ᠸᠠᠩ ᠺᠠᠶ ᠷᠦᠢ᠂ ᠡᠷᠡᠭᠲᠡᠶ᠂ ᠬᠢᠲᠠᠳ ᠦᠨᠳᠦᠰᠦᠲᠡᠨ᠂ 1971 ᠣᠨ ᠤ 10 ᠰᠠᠷ᠎ᠠ ᠳᠤ ᠳᠦᠷᠦᠵᠡᠶ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ | ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ | ᠬᠤᠰᠢᠭᠤᠨ ᠳᠠᠷᠤᠭ᠎ᠠ ᠶᠢ ᠬᠠᠪᠰᠤᠷᠤᠨ ᠬᠠᠤᠯᠢ ᠶᠣᠰᠣᠭᠠᠷ ᠬᠤᠰᠢᠭᠤ ᠶᠢ ᠵᠠᠰᠠᠬᠤ᠂ ᠨᠡᠶᠢᠭᠡᠮ ᠢ ᠲᠣᠭᠲᠠᠭᠤᠨ ᠪᠠᠶᠢᠯᠭᠠᠬᠤ ᠵᠡᠷᠭᠡ ᠲᠠᠯ᠎ᠠ ᠶᠢᠨ ᠠᠵᠢᠯ ᠢ | ᠬᠠᠷᠢᠭᠤᠴᠠᠨ᠎ᠠ᠃ ᠪᠠᠶᠢᠩᠭᠤ ᠶᠢᠨ ᠳᠡᠳ᠋ ᠬᠤᠰᠢᠭᠤᠨ ᠳᠠᠷᠤᠭ᠎ᠠ ᠶᠢ ᠬᠠᠮᠵᠢᠨ ᠵᠠᠬᠢᠳᠠᠯ ᠰᠤᠷᠪᠤᠯᠵᠢᠯᠠᠯ ᠢ ᠰᠢᠢᠳᠪᠦᠷᠢᠯᠡᠬᠦ ᠲᠠᠯ᠎ᠠ ᠶᠢᠨ ᠠᠵᠢᠯ ᠢ ᠬᠠᠷᠢᠭᠤᠴᠠᠨ᠎ᠠ᠃ | ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠪᠥᠬᠦ ᠲᠠᠯ᠎ᠠ ᠶᠢᠨ ᠠᠵᠢᠯ ᠢ ᠡᠷᠭᠢᠯᠡᠨ᠂ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠶᠢ | ᠬᠤᠪᠢᠳᠠᠨ ᠬᠠᠮᠢᠶᠠᠷᠴᠤ᠂ ᠪᠠᠶᠢᠩᠭᠤ ᠶᠢᠨ ᠳᠡᠳ᠋ ᠬᠤᠰᠢᠭᠤᠨ ᠳᠠᠷᠤᠭ᠎ᠠ ᠶᠢ ᠬᠠᠮᠵᠢᠨ ᠬᠤᠰᠢᠭᠤᠨ ᠤ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠶᠢ ᠬᠤᠪᠢᠳᠠᠨ | ᠬᠠᠮᠢᠶᠠᠷᠤᠨ᠎ᠠ᠃ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ᠂ ᠤᠯᠤᠰ ᠤᠨ ᠠᠮᠤᠷ ᠲᠦᠪᠰᠢᠨ ᠤ ᠲᠣᠪᠴᠢᠶ᠎ᠠ᠂ | ᠬᠤᠰᠢᠭᠤᠨ ᠳᠤ ᠰᠠᠭᠤᠭ᠎ᠠ ᠡᠯ᠎ᠡ ᠴᠡᠷᠢᠭ ᠴᠠᠭᠳᠠᠭᠠᠨ ᠤ ᠴᠡᠷᠢᠭ ᠠᠩᠭᠢ ︵ᠳᠣᠲᠣᠭᠠᠳᠤ ᠶᠢ ᠬᠠᠮᠠᠭᠠᠯᠠᠬᠤ ᠠᠵᠢᠯ ᠤᠨ ᠬᠠᠮᠢᠶ᠎ᠠ ᠪᠥᠬᠦᠶ ᠬᠡᠰᠡᠭ︶᠂ ᠬᠤᠰᠢᠭᠤᠨ ᠤ | ᠨᠠᠮ ᠤᠨ ᠬᠤᠷᠢᠶᠠᠨ ᠤ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠵᠥᠪᠯᠡᠯ ᠤᠨ ᠠᠯᠪᠠᠨ ᠬᠡᠷ ᠲᠠᠢ ᠬᠠᠷᠢᠯᠴᠠᠨ᠎ᠠ᠃ ᠬᠤᠰᠢᠭᠤᠨ | ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ |