ᠨᠢᠭᠡ᠂ ᠤᠯᠤᠰ᠂ ᠦᠪᠡᠷᠳᠡᠭᠡᠨ ᠵᠠᠰᠠᠬᠤ ᠤᠷᠤᠨ᠂ ᠬᠦᠯᠦᠨ ᠪᠤᠶᠢᠷ ᠬᠤᠲᠠ ᠶᠢᠨ ᠵᠠᠬ᠎ᠠ ᠲᠠᠯᠭᠡᠭᠦᠷ ᠤᠨ ᠬᠢᠨᠠᠨ ᠬᠠᠮᠢᠶᠠᠷᠤᠯᠳᠠ ᠶᠢᠨ ᠠᠵᠢᠯ ᠤᠨ | ᠲᠤᠬᠠᠢ ᠶᠢᠨ ᠬᠠᠤᠯᠢ ᠴᠠᠭᠠᠵᠠ ᠬᠠᠤᠯᠢ ᠲᠤᠭᠳᠠᠭᠠᠯ ᠵᠢᠴᠢ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ᠂ ᠪᠠᠷᠢᠮᠵᠢᠶ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ᠃ ᠶᠠᠰᠤ | ᠴᠢᠨᠠᠷ ᠬᠦᠴᠦᠷᠬᠡᠭ ᠬᠤᠰᠢᠭᠤ ᠶᠢᠨ ᠪᠠᠶᠢᠯᠳᠤᠬᠤ ᠪᠤᠳᠤᠯᠭ᠎ᠠ᠂ ᠢᠳᠡᠭᠡᠨ ᠤ ᠠᠮᠤᠷ ᠲᠦᠪᠰᠢᠨ ᠤ ᠪᠠᠶᠢᠯᠳᠤᠬᠤ ᠪᠤᠳᠤᠯᠭ᠎ᠠ ᠪᠠ ᠪᠠᠷᠢᠮᠵᠢᠶᠠᠵᠢᠭᠰᠠᠨ ᠪᠠᠶᠢᠯᠳᠤᠬᠤ | ᠪᠤᠳᠤᠯᠭ᠎ᠠ ᠶᠢ ᠵᠤᠬᠢᠶᠠᠨ ᠪᠠᠶᠢᠭᠤᠯᠤᠨ ᠬᠡᠷᠡᠭᠵᠢᠭᠦᠯᠵᠦ᠂ ᠬᠠᠮᠢᠶ᠎ᠠ ᠪᠦᠬᠦᠢ ᠲᠦᠯᠦᠪᠵᠢᠭᠦᠯᠭᠡ ᠶᠢ ᠲᠤᠭᠤᠷᠪᠢᠬᠤ ᠶᠢᠨ ᠬᠠᠮᠲᠤ ᠵᠤᠬᠢᠶᠠᠨ ᠪᠠᠶᠢᠭᠤᠯᠤᠨ ᠬᠡᠷᠡᠭᠵᠢᠭᠦᠯᠵᠦ᠂ | ᠵᠠᠬ᠎ᠠ ᠲᠡᠯᠭᠡᠭᠦᠷ ᠤᠨ ᠡᠮᠬᠢ ᠲᠢᠭᠯᠢᠮ ᠢ ᠲᠦᠷᠢᠮᠵᠢᠭᠦᠯᠦᠨ ᠬᠠᠮᠠᠭᠠᠯᠠᠵᠦ᠂ ᠦᠨᠡᠨᠴᠢ ᠢᠳᠡᠭᠡᠮᠵᠢᠳᠠᠢ᠂ ᠡᠷᠬᠡ ᠲᠡᠭᠰᠢ ᠦᠷᠢᠰᠦᠯᠳᠦᠭᠡᠨ ᠤ ᠵᠠᠬ᠎ᠠ ᠲᠡᠯᠭᠡᠭᠦᠷ ᠤᠨ | ᠤᠷᠴᠢᠨ ᠠᠬᠤᠢ ᠶᠢ ᠡᠭᠦᠳᠦᠨ᠎ᠡ᠃ | ᠬᠤᠶᠠᠷ᠂ ᠵᠠᠬ᠎ᠠ ᠲᠡᠯᠭᠡᠭᠦᠷ ᠤᠨ ᠭᠤᠤᠯ ᠴᠤᠭᠴᠠ ᠶᠢᠨ ᠨᠢᠭᠡᠳᠦᠯᠳᠠᠢ ᠲᠠᠩᠰᠠᠯᠠᠬᠤ ᠶᠢ ᠬᠠᠷᠢᠭᠤᠴᠠᠨ᠎ᠠ᠃ ᠪᠦᠬᠦ ᠬᠤᠰᠢᠭᠤᠨ ᠤ ᠡᠯ᠎ᠡ ᠲᠦᠷᠦᠯ ᠤᠨ ᠠᠵᠦ | ᠠᠬᠤᠶᠢᠯᠠᠯ᠂ ᠮᠠᠯᠴᠢᠨ ᠲᠠᠷᠢᠶᠠᠴᠢᠨ ᠤ ᠲᠤᠰᠬᠠᠢ ᠬᠤᠷᠰᠢᠶᠠᠵᠢᠯ ᠪᠠ ᠡᠵᠡᠩᠨᠡᠯᠲᠡ ᠶᠢᠨ ᠨᠢᠭᠡᠴᠡ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠵᠡᠷᠭᠡ | ᠵᠠᠬ᠎ᠠ ᠲᠡᠯᠭᠡᠭᠦᠷ ᠤᠨ ᠭᠤᠤᠯ ᠴᠤᠭᠴᠠ ᠶᠢᠨ ᠲᠠᠩᠰᠠᠯᠠᠬᠤ ᠠᠵᠢᠯ ᠢ ᠵᠤᠬᠢᠶᠠᠨ ᠪᠠᠶᠢᠭᠤᠯᠤᠨ ᠬᠠᠮᠢᠶᠠᠷᠤᠨ᠎ᠠ᠃ ᠵᠠᠬ᠎ᠠ ᠲᠡᠯᠭᠡᠭᠦᠷ ᠤᠨ ᠭᠤᠤᠯ ᠴᠤᠭᠴᠠ ᠶᠢᠨ ᠰᠤᠷᠠᠭ | ᠵᠠᠩᠬᠢ ᠶᠢ ᠨᠡᠶᠢᠳᠡᠯᠡᠬᠦ ᠪᠠ ᠬᠠᠮᠳᠤᠪᠡᠷ ᠬᠤᠪᠢᠶᠠᠯᠴᠠᠬᠤ ᠲᠤᠭᠳᠠᠴᠠ ᠶᠢ ᠪᠠᠶᠢᠭᠤᠯᠵᠦ᠂ ᠬᠠᠮᠢᠶ᠎ᠠ ᠪᠦᠬᠦᠢ ᠰᠤᠷᠠᠭ ᠵᠠᠩᠬᠢ ᠶᠢ ᠬᠠᠤᠯᠢ ᠶᠤᠰᠤᠭᠠᠷ ᠨᠡᠶᠢᠳᠡᠯᠡᠬᠦ ᠪᠠ | ᠬᠠᠮᠳᠤᠪᠡᠷ ᠬᠤᠪᠢᠶᠠᠯᠴᠠᠵᠦ᠂ ᠢᠳᠡᠭᠡᠮᠵᠢ ᠶᠢᠨ ᠬᠢᠨᠠᠨ ᠬᠠᠮᠢᠶᠠᠷᠤᠯᠳᠠ ᠪᠠᠨ ᠴᠢᠩᠭᠠᠳᠬᠠᠨ᠂ ᠵᠠᠬ᠎ᠠ ᠲᠡᠯᠭᠡᠭᠦᠷ ᠤᠨ ᠭᠤᠤᠯ ᠴᠤᠭᠴᠠ ᠶᠢᠨ ᠢᠳᠡᠭᠡᠮᠵᠢ ᠶᠢᠨ | ᠲᠤᠭᠳᠠᠯᠴᠠᠭ᠎ᠠ ᠶᠢᠨ ᠪᠠᠶᠢᠭᠤᠯᠤᠯᠳᠠ ᠶᠢ ᠲᠦᠯᠬᠢᠨ ᠠᠬᠢᠭᠤᠯᠤᠨ᠎ᠠ᠃ | ᠭᠤᠷᠪᠠ᠂ ᠵᠠᠬ᠎ᠠ ᠲᠡᠯᠭᠡᠭᠦᠷ ᠤᠨ ᠬᠢᠨᠠᠨ ᠬᠠᠮᠢᠶᠠᠷᠤᠯᠳᠠ ᠶᠢᠨ ᠶᠡᠷᠦᠩᠬᠡᠶᠢᠯᠡᠨ ᠬᠠᠤᠯᠢ ᠬᠡᠷᠡᠭᠵᠢᠭᠦᠯᠬᠦ ᠠᠵᠢᠯ ᠢ ᠵᠤᠬᠢᠶᠠᠨ ᠪᠠᠶᠢᠭᠤᠯᠤᠨ ᠵᠢᠯᠤᠭᠤᠳᠬᠤ ᠶᠢ | ᠬᠠᠷᠢᠭᠤᠴᠠᠨ᠎ᠠ᠃ ᠪᠦᠬᠦ ᠬᠤᠰᠢᠭᠤᠨ ᠤ ᠵᠠᠬ᠎ᠠ ᠲᠡᠯᠭᠡᠭᠦᠷ ᠤᠨ ᠬᠢᠨᠠᠨ ᠬᠠᠮᠢᠶᠠᠷᠤᠯᠳᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠡᠩᠨᠡᠭᠡ ᠶᠢ ᠨᠢᠭᠡᠳᠦᠭᠦᠯᠬᠦ ᠪᠠ | ᠪᠠᠶᠢᠭᠤᠯᠬᠤ ᠶᠢ ᠦᠷᠨᠢᠭᠦᠯᠵᠦ᠂ ᠨᠢᠭᠡᠳᠦᠯᠳᠠᠢ ᠵᠠᠬ᠎ᠠ ᠲᠡᠯᠭᠡᠭᠦᠷ ᠤᠨ ᠬᠢᠨᠠᠨ ᠬᠠᠮᠢᠶᠠᠷᠤᠯᠳᠠ ᠶᠢ ᠬᠡᠷᠡᠭᠵᠢᠭᠦᠯᠬᠦ ᠶᠢ ᠲᠦᠯᠬᠢᠨ ᠠᠬᠢᠭᠤᠯᠤᠨ᠎ᠠ᠃ ᠬᠦᠨᠳᠦ ᠶᠡᠭᠡ | ᠬᠠᠤᠯᠢ ᠶᠢ ᠵᠦᠷᠢᠴᠡᠭᠰᠡᠨ ᠬᠡᠷᠡᠭ ᠵᠠᠷᠭᠤ ᠶᠢ ᠪᠠᠶᠢᠴᠠᠭᠠᠨ ᠰᠢᠢᠳᠭᠡᠬᠦ ᠶᠢ ᠵᠤᠬᠢᠶᠠᠨ ᠪᠠᠶᠢᠭᠤᠯᠤᠨ᠎ᠠ᠃ ᠵᠠᠬ᠎ᠠ ᠲᠡᠯᠭᠡᠭᠦᠷ ᠤᠨ ᠬᠢᠨᠠᠨ ᠬᠠᠮᠢᠶᠠᠷᠤᠯᠳᠠ ᠶᠢᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠲᠦᠷᠢᠮᠵᠢᠭᠦᠯᠦᠨ᠎ᠡ᠃ | ᠲᠦᠷᠪᠡ᠂ ᠲᠦᠪ ᠪᠤᠰᠤ ᠦᠷᠢᠰᠦᠯᠳᠦᠭᠡᠨ ᠢ ᠡᠰᠡᠷᠭᠦᠴᠡᠬᠦ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠨ᠎ᠠ᠃ ᠲᠡᠭᠡᠳᠦ ᠱᠠᠳᠤᠨ ᠤ ᠡᠷᠬᠡ ᠤᠯᠭᠤᠭᠰᠠᠨ ᠢ | ᠦᠨᠳᠦᠰᠦᠯᠡᠨ᠂ ᠡᠵᠡᠩᠨᠡᠭᠴᠢᠳ ᠤᠨ ᠲᠦᠪᠯᠡᠷᠡᠩᠭᠦᠢ ᠠᠵᠢᠯᠯᠠᠭ᠎ᠠ ᠳᠤ ᠭᠠᠭᠴᠠᠭᠠᠷ ᠡᠵᠡᠮᠰᠢᠯ ᠢ ᠡᠰᠡᠷᠭᠦᠴᠡᠬᠦ ᠬᠢᠨᠠᠨ ᠪᠠᠶᠢᠴᠠᠭᠠᠯᠳᠠ ᠬᠢᠬᠦ ᠶᠢ ᠬᠠᠷᠢᠭᠤᠴᠠᠵᠦ᠂ | ᠭᠠᠭᠴᠠᠭᠠᠷ ᠡᠵᠡᠮᠰᠢᠯ ᠤᠨ ᠬᠡᠯᠡᠯᠴᠡᠭᠡᠷ᠂ ᠵᠠᠬ᠎ᠠ ᠲᠡᠯᠭᠡᠭᠦᠷ ᠢ ᠲᠤᠬᠢᠷᠠᠭᠤᠯᠬᠤ ᠪᠠᠶᠢᠷᠢ ᠰᠠᠭᠤᠷᠢ ᠪᠠᠨ ᠲᠤᠷ᠎ᠠ ᠪᠠᠷ ᠬᠡᠷᠡᠭᠯᠡᠬᠦ᠂ ᠵᠠᠰᠠᠭ ᠵᠠᠬᠢᠷᠭᠠᠨ ᠤ ᠡᠷᠬᠡ ᠪᠠᠨ | ᠲᠤᠷ᠎ᠠ ᠪᠠᠷ ᠬᠡᠷᠡᠭᠯᠡᠬᠦ ᠶᠢ ᠦᠭᠡᠶᠢᠰᠭᠡᠬᠦ᠂ ᠦᠷᠢᠰᠦᠯᠳᠦᠭᠡᠨ ᠢ ᠬᠢᠵᠠᠭᠠᠷᠯᠠᠬᠤ ᠵᠢᠴᠢ ᠦᠨ᠎ᠡ ᠬᠠᠩᠰᠢ ᠶᠢᠨ ᠭᠠᠭᠴᠠᠭᠠᠷ ᠡᠵᠡᠮᠰᠢᠯ ᠵᠡᠷᠭᠡ ᠭᠠᠭᠴᠠᠭᠠᠷ ᠡᠵᠡᠮᠰᠢᠯ ᠢ | ᠡᠰᠡᠷᠭᠦᠴᠡᠬᠦ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠨ᠎ᠠ᠃ ᠬᠠᠤᠯᠢ ᠪᠤᠰᠤ ᠰᠢᠭᠤᠳ ᠪᠤᠷᠤᠯᠠᠭᠤᠯᠭ᠎ᠠ ᠪᠠ ᠲᠠᠮᠢᠷᠵᠢᠭᠤᠯᠤᠨ ᠪᠤᠷᠤᠯᠠᠭᠤᠯᠬᠤ ᠬᠡᠷᠡᠭ ᠵᠠᠷᠭᠤ ᠶᠢ | ᠪᠠᠶᠢᠴᠠᠭᠠᠨ ᠰᠢᠢᠳᠭᠡᠵᠦ᠂ ᠰᠢᠭᠤᠳ ᠪᠤᠷᠤᠯᠠᠭᠤᠯᠭ᠎ᠠ ᠶᠢᠨ ᠠᠵᠦ ᠠᠬᠤᠶᠢᠯᠠᠯ᠂ ᠰᠢᠭᠤᠳ ᠪᠤᠷᠤᠯᠠᠭᠤᠯᠭ᠎ᠠ ᠶᠢᠨ ᠠᠵᠢᠯᠳᠠᠨ ᠵᠢᠴᠢ ᠪᠤᠷᠤᠯᠠᠭᠤᠯᠭ᠎ᠠ ᠶᠢᠨ | ᠬᠦᠳᠡᠯᠭᠡᠭᠡᠨ ᠢ ᠬᠠᠤᠯᠢ ᠶᠤᠰᠤᠭᠠᠷ ᠬᠢᠨᠠᠨ ᠬᠠᠮᠢᠶᠠᠷᠤᠨ᠎ᠠ᠃ | ᠲᠠᠪᠤ᠂ ᠵᠠᠬ᠎ᠠ ᠲᠡᠯᠭᠡᠭᠦᠷ ᠤᠨ ᠡᠮᠬᠢ ᠲᠢᠭᠯᠢᠮ ᠤᠨ ᠬᠢᠨᠠᠨ ᠬᠠᠮᠢᠶᠠᠷᠤᠯᠳᠠ ᠶᠢ ᠬᠠᠷᠢᠭᠤᠴᠠᠨ᠎ᠠ᠃ ᠵᠠᠬ᠎ᠠ ᠲᠡᠯᠭᠡᠭᠦᠷ ᠤᠨ ᠡᠮᠬᠢ ᠲᠢᠭᠯᠢᠮ ᠢ ᠲᠦᠷᠢᠮᠵᠢᠭᠦᠯᠦᠨ | ᠬᠠᠮᠠᠭᠠᠯᠠᠵᠦ᠂ ᠵᠠᠬ᠎ᠠ ᠲᠡᠯᠭᠡᠭᠦᠷ ᠤᠨ ᠠᠷᠠᠯᠵᠢᠶ᠎ᠠ᠂ ᠰᠦᠯᠵᠢᠶᠡᠨ ᠤ ᠲᠠᠸᠠᠷ ᠤᠨ ᠠᠷᠠᠯᠵᠢᠶ᠎ᠠ ᠵᠢᠴᠢ ᠬᠠᠮᠢᠶ᠎ᠠ ᠪᠦᠬᠦᠢ ᠦᠢᠯᠡᠴᠢᠯᠡᠭᠡᠨ ᠤ ᠠᠵᠢᠯᠯᠠᠭ᠎ᠠ ᠶᠢ ᠬᠠᠤᠯᠢ | ᠶᠤᠰᠤᠭᠠᠷ ᠬᠢᠨᠠᠨ ᠬᠠᠮᠢᠶᠠᠷᠤᠨ᠎ᠠ᠃ ᠦᠨ᠎ᠡ ᠬᠠᠩᠰᠢ ᠶᠢᠨ ᠰᠦᠢᠳᠭᠡᠯ ᠬᠤᠷᠢᠶᠠᠬᠤ ᠬᠠᠤᠯᠢ ᠶᠢ ᠵᠦᠷᠢᠴᠡᠵᠦ ᠲᠤᠭᠳᠠᠭᠠᠯ ᠢ ᠵᠦᠷᠢᠴᠡᠭᠰᠡᠨ᠂ ᠲᠦᠪ ᠪᠤᠰᠤ | ᠦᠷᠢᠰᠦᠯᠳᠦᠭᠡᠨ᠂ ᠲᠠᠸᠠᠷ ᠤᠨ ᠲᠡᠮᠳᠡᠭ ᠤᠨ ᠲᠤᠰᠬᠠᠢ ᠠᠰᠢᠭ ᠤᠨ ᠮᠡᠳᠡᠯᠭᠡ ᠶᠢᠨ ᠦᠮᠴᠢᠯᠡᠯ ᠤᠨ ᠡᠷᠬᠡ ᠪᠠ ᠬᠤᠳᠠᠯ ᠬᠠᠭᠤᠷᠮᠠᠭ ᠴᠢᠨᠠᠷ ᠮᠠᠭᠤᠳᠠᠢ ᠬᠢᠵᠦ | ᠪᠤᠷᠤᠯᠠᠭᠤᠯᠬᠤ ᠡᠷᠬᠡ ᠳᠤ ᠬᠠᠯᠳᠠᠭᠰᠠᠨ ᠠᠵᠢᠯᠯᠠᠭ᠎ᠠ ᠶᠢ ᠪᠠᠶᠢᠴᠠᠭᠠᠨ ᠰᠢᠢᠳᠭᠡᠬᠦ ᠶᠢ ᠵᠤᠬᠢᠶᠠᠨ ᠪᠠᠶᠢᠭᠤᠯᠤᠨ᠎ᠠ᠃ ᠵᠠᠷ ᠮᠡᠳᠡᠭᠡᠨ ᠤ ᠦᠢᠯᠡᠰ ᠤᠨ ᠬᠦᠭᠵᠢᠯᠲᠡ ᠶᠢ | ᠵᠢᠯᠤᠭᠤᠳᠴᠦ᠂ ᠵᠠᠷ ᠮᠡᠳᠡᠭᠡᠨ ᠤ ᠠᠵᠢᠯᠯᠠᠭ᠎ᠠ ᠶᠢ ᠬᠢᠨᠠᠨ ᠬᠠᠮᠢᠶᠠᠷᠤᠨ᠎ᠠ᠃ ᠦᠨᠡᠮᠯᠡᠯ ᠦᠭᠡᠢ ᠪᠠᠷ ᠦᠢᠯᠡᠳᠪᠦᠷᠢᠯᠡᠵᠦ ᠡᠵᠡᠩᠨᠡᠬᠦ ᠪᠠ ᠬᠤᠯᠪᠤᠭᠳᠠᠯ ᠪᠦᠬᠦᠢ ᠦᠨᠡᠮᠯᠡᠯ | ᠦᠭᠡᠢ ᠦᠢᠯᠡᠳᠪᠦᠷᠢᠯᠡᠵᠦ ᠡᠵᠡᠩᠨᠡᠬᠦ ᠠᠵᠢᠯᠯᠠᠭ᠎ᠠ ᠶᠢ ᠪᠠᠶᠢᠴᠠᠭᠠᠨ ᠰᠢᠢᠳᠭᠡᠨ᠎ᠡ᠃ ᠬᠠᠭᠤᠴᠢᠨ ᠪᠠᠷᠭᠤ ᠬᠤᠰᠢᠭᠤᠨ ᠤ ᠬᠡᠷᠡᠭᠯᠡᠭᠴᠢᠳ ᠤᠨ ᠨᠡᠶᠢᠭᠡᠮᠯᠢᠭ ᠢ | ᠵᠢᠯᠤᠭᠤᠳᠤᠨ ᠬᠡᠷᠡᠭᠯᠡᠭᠴᠢᠳ ᠤᠨ ᠡᠷᠬᠡ ᠶᠢ ᠬᠠᠮᠠᠭᠠᠯᠠᠬᠤ ᠠᠵᠢᠯ ᠢ ᠦᠷᠨᠢᠭᠦᠯᠦᠨ᠎ᠡ᠃ | ᠵᠢᠷᠭᠤᠭ᠎ᠠ᠂ ᠴᠢᠨᠠᠷ ᠴᠢᠨᠰᠠᠭᠠᠨ ᠤ ᠬᠠᠮᠢᠶᠠᠷᠤᠯᠳᠠ ᠶᠢ ᠬᠠᠷᠢᠭᠤᠴᠠᠨ᠎ᠠ᠃ ᠶᠠᠰᠤ ᠴᠢᠨᠠᠷ ᠤᠨ ᠬᠦᠭᠵᠢᠯᠲᠡ ᠶᠢᠨ ᠲᠦᠷᠢᠮ ᠠᠷᠭ᠎ᠠ ᠠᠪᠴᠠᠯ ᠢ | ᠲᠤᠭᠤᠷᠪᠢᠬᠤ ᠶᠢᠨ ᠬᠠᠮᠲᠤ ᠬᠡᠷᠡᠭᠵᠢᠭᠦᠯᠵᠦ᠂ ᠨᠡᠷᠡᠲᠦ ᠲᠡᠮᠳᠡᠭᠲᠦ ᠶᠢᠨ ᠬᠦᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠲᠦᠯᠬᠢᠨ ᠠᠬᠢᠭᠤᠯᠤᠨ᠎ᠠ᠃ ᠶᠠᠰᠤ ᠴᠢᠨᠠᠷ ᠤᠨ | ᠰᠠᠭᠤᠷᠢ ᠲᠦᠬᠦᠭᠡᠷᠦᠮᠵᠢ ᠶᠢᠨ ᠪᠠᠶᠢᠭᠤᠯᠤᠯᠳᠠ ᠪᠤᠯᠤᠨ ᠬᠡᠷᠡᠭᠯᠡᠯᠲᠡ ᠶᠢ ᠨᠢᠭᠡᠳᠦᠯᠳᠠᠢ ᠲᠦᠯᠦᠪᠯᠡᠵᠦ᠂ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠳᠤᠷᠠᠨ ᠴᠢᠬᠤᠯᠠ | ᠶᠡᠭᠡ ᠢᠨᠵᠧᠨᠧᠷᠢᠩ ᠤᠨ ᠲᠦᠬᠦᠭᠡᠷᠦᠮᠵᠢ ᠶᠢᠨ ᠶᠠᠰᠤ ᠴᠢᠨᠠᠷ ᠶᠢ ᠬᠢᠨᠠᠨ ᠬᠠᠮᠢᠶᠠᠷᠬᠤ ᠲᠦᠷᠢᠮ ᠢ ᠵᠤᠬᠢᠶᠠᠨ ᠪᠠᠶᠢᠭᠤᠯᠤᠨ ᠬᠡᠷᠡᠭᠵᠢᠭᠦᠯᠵᠦ᠂ ᠶᠠᠰᠤ ᠴᠢᠨᠠᠷ ᠤᠨ | ᠠᠳᠡᠯ ᠤᠨ ᠪᠠᠶᠢᠴᠠᠭᠠᠯᠳᠠ ᠶᠢ ᠵᠤᠬᠢᠶᠠᠨ ᠪᠠᠶᠢᠭᠤᠯᠤᠨ᠂ ᠲᠤᠳᠠᠭᠳᠠᠯ ᠲᠠᠢ ᠦᠢᠯᠡᠳᠬᠦᠨ ᠢ ᠡᠭᠡᠭᠦᠯᠦᠨ ᠬᠤᠷᠢᠶᠠᠬᠤ ᠲᠦᠷᠢᠮ ᠢ ᠵᠤᠬᠢᠶᠠᠨ ᠪᠠᠶᠢᠭᠤᠯᠤᠨ ᠬᠡᠷᠡᠭᠵᠢᠭᠦᠯᠵᠦ | ᠂ ᠦᠢᠯᠡᠳᠬᠦᠨ ᠤ ᠬᠠᠭᠤᠷᠮᠠᠭ ᠠᠴᠠ ᠰᠡᠷᠭᠡᠶᠢᠯᠡᠬᠦ ᠠᠵᠢᠯ ᠢ ᠬᠢᠨᠠᠨ ᠬᠠᠮᠢᠶᠠᠷᠤᠨ᠎ᠠ᠃ | ᠲᠤᠯᠤᠭ᠎ᠠ᠂ ᠪᠦᠳᠦᠭᠡᠭᠳᠡᠭᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠨ ᠬᠠᠮᠢᠠᠶ᠋ᠷᠤᠯᠳᠠ ᠶᠢ ᠬᠠᠷᠢᠭᠤᠴᠠᠨ᠎ᠠ᠃ ᠪᠦᠳᠦᠭᠡᠭᠳᠡᠭᠦᠨ ᠤ ᠶᠠᠰᠤ | ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢ ᠬᠢᠨᠠᠨ ᠡᠵᠡᠮᠳᠡᠬᠦ᠂ ᠬᠢᠨᠠᠯᠲᠠ ᠲᠠᠯᠪᠢᠨ ᠰᠤᠭᠤᠴᠢᠨ ᠪᠠᠶᠢᠴᠠᠭᠠᠬᠤ ᠠᠵᠢᠯ ᠢ ᠬᠠᠮᠢᠶᠠᠷᠴᠦ᠂ ᠪᠦᠬᠦ ᠬᠤᠰᠢᠭᠤᠨ ᠤ | ᠪᠦᠳᠦᠭᠡᠭᠳᠡᠭᠦᠨ ᠤ ᠶᠠᠰᠤ ᠴᠢᠨᠠᠷ ᠲᠤ ᠬᠢᠨᠠᠯᠲᠠ ᠲᠠᠯᠪᠢᠨ ᠰᠤᠭᠤᠴᠢᠨ ᠪᠠᠶᠢᠴᠠᠭᠠᠬᠤ ᠲᠦᠯᠦᠪᠯᠡᠭᠡ ᠶᠢ ᠨᠢᠭᠡᠳᠦᠯᠳᠠᠢ ᠨᠠᠶᠢᠷᠠᠭᠤᠯᠤᠨ ᠵᠤᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ ᠶᠠᠰᠤ ᠴᠢᠨᠠᠷ ᠤᠨ ᠲᠡᠰ ᠬᠤᠪᠢᠶᠠᠬᠤ ᠲᠦᠷᠢᠮ᠂ ᠶᠠᠰᠤ ᠴᠢᠨᠠᠷ ᠤᠨ ᠠᠮᠤᠷ ᠲᠦᠪᠰᠢᠨ ᠤ ᠮᠦᠷᠳᠡᠬᠦ ᠲᠦᠷᠢᠮ ᠢ ᠵᠤᠬᠢᠶᠠᠨ ᠪᠠᠶᠢᠭᠤᠯᠤᠨ | ᠬᠡᠷᠡᠭᠵᠢᠭᠦᠯᠬᠦ ᠶᠢ ᠬᠠᠷᠢᠭᠤᠴᠠᠨ᠎ᠠ᠃ ᠰᠢᠷᠬᠡᠭ ᠤᠨ ᠶᠠᠰᠤ ᠴᠢᠨᠠᠷ ᠲᠤ ᠬᠢᠨᠠᠯᠳᠠ ᠲᠠᠯᠪᠢᠬᠤ ᠠᠵᠢᠯ ᠢ ᠬᠠᠷᠢᠭᠤᠴᠠᠨ᠎ᠠ᠃ | ᠨᠠᠢᠮᠠ᠂ ᠤᠨᠴᠠ ᠲᠦᠬᠦᠭᠡᠷᠦᠮᠵᠢ ᠶᠢᠨ ᠠᠮᠤᠷ ᠲᠦᠪᠰᠢᠨ ᠤ ᠬᠢᠨᠠᠨ ᠬᠠᠮᠢᠶᠠᠷᠤᠯᠳᠠ ᠶᠢ ᠬᠠᠷᠢᠭᠤᠴᠠᠨ᠎ᠠ᠃ ᠤᠨᠴᠠ ᠲᠦᠬᠦᠭᠡᠷᠦᠮᠵᠢ ᠶᠢᠨ ᠠᠮᠤᠷ ᠲᠦᠪᠰᠢᠨ ᠢ | ᠬᠢᠨᠠᠨ ᠪᠠᠶᠢᠴᠠᠭᠠᠬᠤ᠂ ᠬᠢᠨᠠᠯᠲᠠ ᠲᠠᠯᠪᠢᠬᠤ ᠠᠵᠢᠯ ᠢ ᠶᠡᠷᠦᠩᠬᠡᠶᠢᠯᠡᠨ ᠬᠠᠮᠢᠶᠠᠷᠴᠦ᠂ ᠡᠨᠧᠷᠬᠢ ᠶᠢᠨ ᠦᠨᠳᠦᠷ ᠬᠤᠷᠤᠭᠳᠠᠯᠲᠤ ᠤᠨᠴᠠ ᠲᠦᠬᠦᠭᠡᠷᠦᠮᠵᠢ ᠶᠢᠨ ᠡᠨᠧᠷᠬᠢ | ᠠᠷᠪᠢᠯᠠᠬᠤ ᠪᠠᠷᠢᠮᠵᠢᠶ᠎ᠠ ᠪᠠ ᠵᠤᠤᠬ᠎ᠠ ᠶᠢᠨ ᠤᠷᠴᠢᠨ ᠲᠤᠭᠤᠷᠢᠨ ᠢ ᠬᠠᠮᠠᠭᠠᠯᠠᠬᠤ ᠪᠠᠷᠢᠮᠵᠢᠶ᠎ᠠ ᠶᠢ ᠬᠡᠷᠡᠭᠵᠢᠭᠦᠯᠦᠭᠰᠡᠨ ᠪᠠᠶᠢᠳᠠᠯ ᠢ ᠬᠢᠨᠠᠨ ᠪᠠᠶᠢᠴᠠᠭᠠᠨ᠎ᠠ᠃ | ᠶᠢᠰᠦ᠂ ᠢᠳᠡᠭᠡᠨ ᠤ ᠠᠮᠤᠷ ᠲᠦᠪᠰᠢᠨ ᠤ ᠬᠢᠨᠠᠨ ᠬᠠᠮᠢᠶᠠᠷᠤᠯᠳᠠ ᠶᠢᠨ ᠶᠡᠷᠦᠩᠬᠡᠶᠢᠯᠡᠨ ᠵᠤᠬᠢᠴᠠᠭᠤᠯᠬᠤ ᠶᠢ ᠬᠠᠷᠢᠭᠤᠴᠠᠨ᠎ᠠ᠃ ᠢᠳᠡᠭᠡᠨ ᠤ ᠠᠮᠤᠷ | ᠲᠦᠪᠰᠢᠨ ᠤ ᠲᠦᠷᠦ ᠶᠢᠨ ᠪᠤᠳᠤᠯᠭ᠎ᠠ ᠶᠢ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠢᠳᠡᠭᠡᠨ ᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠬᠤ | ᠲᠤᠭᠳᠠᠯᠴᠠᠭ᠎ᠠ ᠶᠢᠨ ᠪᠠᠶᠢᠭᠤᠯᠤᠯᠳᠠ ᠶᠢ ᠬᠠᠷᠢᠭᠤᠴᠠᠵᠦ᠂ ᠭᠡᠴᠡᠭᠦᠣ ᠶᠡᠭᠡ ᠢᠳᠡᠭᠡᠨ ᠤ ᠠᠮᠤᠷ ᠲᠦᠪᠰᠢᠨ ᠤ ᠬᠡᠷᠡᠭ ᠢ ᠪᠠᠴᠢᠮ ᠰᠢᠢᠳᠪᠦᠷᠢᠯᠡᠬᠦ ᠪᠠ ᠪᠠᠶᠢᠴᠠᠭᠠᠨ | ᠰᠢᠢᠳᠪᠦᠷᠢᠯᠡᠬᠦ ᠠᠵᠢᠯ ᠢ ᠦᠷᠨᠢᠭᠦᠯᠦᠨ᠎ᠡ᠃ ᠢᠳᠡᠭᠡᠨ ᠤ ᠠᠮᠤᠷ ᠲᠦᠪᠰᠢᠨ ᠤ ᠴᠢᠬᠤᠯᠠ ᠶᠡᠭᠡ ᠰᠤᠷᠠᠭ ᠵᠠᠩᠬᠢ ᠶᠢ ᠰᠢᠭᠤᠳ ᠮᠡᠳᠡᠭᠦᠯᠬᠦ ᠲᠦᠷᠢᠮ ᠢ | ᠨᠠᠶᠢᠳᠠᠪᠤᠷᠢᠵᠢᠭᠤᠯᠤᠨ᠎ᠠ᠃ ᠬᠠᠭᠤᠴᠢᠨ ᠪᠠᠷᠭᠤ ᠬᠤᠰᠢᠭᠤᠨ ᠤ ᠢᠳᠡᠭᠡᠨ ᠤ ᠠᠮᠤᠷ ᠲᠦᠪᠰᠢᠨ ᠤ ᠵᠦᠪᠯᠡᠯ ᠤᠨ ᠡᠳᠦᠷ ᠲᠤᠳᠤᠮ ᠤᠨ ᠠᠵᠢᠯ ᠢ ᠡᠭᠦᠷᠭᠡᠯᠡᠨ᠎ᠡ᠃ | ᠠᠷᠪᠠ᠂ ᠢᠳᠡᠭᠡᠨ ᠤ ᠠᠮᠤᠷ ᠲᠦᠪᠰᠢᠨ ᠤ ᠬᠢᠨᠠᠨ ᠬᠠᠮᠢᠶᠠᠷᠤᠯᠳᠠ ᠶᠢ ᠬᠠᠷᠢᠭᠤᠴᠠᠨ᠎ᠠ᠃ ᠢᠳᠡᠭᠡᠨ ᠤ ᠦᠢᠯᠡᠳᠪᠦᠷᠢᠯᠡᠯ᠂ ᠡᠵᠡᠩᠨᠡᠬᠦ ᠶᠠᠪᠤᠴᠠ ᠶᠢ | ᠬᠠᠮᠤᠷᠠᠭᠰᠠᠨ ᠬᠢᠨᠠᠨ ᠪᠠᠶᠢᠴᠠᠭᠠᠬᠤ ᠲᠦᠷᠢᠮ ᠪᠠ ᠲᠠᠯᠳᠠ ᠭᠡᠮ ᠢ ᠰᠢᠰᠲ᠋ᠧᠮ ᠲᠠᠢ ᠪᠠᠶᠢᠴᠠᠭᠠᠨ ᠵᠠᠰᠠᠬᠤ ᠲᠤᠭᠳᠠᠴᠠ ᠢ ᠪᠠᠶᠢᠭᠤᠯᠬᠤ ᠶᠢᠨ ᠬᠠᠮᠲᠤ ᠵᠤᠬᠢᠶᠠᠨ | ᠪᠠᠶᠢᠭᠤᠯᠤᠨ ᠬᠡᠷᠡᠭᠵᠢᠭᠦᠯᠵᠦ᠂ ᠤᠷᠤᠨ ᠪᠦᠰᠡ ᠶᠢᠨ ᠴᠢᠨᠠᠷᠳᠠᠢ᠂ ᠰᠢᠰᠲ᠋ᠧᠮᠲᠦ ᠴᠢᠨᠠᠷᠳᠠᠢ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠨ᠎ᠠ᠃ | ᠢᠳᠡᠭᠡᠨ ᠤ ᠦᠢᠯᠡᠳᠪᠦᠷᠢᠯᠡᠭᠴᠢ ᠡᠵᠡᠩᠨᠡᠭᠴᠢᠳ ᠤᠨ ᠭᠤᠤᠯ ᠴᠤᠭᠴᠠᠲᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠢᠳᠡᠭᠡᠨ ᠤ ᠠᠮᠤᠷ ᠲᠦᠪᠰᠢᠨ ᠤ ᠮᠦᠷᠳᠡᠭᠦ | ᠲᠤᠭᠳᠠᠯᠴᠠᠭ᠎ᠠ ᠶᠢ ᠪᠦᠷᠢᠨᠰᠢᠭᠦᠯᠬᠦ ᠶᠢ ᠲᠦᠯᠬᠢᠨ ᠠᠬᠢᠭᠤᠯᠤᠨ᠎ᠠ᠃ ᠢᠳᠡᠭᠡᠨ ᠤ ᠠᠮᠤᠷ ᠲᠦᠪᠰᠢᠨ ᠢ ᠬᠢᠨᠠᠯᠲᠠ ᠲᠠᠯᠪᠢᠨ ᠰᠤᠭᠤᠴᠢᠨ ᠪᠠᠶᠢᠴᠠᠭᠠᠬᠤ᠂ | ᠲᠦᠭᠰᠢᠭᠦᠷᠢ ᠶᠢ ᠬᠢᠨᠠᠨ ᠬᠡᠮᠵᠢᠬᠦ᠂ ᠬᠠᠷᠭᠤᠭᠤᠯᠤᠨ ᠪᠠᠶᠢᠴᠠᠭᠠᠵᠦ ᠰᠢᠢᠳᠭᠡᠬᠦ ᠪᠠ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ᠂ ᠲᠦᠭᠰᠢᠭᠦᠷᠢ ᠶᠢ ᠰᠡᠷᠭᠡᠶᠢᠯᠡᠬᠦ | ᠲᠤᠷᠰᠢᠯᠭ᠎ᠠ ᠪᠠᠨ ᠰᠤᠯᠢᠯᠴᠠᠬᠤ ᠠᠵᠢᠯ ᠢ ᠵᠤᠬᠢᠶᠠᠨ ᠪᠠᠶᠢᠭᠤᠯᠤᠨ ᠦᠷᠨᠢᠭᠦᠯᠦᠨ᠎ᠡ᠃ ᠢᠳᠡᠭᠡᠨ ᠤ ᠲᠠᠪᠤᠰᠤᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠨ | ᠬᠠᠮᠢᠶᠠᠷᠤᠯᠳᠠ ᠪᠠ ᠤᠨᠴᠠ ᠢᠳᠡᠭᠡᠨ ᠤ ᠬᠢᠨᠠᠨ ᠬᠠᠮᠢᠶᠠᠷᠤᠯᠳᠠ ᠵᠡᠷᠭᠡ ᠠᠵᠢᠯ ᠢ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ᠠᠷᠪᠠᠨ ᠨᠢᠭᠡ᠂ ᠡᠮ ᠤᠨ ᠵᠦᠢᠯᠡᠰ ︵ ᠬᠢᠳᠡᠳ ᠡᠮ᠂ ᠦᠨᠳᠦᠰᠦᠳᠡᠨ ᠤ ᠡᠮ᠂ ᠲᠤᠷᠤᠭᠰᠢ ᠪᠠᠨ ᠠᠳᠠᠯᠢ︶᠂ ᠡᠮᠴᠢᠯᠡᠭᠡᠨ ᠤ ᠮᠠᠰᠢᠨ ᠪᠠᠭᠠᠵᠢ ᠪᠠ ᠵᠠᠰᠠᠯ | ᠴᠢᠮᠡᠭ ᠤᠨ ᠡᠳ᠋ ᠤᠨ ᠠᠮᠤᠷ ᠲᠦᠪᠰᠢᠨ ᠤ ᠬᠢᠨᠠᠨ ᠬᠠᠮᠢᠶᠠᠷᠤᠯᠳᠠ ᠶᠢᠨ ᠲᠦᠷᠦ ᠶᠢᠨ ᠪᠤᠳᠤᠯᠭ᠎ᠠ ᠪᠠ ᠪᠠᠷᠢᠮᠵᠢᠶ᠎ᠠ ᠶᠢ ᠲᠤᠤᠱᠯᠭᠤᠯᠤᠨ ᠬᠡᠷᠡᠭᠵᠢᠭᠦᠯᠦᠨ᠎ᠡ᠃ ᠬᠢᠨᠠᠨ | ᠬᠠᠮᠢᠶᠠᠷᠬᠤ ᠲᠦᠷᠦ ᠶᠢᠨ ᠪᠤᠳᠤᠯᠭ᠎ᠠ ᠶᠢᠨ ᠲᠦᠯᠦᠪᠵᠢᠭᠦᠯᠭᠡ ᠶᠢ ᠲᠤᠭᠤᠷᠪᠢᠨ ᠲᠤᠭᠳᠠᠭᠠᠵᠤ᠂ ᠰᠠᠯᠠᠭ᠎ᠠ ᠮᠦᠴᠢᠷ ᠤᠨ ᠬᠢᠨᠠᠨ ᠬᠠᠮᠢᠶᠠᠷᠬᠤ ᠲᠦᠷᠢᠮ ᠢ | ᠲᠤᠭᠳᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠡᠮ ᠤᠨ ᠵᠦᠢᠯᠡᠰ᠂ ᠡᠮᠴᠢᠯᠡᠭᠡᠨ ᠤ ᠮᠠᠰᠢᠨ ᠪᠠᠭᠠᠵᠢ ᠪᠠ ᠵᠠᠰᠠᠯ ᠴᠢᠮᠡᠭ ᠤᠨ ᠡᠳ᠋ ᠤᠨ | ᠪᠠᠷᠢᠮᠵᠢᠶᠠᠲᠤ ᠬᠠᠮᠢᠶᠠᠷᠤᠯᠳᠠ ᠳᠤ ᠤᠷᠤᠯᠴᠠᠨ᠎ᠠ᠃ ᠡᠮ ᠤᠨ ᠵᠦᠢᠯᠡᠰ᠂ ᠡᠮᠴᠢᠯᠡᠭᠡᠨ ᠤ ᠮᠠᠰᠢᠨ ᠪᠠᠭᠠᠵᠢ ᠪᠠ ᠵᠠᠰᠠᠯ ᠴᠢᠮᠡᠭ ᠤᠨ ᠡᠳ᠋ ᠤᠨ ᠪᠠᠷᠢᠮᠵᠢᠶ᠎ᠠ ᠪᠠ ᠲᠦᠷᠦᠯ | ᠬᠤᠪᠢᠶᠠᠨ ᠬᠠᠮᠢᠶᠠᠷᠬᠤ ᠲᠦᠷᠢᠮ ᠢ ᠬᠡᠷᠡᠭᠵᠢᠭᠦᠯᠬᠦ ᠳᠤ ᠬᠠᠮᠵᠢᠯᠴᠠᠨ ᠬᠢᠨᠠᠯᠲᠠ ᠲᠠᠯᠪᠢᠨ᠂ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠵᠢᠯᠴᠠᠨ ᠤᠯᠤᠰ ᠤᠨ | ᠦᠨᠳᠦᠰᠦᠨ ᠡᠮ ᠤᠨ ᠵᠦᠢᠯᠡᠰ ᠤᠨ ᠲᠦᠷᠢᠮ ᠢ ᠬᠡᠷᠡᠭᠵᠢᠭᠦᠯᠦᠨ᠎ᠡ᠃ ᠡᠮ ᠤᠨ ᠵᠦᠢᠯᠡᠰ᠂ ᠡᠮᠴᠢᠯᠡᠭᠡᠨ ᠤ ᠮᠠᠰᠢᠨ ᠪᠠᠭᠠᠵᠢ ᠪᠠ ᠵᠠᠰᠠᠯ ᠴᠢᠮᠡᠭ ᠤᠨ ᠡᠳ᠋ ᠦᠨᠶᠠᠰᠤ | ᠴᠢᠨᠠᠷ ᠤᠨ ᠬᠢᠨᠠᠨ ᠬᠠᠮᠢᠶᠠᠷᠤᠯᠳᠠ ᠶᠢ ᠬᠠᠷᠢᠭᠤᠴᠠᠨ᠎ᠠ᠃ ᠡᠮ ᠤᠨ ᠵᠦᠢᠯᠡᠰ᠂ ᠡᠮᠴᠢᠯᠡᠭᠡᠨ ᠤ ᠮᠠᠰᠢᠨ ᠪᠠᠭᠠᠵᠢ ᠶᠢᠨ ᠡᠵᠡᠩᠨᠡᠯᠲᠡ ᠶᠢᠨ ᠶᠠᠰᠤ ᠴᠢᠨᠠᠷ ᠤᠨ | ᠬᠠᠮᠢᠶᠠᠷᠤᠯᠳᠠ ᠶᠢᠨ ᠲᠦᠷᠢᠮᠵᠢᠯᠡᠯ ᠪᠠ ᠡᠮᠴᠢᠯᠡᠭᠡᠨ ᠤ ᠮᠠᠰᠢᠨ ᠪᠠᠭᠠᠵᠢ ᠶᠢ ᠬᠡᠷᠡᠭᠯᠡᠬᠦ ᠶᠠᠰᠤ ᠴᠢᠨᠠᠷ ᠤᠨ ᠬᠠᠮᠢᠶᠠᠷᠤᠯᠳᠠ ᠶᠢᠨ ᠠᠷᠭ᠎ᠠ ᠠᠪᠴᠠᠯ ᠢ ᠬᠢᠨᠠᠯᠲᠠ ᠲᠠᠯᠪᠢᠨ | ᠬᠡᠷᠡᠭᠵᠢᠭᠦᠯᠦᠨ᠎ᠡ᠃ ᠵᠠᠰᠠᠯ ᠴᠢᠮᠡᠭ ᠤᠨ ᠡᠳ᠋ ᠢ ᠡᠵᠡᠩᠨᠡᠬᠦ᠂ ᠬᠡᠷᠡᠭᠯᠡᠬᠡᠨ ᠤ ᠡᠷᠡᠭᠦᠯ ᠬᠠᠮᠠᠭᠠᠯᠠᠯ ᠤᠨ ᠪᠠᠷᠢᠮᠵᠢᠶ᠎ᠠ ᠪᠠ ᠮᠡᠷᠭᠡᠵᠢᠯ ᠤᠨ ᠲᠦᠷᠢᠮᠵᠢᠯᠡᠯ ᠢ ᠬᠢᠨᠠᠯᠲᠠ | ᠲᠠᠯᠪᠢᠨ ᠬᠡᠷᠡᠭᠵᠢᠭᠦᠯᠦᠨ᠎ᠡ᠃ | ᠠᠷᠪᠠᠨ ᠬᠤᠶᠠᠷ᠂ ᠡᠮ ᠤᠨ ᠵᠦᠢᠯᠡᠰ᠂ ᠡᠮᠴᠢᠯᠡᠭᠡᠨ ᠤ ᠮᠠᠰᠢᠨ ᠪᠠᠭᠠᠵᠢ ᠪᠠ ᠵᠠᠰᠠᠯ ᠴᠢᠮᠡᠭ ᠤᠨ ᠡᠳ᠋ ᠤᠨ ᠵᠠᠬ᠎ᠠ ᠲᠡᠯᠭᠡᠭᠦᠷ ᠲᠤ ᠭᠠᠷᠤᠭᠰᠠᠨ ᠤ ᠲᠠᠷᠠᠭᠠᠬᠢ | ᠲᠦᠭᠰᠢᠭᠦᠷᠢ ᠶᠢᠨ ᠬᠠᠮᠢᠶᠠᠷᠤᠯᠳᠠ ᠶᠢ ᠬᠠᠷᠢᠭᠤᠴᠠᠨ᠎ᠠ᠃ ᠡᠮ ᠤᠨ ᠵᠦᠢᠯᠡᠰ ᠤᠨ ᠡᠷᠡᠭᠦᠯ ᠪᠤᠰᠤ ᠢᠯᠡᠷᠡᠯ᠂ ᠡᠮ ᠢ ᠲᠤᠷ᠎ᠠ ᠪᠠᠷ ᠬᠡᠷᠡᠭᠯᠡᠬᠦ᠂ ᠡᠮ ᠡᠮᠨᠡᠯᠭᠡ ᠶᠢᠨ | ᠮᠠᠰᠢᠨ ᠪᠠᠭᠠᠵᠢ ᠶᠢᠨ ᠡᠷᠡᠭᠦᠯ ᠪᠤᠰᠤ ᠬᠡᠷᠡᠭ ᠶᠠᠪᠤᠳᠠᠯ ᠪᠠ ᠵᠠᠰᠠᠯ ᠴᠢᠮᠡᠭ ᠤᠨ ᠡᠳ᠋ ᠤᠨ ᠡᠷᠡᠭᠦᠯ ᠪᠤᠰᠤ ᠢᠯᠡᠷᠡᠯ ᠢ ᠬᠢᠨᠠᠨ ᠬᠡᠮᠵᠢᠬᠦ᠂ ᠦᠨᠡᠯᠡᠬᠦ ᠪᠠ ᠰᠢᠢᠳᠪᠦᠷᠢᠯᠡᠬᠦ | ᠠᠵᠢᠯ ᠢ ᠵᠤᠬᠢᠶᠠᠨ ᠪᠠᠶᠢᠭᠤᠯᠤᠨ ᠦᠷᠨᠢᠭᠦᠯᠦᠨ᠎ᠡ᠃ ᠡᠮ ᠤᠨ ᠵᠦᠢᠯᠡᠰ᠂ ᠡᠮᠴᠢᠯᠡᠭᠡᠨ ᠤ ᠮᠠᠰᠢᠨ ᠪᠠᠭᠠᠵᠢ ᠪᠠ ᠵᠠᠰᠠᠯ ᠴᠢᠮᠡᠭ ᠤᠨ ᠡᠳ᠋ ᠤᠨ ᠠᠮᠤᠷ ᠲᠦᠪᠰᠢᠨ ᠤ | ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠳᠠ ᠶᠢᠨ ᠠᠵᠢᠯ ᠢ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ᠠᠷᠪᠠᠨ ᠭᠤᠷᠪᠠ᠂ ᠡᠮ ᠤᠨ ᠵᠦᠢᠯᠡᠰ᠂ ᠡᠮᠴᠢᠯᠡᠭᠡᠨ ᠤ ᠮᠠᠰᠢᠨ ᠪᠠᠭᠠᠵᠢ ᠪᠠ ᠵᠠᠰᠠᠯ ᠴᠢᠮᠡᠭ ᠤᠨ ᠡᠳ᠋ ᠤᠨ ᠬᠢᠨᠠᠨ ᠪᠠᠶᠢᠴᠠᠭᠠᠯᠳᠠ ᠶᠢ ᠵᠤᠬᠢᠶᠠᠨ ᠪᠠᠶᠢᠭᠤᠯᠤᠨ | ᠬᠡᠷᠡᠭᠵᠢᠭᠦᠯᠬᠦ ᠶᠢ ᠬᠠᠷᠢᠭᠤᠴᠠᠨ᠎ᠠ᠃ ᠪᠠᠶᠢᠴᠠᠭᠠᠬᠤ ᠲᠦᠷᠢᠮ ᠢ ᠲᠤᠭᠳᠠᠭᠠᠨ᠂ ᠡᠮ ᠤᠨ ᠵᠦᠢᠯᠡᠰ᠂ ᠡᠮᠴᠢᠯᠡᠭᠡᠨ ᠤ ᠮᠠᠰᠢᠨ ᠪᠠᠭᠠᠵᠢ ᠪᠠ ᠵᠠᠰᠠᠯ ᠴᠢᠮᠡᠭ ᠤᠨ ᠡᠳ᠋ ᠤᠨ | ᠡᠵᠡᠩᠨᠡᠯᠲᠡ᠂ ᠬᠡᠷᠡᠭᠯᠡᠭᠡᠨ ᠤ ᠭᠤᠭᠴᠤᠭᠠᠨ ᠤ ᠬᠠᠤᠯᠢ ᠶᠢ ᠵᠦᠷᠢᠴᠡᠭᠰᠡᠨ ᠠᠵᠢᠯᠯᠠᠭ᠎ᠠ ᠶᠢ ᠬᠠᠤᠯᠢ ᠶᠤᠰᠤᠭᠠᠷ ᠪᠠᠶᠢᠴᠠᠭᠠᠨ ᠰᠢᠢᠳᠭᠡᠵᠦ᠂ ᠠᠰᠠᠭᠤᠳᠠᠯ ᠲᠠᠢ | ᠪᠦᠳᠦᠭᠡᠭᠳᠡᠬᠦᠨ ᠢ ᠪᠤᠴᠠᠭᠠᠨ ᠬᠤᠷᠢᠶᠠᠬᠤ ᠪᠠ ᠰᠢᠢᠳᠪᠦᠷᠢᠯᠡᠬᠦ ᠲᠦᠷᠢᠮ ᠢ ᠬᠢᠨᠠᠨ ᠬᠡᠷᠡᠭᠵᠢᠭᠦᠯᠦᠨ᠎ᠡ᠃ | ᠠᠷᠪᠠᠨ ᠲᠦᠷᠪᠡ᠂ ᠨᠢᠭᠡᠳᠦᠯᠳᠠᠢ ᠬᠠᠮᠢᠶᠠᠷᠴᠦ ᠬᠡᠮᠵᠢᠬᠦ ᠠᠵᠢᠯ ᠢ ᠬᠠᠷᠢᠭᠤᠴᠠᠨ᠎ᠠ᠃ ᠤᠯᠤᠰ ᠤᠨ ᠬᠡᠮᠵᠢᠯᠲᠠ ᠶᠢᠨ ᠲᠦᠷᠢᠮ ᠢ ᠨᠠᠶᠢᠳᠠᠪᠤᠷᠢᠵᠢᠭᠤᠯᠵᠦ | ᠬᠠᠤᠯᠢ ᠳᠤ ᠲᠤᠭᠳᠠᠭᠰᠠᠨ ᠬᠡᠮᠵᠢᠯᠲᠡ ᠶᠢᠨ ᠨᠢᠭᠡᠴᠡ ᠶᠢ ᠬᠡᠷᠡᠭᠵᠢᠭᠦᠯᠵᠦ᠂ ᠬᠡᠮᠵᠢᠭᠦᠷ ᠪᠠᠭᠠᠵᠢ ᠪᠤᠯᠤᠨ ᠬᠡᠮᠵᠢᠶ᠎ᠡ ᠶᠢ ᠲᠠᠮᠵᠢᠭᠤᠯᠬᠤ ᠪᠠ ᠠᠳᠠᠯᠢᠳᠬᠠᠬᠤ ᠠᠵᠢᠯ ᠢ | ᠬᠠᠮᠢᠶᠠᠷᠤᠨ᠎ᠠ᠃ ᠲᠠᠸᠠᠷ ᠤᠨ ᠬᠡᠮᠵᠢᠶ᠎ᠡ ᠪᠠ ᠵᠠᠬ᠎ᠠ ᠲᠡᠯᠭᠡᠭᠦᠷ ᠤᠨ ᠬᠡᠮᠵᠢᠯᠲᠡ ᠶᠢᠨ ᠠᠵᠢᠯᠯᠠᠭ᠎ᠠ ᠶᠢ ᠬᠢᠨᠠᠯᠲᠠ ᠲᠠᠯᠪᠢᠨ᠎ᠠ᠃ | ᠠᠷᠪᠠᠨ ᠲᠠᠪᠤ᠂ ᠪᠦᠬᠦ ᠬᠤᠰᠢᠭᠤᠨ ᠤ ᠪᠠᠷᠢᠮᠵᠢᠶᠠᠵᠢᠭᠰᠠᠨ ᠠᠵᠢᠯ ᠢ ᠨᠢᠭᠡᠳᠦᠯᠳᠠᠢ ᠬᠠᠮᠢᠶᠠᠷᠬᠤ ᠪᠠ ᠵᠢᠯᠤᠭᠤᠳᠬᠤ ᠶᠢ ᠬᠠᠷᠢᠭᠤᠴᠠᠨ᠎ᠠ᠃ ᠤᠷᠤᠨ | ᠨᠤᠲᠤᠭ ᠤᠨ ᠪᠠᠷᠢᠮᠵᠢᠶ᠎ᠠ ᠶᠢᠨ ᠲᠦᠷᠦᠯ ᠵᠦᠢᠯ ᠪᠠᠶᠢᠭᠤᠯᠬᠤ᠂ ᠳ᠋ᠤᠭᠠᠷᠯᠠᠬᠤ᠂ ᠨᠡᠶᠢᠳᠡᠯᠡᠬᠦ ᠠᠵᠢᠯ ᠢ ᠬᠠᠤᠯᠢ ᠶᠤᠰᠤᠭᠠᠷ ᠡᠭᠦᠷᠭᠡᠯᠡᠨ᠎ᠡ᠃ ᠤᠯᠤᠰ ᠤᠨ ᠪᠠᠷᠢᠮᠵᠢᠶ᠎ᠠ᠂ | ᠠᠵᠢᠯ ᠲᠦᠷᠦᠯ ᠤᠨ ᠪᠠᠷᠢᠮᠵᠢᠶ᠎ᠠ᠂ ᠤᠷᠤᠨ ᠨᠤᠲᠤᠭ ᠤᠨ ᠪᠠᠷᠢᠮᠵᠢᠶ᠎ᠠ ᠶᠢᠨ ᠬᠡᠷᠡᠭᠵᠢᠭᠦᠯᠬᠦ ᠰᠤᠷᠠᠭ ᠵᠠᠩᠬᠢ ᠶᠢᠨ ᠲᠤᠰᠬᠠᠯᠲᠠ ᠪᠠ ᠦᠨᠡᠯᠡᠨ ᠵᠢᠱᠢᠬᠦ ᠠᠵᠢᠯ ᠢ | ᠵᠤᠬᠢᠶᠠᠨ ᠪᠠᠶᠢᠭᠤᠯᠤᠨ ᠦᠷᠨᠢᠭᠦᠯᠤᠨ᠎ᠡ᠃ ᠪᠦᠯᠬᠦᠮ ᠤᠨ ᠪᠠᠷᠢᠮᠵᠢᠶ᠎ᠠ᠂ ᠠᠵᠦ ᠠᠬᠤᠶᠢᠯᠠᠯ ᠤᠨ ᠪᠠᠷᠢᠮᠵᠢᠶ᠎ᠠ ᠶᠢ ᠲᠤᠭᠳᠠᠭᠠᠬᠤ ᠠᠵᠢᠯ ᠢ ᠬᠠᠤᠯᠢ ᠶᠤᠰᠤᠭᠠᠷ | ᠵᠤᠬᠢᠴᠠᠭᠤᠯᠤᠨ ᠵᠢᠯᠤᠭᠤᠳᠬᠤ ᠪᠠ ᠬᠢᠨᠠᠯᠲᠠ ᠲᠠᠯᠪᠢᠨ᠎ᠠ᠃ | ᠠᠷᠪᠠᠨ ᠵᠢᠷᠭᠤᠭ᠎ᠠ᠂ ᠬᠢᠨᠠᠨ ᠰᠢᠯᠭᠠᠬᠤ ᠬᠢᠨᠠᠨ ᠬᠡᠮᠵᠢᠬᠦ ᠠᠵᠢᠯ ᠢ ᠨᠢᠭᠡᠳᠦᠯᠳᠠᠢ ᠬᠠᠮᠢᠶᠠᠷᠬᠤ ᠶᠢ ᠬᠠᠷᠢᠭᠤᠴᠠᠨ᠎ᠠ᠃ ᠬᠢᠨᠠᠨ ᠰᠢᠯᠭᠠᠬᠤ ᠬᠢᠨᠠᠨ ᠬᠡᠮᠵᠢᠬᠦ | ᠪᠠᠶᠢᠭᠤᠯᠤᠮᠵᠢ ᠶᠢᠨ ᠦᠭᠡᠷᠡᠴᠢᠯᠡᠯᠲᠡ ᠶᠢ ᠲᠦᠯᠬᠢᠨ ᠠᠬᠢᠭᠤᠯᠵᠦ᠂ ᠬᠢᠨᠠᠨ ᠰᠢᠯᠭᠠᠬᠤ ᠬᠢᠨᠠᠨ ᠬᠡᠮᠵᠢᠬᠦ ᠵᠠᠬ᠎ᠠ ᠲᠡᠯᠭᠡᠭᠦᠷ ᠢ ᠲᠦᠷᠢᠮᠵᠢᠭᠦᠯᠦᠨ᠂ ᠬᠢᠨᠠᠨ ᠰᠢᠯᠭᠠᠬᠤ ᠬᠢᠨᠠᠨ | ᠬᠡᠮᠵᠢᠬᠦ ᠲᠤᠭᠳᠠᠯᠴᠠᠭ᠎ᠠ ᠶᠢ ᠲᠡᠭᠦᠯᠳᠡᠷᠵᠢᠭᠦᠯᠦᠨ᠂ ᠬᠢᠨᠠᠨ ᠰᠢᠯᠭᠠᠬᠤ ᠬᠢᠨᠠᠨ ᠬᠡᠮᠵᠢᠬᠦ ᠠᠵᠢᠯ ᠲᠦᠷᠦᠯ ᠤᠨ ᠬᠦᠭᠵᠢᠯᠲᠡ ᠶᠢ ᠵᠢᠯᠤᠭᠤᠳᠤᠨ ᠵᠤᠬᠢᠴᠠᠭᠤᠯᠤᠨ᠎ᠠ᠃ | ᠠᠷᠪᠠᠨ ᠲᠤᠯᠤᠭ᠎ᠠ᠂ ᠪᠦᠬᠦ ᠬᠤᠰᠢᠭᠤᠨ ᠤ ᠭᠡᠷᠡᠴᠢᠯᠡᠬᠦ ᠠᠵᠢᠯ ᠢ ᠨᠢᠭᠡᠳᠦᠯᠳᠠᠢ ᠬᠠᠮᠢᠶᠠᠷᠤᠨ ᠬᠢᠨᠠᠯᠲᠠ ᠲᠠᠯᠪᠢᠬᠤ ᠪᠠ ᠶᠡᠷᠦᠩᠬᠡᠶᠢᠯᠡᠨ ᠵᠤᠬᠢᠴᠠᠭᠤᠯᠬᠤ ᠶᠢ | ᠬᠠᠷᠢᠭᠤᠴᠠᠨ᠎ᠠ᠃ ᠭᠡᠷᠡᠴᠢᠯᠡᠬᠦ ᠬᠠᠤᠯᠢ ᠶᠢ ᠵᠦᠷᠢᠴᠡᠭᠰᠡᠨ ᠠᠵᠢᠯᠯᠠᠭ᠎ᠠ ᠶᠢ ᠪᠠᠶᠢᠴᠠᠭᠠᠨ ᠰᠢᠢᠳᠭᠡᠨ᠎ᠠ᠃ ᠶᠠᠰᠤ ᠴᠢᠨᠠᠷ ᠢ ᠰᠢᠯᠭᠠᠨ ᠬᠢᠨᠠᠬᠤ ᠪᠠᠶᠢᠭᠤᠯᠤᠮᠵᠢ ᠳᠤ | ᠬᠠᠤᠯᠢ ᠶᠤᠰᠤᠭᠠᠷ ᠬᠢᠨᠠᠨ ᠬᠠᠮᠢᠶᠠᠷᠤᠯᠳᠠ ᠬᠢᠨ᠎ᠡ᠃ | ᠠᠷᠪᠠᠨ ᠨᠠᠢᠮᠠ᠂ ᠪᠦᠬᠦ ᠬᠤᠰᠢᠭᠤᠨ ᠤ ᠮᠡᠳᠡᠯᠭᠡ ᠶᠢᠨ ᠦᠮᠴᠢᠯᠡᠯ ᠤᠨ ᠡᠷᠬᠡ ᠶᠢᠨ ᠠᠵᠢᠯ ᠢ ᠬᠠᠷᠢᠭᠤᠴᠠᠨ᠎ᠠ᠃ ᠪᠦᠬᠦ ᠬᠤᠰᠢᠭᠤᠨ ᠤ ᠮᠡᠳᠡᠯᠭᠡ ᠶᠢᠨ | ᠦᠮᠴᠢᠯᠡᠯ ᠤᠨ ᠡᠷᠬᠡ ᠶᠢᠨ ᠪᠠᠶᠢᠯᠳᠤᠬᠤ ᠪᠤᠳᠤᠯᠭ᠎ᠠ᠂ ᠲᠦᠷᠦ ᠶᠢᠨ ᠪᠤᠳᠤᠯᠭ᠎ᠠ ᠠᠷᠭ᠎ᠠ ᠠᠪᠴᠠᠯ ᠢ ᠲᠤᠭᠤᠷᠪᠢᠬᠤ ᠶᠢᠨ ᠬᠠᠮᠲᠤ ᠵᠤᠬᠢᠶᠠᠨ ᠪᠠᠶᠢᠭᠤᠯᠤᠨ | ᠬᠡᠷᠡᠭᠵᠢᠭᠦᠯᠵᠦ᠂ ᠮᠡᠳᠡᠯᠭᠡ ᠶᠢᠨ ᠦᠮᠴᠢᠯᠡᠯ ᠤᠨ ᠡᠷᠬᠡ ᠶᠢᠨ ᠬᠦᠴᠦᠷᠭᠡᠭ ᠬᠤᠰᠢᠭᠤ ᠶᠢᠨ ᠪᠦᠳᠦᠭᠡᠨ ᠪᠠᠶᠢᠭᠤᠯᠤᠯᠳᠠ ᠶᠢ ᠲᠦᠯᠬᠢᠨ ᠠᠬᠢᠭᠤᠯᠤᠨ᠎ᠠ᠃ ᠮᠡᠳᠡᠯᠭᠡ ᠶᠢᠨ | ᠦᠮᠴᠢᠯᠡᠯ ᠤᠨ ᠡᠷᠬᠡ ᠶᠢ ᠬᠠᠮᠠᠭᠠᠯᠠᠬᠤ ᠲᠤᠭᠳᠠᠯᠴᠠᠭ᠎ᠠ ᠶᠢᠨ ᠪᠠᠶᠢᠭᠤᠯᠤᠯᠳᠠ ᠶᠢᠨ ᠲᠦᠰᠦᠯ ᠢ ᠲᠤᠭᠤᠷᠪᠢᠨ ᠲᠤᠭᠳᠠᠭᠠᠬᠤ ᠶᠢᠨ ᠬᠠᠮᠲᠤ ᠵᠤᠬᠢᠶᠠᠨ ᠪᠠᠶᠢᠭᠤᠯᠤᠨ | ᠬᠡᠷᠡᠭᠵᠢᠭᠦᠯᠵᠦ᠂ ᠮᠡᠳᠡᠯᠭᠡ ᠶᠢᠨ ᠦᠮᠴᠢᠯᠡᠯ ᠤᠨ ᠡᠷᠬᠡ ᠶᠢ ᠬᠡᠷᠡᠭᠯᠡᠬᠦ ᠶᠢ ᠠᠬᠢᠭᠤᠯᠤᠨ᠂ ᠮᠡᠳᠡᠯᠭᠡ ᠶᠢᠨ ᠦᠮᠴᠢᠯᠡᠯ ᠤᠨ ᠡᠷᠬᠡ ᠶᠢ ᠬᠠᠮᠠᠭᠠᠯᠠᠬᠤ ᠪᠠ ᠰᠤᠷᠠᠭ | ᠵᠠᠩᠬᠢ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ ᠲᠤᠭᠳᠠᠯᠴᠠᠭ᠎ᠠ ᠶᠢᠨ ᠪᠠᠶᠢᠭᠤᠯᠤᠯᠳᠠ ᠶᠢ ᠲᠦᠯᠬᠢᠨ ᠠᠬᠢᠭᠤᠯᠤᠨ᠎ᠠ᠃ ᠮᠡᠳᠡᠯᠭᠡ ᠶᠢᠨ ᠦᠮᠴᠢᠯᠡᠯ ᠤᠨ ᠡᠷᠬᠡ ᠶᠢᠨ | ᠲᠤᠷᠰᠢᠯᠳᠠ ᠶᠢᠨ ᠴᠡᠭ ᠤᠨ ᠵᠢᠱᠢᠶ᠎ᠡ ᠦᠵᠡᠭᠦᠯᠬᠦ ᠠᠵᠢᠯ ᠢ ᠦᠷᠨᠢᠭᠦᠯᠦᠨ᠎ᠡ᠃ ᠪᠦᠬᠦ ᠬᠤᠰᠢᠭᠤᠨ ᠤ ᠮᠡᠳᠡᠯᠭᠡ ᠶᠢᠨ ᠦᠮᠴᠢᠯᠡᠯ ᠤᠨ ᠡᠷᠬᠡ ᠶᠢᠨ ᠲᠤᠰᠬᠠᠢ | ᠲᠦᠷᠦᠯ ᠤᠨ ᠪᠡᠯᠡ ᠮᠦᠩᠬᠦ ᠶᠢ ᠬᠠᠮᠢᠶᠠᠷᠴᠦ᠂ ᠴᠢᠬᠤᠯᠠ ᠶᠡᠭᠡ ᠮᠡᠳᠡᠯᠭᠡ ᠶᠢᠨ ᠦᠮᠴᠢᠯᠡᠯ ᠤᠨ ᠡᠷᠬᠡ ᠶᠢ ᠬᠤᠪᠢᠷᠠᠭᠤᠯᠬᠤ ᠲᠦᠷᠦᠯ ᠵᠦᠢᠯ ᠢ ᠵᠤᠬᠢᠶᠠᠨ ᠪᠠᠶᠢᠭᠤᠯᠤᠨ | ᠬᠡᠷᠡᠭᠵᠢᠭᠦᠯᠵᠦ᠂ ᠮᠡᠳᠡᠯᠭᠡ ᠶᠢᠨ ᠦᠮᠴᠢᠯᠡᠯ ᠤᠨ ᠡᠷᠬᠡ ᠶᠢ ᠰᠢᠯᠵᠢᠭᠦᠯᠦᠨ ᠬᠤᠪᠢᠷᠠᠭᠤᠯᠬᠤ ᠶᠢ ᠠᠬᠢᠭᠤᠯᠤᠨ᠎ᠠ᠃ | ᠲᠠᠸᠠᠷ ᠤᠨ ᠲᠡᠮᠳᠡᠭ ᠤᠨ ᠲᠤᠰᠬᠠᠢ ᠠᠰᠢᠭ ᠤᠨ ᠬᠠᠤᠯᠢ ᠬᠡᠷᠡᠭᠵᠢᠭᠦᠯᠬᠦ᠂ ᠮᠡᠳᠡᠯᠭᠡ ᠶᠢᠨ ᠦᠮᠴᠢᠯᠡᠯ ᠤᠨ ᠡᠷᠬᠡ ᠶᠢᠨ ᠮᠠᠷᠭᠤᠭᠠᠨ ᠢ ᠰᠢᠢᠳᠪᠦᠷᠢᠯᠡᠬᠦ᠂ ᠡᠷᠬᠡ ᠶᠢ | ᠬᠠᠮᠭᠠᠠᠯᠠᠬᠤ ᠲᠤᠰᠠᠯᠠᠮᠵᠢ ᠪᠠ ᠵᠦᠷᠢᠴᠡᠯ ᠵᠢᠭᠤᠷᠠᠯᠳᠤᠭᠠᠨ ᠢ ᠵᠤᠬᠢᠴᠠᠭᠤᠯᠬᠤ ᠶᠢ ᠵᠢᠯᠤᠭᠤᠳᠴᠦ᠂ ᠮᠡᠳᠡᠯᠭᠡ ᠶᠢᠨ ᠦᠮᠴᠢᠯᠡᠯ ᠤᠨ ᠡᠷᠬᠡ ᠶᠢᠨ ᠬᠠᠤᠯᠢ ᠶᠢ | ᠵᠦᠷᠢᠴᠡᠭᠰᠡᠨ ᠠᠵᠢᠯᠯᠠᠭ᠎ᠠ ᠶᠢ ᠬᠠᠤᠯᠢ ᠶᠤᠰᠤᠭᠠᠷ ᠪᠠᠶᠢᠴᠠᠭᠠᠨ ᠰᠢᠢᠳᠭᠡᠨ᠎ᠡ᠃ ᠮᠡᠳᠡᠯᠭᠡ ᠶᠢᠨ ᠦᠮᠴᠢᠯᠡᠯ ᠤᠨ ᠡᠷᠬᠡ ᠶᠢᠨ ᠤᠷᠢᠳᠴᠢᠯᠡᠨ ᠰᠡᠷᠡᠮᠵᠢᠯᠡᠭᠦᠯᠬᠦ ᠵᠡᠷᠭᠡ | ᠠᠵᠢᠯ ᠢ ᠵᠤᠬᠢᠶᠠᠨ ᠪᠠᠶᠢᠭᠤᠯᠤᠨ ᠦᠷᠨᠢᠭᠦᠯᠦᠨ᠎ᠡ᠃ | ᠠᠷᠪᠠ ᠶᠢᠰᠦ᠂ ᠵᠢᠵᠢᠭ ᠪᠠᠭ᠎ᠠ ᠠᠵᠦ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ᠂ ᠲᠤᠰᠬᠠᠢ ᠵᠠᠬ᠎ᠠ ᠲᠡᠯᠭᠡᠭᠦᠷ ᠤᠨ ᠨᠠᠮ ᠤᠨ | ᠪᠠᠶᠢᠭᠤᠯᠤᠯᠳᠠ ᠶᠢᠨ ᠠᠵᠢᠯ ᠢ ᠦᠷᠨᠢᠭᠦᠯᠬᠦ ᠶᠢᠨ ᠬᠠᠮᠲᠤ ᠨᠡᠶᠢᠲᠡ ᠶᠢᠨ ᠦᠮᠴᠢᠯᠡᠯ ᠤᠨ ᠪᠤᠰᠤ ᠠᠵᠦ ᠠᠬᠤᠢ ᠶᠢᠨ ᠵᠤᠬᠢᠶᠠᠨ ᠪᠠᠶᠢᠭᠤᠯᠤᠯᠳᠠ ᠶᠢᠨ ᠪᠦᠯᠬᠦᠮ ᠤᠨ | ᠪᠠᠶᠢᠭᠤᠯᠤᠯᠳᠠ ᠶᠢᠨ ᠠᠵᠢᠯ ᠢ ᠵᠢᠯᠤᠭᠤᠳᠤᠨ᠎ᠠ᠃ | ᠬᠤᠷᠢ᠂ ᠵᠠᠬ᠎ᠠ ᠲᠡᠯᠭᠡᠭᠦᠷ ᠤᠨ ᠬᠢᠨᠠᠨ ᠬᠠᠮᠢᠶᠠᠷᠤᠯᠳᠠ ᠶᠢᠨ ᠰᠢᠨᠵᠢᠯᠡᠭᠡ ᠮᠡᠷᠭᠡᠵᠢᠯ ᠪᠠ ᠰᠤᠷᠠᠭ ᠵᠠᠩᠬᠢᠴᠢᠯᠡᠯᠲᠡ ᠶᠢᠨ ᠪᠠᠶᠢᠭᠤᠯᠤᠯᠳᠠ᠂ ᠰᠤᠨᠢᠨ ᠮᠡᠳᠡᠭᠡᠨ ᠤ | ᠤᠬᠠᠭᠤᠯᠭ᠎ᠠ ᠵᠡᠷᠭᠡ ᠠᠵᠢᠯ ᠢ ᠬᠠᠷᠢᠭᠤᠴᠠᠨ᠎ᠠ᠃ | ᠬᠤᠷᠢᠨ ᠨᠢᠭᠡ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠ ᠳᠡᠭᠡᠳᠤ ᠱᠠᠳᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠦᠴᠢᠷ ᠤᠨ | ᠲᠠᠭᠠᠭᠠᠯᠭᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ |