᠬᠤᠶᠠᠷ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠨᠢᠭᠡᠳᠦᠯᠳᠠᠢ ᠲᠦᠯᠦᠪᠯᠡᠨ ᠬᠡᠷᠡᠭᠵᠢᠭᠦᠯᠦᠨ᠎ᠡ᠃ ᠬᠦᠳᠡᠭᠡ | ᠲᠤᠰᠬᠤᠨ ᠮᠠᠯᠵᠢᠬᠤ ᠤᠷᠤᠨ ᠤ ᠨᠡᠶᠢᠭᠡᠮ ᠤᠨ ᠠᠵᠢᠯ ᠦᠢᠯᠡᠰ ᠤᠨ ᠬᠦᠭᠵᠢᠯᠲᠡ ᠶᠢᠨ ᠲᠠᠯ᠎ᠠ ᠶᠢᠨ ᠪᠠᠶᠢᠴᠠᠭᠠᠨ ᠰᠤᠳᠤᠯᠤᠯᠳᠠ ᠶᠢ ᠡᠭᠦᠷᠭᠡᠯᠡᠵᠦ᠂ ᠬᠤᠯᠪᠤᠭᠳᠠᠯ | ᠪᠦᠬᠦᠢ ᠲᠦᠷᠦ ᠶᠢᠨ ᠪᠤᠳᠤᠯᠭ᠎ᠠ ᠶᠢ ᠲᠤᠭᠳᠠᠭᠠᠬᠤ ᠳᠤ ᠤᠷᠤᠯᠴᠠᠨ᠂ ᠬᠦᠳᠡᠭᠡ ᠲᠤᠰᠬᠤᠨ ᠮᠠᠯᠵᠢᠬᠤ ᠤᠷᠤᠨ ᠤ ᠨᠡᠶᠢᠭᠡᠮ ᠤᠨ ᠠᠵᠢᠯ ᠦᠢᠯᠡᠰ᠂ ᠤᠯᠠᠨ | ᠨᠡᠶᠢᠲᠡ ᠶᠢᠨ ᠦᠢᠯᠡᠴᠢᠯᠡᠭᠡᠨ᠂ ᠰᠠᠭᠤᠷᠢ ᠲᠦᠬᠦᠭᠡᠷᠦᠮᠵᠢ ᠪᠠ ᠬᠦᠳᠡᠭᠡ ᠲᠤᠰᠬᠤᠨ ᠤ ᠵᠠᠰᠠᠯᠲᠠ ᠶᠢ ᠬᠦᠭᠵᠢᠬᠦᠯᠬᠦ ᠶᠢ ᠨᠢᠭᠡᠳᠦᠯᠳᠠᠢ ᠲᠦᠯᠦᠪᠯᠡᠨ ᠠᠬᠢᠭᠤᠯᠤᠨ᠎ᠠ᠃ | ᠬᠦᠳᠡᠭᠡ ᠲᠤᠰᠬᠤᠨ ᠮᠠᠯᠵᠢᠬᠤ ᠤᠷᠤᠨ ᠤ ᠰᠠᠭᠤᠷᠢᠰᠢᠯ ᠤᠨ ᠤᠷᠴᠢᠨ ᠲᠤᠭᠤᠷᠢᠨ ᠪᠠ ᠦᠢᠯᠡᠳᠪᠦᠷᠢᠯᠡᠯ ᠤᠨ ᠤᠷᠴᠢᠨ ᠲᠤᠭᠤᠷᠢᠨ ᠢ ᠰᠠᠶᠢᠵᠢᠷᠠᠭᠤᠯᠬᠤ ᠶᠢ | ᠲᠦᠷᠦᠭᠦᠯᠡᠨ ᠵᠤᠬᠢᠴᠠᠭᠤᠯᠤᠨ ᠵᠢᠯᠤᠭᠤᠳᠤᠨ᠎ᠠ᠃ | ᠭᠤᠷᠪᠠ᠂ ᠬᠦᠳᠡᠭᠡ ᠲᠤᠰᠬᠤᠨ ᠮᠠᠯᠵᠢᠬᠤ ᠤᠷᠤᠨ ᠤ ᠠᠵᠦ ᠠᠬᠤᠢ ᠶᠢᠨ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠨᠢᠭᠡᠳᠦᠯᠳᠠᠢ ᠲᠦᠯᠦᠪᠯᠡᠨ ᠲᠦᠯᠬᠢᠨ | ᠠᠬᠢᠭᠤᠯᠤᠨ᠎ᠠ᠃ ᠬᠦᠳᠡᠭᠡ ᠲᠤᠰᠬᠤᠨ ᠮᠠᠯᠵᠢᠬᠤ ᠤᠷᠤᠨ ᠤ ᠠᠵᠦ ᠠᠬᠤᠢ ᠶᠢᠨ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠬᠦᠳᠡᠭᠡ | ᠲᠤᠰᠬᠤᠨ ᠮᠠᠯᠵᠢᠬᠤ ᠤᠷᠤᠨ ᠤ ᠦᠨᠳᠦᠰᠦᠨ ᠡᠵᠡᠩᠨᠡᠯᠲᠡ ᠶᠢᠨ ᠲᠦᠷᠢᠮ ᠢ ᠪᠠᠬᠢᠵᠢᠭᠦᠯᠦᠨ ᠲᠡᠭᠦᠯᠳᠡᠷᠵᠢᠭᠦᠯᠬᠦ ᠲᠦᠷᠦ ᠶᠢᠨ ᠪᠤᠳᠤᠯᠭ᠎ᠠ ᠶᠢᠨ ᠰᠠᠨᠠᠯ ᠢ ᠰᠤᠳᠤᠯᠤᠨ | ᠲᠤᠷᠠᠳᠤᠨ᠎ᠠ᠃ ᠬᠦᠳᠡᠭᠡ ᠲᠤᠰᠬᠤᠨ ᠮᠠᠯᠵᠢᠬᠤ ᠤᠷᠤᠨ ᠤ ᠬᠠᠮᠲᠤ ᠶᠢᠨ ᠦᠮᠴᠢᠯᠡᠯ ᠤᠨ ᠡᠷᠬᠡ ᠶᠢᠨ ᠲᠦᠷᠢᠮ ᠤᠨ ᠦᠭᠡᠷᠡᠴᠢᠯᠡᠯᠲᠡ᠂ ᠬᠦᠳᠡᠭᠡ ᠲᠤᠰᠬᠤᠨ | ᠮᠠᠯᠵᠢᠬᠤ ᠤᠷᠤᠨ ᠤ ᠬᠠᠮᠲᠤ ᠶᠢᠨ ᠦᠮᠴᠢᠯᠡᠯ ᠤᠨ ᠠᠵᠦ ᠠᠬᠤᠢ ᠶᠢᠨ ᠵᠤᠬᠢᠶᠠᠨ ᠪᠠᠶᠢᠭᠤᠯᠤᠯᠳᠠ ᠶᠢᠨ ᠬᠦᠭᠵᠢᠯᠲᠡ ᠪᠠ ᠬᠠᠮᠲᠤ ᠶᠢᠨ ᠬᠦᠷᠦᠩᠬᠡ ᠶᠢᠨ ᠬᠢᠨᠠᠨ | ᠬᠠᠮᠢᠶᠠᠷᠤᠯᠳᠠ ᠶᠢᠨ ᠠᠵᠢᠯ ᠢ ᠵᠢᠯᠤᠭᠤᠳᠤᠨ᠎ᠠ᠃ ᠮᠠᠯᠴᠢᠨ ᠲᠠᠷᠢᠶᠠᠴᠢᠨ ᠤ ᠬᠤᠷᠰᠢᠯᠴᠠᠭᠠᠨ ᠤ ᠠᠵᠦ ᠠᠬᠤᠢ ᠶᠢᠨ ᠵᠤᠬᠢᠶᠠᠨ ᠪᠠᠶᠢᠭᠤᠯᠤᠯᠳᠠ᠂ ᠲᠠᠷᠢᠶᠠᠯᠠᠩ ᠮᠠᠯ ᠠᠵᠦ | ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠤᠭᠳᠠᠯᠴᠠᠭ᠎ᠠ᠂ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠦ ᠠᠬᠤᠢ ᠶᠢᠨ ᠡᠵᠡᠩᠨᠡᠯᠲᠡ ᠶᠢᠨ ᠭᠤᠤᠯ | ᠴᠤᠭᠴᠠ ᠶᠢᠨ ᠪᠠᠶᠢᠭᠤᠯᠤᠯᠳᠠ ᠪᠤᠯᠤᠨ ᠬᠦᠭᠵᠢᠯᠲᠡ ᠶᠢ ᠵᠢᠯᠤᠭᠤᠳᠤᠨ᠎ᠠ᠃ | ᠲᠦᠷᠪᠡ᠂ ᠲᠠᠷᠢᠶᠠᠯᠠᠩ ᠮᠠᠯ ᠠᠵᠦ ᠠᠬᠤᠢ ᠶᠢᠨ ᠰᠤᠷᠠᠭ ᠵᠠᠩᠬᠢᠴᠢᠯᠡᠯᠲᠡ ᠶᠢᠨ ᠪᠠᠶᠢᠭᠤᠯᠤᠯᠳᠠ ᠪᠠ ᠰᠤᠯᠢᠯᠴᠠᠭ᠎ᠠ ᠬᠤᠷᠰᠢᠯᠴᠠᠭ᠎ᠠ ᠶᠢ ᠬᠠᠷᠢᠭᠤᠴᠠᠨ᠎ᠠ᠃ | ᠪᠡᠯᠡᠨ ᠪᠦᠳᠤᠭᠡᠭᠳᠡᠬᠦᠨ ᠤ ᠲᠠᠷᠢᠶᠠᠯᠠᠩ ᠤᠨ ᠪᠦᠳᠤᠭᠡᠭᠳᠡᠬᠦᠨ ᠮᠠᠯ ᠤᠨ ᠠᠰᠢᠭ ᠰᠢᠮ᠎ᠡ ᠶᠢᠨ ᠵᠠᠬ᠎ᠠ ᠲᠡᠯᠭᠡᠬᠦᠷ ᠤᠨ ᠲᠤᠭᠳᠠᠯᠴᠠᠭ᠎ᠠ ᠶᠢᠨ ᠪᠠᠶᠢᠭᠤᠯᠤᠯᠳᠠ ᠪᠠ | ᠬᠦᠭᠵᠢᠯᠲᠡ ᠶᠢᠨ ᠲᠦᠯᠤᠪᠵᠢᠬᠦᠯᠭᠡ ᠶᠢ ᠰᠤᠳᠤᠯᠤᠨ ᠲᠤᠭᠳᠠᠭᠠᠨ᠎ᠠ᠃ ᠲᠠᠷᠢᠶᠠᠯᠠᠩ ᠮᠠᠯ ᠠᠵᠤ ᠠᠬᠤᠢ ᠶᠢᠨ ᠨᠡᠷᠡᠳᠤ ᠲᠡᠮᠳᠡᠭ ᠢ ᠪᠤᠶᠢᠵᠢᠭᠤᠯᠤᠨ ᠬᠠᠮᠠᠭᠠᠯᠠᠨ᠎ᠠ᠃ | ᠲᠠᠷᠢᠶᠠᠯᠠᠩ ᠮᠠᠯ ᠠᠵᠤ ᠠᠬᠤᠢ ᠶᠢᠨ ᠠᠵᠤ ᠠᠬᠤᠢ ᠶᠢᠨ ᠡᠷᠬᠢᠯᠲᠡ ᠶᠢ ᠬᠡᠮᠵᠢᠨ ᠵᠠᠳᠠᠯᠵᠤ᠂ ᠲᠠᠷᠢᠶᠠᠯᠠᠩ ᠮᠠᠯ ᠠᠵᠤ ᠠᠬᠤᠢ ᠶᠢᠨ ᠠᠵᠤ ᠠᠬᠤᠢ ᠶᠢᠨ ᠰᠤᠷᠠᠭ | ᠵᠠᠩᠬᠢ ᠶᠢᠨ ᠲᠤᠭ᠎ᠠ ᠪᠦᠷᠢᠤᠨᠬᠡᠯ ᠪᠠ ᠨᠡᠶᠢᠳᠡᠯᠡᠬᠦ ᠠᠵᠢᠯ ᠢ ᠦᠷᠨᠢᠬᠦᠯᠤᠨ᠎ᠡ᠃ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠰᠤᠷᠠᠭ | ᠵᠠᠩᠬᠢᠴᠢᠯᠠᠯᠳᠠ ᠶᠢᠨ ᠬᠠᠮᠢᠶ᠎ᠠ ᠪᠦᠬᠦᠢ ᠠᠵᠢᠯ ᠢ ᠵᠢᠯᠤᠭᠤᠳᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠭᠠᠳᠠᠭᠠᠳᠤ ᠬᠤᠷᠰᠢᠯᠴᠠᠭ᠎ᠠ ᠶᠢᠨ ᠠᠵᠢᠯ ᠢ ᠲᠠᠭᠠᠭᠠᠤᠯᠤᠨ | ᠦᠷᠨᠢᠬᠦᠯᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠭᠠᠵᠠᠷ ᠤᠷᠤᠨ ᠤ ᠬᠤᠭᠤᠷᠤᠨᠳᠤᠬᠢ ᠠᠵᠤ ᠠᠬᠤᠢ ᠮᠡᠷᠭᠡᠵᠢᠯ ᠤᠨ ᠰᠤᠯᠢᠯᠴᠠᠭ᠎ᠠ ᠬᠤᠷᠰᠢᠯᠴᠠᠭ᠎ᠠ ᠶᠢ ᠵᠤᠬᠢᠶᠠᠨ | ᠪᠠᠶᠢᠭᠤᠯᠤᠨ ᠦᠷᠨᠢᠬᠦᠯᠵᠤ᠂ ᠬᠠᠮᠢᠶ᠎ᠠ ᠪᠦᠬᠦᠢ ᠲᠠᠷᠢᠶᠠᠯᠠᠩ ᠮᠠᠯ ᠠᠵᠤ ᠠᠬᠤᠢ ᠶᠢᠨ ᠲᠡᠯᠡᠬᠡᠢ ᠶᠢᠨ ᠬᠤᠷᠰᠢᠭᠰᠠᠨ ᠲᠦᠷᠤᠯ ᠵᠦᠢᠯ ᠢ ᠵᠤᠬᠢᠶᠠᠨ ᠪᠠᠶᠢᠭᠤᠯᠤᠨ | ᠬᠡᠷᠩᠵᠢᠬᠦᠯᠤᠨ᠎ᠡ᠃ | ᠲᠠᠪᠤ᠂ ᠬᠦᠳᠡᠭᠡ ᠲᠤᠰᠬᠤᠨ ᠮᠠᠯᠵᠢᠬᠤ ᠤᠷᠤᠨ ᠤ ᠬᠤᠯᠪᠤᠭᠳᠠᠯ ᠪᠦᠬᠦᠢ ᠡᠷᠳᠡᠮ ᠰᠢᠨᠵᠢᠯᠡᠭᠡᠨ ᠵᠢᠴᠢ ᠮᠡᠷᠭᠡᠵᠢᠯ ᠢ ᠲᠦᠯᠬᠢᠨ ᠲᠡᠯᠭᠡᠷᠡᠬᠦᠯᠬᠦ ᠶᠢ | ᠬᠠᠷᠢᠭᠤᠴᠠᠨ᠎ᠠ᠃ ᠲᠠᠷᠢᠶᠠᠯᠠᠩ ᠮᠠᠯ ᠠᠵᠤ ᠠᠬᠤᠢ ᠶᠢᠨ ᠬᠦᠳᠡᠭᠡ ᠲᠤᠰᠬᠤᠨ ᠮᠠᠯᠵᠢᠬᠤ ᠤᠷᠤᠨ ᠤ ᠲᠠᠷᠢᠶᠠᠯᠠᠬᠤ ᠮᠠᠯᠵᠢᠬᠤ ᠲᠠᠢ ᠬᠤᠯᠪᠤᠭᠳᠠᠭᠰᠠᠨ ᠡᠷᠳᠡᠮ | ᠰᠢᠨᠵᠢᠯᠡᠭᠡᠨ᠂ ᠮᠡᠷᠭᠡᠵᠢᠯ ᠢ ᠲᠦᠯᠬᠢᠨ ᠲᠡᠯᠭᠡᠷᠡᠬᠦᠯᠬᠦ ᠲᠦᠯᠤᠪᠵᠢᠬᠦᠯᠭᠡ ᠪᠠ ᠲᠦᠷᠤ ᠶᠢᠨ ᠪᠤᠳᠤᠯᠭ᠎ᠠ ᠶᠢ ᠲᠤᠭᠤᠷᠪᠢᠨ ᠲᠤᠭᠳᠠᠭᠠᠨ᠎ᠠ᠃ ᠲᠠᠷᠢᠶᠠᠯᠠᠩ ᠮᠠᠯ ᠠᠵᠤ | ᠠᠬᠤᠢ ᠶᠢᠨ ᠰᠢᠨᠵᠢᠯᠡᠭᠡ ᠮᠡᠷᠭᠡᠵᠢᠯ ᠤᠨ ᠦᠷ᠎ᠠ ᠪᠦᠳᠤᠭᠡᠯ ᠢ ᠬᠤᠪᠢᠷᠠᠭᠤᠯᠬᠤ ᠪᠠ ᠮᠡᠷᠭᠡᠵᠢᠯ ᠢ ᠲᠡᠯᠭᠡᠷᠡᠬᠦᠯᠬᠦ ᠶᠢ ᠵᠢᠯᠤᠭᠤᠳᠤᠨ᠂ ᠲᠠᠷᠢᠶᠠᠯᠠᠩ ᠮᠠᠯ ᠠᠵᠤ ᠠᠬᠤᠢ ᠶᠢᠨ | ᠰᠢᠨᠵᠢᠯᠡᠭᠡ ᠮᠡᠷᠭᠡᠵᠢᠯ ᠤᠨ ᠪᠠᠶᠢᠭᠤᠯᠤᠮᠵᠢ ᠶᠢᠨ ᠦᠭᠡᠷᠡᠴᠢᠯᠡᠯᠳᠡ ᠶᠢᠨ ᠰᠢᠨ᠎ᠡ ᠶᠢ ᠡᠬᠦᠤᠨᠬᠦ ᠪᠠ ᠦᠢᠯᠡᠤᠨᠪᠤᠷᠢᠯᠠᠯ ᠰᠤᠷᠤᠯᠴᠠᠯᠭ᠎ᠠ ᠰᠤᠳᠤᠯᠭᠠᠨ ᠤ ᠬᠤᠷᠰᠢᠯᠴᠠᠭᠠᠨ ᠤ | ᠲᠤᠭᠳᠠᠯᠴᠠᠭ᠎ᠠ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠭᠧᠨ ᠢ ᠬᠤᠪᠢᠷᠠᠭᠤᠯᠤᠭᠰᠠᠨ ᠠᠮᠢᠳᠤ ᠪᠤᠳᠠᠰ ᠤᠨ ᠠᠮᠤᠷ | ᠲᠦᠪᠰᠢᠨ ᠤ ᠬᠢᠨᠠᠨ ᠬᠠᠮᠢᠶᠠᠷᠤᠯᠲᠡ ᠶᠢ ᠬᠠᠷᠢᠭᠤᠴᠠᠨ᠎ᠠ᠃ ᠲᠠᠷᠢᠶᠠᠯᠠᠩ ᠮᠠᠯ ᠠᠵᠤ ᠠᠬᠤᠢ ᠶᠢᠨ ᠰᠢᠨ᠎ᠡ ᠲᠦᠷᠤᠯ ᠵᠦᠢᠯ ᠢ ᠬᠠᠮᠠᠭᠠᠯᠠᠬᠤ ᠠᠵᠢᠯ ᠢ ᠦᠷᠨᠢᠬᠦᠯᠤᠨ᠎ᠡ᠃ | | ᠵᠢᠷᠭᠤᠭ᠎ᠠ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠴᠢᠳᠠᠪᠤᠷᠢᠳᠠᠨ ᠤ ᠠᠵᠢᠯ ᠢ ᠵᠢᠯᠤᠭᠤᠳᠤᠨ᠎ᠠ᠃ ᠬᠠᠮᠢᠶ᠎ᠠ | ᠪᠦᠬᠦᠢ ᠰᠠᠯᠠᠭ᠎ᠠ ᠮᠦᠴᠢᠷ ᠢ ᠵᠤᠬᠢᠶᠠᠨ ᠪᠠᠶᠢᠭᠤᠯᠤᠨ ᠬᠦᠳᠡᠭᠡ ᠲᠤᠰᠬᠤᠨ ᠮᠠᠯᠵᠢᠬᠤ ᠤᠷᠤᠨ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ | ᠲᠤᠯᠤᠭᠠᠶᠢᠯᠠᠭᠴᠢ ᠠᠵᠤ ᠠᠬᠤᠶᠢᠯᠠᠯ ᠤᠨ ᠠᠵᠢᠯ ᠮᠡᠷᠭᠡᠵᠢᠯ ᠤᠨ ᠬᠦᠮᠤᠵᠢᠯ ᠪᠠ ᠨᠡᠭᠡᠭᠡᠨ ᠬᠦᠭᠵᠢᠬᠦᠯᠬᠦ ᠠᠵᠢᠯ ᠢ ᠵᠢᠯᠤᠭᠤᠳᠤᠨ᠎ᠠ᠃ ᠰᠢᠨ᠎ᠡ ᠬᠡᠯᠪᠡᠷᠢ ᠶᠢᠨ | ᠮᠡᠷᠭᠡᠵᠢᠯ ᠤᠨ ᠲᠠᠷᠢᠶᠠᠴᠢᠨ ᠮᠠᠯᠴᠢᠨ᠂ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠭᠡ ᠮᠡᠷᠭᠡᠵᠢᠯ ᠤᠨ ᠴᠢᠳᠠᠪᠤᠷᠢᠳᠠᠨ ᠢ ᠬᠦᠮᠤᠵᠢᠬᠦᠯᠬᠦ ᠪᠠ ᠬᠦᠳᠡᠭᠡ ᠲᠤᠰᠬᠤᠨ | ᠮᠠᠯᠵᠢᠬᠤ ᠤᠷᠤᠨ ᠤ ᠬᠡᠷᠩᠯᠡᠭᠡᠨ ᠤ ᠴᠢᠳᠠᠪᠤᠷᠢᠳᠡᠨ ᠤ ᠪᠤᠯᠪᠠᠰᠤᠷᠠᠯ ᠤᠨ ᠠᠵᠢᠯ ᠢ ᠬᠠᠷᠢᠭᠤᠴᠠᠨ᠎ᠠ᠃ | ᠲᠤᠯᠤᠭ᠎ᠠ᠂ ᠲᠠᠷᠢᠶᠠᠯᠠᠩ ᠤᠨ ᠪᠦᠳᠤᠭᠡᠭᠳᠡᠬᠦᠨ ᠮᠠᠯ ᠤᠨ ᠠᠰᠢᠭ ᠰᠢᠮ᠎ᠡ ᠶᠢᠨ ᠴᠢᠨᠠᠷ ᠴᠢᠨᠰᠠᠭ᠎ᠠ ᠶᠢᠨ ᠠᠮᠤᠷ ᠲᠦᠪᠰᠢᠨ ᠤ ᠬᠢᠨᠠᠨ ᠬᠠᠮᠢᠶᠠᠷᠤᠯᠲᠡ ᠶᠢ | ᠬᠠᠷᠢᠭᠤᠴᠠᠨ᠎ᠠ᠃ ᠲᠠᠷᠢᠶᠠᠯᠠᠩ ᠤᠨ ᠪᠦᠳᠤᠭᠡᠭᠳᠡᠬᠦᠨ ᠮᠠᠯ ᠤᠨ ᠠᠰᠢᠭ ᠰᠢᠮ᠎ᠡ ᠶᠢᠨ ᠴᠢᠨᠠᠷ ᠴᠢᠨᠰᠠᠭ᠎ᠠ ᠶᠢᠨ ᠠᠮᠤᠷ ᠲᠦᠪᠰᠢᠨ ᠢ ᠰᠢᠯᠭᠠᠨ ᠬᠡᠮᠵᠢᠬᠦ ᠪᠠ | ᠲᠦᠭᠰᠢᠬᠦᠷᠢ ᠶᠢᠨ ᠦᠨᠡᠯᠡᠯᠲᠡ ᠶᠢ ᠵᠤᠬᠢᠶᠠᠨ ᠪᠠᠶᠢᠭᠤᠯᠤᠨ ᠦᠷᠨᠢᠬᠦᠯᠵᠤ᠂ ᠬᠠᠮᠢᠶ᠎ᠠ ᠪᠦᠬᠦᠢ ᠲᠠᠷᠢᠶᠠᠯᠠᠩ ᠤᠨ ᠪᠦᠳᠤᠭᠡᠭᠳᠡᠬᠦᠨ ᠮᠠᠯ ᠤᠨ ᠠᠰᠢᠭ ᠰᠢᠮ᠎ᠡ ᠶᠢᠨ ᠴᠢᠨᠠᠷ | ᠴᠢᠨᠰᠠᠭ᠎ᠠ ᠶᠢᠨ ᠠᠮᠤᠷ ᠲᠦᠪᠰᠢᠨ ᠤ ᠪᠠᠶᠢᠳᠠᠯ ᠤᠨ ᠰᠤᠷᠠᠭ ᠵᠠᠩᠬᠢ ᠶᠢ ᠨᠡᠶᠢᠳᠡᠯᠡᠨ᠎ᠡ᠃ ᠲᠠᠷᠢᠶᠠᠯᠠᠩ ᠤᠨ ᠪᠦᠳᠤᠭᠡᠭᠳᠡᠬᠦᠨ ᠮᠠᠯ ᠤᠨ ᠠᠰᠢᠭ ᠰᠢᠮ᠎ᠡ ᠶᠢᠨ ᠴᠢᠨᠠᠷ | ᠴᠢᠨᠰᠠᠭ᠎ᠠ ᠶᠢᠨ ᠠᠮᠤᠷ ᠲᠦᠪᠰᠢᠨ ᠤ ᠪᠠᠷᠢᠮᠵᠢᠶᠠᠵᠢᠭᠤᠯᠬᠤ ᠠᠵᠢᠯ ᠢ ᠡᠬᠦᠷᠭᠡᠯᠡᠨ᠎ᠡ᠃ ᠪᠦᠬᠦ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠪᠠᠶᠢᠴᠠᠭᠠᠨ | ᠰᠢᠯᠭᠠᠬᠤ ᠲᠤᠭᠳᠠᠯᠴᠠᠭ᠎ᠠ ᠶᠢ ᠵᠢᠯᠤᠭᠤᠳᠤᠨ᠂ ᠲᠠᠷᠢᠶᠠᠯᠠᠩ ᠤᠨ ᠪᠦᠳᠤᠭᠡᠭᠳᠡᠬᠦᠨ ᠮᠠᠯ ᠤᠨ ᠠᠰᠢᠭ ᠰᠢᠮ᠎ᠡ ᠶᠢᠨ ᠴᠢᠨᠠᠷ ᠴᠢᠨᠰᠠᠭ᠎ᠠ ᠶᠢᠨ ᠠᠮᠤᠷ ᠲᠦᠪᠰᠢᠨ ᠤ ᠮᠦᠷᠳᠡᠬᠦ | ᠲᠤᠭᠳᠠᠴᠯᠭᠠ ᠶᠢᠨ ᠪᠠᠶᠢᠭᠤᠯᠤᠯᠳᠠ᠂ ᠬᠤᠤᠷᠳᠤᠯ ᠦᠬᠡᠢ ᠲᠠᠷᠢᠶᠠᠯᠠᠩ ᠤᠨ ᠪᠦᠳᠤᠭᠡᠭᠳᠡᠬᠦᠨ ᠮᠠᠯ ᠤᠨ ᠠᠰᠢᠭ ᠰᠢᠮ᠎ᠡ᠂ ᠪᠤᠬᠢᠷᠳᠤᠯ ᠦᠬᠡᠢ ᠦᠢᠯᠡᠤᠨᠬᠦᠨ᠂ ᠤᠷᠭᠠᠨᠢᠭ | ᠲᠠᠷᠢᠶᠠᠯᠠᠩ ᠮᠠᠯ ᠠᠵᠤ ᠠᠬᠤᠢ ᠶᠢᠨ ᠬᠦᠭᠵᠢᠯᠲᠡ᠂ ᠭᠠᠵᠠᠷ ᠵᠦᠢ ᠶᠢᠨ ᠪᠡᠯᠭᠡ ᠲᠡᠮᠳᠡᠭᠲᠦ ᠲᠠᠷᠢᠶᠠᠯᠠᠩ ᠤᠨ ᠪᠦᠳᠤᠭᠡᠭᠳᠡᠬᠦᠨ ᠮᠠᠯ ᠤᠨ ᠠᠰᠢᠭ ᠰᠢᠮ᠎ᠡ ᠶᠢᠨ | ᠬᠤᠯᠪᠤᠭᠳᠠᠯ ᠪᠦᠬᠦᠢ ᠠᠵᠢᠯ ᠢ ᠵᠤᠬᠢᠶᠠᠨ ᠪᠠᠶᠢᠭᠤᠯᠤᠨ ᠵᠢᠯᠤᠭᠤᠳᠤᠨ᠎ᠠ᠃ | ᠨᠠᠢᠮᠠ᠂ ᠲᠠᠷᠢᠶᠠᠯᠠᠩ ᠮᠠᠯ ᠠᠵᠤ ᠠᠬᠤᠢ ᠶᠢᠨ ᠡᠯ᠎ᠡ ᠠᠵᠤ ᠦᠢᠯᠡᠰ ᠵᠢᠴᠢ ᠠᠵᠤ ᠦᠢᠯᠡᠰᠵᠢᠯᠲᠡ ᠶᠢᠨ ᠡᠵᠡᠩᠨᠡᠯᠲᠡ ᠶᠢᠨ ᠠᠵᠢᠯ ᠢ ᠬᠠᠷᠢᠭᠤᠴᠠᠨ᠎ᠠ᠃ | ᠭᠤᠤᠯᠳᠠᠯᠭ᠎ᠠ ᠲᠠᠢ ᠲᠠᠷᠢᠶᠠᠯᠠᠩ ᠤᠨ ᠪᠦᠳᠤᠭᠡᠭᠳᠡᠬᠦᠨ ᠮᠠᠯ ᠤᠨ ᠠᠰᠢᠭ ᠰᠢᠮ᠎ᠡ ᠶᠢᠨ ᠬᠦᠭᠵᠢᠯᠲᠡ ᠶᠢᠨ ᠬᠤᠯᠪᠤᠭᠳᠠᠯ ᠪᠦᠬᠦᠢ ᠲᠦᠷᠤ ᠶᠢᠨ ᠪᠤᠳᠤᠯᠭ᠎ᠠ ᠶᠢ | ᠠᠬᠢᠭᠤᠯᠬᠤ ᠶᠢ ᠵᠤᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠡᠵᠡᠩᠨᠡᠯᠲᠡ ᠶᠢᠨ ᠲᠦᠷᠤ ᠶᠢᠨ | ᠪᠤᠳᠤᠯᠭ᠎ᠠ᠂ ᠲᠦᠯᠤᠪᠵᠢᠬᠦᠯᠭᠡ ᠶᠢ ᠲᠤᠭᠤᠷᠪᠢᠨ ᠲᠤᠭᠳᠠᠭᠠᠨ᠎ᠠ᠃ ᠤᠲᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠦᠢᠯᠡᠤᠨᠪᠤᠷᠢᠯᠡᠯ ᠤᠨ ᠲᠤᠭᠳᠠᠯᠴᠠᠭ᠎ᠠ᠂ | ᠠᠵᠤ ᠦᠢᠯᠡᠰ ᠤᠨ ᠲᠤᠭᠳᠠᠯᠴᠠᠭ᠎ᠠ᠂ ᠡᠵᠡᠩᠨᠡᠯᠲᠡ ᠶᠢᠨ ᠲᠤᠭᠳᠠᠯᠴᠠᠭ᠎ᠠ ᠶᠢ ᠵᠤᠬᠢᠶᠠᠨ ᠪᠠᠶᠢᠭᠤᠯᠤᠨ ᠡᠬᠦᠳᠤᠨ ᠪᠠᠶᠢᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠶᠢᠨ | ᠪᠦᠳᠤᠴᠡ ᠶᠢᠨ ᠲᠤᠬᠢᠷᠠᠭᠤᠯᠤᠯᠳᠠ᠂ ᠪᠠᠶᠢᠷᠢᠯᠠᠭᠤᠯᠤᠯᠳᠠ ᠶᠢ ᠰᠢᠯᠢᠳᠡᠭᠵᠢᠬᠦᠯᠬᠦ ᠶᠢ ᠬᠦᠳᠤᠯᠤᠨ᠂ ᠰᠢᠯᠢᠳᠡᠭ ᠦᠨᠳᠤᠷ ᠦᠷ᠎ᠠ ᠠᠰᠢᠭᠳᠤ ᠪᠤᠬᠢᠷᠳᠤᠯ ᠦᠬᠡᠢ ᠠᠮᠤᠷ | ᠲᠦᠪᠰᠢᠨ ᠲᠠᠷᠢᠶᠠᠯᠠᠩ ᠮᠠᠯ ᠠᠵᠤ ᠠᠬᠤᠢ ᠶᠢᠨ ᠬᠦᠭᠵᠢᠯᠳᠡ ᠶᠢ ᠲᠦᠯᠬᠢᠨ ᠠᠬᠢᠭᠤᠯᠤᠨ᠎ᠠ᠃ ᠬᠦᠳᠡᠭᠡ ᠲᠤᠰᠬᠤᠨ ᠮᠠᠯᠵᠢᠬᠤ ᠤᠷᠤᠨ ᠤ ᠤᠨᠴᠠᠯᠢᠭᠳᠤ ᠠᠵᠤ | ᠦᠢᠯᠡᠰ᠂ ᠲᠠᠷᠢᠶᠠᠯᠠᠩ ᠤᠨ ᠪᠦᠳᠤᠭᠡᠭᠳᠡᠬᠦᠨ ᠮᠠᠯ ᠤᠨ ᠠᠰᠢᠭ ᠰᠢᠮ᠎ᠡ ᠶᠢ ᠪᠤᠯᠪᠠᠰᠤᠷᠠᠭᠤᠯᠬᠤ᠂ ᠰᠡᠯᠡᠬᠦᠴᠡᠯ ᠲᠠᠷᠢᠶᠠᠯᠠᠩ ᠮᠠᠯ ᠠᠵᠤ ᠠᠬᠤᠢ ᠶᠢ ᠬᠦᠭᠵᠢᠬᠦᠯᠬᠦ ᠪᠠ | ᠠᠵᠤ ᠦᠢᠯᠡᠰᠵᠢᠯᠲᠡ ᠶᠢᠨ ᠦᠢᠯᠡᠴᠢᠯᠡᠭᠡᠨ ᠤ ᠲᠤᠭᠳᠠᠯᠴᠠᠭ᠎ᠠ ᠶᠢ ᠪᠠᠶᠢᠭᠤᠯᠬᠤ ᠶᠢ ᠵᠢᠯᠤᠭᠤᠳᠤᠨ᠎ᠠ᠃ | ᠶᠢᠰᠤ᠂ ᠲᠠᠷᠢᠶᠠᠯᠠᠩ ᠮᠠᠯ ᠠᠵᠤ ᠠᠬᠤᠢ ᠶᠢᠨ ᠡᠬᠢ ᠪᠠᠶᠠᠯᠢᠭ ᠢ ᠬᠠᠮᠠᠭᠠᠯᠠᠬᠤ ᠪᠠ ᠦᠷᠬᠦᠯᠵᠢᠯᠡᠨ ᠠᠰᠢᠭᠯᠠᠬᠤ ᠠᠵᠢᠯ ᠢ ᠬᠠᠷᠢᠭᠤᠴᠠᠨ᠎ᠠ᠃ | ᠲᠠᠷᠢᠶᠠᠯᠠᠩ ᠮᠠᠯ ᠠᠵᠤ ᠠᠬᠤᠢ ᠶᠢᠨ ᠭᠠᠵᠠᠷ ᠬᠡᠷᠩᠯᠡᠬᠦ᠂ ᠵᠢᠭᠠᠰᠤᠨ ᠤ ᠦᠢᠯᠡᠰ ᠤᠨ ᠤᠰᠤᠨ ᠤ ᠤᠷᠤᠨ ᠵᠢᠴᠢ ᠲᠠᠷᠢᠶᠠᠯᠠᠩ ᠮᠠᠯ ᠠᠵᠤ ᠠᠬᠤᠢ ᠶᠢᠨ ᠠᠮᠢᠳᠤ | ᠪᠤᠳᠠᠰ ᠤᠨ ᠲᠦᠷᠤᠯ ᠵᠦᠢᠯ ︵ᠲᠦᠷᠰᠤ︶ ᠤᠨ ᠡᠬᠢ ᠪᠠᠶᠠᠯᠢᠭ᠂ ᠤᠰᠤᠨ ᠤ ᠬᠡᠬᠡᠷ᠎ᠠ ᠶᠢᠨ ᠠᠮᠢᠳᠠᠨ ᠤᠷᠭᠤᠮᠠᠯ ᠢ ᠬᠠᠮᠠᠭᠠᠯᠠᠬᠤ ᠪᠠ ᠬᠠᠮᠢᠶᠠᠷᠬᠤ᠂ ᠵᠢᠭᠠᠰᠤᠨ ᠤ | ᠶᠠᠪᠤᠳᠠᠯ ᠵᠢᠭᠠᠰᠤᠨ ᠤ ᠭᠠᠷᠠᠮ ᠢ ᠬᠢᠨᠠᠨ ᠬᠠᠮᠢᠶᠠᠷᠬᠤ ᠶᠢ ᠵᠢᠯᠤᠭᠤᠳᠤᠨ᠎ᠠ᠃ ᠲᠠᠷᠢᠶᠠᠨ ᠭᠠᠵᠠᠷ ᠵᠢᠴᠢ ᠪᠠᠶᠢᠩᠭᠤ ᠶᠢᠨ ᠦᠨᠳᠤᠰᠳ ᠲᠠᠷᠢᠶᠠᠨ ᠭᠠᠵᠠᠷ ᠤᠨ ᠴᠢᠨᠠᠷ | ᠴᠢᠨᠰᠠᠭ᠎ᠠ ᠶᠢ ᠬᠠᠮᠠᠭᠠᠯᠠᠬᠤ ᠠᠵᠢᠯ ᠢ ᠬᠠᠷᠢᠭᠤᠴᠠᠵᠤ᠂ ᠭᠠᠵᠠᠷ ᠬᠠᠭᠠᠯᠪᠤᠷᠢᠯᠠᠬᠤ ᠵᠢᠴᠢ ᠪᠠᠶᠢᠩᠭᠤ ᠶᠢᠨ ᠦᠨᠳᠤᠰᠤᠨ ᠲᠠᠷᠢᠶᠠᠨ ᠭᠠᠵᠠᠷ ᠤᠨ ᠶᠠᠰᠤ ᠴᠢᠨᠠᠷ ᠢ | ᠬᠠᠮᠠᠭᠠᠯᠠᠬᠤ ᠠᠷᠭ᠎ᠠ ᠠᠪᠴᠠᠯ ᠢ ᠲᠤᠭᠤᠷᠢᠨ ᠲᠤᠭᠳᠠᠭᠠᠵᠤ᠂ ᠲᠠᠷᠢᠶᠠᠨ ᠭᠠᠵᠠᠷ ᠤᠨ ᠶᠠᠰᠤ ᠴᠢᠨᠠᠷ᠂ ᠬᠠᠮᠠᠭᠠᠯᠠᠬᠤ ᠪᠠ ᠠᠷᠢᠭᠤᠨ ᠴᠡᠪᠡᠷ ᠦᠢᠯᠡᠤᠨᠪᠤᠷᠢᠯᠠᠯ ᠢ ᠬᠠᠤᠯᠢ | ᠶᠤᠰᠤᠭᠠᠷ ᠬᠠᠮᠢᠶᠠᠷᠤᠨ᠎ᠠ᠃ ᠲᠦᠬᠦᠬᠡᠷᠤᠮᠵᠢᠳᠤ ᠲᠠᠷᠢᠶᠠᠯᠠᠩ ᠮᠠᠯ ᠠᠵᠤ ᠠᠬᠤᠢ᠂ ᠠᠮᠢ ᠠᠬᠤᠢ ᠶᠢᠨ ᠤᠷᠴᠢᠯ ᠲᠠᠷᠢᠶᠠᠯᠠᠩ ᠮᠠᠯ ᠠᠵᠤ ᠠᠬᠤᠢ᠂ ᠤᠰᠤ ᠠᠷᠪᠢᠯᠠᠬᠤ | ᠲᠠᠷᠢᠶᠠᠯᠠᠩ ᠮᠠᠯ ᠠᠵᠤ ᠠᠬᠤᠢ ᠶᠢᠨ ᠬᠦᠭᠵᠢᠯᠳᠡ ᠵᠢᠴᠢ ᠬᠥᠳᠡᠭᠡ ᠲᠤᠰᠬᠤᠨ ᠮᠠᠯᠵᠢᠬᠤ ᠤᠷᠤᠨ ᠤ ᠲᠠᠬᠢᠯᠲᠡ ᠡᠨᠧᠷᠬᠢ ᠶᠢ ᠶᠡᠷᠤᠩᠬᠡᠶᠢᠯᠡᠨ ᠨᠡᠭᠡᠭᠡᠨ ᠠᠰᠢᠭᠯᠠᠬᠤ᠂ | ᠲᠠᠷᠢᠶᠠᠯᠠᠩ ᠮᠠᠯ ᠠᠵᠤ ᠠᠬᠤᠢ ᠶᠢᠨ ᠠᠮᠢᠳᠤ ᠪᠤᠳᠠᠰ ᠤᠨ ᠠᠵᠤ ᠦᠢᠯᠡᠰ ᠤᠨ ᠬᠦᠭᠵᠢᠯᠲᠡ ᠶᠢ ᠵᠢᠯᠤᠭᠤᠳᠤᠨ᠎ᠠ᠃ | ᠠᠷᠪᠠ᠂ ᠲᠠᠷᠢᠶᠠᠯᠠᠩ ᠮᠠᠯ ᠠᠵᠤ ᠠᠬᠤᠢ ᠶᠢᠨ ᠪᠡᠯᠡ ᠤᠷᠤᠭᠤᠯᠤᠯᠳᠠ ᠶᠢᠨ ᠬᠠᠮᠢᠶᠠᠷᠤᠯᠲᠡ ᠶᠢ ᠬᠠᠷᠢᠭᠤᠴᠠᠨ᠎ᠠ᠃ ᠲᠠᠷᠢᠶᠠᠯᠠᠩ ᠮᠠᠯ ᠠᠵᠤ ᠠᠬᠤᠢ ᠶᠢᠨ | ᠬᠦᠳᠡᠭᠡ ᠲᠤᠰᠬᠤᠨ ᠮᠠᠯᠵᠢᠬᠤ ᠤᠷᠤᠨ ᠤ ᠬᠦᠭᠵᠢᠯᠲᠡ ᠶᠢᠨ ᠶᠢ ᠲᠡᠤᠨᠬᠦᠬᠦ ᠡᠳ᠋ ᠤᠨ ᠵᠠᠰᠠᠭ ᠤᠨ ᠲᠦᠷᠤ ᠶᠢᠨ ᠪᠤᠳᠤᠯᠭ᠎ᠠ ᠵᠢᠴᠢ ᠲᠠᠷᠢᠶᠠᠯᠠᠩ ᠮᠠᠯ ᠠᠵᠤ ᠠᠬᠤᠢ ᠶᠢᠨ | ᠬᠦᠳᠡᠭᠡ ᠲᠤᠰᠬᠤᠨ ᠮᠠᠯᠵᠢᠬᠤ ᠤᠷᠤᠨ ᠤ ᠪᠡᠯᠡ ᠴᠤᠭᠯᠠᠭᠤᠯᠬᠤ ᠪᠠᠶᠢᠭᠤᠯᠤᠮᠵᠢ ᠶᠢᠨ ᠲᠤᠭᠳᠠᠴᠠ ᠶᠢᠨ ᠦᠭᠡᠷᠡᠴᠢᠯᠡᠯᠳᠡ ᠶᠢᠨ ᠰᠠᠨᠠᠭᠤᠯᠭ᠎ᠠ ᠲᠤᠷᠠᠳᠤᠨ ᠭᠠᠷᠭᠠᠨ᠎ᠠ᠃ | ᠲᠦᠪ᠂ ᠦᠪᠡᠷᠳᠡᠭᠡᠨ ᠵᠠᠰᠠᠬᠤ ᠤᠷᠤᠨ᠂ ᠬᠦᠯᠤᠨ ᠪᠦᠢᠷ ᠬᠤᠳᠠ ᠪᠠ ᠬᠤᠰᠢᠭᠤᠨ ᠤ ᠡᠳ᠋ ᠤᠨ ᠵᠠᠰᠠᠭ ᠤᠨ ᠲᠤᠬᠢᠷᠠᠭᠤᠯᠤᠭᠰᠠᠨ ᠲᠠᠷᠢᠶᠠᠯᠠᠩ ᠮᠠᠯ ᠠᠵᠤ ᠠᠬᠤᠢ ᠶᠢᠨ | ᠬᠦᠳᠡᠭᠡ ᠲᠤᠰᠬᠤᠨ ᠮᠠᠯᠵᠢᠬᠤ ᠤᠷᠤᠨ ᠤ ᠪᠡᠯᠡ ᠤᠷᠤᠭᠤᠯᠤᠯᠳᠠ ᠶᠢᠨ ᠲᠦᠷᠤᠯ ᠵᠦᠢᠯ ᠤᠨ ᠪᠠᠶᠢᠭᠤᠯᠤᠯᠳᠠ ᠶᠢᠨ ᠲᠦᠯᠤᠪᠵᠢᠬᠦᠯᠭᠡ ᠶᠢ ᠵᠤᠬᠢᠶᠠᠨ ᠪᠠᠶᠢᠭᠤᠯᠤᠨ | ᠨᠠᠶᠢᠷᠠᠭᠤᠯᠤᠨ᠎ᠠ᠃ ᠠᠵᠤ ᠦᠢᠯᠡᠰ ᠢᠶᠠᠷ ᠶᠠᠳᠠᠭᠤ ᠶᠢ ᠲᠡᠤᠨᠬᠦᠬᠦ᠂ ᠲᠠᠷᠢᠶᠠᠨ ᠭᠠᠵᠠᠷ ᠤᠨ ᠤᠰᠤᠨ ᠠᠰᠢᠭᠯᠠᠯᠳᠠ᠂ ᠲᠠᠷᠢᠶᠠᠨ ᠭᠠᠵᠠᠷ ᠢ ᠴᠡᠭᠴᠡᠯᠡᠨ ᠵᠠᠰᠠᠬᠤ᠂ | ᠲᠠᠷᠢᠶᠠᠯᠠᠩ ᠢ ᠶᠡᠷᠤᠩᠬᠡᠶᠢᠯᠡᠨ ᠨᠡᠭᠡᠭᠡᠨ ᠬᠦᠭᠵᠢᠬᠦᠯᠬᠦ ᠲᠦᠯᠤᠪᠯᠡᠭᠡ ᠲᠦᠯᠤᠪᠵᠢᠬᠦᠯᠭᠡ ᠶᠢ ᠵᠤᠬᠢᠶᠠᠨ ᠪᠠᠶᠢᠭᠤᠯᠤᠨ ᠨᠤᠤᠷᠠᠭᠯᠠᠵᠤ᠂ ᠰᠠᠯᠠᠭ᠎ᠠ ᠮᠦᠴᠢᠷ ᠤᠨ ᠲᠦᠰᠤᠪ ᠢ | ᠨᠠᠶᠢᠷᠠᠭᠤᠯᠤᠨ ᠮᠡᠳᠡᠬᠦᠯᠤᠨ᠎ᠡ᠃ ᠲᠤᠭᠳᠠᠭᠰᠠᠨ ᠡᠷᠭᠡ ᠶᠢᠨ ᠬᠡᠪᠴᠢᠶᠡᠨ ᠳᠤ ᠬᠠᠭᠤᠴᠢᠨ ᠪᠠᠷᠭᠤ ᠬᠤᠰᠢᠭᠤᠨ ᠤ ᠲᠦᠯᠤᠪᠵᠢᠬᠦᠯᠭᠡ ᠳᠠᠬᠢ ᠪᠠ ᠤᠨ ᠤ | ᠲᠦᠯᠤᠪᠯᠡᠭᠡ ᠶᠢᠨ ᠬᠦᠷᠢᠶ᠎ᠡ ᠬᠡᠪᠴᠢᠶᠡᠨ ᠳᠠᠬᠢ ᠲᠠᠷᠢᠶᠠᠯᠠᠩ ᠮᠠᠯ ᠠᠵᠤ ᠠᠬᠤᠢ ᠶᠢᠨ ᠬᠦᠳᠡᠭᠡ ᠲᠤᠰᠬᠤᠨ ᠮᠠᠯᠵᠢᠬᠤ ᠤᠷᠤᠨ ᠤ ᠪᠡᠯᠡ ᠤᠷᠤᠭᠤᠯᠤᠯᠳᠠ ᠶᠢᠨ ᠲᠦᠷᠤᠯ | ᠵᠦᠢᠯ ᠢ ᠬᠢᠨᠠᠨ ᠬᠠᠷᠭᠤᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠪᠡᠯᠡ ᠤᠷᠤᠭᠤᠯᠤᠯᠳᠠ ᠶᠢᠨ ᠲᠦᠷᠤᠯ ᠵᠦᠢᠯ ᠤᠨ ᠪᠡᠯᠡ ᠮᠦᠩᠬᠦ ᠢ ᠲᠤᠬᠢᠷᠠᠭᠤᠯᠬᠤ ᠪᠠ | ᠬᠢᠨᠠᠨ ᠬᠠᠮᠢᠶᠠᠷᠬᠤ ᠶᠢ ᠬᠠᠷᠢᠭᠤᠴᠠᠨ᠎ᠠ᠃ | ᠠᠷᠪᠠᠨ ᠨᠢᠭᠡ᠂ ᠠᠮᠢᠳᠠᠨ ᠤᠷᠭᠤᠮᠠᠯ ︵ᠲᠠᠷᠢᠮᠠᠯ ᠤᠨ ᠵᠦᠢᠯᠡᠰ᠂ ᠮᠠᠯ ᠵᠢᠬᠦᠷᠳᠡᠨ ᠪᠠ ᠤᠰᠤᠨ ᠤ ᠠᠮᠢᠳᠤ ᠪᠤᠳᠠᠰ︶ ᠬᠢᠵᠢᠭ ᠢ ᠰᠡᠷᠬᠡᠶᠢᠯᠡᠨ ᠬᠢᠵᠢᠭ ᠤᠨ | ᠪᠠᠶᠢᠴᠠᠭᠠᠯᠳᠠ ᠶᠢᠨ ᠠᠵᠢᠯ ᠢ ᠬᠠᠷᠢᠭᠤᠴᠠᠨ᠎ᠠ᠃ ᠠᠮᠢᠳᠠᠨ ᠤᠷᠭᠤᠮᠠᠯ ᠤᠨ ᠬᠢᠵᠢᠭ ᠢ ᠰᠡᠷᠬᠡᠶᠢᠯᠡᠨ ᠵᠠᠰᠠᠬᠤ ᠶᠢ ᠬᠠᠷᠢᠭᠤᠴᠠᠨ᠎ᠠ᠃ ᠠᠮᠢᠳᠠᠨ ᠤᠷᠭᠤᠮᠠᠯ ᠤᠨ ᠬᠢᠵᠢᠭ ᠢ | ᠰᠡᠷᠬᠡᠶᠢᠯᠡᠬᠦ ᠪᠠ ᠬᠢᠵᠢᠭ ᠤᠨ ᠪᠠᠶᠢᠴᠠᠭᠠᠯᠳᠠ ᠶᠢᠨ ᠲᠤᠭᠳᠠᠯᠴᠠᠭ᠎ᠠ ᠶᠢᠨ ᠪᠠᠶᠢᠭᠤᠯᠤᠯᠳᠠ ᠶᠢ ᠵᠢᠯᠤᠭᠤᠳᠤᠨ᠂ ᠠᠮᠢᠳᠠᠨ ᠤᠷᠭᠤᠮᠠᠯ ᠤᠨ ᠬᠢᠵᠢᠭ ᠢ ᠰᠡᠷᠬᠡᠶᠢᠯᠡᠬᠦ ᠠᠵᠢᠯ ᠢ | ᠵᠤᠬᠢᠶᠠᠨ ᠪᠠᠶᠢᠭᠤᠯᠬᠤ ᠪᠠ ᠬᠢᠨᠠᠯᠲᠠ ᠲᠠᠯᠪᠢᠨ᠎ᠠ᠃ ᠬᠡᠨᠡᠤᠨᠳᠡ ᠶᠢᠨ ᠡᠬᠦᠰᠤᠭ᠍ᠰᠡᠨ ᠬᠢᠵᠢᠭ ᠤᠨ ᠪᠠᠴᠢᠮ ᠪᠠᠶᠢᠳᠠᠯ ᠢ ᠰᠢᠢᠤᠨᠪᠤᠷᠢᠯᠡᠬᠦ ᠠᠵᠢᠯ ᠢ ᠬᠠᠷᠢᠭᠤᠴᠠᠨ᠎ᠠ᠃ | ᠠᠮᠢᠳᠠᠨ ᠤᠷᠭᠤᠮᠠᠯ ᠤᠨ ᠬᠦᠨᠤᠬᠡᠯᠳᠤ ᠠᠮᠢᠳᠤ ᠪᠤᠳᠠᠰ ᠤᠨ ᠨᠡᠶᠢᠳᠡᠮ ᠪᠠᠶᠢᠴᠠᠭᠠᠯᠲᠠ ᠪᠠ ᠭᠠᠳᠠᠨ᠎ᠠ ᠠᠴᠠ ᠢᠷᠡᠭᠰᠡᠨ ᠠᠮᠢᠳᠤ ᠪᠤᠳᠠᠰ ᠤᠨ ᠠᠮᠤᠷ ᠲᠦᠪᠰᠢᠨ ᠤ | ᠬᠠᠮᠢᠶᠠᠷᠤᠯᠲᠡ ᠶᠢᠨ ᠠᠵᠢᠯ ᠢ ᠡᠬᠦᠷᠭᠡᠯᠡᠨ᠎ᠡ᠃ ᠮᠠᠯ ᠤᠨ ᠡᠮᠴᠢ ᠶᠢᠨ ᠡᠩᠨᠡᠭᠡ᠂ ᠮᠠᠯ ᠤᠨ ᠡᠮ ᠪᠠ ᠨᠢᠳᠤᠯᠠᠬᠤ ᠠᠵᠢᠯ ᠲᠦᠷᠤᠯ ᠤᠨ ᠬᠠᠮᠢᠶᠠᠷᠤᠯᠲᠡ ᠶᠢᠨ ᠠᠵᠢᠯ ᠢ | ᠬᠠᠷᠢᠭᠤᠴᠠᠨ᠎ᠠ᠃ | ᠠᠷᠪᠠᠨ ᠬᠤᠶᠡᠷ᠂ ᠲᠠᠷᠢᠶᠠᠯᠠᠩ ᠮᠠᠯ ᠠᠵᠤ ᠠᠬᠤᠢ ᠶᠢᠨ ᠠᠵᠢᠯ ᠲᠦᠷᠤᠯ ᠤᠨ ᠭᠠᠮᠰᠢᠭ ᠢ ᠰᠡᠷᠬᠡᠶᠢᠯᠡᠨ ᠭᠠᠮᠰᠢᠭ ᠠᠴᠠ ᠠᠪᠤᠷᠠᠬᠤ ᠪᠠ ᠠᠶᠤᠯᠬᠦᠢ | ᠦᠢᠯᠡᠤᠨᠪᠤᠷᠢᠯᠠᠯ ᠤᠨ ᠠᠵᠢᠯ ᠢ ᠬᠠᠷᠢᠭᠤᠴᠠᠨ᠎ᠠ᠃ ᠲᠠᠷᠢᠶᠠᠯᠠᠩ ᠮᠠᠯ ᠠᠵᠤ ᠠᠬᠤᠢ ᠶᠢᠨ ᠭᠠᠮᠰᠢᠭ ᠤᠨ ᠪᠠᠶᠢᠳᠠᠯ ᠢ ᠬᠢᠨᠠᠨ ᠬᠡᠮᠵᠢᠨ ᠨᠡᠶᠢᠳᠡᠯᠡᠵᠤ᠂ ᠦᠷ᠎ᠠ᠂ ᠲᠠᠷᠢᠶᠠᠨ | ᠡᠮ᠂ ᠬᠢᠮᠢ ᠶᠢᠨ ᠪᠤᠷᠳᠤᠭᠤᠷ᠂ ᠮᠠᠯ ᠤᠨ ᠡᠮ᠂ ᠡᠪᠡᠰᠤ ᠪᠤᠷᠳᠤᠭ᠎ᠠ ᠵᠡᠷᠭᠡ ᠭᠠᠮᠰᠢᠭ ᠠᠴᠠ ᠠᠪᠤᠷᠠᠬᠤ ᠡᠳ᠋ ᠪᠤᠳᠠᠰ ᠤᠨ ᠬᠠᠳᠠᠭᠠᠯᠠᠬᠤ ᠪᠠ ᠲᠤᠬᠢᠷᠠᠭᠤᠯᠬᠤ ᠶᠢ | ᠵᠤᠬᠢᠶᠠᠨ ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠤᠨᠪᠤᠷᠢᠯᠠᠯ ᠤᠨ ᠭᠠᠮᠰᠢᠭ ᠠᠴᠠ ᠠᠪᠤᠷᠠᠬᠤ ᠪᠡᠯᠡ ᠮᠦᠩᠬᠦ ᠶᠢᠨ ᠲᠤᠬᠢᠷᠠᠭᠤᠯᠤᠨ ᠬᠡᠷᠩᠯᠡᠬᠦ | ᠰᠠᠨᠠᠭᠤᠯᠭ᠎ᠠ ᠶᠢ ᠲᠤᠷᠠᠤᠨᠴᠦ᠂ ᠭᠠᠮᠰᠢᠭ ᠠᠴᠠ ᠵᠠᠪᠳᠤᠨ ᠠᠪᠤᠷᠠᠬᠤ ᠪᠠ ᠭᠠᠮᠰᠢᠭ ᠤᠨ ᠲᠠᠷᠠᠭᠠᠬᠢ ᠦᠢᠯᠡᠤᠨᠪᠤᠷᠢᠯᠠᠯ ᠢ ᠰᠡᠷᠬᠦᠭᠡᠬᠦ ᠶᠢ ᠵᠢᠭᠠᠨ ᠵᠢᠯᠤᠭᠤᠳᠤᠨ᠎ᠠ᠃ | ᠠᠷᠪᠠᠨ ᠭᠤᠷᠪᠠ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠤᠨᠪᠤᠷᠢᠯᠠᠯ ᠤᠨ ᠮᠠᠲ᠋ᠧᠷᠢᠶᠠᠯ ᠪᠠ ᠪᠡᠯᠡ ᠤᠷᠤᠭᠤᠯᠤᠯᠳᠠ ᠶᠢᠨ ᠵᠦᠢᠯᠡᠰ ᠲᠠᠢ | ᠬᠤᠯᠪᠤᠭᠳᠠᠭᠰᠠᠨ ᠬᠢᠨᠠᠨ ᠬᠠᠮᠢᠶᠠᠷᠤᠯᠲᠡ ᠶᠢ ᠬᠠᠷᠢᠭᠤᠴᠠᠨ᠎ᠠ᠃ ᠲᠠᠷᠢᠶᠠᠯᠠᠩ ᠮᠠᠯ ᠠᠵᠤ ᠠᠬᠤᠢ ᠶᠢᠨ ᠦᠢᠯᠡᠤᠨᠪᠤᠷᠢᠯᠠᠯ ᠤᠨ ᠮᠠᠲ᠋ᠧᠷᠢᠶᠠᠯ ᠪᠠ ᠪᠡᠯᠡ | ᠤᠷᠤᠭᠤᠯᠤᠯᠳᠠ ᠶᠢᠨ ᠵᠦᠢᠯᠡᠰ ᠤᠨ ᠬᠠᠮᠢᠶ᠎ᠠ ᠪᠦᠬᠦᠢ ᠤᠯᠤᠰ ᠤᠨ ᠪᠠᠷᠢᠮᠵᠢᠶ᠎ᠠ ᠶᠢ ᠵᠤᠬᠢᠶᠠᠨ ᠪᠠᠶᠢᠭᠤᠯᠤᠨ ᠨᠠᠶᠢᠳᠠᠪᠤᠷᠢᠵᠢᠭᠤᠯᠵᠤ᠂ ᠲᠠᠷᠢᠮᠠᠯ ᠤᠨ ᠵᠦᠢᠯᠡᠰ᠂ ᠡᠪᠡᠰᠤ | ᠪᠤᠷᠳᠤᠭᠠᠨ ᠤ ᠦᠷ᠎ᠠ᠂ ᠪᠤᠷᠳᠤᠭᠤᠷ᠂ ᠦᠷ᠎ᠠ ᠤᠨ ᠮᠠᠯ ᠵᠢᠬᠦᠷᠳᠡᠨ᠂ ᠲᠠᠷᠢᠶᠠᠨ ᠡᠮ᠂ ᠮᠠᠯ ᠤᠨ ᠡᠮ᠂ ᠡᠪᠡᠰᠤ ᠪᠤᠷᠳᠤᠭ᠎ᠠ᠂ ᠡᠪᠡᠰᠤ ᠪᠤᠷᠳᠤᠭᠠᠨ ᠤ ᠨᠡᠮᠡᠯᠲᠡ ᠡᠳ᠋ | ᠤᠨ ᠡᠷᠭᠡ ᠶᠢᠨ ᠬᠡᠪᠴᠢᠶᠡᠨ ᠳᠠᠬᠢ ᠦᠢᠯᠡᠤᠨᠪᠤᠷᠢᠯᠠᠯ ᠪᠤᠷᠤᠯᠠᠭᠤᠯᠤᠯᠲᠠ ᠶᠢᠨ ᠵᠦᠪᠰᠢᠶᠡᠷᠡᠯ ᠤᠨ ᠦᠨᠡᠮᠯᠠᠯ ᠵᠢᠴᠢ ᠬᠢᠨᠠᠨ ᠬᠠᠮᠢᠶᠠᠷᠤᠯᠲᠡ ᠶᠢ ᠬᠠᠤᠯᠢ ᠶᠤᠰᠤᠭᠠᠷ | ᠦᠷᠨᠢᠬᠦᠯᠤᠨ᠎ᠡ᠃ ᠡᠪᠡᠰᠤ ᠪᠤᠷᠳᠤᠭ᠎ᠠ᠂ ᠮᠠᠯ ᠤᠨ ᠡᠮ ᠤᠨ ᠦᠢᠯᠡᠤᠨᠪᠤᠷᠢᠯᠠᠯ ᠤᠨ ᠴᠢᠨᠠᠷ ᠴᠢᠨᠰᠠᠭᠠᠨ ᠤ ᠠᠮᠤᠷ ᠲᠦᠪᠰᠢᠨ ᠤ ᠬᠠᠮᠢᠶᠠᠷᠤᠯᠲᠡ ᠶᠢᠨ ᠠᠵᠢᠯ ᠢ | ᠬᠠᠷᠢᠭᠤᠴᠠᠨ᠎ᠠ᠃ ᠲᠠᠷᠢᠶᠠᠨ ᠡᠮ᠂ ᠮᠠᠯ ᠤᠨ ᠡᠮ ᠤᠨ ᠦᠯᠡᠳᠡᠭᠳᠠᠯ ᠢ ᠰᠢᠯᠭᠠᠨ ᠬᠡᠮᠵᠢᠬᠦ ᠶᠢ ᠵᠤᠬᠢᠶᠠᠨ ᠪᠠᠶᠢᠭᠤᠯᠤᠨ ᠦᠷᠨᠢᠬᠦᠯᠤᠨ᠎ᠡ᠃ ᠲᠠᠷᠢᠶᠠᠯᠠᠩ ᠮᠠᠯ ᠠᠵᠤ | ᠠᠬᠤᠢ ᠶᠢᠨ ᠮᠠᠰᠢᠨ ᠮᠧᠬᠠᠨᠢᠭ ᠤᠨ ᠪᠦᠳᠤᠭᠡᠭᠳᠡᠬᠦᠨ ᠤ ᠴᠢᠨᠠᠷ ᠴᠢᠨᠰᠠᠭ᠎ᠠ ᠶᠢᠨ ᠬᠢᠨᠠᠨ ᠬᠠᠮᠢᠶᠠᠷᠤᠯᠳᠠ ᠶᠢ ᠬᠠᠷᠢᠭᠤᠴᠠᠨ᠎ᠠ᠃ | ᠠᠷᠪᠠᠨ ᠲᠦᠷᠪᠡ᠂ ᠲᠡᠭᠡᠳᠤ ᠱᠠᠳᠤᠨ ᠤ ᠶᠠᠳᠠᠭᠤ ᠶᠢ ᠲᠡᠤᠨᠬᠦᠬᠦ ᠨᠡᠭᠡᠭᠡᠨ ᠬᠦᠭᠵᠢᠬᠦᠯᠬᠦ ᠠᠵᠢᠯ ᠤᠨ ᠬᠠᠤᠯᠢ ᠴᠠᠭᠠᠵᠨ ᠬᠠᠤᠯᠢ ᠲᠤᠭᠳᠠᠭᠠᠯ ᠵᠢᠴᠢ ᠬᠠᠮᠢᠶ᠎ᠠ | ᠪᠦᠬᠦᠢ ᠲᠦᠷᠤ ᠶᠢᠨ ᠪᠤᠳᠤᠯᠭ᠎ᠠ ᠶᠢ ᠲᠤᠤᠱᠯᠠᠭᠤᠯᠤᠨ ᠬᠡᠷᠩᠵᠢᠬᠦᠯᠤᠨ᠎ᠡ᠃ ᠬᠠᠮᠢᠶ᠎ᠠ ᠪᠦᠬᠦᠢ ᠶᠠᠳᠠᠭᠤ ᠶᠢ ᠲᠡᠤᠨᠬᠦᠬᠦ ᠨᠡᠭᠡᠭᠡᠨ ᠬᠦᠭᠵᠢᠬᠦᠯᠬᠦ ᠲᠦᠷᠤ ᠶᠢᠨ | ᠪᠤᠳᠤᠯᠭ᠎ᠠ ᠶᠢᠨ ᠰᠤᠳᠤᠯᠤᠯᠳᠠ ᠶᠢ ᠦᠷᠨᠢᠬᠦᠯᠵᠦ᠂ ᠶᠠᠳᠠᠭᠤ ᠶᠢ ᠲᠡᠤᠨᠬᠦᠬᠦ ᠨᠡᠭᠡᠭᠡᠨ ᠬᠦᠭᠵᠢᠬᠦᠯᠬᠦ ᠲᠦᠷᠤ ᠶᠢᠨ ᠪᠤᠳᠤᠯᠭ᠎ᠠ ᠶᠢᠨ ᠰᠠᠨᠠᠭᠤᠯᠭ᠎ᠠ ᠲᠤᠷᠠᠤᠨᠴᠦ᠂ | ᠶᠠᠳᠠᠭᠤ ᠶᠢ ᠲᠡᠤᠨᠬᠦᠬᠦ ᠨᠡᠭᠡᠭᠡᠨ ᠬᠦᠭᠵᠢᠬᠦᠯᠬᠦ ᠬᠠᠮᠢᠶ᠎ᠠ ᠪᠦᠬᠦᠢ ᠲᠦᠷᠤ ᠶᠢᠨ ᠪᠤᠳᠤᠯᠭ᠎ᠠ᠂ ᠲᠦᠯᠤᠪᠵᠢᠬᠦᠯᠭᠡ᠂ ᠲᠦᠯᠤᠪᠯᠡᠭᠡ ᠶᠢ ᠲᠤᠭᠤᠷᠪᠢᠨ ᠲᠤᠭᠳᠠᠭᠠᠬᠤ ᠶᠢᠨ | ᠬᠠᠮᠳᠤ ᠵᠤᠬᠢᠶᠠᠨ ᠪᠠᠶᠢᠭᠤᠯᠤᠨ ᠬᠡᠷᠩᠵᠢᠬᠦᠯᠤᠨ᠎ᠡ᠃ ᠶᠠᠳᠠᠭᠤ ᠶᠢ ᠲᠡᠤᠨᠬᠦᠬᠦ ᠲᠠᠩᠰᠨ ᠡᠪᠬᠡᠮᠠᠯ ᠤᠨ ᠨᠠᠷᠢᠨ ᠳᠠᠩᠰᠠ ᠶᠢᠨ ᠬᠠᠮᠢᠶᠠᠷᠤᠯᠲᠡ ᠶᠢᠨ ᠠᠵᠢᠯ ᠢ | ᠬᠠᠷᠢᠭᠤᠴᠠᠨ᠎ᠠ᠃ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠳᠤ ᠠᠵᠢᠯ ᠲᠦᠷᠤᠯ ᠤᠨ ᠶᠠᠳᠠᠭᠤ ᠶᠢ ᠲᠡᠤᠨᠬᠦᠬᠦ ᠨᠡᠭᠡᠭᠡᠨ ᠬᠦᠭᠵᠢᠬᠦᠯᠬᠦ ᠲᠦᠷᠤ ᠶᠢᠨ | ᠪᠤᠳᠤᠯᠭ᠎ᠠ ᠶᠢ ᠲᠤᠭᠤᠷᠪᠢᠨ ᠲᠤᠭᠳᠠᠭᠠᠬᠤ ᠶᠢᠨ ᠬᠠᠮᠳᠤ ᠬᠠᠮᠵᠢᠯᠴᠠᠨ ᠨᠠᠶᠢᠳᠠᠪᠤᠷᠢᠵᠢᠭᠤᠯᠤᠨ᠎ᠠ᠃ ᠪᠦᠬᠦ ᠬᠤᠰᠢᠭᠤᠨ ᠤ ᠶᠠᠳᠠᠭᠤ ᠶᠢ ᠲᠡᠤᠨᠬᠦᠬᠦ ᠨᠡᠭᠡᠭᠡᠨ ᠬᠦᠭᠵᠢᠬᠦᠯᠬᠦ | ᠠᠵᠢᠯ ᠢ ᠵᠢᠯᠤᠭᠤᠳᠤᠨ᠎ᠠ᠃ ᠶᠠᠳᠠᠭᠤ ᠶᠢ ᠲᠡᠤᠨᠬᠦᠬᠦ ᠰᠤᠷᠠᠭ ᠵᠠᠩᠬᠢᠴᠢᠯᠠᠯᠳᠠ ᠶᠢᠨ ᠪᠠᠶᠢᠭᠤᠯᠤᠯᠳᠠ ᠶᠢᠨ ᠠᠵᠢᠯ ᠢ ᠬᠠᠷᠢᠭᠤᠴᠠᠨ᠎ᠠ᠃ ᠶᠠᠳᠠᠭᠤ ᠶᠢ ᠲᠡᠤᠨᠬᠦᠬᠦ | ᠡᠳᠡᠭᠡᠤᠨ ᠤᠨ ᠬᠦᠳᠡᠯᠤᠩᠬᠦᠢ ᠲᠤᠬᠢᠷᠠᠭᠤᠯᠤᠯᠳᠠ᠂ ᠶᠠᠳᠠᠭᠤ ᠶᠢ ᠲᠡᠤᠨᠬᠦᠬᠦ ᠰᠤᠷᠠᠭ ᠵᠠᠩᠬᠢ ᠶᠢᠨ ᠬᠢᠨᠠᠨ ᠬᠡᠮᠵᠢᠬᠦ ᠪᠠ ᠤᠨᠢᠨ ᠲᠡᠭᠡᠷ᠎ᠠ ᠨᠢ ᠶᠠᠳᠠᠭᠤ ᠶᠢ ᠲᠡᠤᠨᠬᠦᠬᠦ | ᠲᠤᠮᠤ ᠳ᠋ᠠᠶᠢᠲ᠋ᠠ ᠶᠢᠨ ᠲᠠᠪᠴᠠᠩ ᠤᠨ ᠪᠠᠶᠢᠭᠤᠯᠤᠯᠳᠠ ᠶᠢ ᠵᠢᠯᠤᠭᠤᠳᠤᠨ ᠦᠷᠨᠢᠬᠦᠯᠤᠨ᠎ᠡ᠃ ᠶᠠᠳᠠᠭᠤ ᠶᠢ ᠲᠡᠤᠨᠬᠦᠬᠦ ᠨᠡᠭᠡᠭᠡᠨ ᠬᠦᠭᠵᠢᠬᠦᠯᠬᠦ ᠤᠬᠠᠭᠤᠯᠭ᠎ᠠ᠂ ᠰᠤᠷᠠᠭ | ᠵᠠᠩᠬᠢ᠂ ᠶᠠᠷᠢᠶ᠎ᠠ ᠬᠡᠯᠡᠯᠴᠡᠭᠡᠨ ᠶᠢ ᠬᠢᠨᠠᠨ ᠡᠵᠡᠮᠳᠡᠬᠦ ᠵᠡᠷᠭᠡ ᠠᠵᠢᠯ ᠢ ᠦᠷᠨᠢᠬᠦᠯᠤᠨ᠎ᠡ᠃ ᠶᠠᠳᠠᠭᠤ ᠶᠢ ᠲᠡᠤᠨᠬᠦᠬᠦ ᠲᠦᠷᠤᠯ ᠵᠦᠢᠯ ᠤᠨ ᠬᠢᠨᠠᠯᠲᠠ ᠲᠠᠯᠪᠢᠬᠤ ᠰᠢᠯᠭᠠᠨ | ᠬᠢᠨᠠᠬᠤ ᠬᠤᠯᠪᠤᠭᠳᠠᠯ ᠪᠦᠬᠦᠢ ᠠᠵᠢᠯ ᠢ ᠬᠠᠷᠢᠭᠤᠴᠠᠨ᠎ᠠ᠃ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠢ ᠬᠠᠮᠵᠢᠯᠴᠠᠨ ᠬᠤᠰᠢᠭᠤ ᠨᠠᠮ ᠤᠨ ᠬᠤᠷᠢᠶ᠎ᠠ᠂ | ᠵᠠᠰᠠᠭ ᠤᠨ ᠤᠷᠳᠤᠨ ᠤ ᠶᠠᠳᠠᠭᠤ ᠶᠢ ᠲᠡᠤᠨᠬᠦᠬᠦ ᠨᠡᠭᠡᠭᠡᠨ ᠬᠦᠭᠵᠢᠬᠦᠯᠬᠦ ᠶᠢᠨ ᠦᠷ᠎ᠠ ᠪᠦᠳᠤᠭᠡᠯ ᠤᠨ ᠰᠢᠯᠭᠠᠨ ᠬᠢᠨᠠᠬᠤ ᠠᠵᠢᠯ ᠢ ᠰᠠᠶᠢᠳᠤᠷ ᠬᠢᠨ᠎ᠡ᠃ ᠶᠠᠳᠠᠭᠤ ᠶᠢ | ᠲᠡᠤᠨᠬᠦᠬᠦ ᠬᠤᠷᠰᠢᠯᠴᠠᠭ᠎ᠠ᠂ ᠬᠠᠮᠵᠢᠯᠴᠠᠬᠤ ᠠᠵᠢᠯ ᠢ ᠬᠠᠷᠢᠭᠤᠴᠠᠨ᠎ᠠ᠃ ᠨᠠᠮ ᠵᠠᠰᠠᠭ ᠤᠨ ᠪᠠᠶᠢᠭᠤᠯᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠪᠠ | ᠨᠡᠶᠢᠭᠡᠮ ᠤᠨ ᠡᠯ᠎ᠡ ᠡᠳᠡᠭᠡᠤᠨ ᠢ ᠵᠤᠬᠢᠶᠠᠨ ᠪᠠᠶᠢᠭᠤᠯᠤᠨ ᠵᠤᠬᠢᠴᠠᠭᠤᠯᠵᠤ ᠶᠠᠳᠠᠭᠤ ᠶᠢ ᠲᠡᠤᠨᠬᠦᠬᠦ ᠨᠡᠭᠡᠭᠡᠨ ᠬᠦᠭᠵᠢᠬᠦᠯᠬᠦ ᠳᠤ ᠤᠷᠤᠯᠴᠠᠭᠤᠯᠬᠤ ᠶᠢ ᠬᠠᠷᠢᠭᠤᠴᠠᠵᠤ᠂ | ᠶᠠᠳᠠᠭᠤ ᠶᠢ ᠲᠡᠤᠨᠬᠦᠬᠦ ᠠᠵᠢᠯ ᠤᠨ ᠲᠠᠯ᠎ᠠ ᠶᠢᠨ ᠰᠤᠯᠢᠯᠴᠠᠭ᠎ᠠ ᠪᠠ ᠬᠤᠷᠰᠢᠯᠴᠠᠭ᠎ᠠ ᠶᠢ ᠵᠤᠬᠢᠶᠠᠨ ᠪᠠᠶᠢᠭᠤᠯᠤᠨ ᠦᠷᠨᠢᠬᠦᠯᠤᠨ᠎ᠡ᠃ | ᠠᠷᠪᠠᠨ ᠲᠠᠪᠤ᠂ ᠲᠡᠭᠡᠳᠤ ᠱᠠᠳᠤᠨ ᠤ ᠰᠢᠨᠵᠢᠯᠡᠭᠡ ᠮᠡᠷᠭᠡᠵᠢᠯ ᠤᠨ ᠰᠢᠨ᠎ᠡ ᠡᠬᠦᠳᠤᠯᠳᠡ ᠶᠢᠨ ᠠᠵᠢᠯ ᠤᠨ ᠲᠤᠬᠠᠢ ᠬᠠᠤᠯᠢ ᠴᠠᠭᠠᠵᠨ ᠬᠠᠤᠯᠢ ᠲᠤᠭᠳᠠᠭᠠᠯ ᠤᠨ | ᠬᠠᠮᠢᠶ᠎ᠠ ᠪᠦᠬᠦᠢ ᠲᠦᠷᠤ ᠶᠢᠨ ᠪᠤᠳᠤᠯᠭ᠎ᠠ ᠶᠢ ᠲᠤᠤᠱᠯᠠᠭᠤᠯᠤᠨ ᠬᠡᠷᠩᠵᠢᠬᠦᠯᠤᠨ᠎ᠡ᠃ ᠪᠦᠬᠦ ᠬᠤᠰᠢᠭᠤᠨ ᠤ ᠰᠢᠨ᠎ᠡ ᠡᠬᠦᠳᠤᠯᠳᠡ ᠶᠢᠨ ᠬᠦᠳᠡᠯᠭᠡᠬᠦᠷ ᠤᠨ | ᠬᠦᠭᠵᠢᠯᠲᠡ ᠶᠢᠨ ᠪᠠᠶᠢᠯᠳᠤᠬᠤ ᠪᠤᠳᠤᠯᠭ᠎ᠠ ᠶᠢᠨ ᠲᠦᠯᠤᠪᠵᠢᠬᠦᠯᠭᠡ ᠶᠢ ᠲᠤᠯᠤᠭᠠᠶᠢᠯᠠᠨ ᠲᠤᠭᠤᠷᠪᠢᠨ ᠲᠤᠭᠳᠠᠭᠠᠬᠤ ᠶᠢᠨ ᠬᠠᠮᠳᠤ ᠵᠤᠬᠢᠶᠠᠨ ᠪᠠᠶᠢᠭᠤᠯᠤᠨ | ᠬᠡᠷᠩᠵᠢᠬᠦᠯᠤᠨ᠎ᠡ᠃ ᠪᠦᠬᠦ ᠬᠤᠰᠢᠭᠤᠨ ᠤ ᠰᠢᠨ᠎ᠡ ᠶᠢ ᠡᠬᠦᠤᠨᠬᠦ ᠲᠤᠭᠳᠠᠯᠴᠠᠭ᠎ᠠ ᠶᠢᠨ ᠪᠠᠶᠢᠭᠤᠯᠤᠯᠳᠠ ᠪᠠ ᠰᠢᠨᠵᠢᠯᠡᠭᠡ ᠮᠡᠷᠭᠡᠵᠢᠯ ᠤᠨ ᠪᠠᠶᠢᠭᠤᠯᠤᠮᠵᠢ ᠶᠢᠨ | ᠦᠭᠡᠷᠡᠴᠢᠯᠡᠯᠳᠡ ᠶᠢᠨ ᠠᠵᠢᠯ ᠢ ᠨᠢᠭᠡᠳᠤᠯᠳᠠᠢ ᠲᠦᠯᠤᠪᠯᠡᠨ ᠠᠬᠢᠭᠤᠯᠬᠤ ᠶᠢ ᠬᠠᠷᠢᠭᠤᠴᠠᠨ᠎ᠠ᠃ ᠰᠢᠨᠵᠢᠯᠡᠭᠡ ᠮᠡᠷᠭᠡᠵᠢᠯ ᠤᠨ ᠡᠬᠢ ᠰᠤᠷᠪᠤᠯᠵᠢ ᠶᠢ ᠵᠤᠬᠢᠰᠳᠠᠢ | ᠪᠠᠶᠢᠷᠢᠯᠠᠭᠤᠯᠬᠤ ᠪᠠ ᠵᠤᠬᠢᠴᠠᠭᠤᠯᠤᠨ ᠰᠢᠨ᠎ᠡ ᠶᠢ ᠡᠬᠦᠤᠨᠬᠦ ᠴᠢᠳᠠᠪᠤᠷᠢ ᠤᠨ ᠪᠠᠶᠢᠭᠤᠯᠤᠯᠳᠠ ᠶᠢ ᠴᠢᠩᠭᠠᠤᠨᠬᠠᠨ᠂ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠬᠦᠤᠨᠬᠦ | ᠲᠠᠪᠴᠠᠩ᠂ ᠠᠴᠢᠶᠠᠯᠠᠪᠤᠷᠢ ᠵᠢᠴᠢ ᠬᠦᠷᠢᠶᠠᠯᠠᠩ ᠲᠤᠭᠤᠷᠢᠭ ᠤᠨ ᠪᠠᠶᠢᠭᠤᠯᠤᠯᠳᠠ ᠶᠢ ᠲᠦᠯᠬᠢᠨ ᠠᠬᠢᠭᠤᠯᠤᠨ᠎ᠠ᠃ ᠮᠡᠷᠭᠡᠵᠢᠯ ᠤᠨ ᠰᠢᠨ᠎ᠡ ᠶᠢ ᠡᠬᠦᠤᠨᠬᠦ ᠵᠤᠷᠢᠭᠵᠢᠭᠤᠯᠬᠤ | ᠲᠤᠭᠳᠠᠴᠠ ᠶᠢ ᠨᠠᠶᠢᠳᠠᠪᠤᠷᠵᠢᠭᠤᠯᠵᠦ᠂ ᠰᠢᠨᠵᠢᠯᠡᠭᠡ ᠮᠡᠷᠭᠡᠵᠢᠯ ᠤᠨ ᠴᠢᠳᠠᠪᠤᠷᠢᠳᠠᠨ ᠤ ᠡᠩᠨᠡᠭᠡᠨ ᠤ ᠪᠠᠶᠢᠭᠤᠯᠤᠯᠳᠠ ᠶᠢ ᠲᠦᠯᠬᠢᠨ ᠠᠬᠢᠭᠤᠯᠤᠨ᠎ᠠ᠃ ᠰᠢᠨᠵᠢᠯᠡᠭᠡ | ᠮᠡᠷᠭᠡᠵᠢᠯ ᠤᠨ ᠴᠡᠷᠢᠭ ᠠᠷᠠᠤᠨ ᠤᠨ ᠠᠭᠤᠰᠤᠯᠴᠠᠨ ᠬᠦᠭᠵᠢᠬᠦ ᠬᠤᠯᠪᠤᠭᠳᠠᠯ ᠪᠦᠬᠦᠢ ᠠᠵᠢᠯ ᠢ ᠠᠬᠢᠭᠤᠯᠬᠤ ᠶᠢ ᠡᠬᠦᠷᠭᠡᠯᠡᠨ᠎ᠡ᠃ ᠬᠤᠰᠢᠭᠤᠨ ᠤ ᠲᠤᠰ ᠱᠠᠳᠤᠨ ᠤ | ᠰᠢᠨᠵᠢᠯᠡᠭᠡ ᠮᠡᠷᠬᠡᠵᠢᠯ ᠤᠨ ᠲᠦᠯᠤᠪᠯᠡᠭᠡ ᠶᠢ ᠨᠠᠶᠢᠷᠠᠭᠤᠯᠬᠤ ᠶᠢᠨ ᠬᠠᠮᠳᠤ ᠬᠢᠨᠠᠨ ᠬᠡᠷᠡᠩᠵᠢᠬᠦᠯᠬᠦ ᠶᠢ ᠬᠠᠷᠢᠭᠤᠴᠠᠨ᠎ᠠ᠃ ᠲᠡᠬᠡᠳᠤ ᠱᠠᠳᠤᠨ ᠤ ᠬᠠᠮᠢᠶ᠎ᠠ ᠪᠦᠬᠦᠢ ᠲᠡᠬᠡᠳᠤ | ᠰᠢᠨ᠎ᠡ ᠮᠡᠷᠭᠡᠵᠢᠯ ᠤᠨ ᠬᠦᠭᠵᠢᠯᠲᠡ᠂ ᠰᠢᠨᠵᠢᠯᠡᠭᠡ ᠮᠡᠷᠭᠡᠵᠢᠯ ᠤᠨ ᠲᠠᠷᠢᠶᠠᠯᠠᠩ ᠮᠠᠯ ᠠᠵᠤ ᠠᠬᠤᠢ ᠶᠢᠨ ᠬᠦᠳᠡᠭᠡ ᠲᠤᠰᠬᠤᠨ ᠮᠠᠯᠵᠢᠬᠤ ᠤᠷᠤᠨ ᠪᠠ ᠨᠡᠶᠢᠭᠡᠮ ᠤᠨ | ᠬᠦᠭᠵᠢᠯᠲᠡ ᠶᠢᠨ ᠲᠦᠯᠤᠪᠯᠡᠭᠡ᠂ ᠲᠦᠷᠤ ᠶᠢᠨ ᠪᠤᠳᠤᠯᠭ᠎ᠠ ᠪᠠ ᠠᠷᠭ᠎ᠠ ᠠᠪᠴᠠᠯ ᠢ ᠠᠬᠢᠭᠤᠯᠬᠤ ᠶᠢ ᠨᠠᠶᠢᠳᠠᠪᠤᠷᠢᠵᠢᠭᠤᠯᠤᠨ᠎ᠠ᠃ ᠰᠢᠨᠵᠢᠯᠡᠭᠡ ᠮᠡᠷᠭᠡᠵᠢᠯ ᠤᠨ ᠡᠬᠢ | ᠰᠤᠷᠪᠤᠯᠵᠢ ᠶᠢ ᠰᠢᠯᠢᠳᠡᠭᠵᠢᠬᠦᠯᠤᠨ ᠲᠤᠬᠢᠷᠠᠭᠤᠯᠬᠤ ᠠᠵᠢᠯ ᠢ ᠬᠠᠷᠢᠭᠤᠴᠠᠨ᠎ᠠ᠃ ᠪᠦᠬᠦ ᠬᠤᠰᠢᠭᠤᠨ ᠤ ᠰᠢᠨᠵᠢᠯᠡᠭᠡ ᠮᠡᠷᠭᠡᠵᠢᠯ ᠤᠨ ᠬᠠᠮᠢᠶᠠᠷᠤᠯᠲᠡ ᠶᠢᠨ ᠲᠠᠪᠴᠡᠩ ᠪᠠ | ᠡᠷᠳᠡᠮ ᠰᠢᠨᠵᠢᠯᠡᠨ ᠤ ᠲᠦᠷᠤᠯ ᠵᠦᠢᠯ ᠤᠨ ᠪᠡᠯᠡ ᠮᠦᠩᠬᠦ ᠶᠢ ᠵᠤᠬᠢᠴᠠᠭᠤᠯᠬᠤ᠂ ᠦᠨᠡᠯᠡᠬᠦ᠂ ᠬᠢᠨᠠᠨ ᠬᠠᠮᠢᠶᠠᠷᠬᠤ ᠲᠤᠭᠳᠠᠴᠠ ᠶᠢ ᠪᠠᠶᠢᠭᠤᠯᠤᠨ᠎ᠠ᠃ ᠬᠠᠮᠢᠶ᠎ᠠ ᠪᠦᠬᠦᠢ | ᠰᠠᠯᠠᠭ᠎ᠠ ᠮᠦᠴᠢᠷ ᠲᠠᠢ ᠬᠠᠮᠳᠤ ᠰᠢᠨᠵᠢᠯᠡᠭᠡ ᠮᠡᠷᠭᠡᠵᠢᠯ ᠤᠨ ᠡᠬᠢ ᠰᠤᠷᠪᠤᠯᠵᠢ ᠶᠢ ᠰᠢᠯᠢᠳᠡᠭᠵᠢᠬᠦᠯᠬᠦ ᠲᠦᠷᠤ ᠶᠢᠨ ᠪᠤᠳᠤᠯᠭ᠎ᠠ ᠶᠢᠨ ᠰᠠᠨᠠᠭᠤᠯᠭ᠎ᠠ ᠲᠤᠷᠠᠤᠨᠴᠦ᠂ ᠤᠯᠠᠨ | ᠡᠰᠢᠵᠢᠭᠰᠡᠨ ᠰᠢᠨᠵᠢᠯᠡᠭᠡ ᠮᠡᠷᠭᠡᠵᠢᠯ ᠤᠨ ᠪᠡᠯᠡ ᠤᠷᠤᠭᠤᠯᠤᠯᠳᠠ ᠶᠢᠨ ᠲᠤᠭᠳᠠᠯᠴᠠᠭ᠎ᠠ ᠶᠢᠨ ᠪᠠᠶᠢᠭᠤᠯᠤᠯᠳᠠ ᠶᠢ ᠲᠦᠯᠬᠢᠨ ᠠᠬᠢᠭᠤᠯᠤᠨ᠎ᠠ᠃ ᠪᠦᠬᠦ ᠬᠤᠰᠢᠭᠤᠨ ᠤ | ᠮᠡᠷᠭᠡᠵᠢᠯ ᠢ ᠰᠢᠯᠵᠢᠬᠦᠯᠬᠦ ᠲᠤᠭᠳᠠᠯᠴᠠᠭ᠎ᠠ ᠶᠢᠨ ᠪᠠᠶᠢᠭᠤᠯᠤᠯᠳᠠ ᠶᠢ ᠬᠠᠷᠢᠭᠤᠴᠠᠨ᠎ᠠ᠃ ᠰᠢᠨᠵᠢᠯᠡᠭᠡ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠮᠡᠷᠭᠡᠵᠢᠯ ᠤᠨ ᠵᠠᠬ᠎ᠠ | ᠲᠡᠯᠭᠡᠬᠦᠷ ᠪᠠ ᠰᠢᠨᠵᠢᠯᠡᠭᠡ ᠮᠡᠷᠭᠡᠵᠢᠯ ᠤᠨ ᠵᠠᠭᠤᠴᠢ ᠵᠤᠬᠢᠶᠠᠨ ᠪᠠᠶᠢᠭᠤᠯᠤᠯᠳᠠ ᠶᠢᠨ ᠬᠦᠭᠵᠢᠯᠳᠡ ᠶᠢ ᠵᠢᠭᠠᠨ ᠵᠢᠯᠤᠭᠤᠳᠤᠨ᠎ᠠ᠃ ᠪᠦᠬᠦ ᠬᠤᠰᠢᠭᠤᠨ ᠤ ᠰᠢᠨᠵᠢᠯᠡᠭᠡ | ᠮᠡᠷᠭᠡᠵᠢᠯ ᠤᠨ ᠨᠢᠭᠤᠴᠠ ᠶᠢ ᠬᠠᠮᠠᠭᠠᠯᠠᠬᠤ ᠠᠵᠢᠯ ᠢ ᠬᠠᠷᠢᠭᠤᠴᠠᠨ᠎ᠠ᠃ ᠰᠢᠨᠵᠢᠯᠡᠭᠡ ᠮᠡᠷᠭᠡᠵᠢᠯ ᠤᠨ ᠬᠢᠨᠠᠨ ᠦᠨᠡᠯᠡᠯᠳᠡ ᠶᠢᠨ ᠠᠵᠢᠯ ᠢ ᠬᠠᠷᠢᠭᠤᠴᠠᠨ᠎ᠠ᠃ ᠰᠢᠨᠵᠢᠯᠡᠬᠦ | ᠤᠬᠠᠭᠠᠨ ᠢ ᠲᠦᠭᠡᠮᠡᠯᠵᠢᠬᠦᠯᠬᠦ ᠪᠠ ᠰᠢᠨᠵᠢᠯᠡᠬᠦ ᠤᠬᠠᠭᠠᠨ ᠢ ᠤᠯᠠᠮᠵᠢᠯᠠᠨ ᠲᠠᠮᠵᠢᠭᠤᠯᠬᠤ ᠲᠦᠯᠤᠪᠵᠢᠬᠦᠯᠭᠡ᠂ ᠲᠦᠷᠤ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠎ᠠ᠃ | |