ᠵᠦ ᠭᠤᠸᠠᠩ ᠢᠦᠢ
ᠨᠡᠶᠢᠲᠡᠯᠡᠭᠰᠡᠨ ᠴᠠᠭ᠄
2020/5/18
     ᠵᠦ ᠭᠤᠸᠠᠩ ᠢᠦᠶ᠂ ᠡᠷᠡᠭᠲᠡᠶ᠂ ᠬᠢᠲᠠᠳ ᠦᠨᠳᠦᠰᠦᠲᠡᠨ᠂ 1976 ᠣᠨ ᠤ 9 ᠰᠠᠷ᠎ᠠ ᠳᠤ ᠳᠦᠷᠦᠵᠡᠶ᠂ ᠲᠠᠷᠢᠶᠠᠯᠠᠩ ᠤᠨ ᠳᠡᠯᠭᠡᠷᠡᠭᠦᠯᠦᠯᠲᠡ ᠶᠢᠨ ᠮᠠᠰᠲ᠋ᠧᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃      ᠬᠤᠰᠢᠭᠤᠨ ᠳᠠᠷᠤᠭ᠎ᠠ ᠶᠢ ᠬᠠᠪᠰᠤᠷᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠠᠵᠢᠯ ᠢ ᠬᠠᠷᠢᠭᠤᠴᠠᠨ᠎ᠠ︔ ᠬᠤᠰᠢᠭᠤᠨ ᠳᠠᠷᠤᠭ᠎ᠠ ᠶᠢ ᠬᠠᠪᠰᠤᠷᠤᠨ ᠡᠳ᠋ ᠤᠨ ᠵᠠᠰᠠᠭ᠂ ᠭᠠᠶᠢᠯᠢ᠂ ᠬᠢᠨᠠᠨ ᠪᠣᠳᠣᠬᠤ᠂ ᠤᠯᠤᠰ ᠤᠨ ᠥᠮᠴᠢᠯᠡᠯᠲᠦ ᠡᠳ᠋ ᠬᠥᠷᠥᠩᠭᠡ᠂ ᠵᠠᠬᠢᠳᠠᠯ ᠰᠤᠷᠪᠤᠯᠵᠢᠯᠠᠯ ᠢ ᠡᠶᠡᠳᠡᠬᠦᠯᠬᠦ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ᠂ ᠡᠳ᠋ ᠤᠨ ᠵᠠᠰᠠᠭ ᠤᠨ ᠲᠣᠪᠴᠢᠶ᠎ᠠ᠂ ᠵᠠᠬᠢᠳᠠᠯ  ᠰᠤᠷᠪᠤᠯᠵᠢᠯᠠᠯ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠬᠤᠰᠢᠭᠤᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠪᠠᠯᠠ ᠣᠷᠣᠭᠤᠯᠤᠯᠲᠠ ᠶᠢᠨ ᠡᠵᠡᠩᠨᠡᠯᠲᠡ ︵ᠪᠦᠯᠦᠭᠯᠡᠯ︶ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢ ᠬᠤᠪᠢᠳᠠᠨ ᠬᠠᠮᠢᠶᠠᠷᠤᠨ᠎ᠠ᠃ ᠬᠤᠰᠢᠭᠤᠨ ᠳᠠᠷᠤᠭ᠎ᠠ ᠶᠢ ᠬᠠᠪᠰᠤᠷᠤᠨ ᠬᠤᠰᠢᠭᠤᠨ ᠤ ᠬᠢᠨᠠᠨ ᠪᠤᠳᠤᠬᠤ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠬᠠᠭᠤᠴᠢᠨ ᠪᠠᠷᠭᠤ ᠬᠤᠰᠢᠭᠤᠨ ᠤ ᠵᠥᠪᠯᠡᠯ᠂ ᠬᠤᠰᠢᠭᠤᠨ ᠤ ᠬᠢᠨᠠᠨ ᠪᠠᠶᠢᠴᠠᠭᠠᠬᠤ ᠵᠥᠪᠯᠡᠯ ᠂ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ᠂ ᠬᠤᠰᠢᠭᠤᠨ ᠤ ᠨᠠᠮ ᠤᠨ ᠬᠤᠷᠢᠶᠠᠨ ᠤ ᠪᠠᠶᠢᠭᠤᠯᠤᠮᠵᠢ ᠶᠢᠨ ᠣᠷᠣᠨ ᠲᠤᠭ᠎ᠠ ᠶᠢᠨ ᠵᠦᠪᠯᠡᠯ ᠤᠨ ᠠᠯᠪᠠᠨ ᠬᠡᠷ᠂ ᠬᠤᠰᠢᠭᠤ ᠨᠠᠮ ᠤᠨ ᠬᠤᠷᠢᠶᠠᠨ ᠤ ᠨᠢᠭᠤᠴᠠ ᠶᠢ ᠬᠠᠮᠠᠭᠠᠯᠠᠬᠤ ᠲᠣᠪᠴᠢᠶ᠎ᠠ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠬᠠᠭᠤᠴᠢᠨ ᠪᠠᠷᠭᠤ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠵᠢᠴᠢ ᠬᠤᠰᠢᠭᠤᠨ ᠳᠤ ᠰᠠᠭᠤᠭ᠎ᠠ ᠡᠯ᠎ᠡ ᠴᠡᠷᠢᠭ ᠴᠠᠭᠳᠠᠭ᠎ᠠ ᠴᠡᠷᠢᠭ ᠠᠩᠭᠢ  ᠲᠠᠢ ᠬᠠᠷᠢᠯᠴᠠᠨ᠎ᠠ᠂ ᠬᠤᠰᠢᠭᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃
ᠢᠷᠡᠯᠲᠡ᠄ ᠬᠠᠭᠤᠴᠢᠨ ᠪᠠᠷᠭᠤ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ