ᠵᠠᠰᠠᠭ ᠤᠨ ᠣᠷᠳᠣᠨ ᠤ ᠠᠵᠢᠯ ᠤᠨ ᠢᠯᠡᠳᠬᠡᠯ | | — — 2022 ᠣᠨ ᠤ 1 ᠰᠠᠷ᠎ᠠ ᠶᠢᠨ 13 ᠤ ᠡᠳᠦᠷ ᠬᠠᠭᠤᠴᠢᠨ ᠪᠠᠷᠭᠤ | ᠬᠤᠰᠢᠭᠤᠨ ᠤ ᠠᠷᠪᠠᠨ ᠵᠢᠷᠭᠤᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ | ᠤᠳᠠᠭᠠᠨ ᠤ ᠬᠤᠷᠠᠯᠳᠤᠭᠠᠨ ᠲᠡᠭᠡᠷ᠎ᠠ | ᠬᠠᠭᠤᠴᠢᠨ ᠪᠠᠷᠭᠤ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ | ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠲᠣᠯᠢ | ᠲᠥᠯᠥᠭᠡᠯᠡᠭᠴᠢᠳ ᠡ᠄ | ᠤᠳᠤ ᠪᠢ ᠬᠠᠭᠤᠴᠢᠨ ᠪᠠᠷᠭᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ ᠶᠡᠭᠡ ᠬᠤᠷᠠᠯ ᠳᠤ ᠠᠵᠢᠯ ᠤᠨ ᠮᠡᠳᠡᠬᠦᠯᠤᠯᠳᠡ ᠬᠢᠶ᠎ᠡ᠂ | ᠬᠢᠨᠠᠨ ᠵᠦᠪᠯᠡᠬᠦ ᠪᠣᠯᠪᠠᠤ᠂ ᠲᠠᠷᠠᠴᠢᠯᠡᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ ᠰᠤᠯᠠ ᠣᠷᠣᠯᠴᠠᠭᠰᠠᠤᠨ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ ᠦᠩᠭᠡᠷᠡᠭᠰᠡᠨ ᠲᠦᠷᠪᠡᠨ ᠵᠢᠯ ᠤᠨ ᠠᠵᠢᠯ ᠤᠨ ᠡᠷᠭᠢᠴᠡᠭᠦᠯᠦᠯ | ᠦᠩᠭᠡᠷᠡᠭᠰᠡᠨ ᠲᠦᠷᠪᠡᠨ ᠵᠢᠯ ᠳᠤ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠨ᠂ ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠪᠠ ᠠᠷᠪᠠ ᠶᠢᠰᠤᠳᠤᠭᠡᠷ ᠬᠤᠭᠤᠴᠠᠭᠠᠨ ᠤ ᠤᠳᠠᠭ᠎ᠠ | ᠪᠦᠷᠢ ᠶᠢᠨ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ ᠲᠤᠭᠤᠰᠢᠯᠠᠭᠤᠯᠵᠦ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ | ᠬᠤᠰᠢᠭᠤ ᠨᠠᠮ ᠤᠨ ᠬᠤᠷᠢᠶᠠᠨ ᠤ ᠶᠡᠷᠦᠩᠬᠡᠶ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠠᠮᠢ ᠠᠬᠤᠶ ᠶᠢ ᠤᠷᠢᠤᠨ ᠢᠶᠠᠷ ᠪᠤᠳᠤᠯᠬᠢᠯᠠᠬᠤ᠂ ᠪᠣᠬᠢᠷᠲᠤᠯ ᠥᠬᠡᠶ | ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠥᠬᠡᠶ ᠵᠠᠮᠨᠠᠵᠤ᠂《ᠵᠢᠷᠭᠤᠭ᠎ᠠ ᠶᠢ | ᠲᠤᠭᠳᠠᠪᠤᠷᠢᠵᠢᠭᠤᠯᠬᠤ》《ᠵᠢᠷᠭᠤᠭ᠎ᠠ ᠶᠢ ᠪᠠᠳᠤᠯᠠᠬᠤ》①ᠠᠵᠢᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠡᠯ᠎ᠡ ᠵᠦᠢᠯ ᠤᠨ ᠬᠠᠷᠠᠯᠳᠠᠳᠤ ᠡᠭᠦᠷᠭᠡ ᠪᠠᠨ | ᠤᠷᠤᠭᠰᠢᠲᠠᠶ ᠪᠡᠶᠡᠯᠡᠭᠦᠯᠪᠡ᠃ ᠵᠢᠱᠢᠯᠲᠡ ᠪᠠᠷ 2021 ᠤᠨ ᠳᠤ ᠪᠥᠬᠦ ᠬᠤᠰᠢᠭᠤᠨ ᠤ ᠭᠠᠵᠠᠷ ᠣᠷᠣᠨ ᠤ ᠦᠢᠯᠡᠤᠨᠪᠤᠷᠢᠯᠡᠯ ᠤᠨ ᠶᠡᠷᠦᠩᠬᠡᠶ ᠥᠷᠲᠡᠭ 90 | ᠳ᠋ᠦᠩᠰᠢᠭᠤᠷ ᠲᠥᠭᠦᠷᠢᠭ ᠢ ᠪᠡᠶᠡᠯᠡᠬᠦᠯᠵᠦ᠂ ᠵᠢᠯ ᠳᠤᠮᠳᠠᠴᠢ ᠪᠠᠷ 3.5% ᠪᠠᠷ ᠨᠡᠮᠡᠭᠳᠡᠪᠡ︔ ᠬᠤᠲᠠ ᠬᠥᠳᠡᠭᠡ ᠶᠢᠨ ᠪᠠᠶᠢᠩᠭᠤ ᠶᠢᠨ ᠰᠠᠭᠤᠭᠠᠯᠢ ᠠᠷᠠᠳ ᠤᠨ | ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠤᠭᠳᠠᠭᠤᠨ ᠦᠰᠤᠯᠳᠡ ᠶᠢ ᠪᠡᠶᠡᠯᠡᠬᠦᠯᠵᠦ᠂ ᠵᠢᠯ ᠳᠤᠮᠳᠠᠴᠢ ᠪᠠᠷ ᠲᠣᠰ ᠲᠣᠰ 4.1% ᠪᠠ 6.7% ᠪᠠᠷ | ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠪᠤᠳᠠᠰ ᠤᠨ ᠵᠢᠵᠢᠭᠯᠡᠨ ᠪᠤᠷᠤᠯᠠᠭᠤᠯᠤᠭᠰᠠᠨ ᠶᠡᠷᠦᠩᠬᠡᠶ ᠲᠤᠭ᠎ᠠ ᠵᠢᠯ ᠳᠤᠮᠳᠠᠴᠢ ᠪᠠᠷ 2.5% ᠪᠠᠷ ᠨᠡᠮᠡᠭᠳᠡᠪᠡ᠃ ᠡᠩ ᠤᠨ | ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 26.94 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠵᠢᠯ ᠳᠤᠮᠳᠠᠴᠢ ᠪᠠᠷ 8.1% ᠪᠠᠷ ᠨᠡᠮᠡᠭᠳᠡᠪᠡ︔ ᠲᠣᠭᠲᠠᠮᠠᠯ | ᠬᠥᠷᠥᠩᠭᠡ ᠶᠢᠨ ᠪᠠᠯᠠ ᠣᠷᠣᠭᠤᠯᠤᠯᠲᠠ ᠨᠡᠶᠢᠲᠡ 77.6 ᠳ᠋ᠦᠩᠰᠢᠭᠤᠷ ᠲᠥᠭᠦᠷᠢᠭ ᠢ ᠪᠡᠶᠡᠯᠡᠭᠦᠯᠪᠡ᠃ | ︵ᠨᠢᠭᠡ︶ ᠠᠵᠤ ᠦᠢᠯᠡᠰ ᠤᠨ ᠰᠠᠭᠤᠷᠢ ᠨᠠᠩ ᠪᠠᠬᠢᠵᠢᠵᠦ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠬᠢᠷᠢ ᠲᠦᠪᠰᠢᠨ ᠲᠣᠭᠲᠠᠭᠤᠨ ᠢᠶᠠᠷ | ᠳᠡᠭᠡᠭᠰᠢᠯᠡᠪᠠ᠃ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠦᠢᠯᠡᠤᠨᠪᠤᠷᠢᠯᠡᠬᠦ ᠴᠢᠳᠠᠪᠤᠷᠢ ᠪᠦᠲᠦᠮᠵᠢᠲᠡᠶ ᠳᠡᠭᠡᠭᠰᠢᠯᠡᠪᠠ᠃ 6.5 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠵᠤ᠂ ᠠᠮᠢ ᠠᠬᠤᠶ ᠶᠢᠨ ᠨᠥᠬᠦᠪᠥᠷᠢ ᠱᠠᠩᠨᠠᠯ᠂ ᠲᠠᠷᠢᠶᠠᠯᠠᠩ ᠤᠨ ᠮᠠᠰᠢᠨ ᠤ ᠨᠥᠬᠦᠪᠥᠷᠢ ᠵᠡᠷᠭᠡ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠨ᠂ ᠡᠪᠡᠰᠦ ᠪᠣᠷᠳᠤᠭ᠎ᠠ ᠨᠥᠭᠡᠴᠡᠯᠡᠬᠦ ᠬᠥᠮᠥᠷᠭᠡ 43 ᠰᠠᠤᠷᠢ᠂ ᠲᠤᠭᠳᠠᠮᠠᠯ ᠫᠧᠩ ᠰᠠᠷᠠᠪᠴᠢ 39 ᠲᠦᠮᠡᠨ ᠲᠡᠭᠰᠢ ᠳᠥᠷᠪᠡᠯᠵᠢᠨ ᠮᠧᠲᠷ ᠢ | ᠪᠠᠶᠢᠭᠤᠯᠵᠦ᠂ 1.8 ᠲᠦᠮᠡᠨ ᠰᠠᠤᠷᠢ ︵ᠢᠵᠢ︶ ᠦᠢᠯᠡᠳᠪᠦᠷᠢᠯᠡᠯ ᠠᠮᠢᠳᠤᠷᠠᠯ ᠤᠨ ᠲᠥᠬᠦᠭᠡᠷᠦᠮᠵᠢ ᠬᠤᠳᠠᠯᠳᠤᠨ ᠠᠪᠴᠤ᠂ ᠲᠠᠷᠢᠶᠠᠯᠠᠩ ᠮᠠᠯ ᠠᠵᠤ ᠠᠬᠤᠶ ᠶᠢᠨ | ᠬᠥᠭᠵᠢᠯᠲᠡ ᠶᠢᠨ ᠰᠠᠭᠤᠷᠢ ᠲᠠᠰᠤᠷᠠᠯᠲᠠ ᠥᠬᠡᠶ ᠪᠠᠬᠢᠵᠢᠪᠡ᠃ ᠲᠠᠷᠢᠮᠠᠯ ᠤᠨ ᠲᠠᠯᠠᠪᠠᠶ ᠶᠢ 130 ᠲᠦᠮᠡᠨ ᠮᠥ ᠣᠷᠴᠢᠮ ᠳᠤ ᠲᠣᠭᠲᠠᠪᠤᠷᠢᠵᠢᠭᠤᠯᠵᠤ᠂ ᠠᠮᠤ | ᠲᠣᠰᠣᠨ ᠤ ᠭᠠᠷᠤᠯᠲᠠ ᠨᠡᠶᠢᠲᠡ 3 ᠳ᠋ᠦᠩᠰᠢᠭᠤᠷ ᠵᠢᠩ ᠳᠤ ᠬᠦᠷᠪᠡ︔ ᠮᠠᠯ ᠠᠵᠤ ᠠᠬᠤᠶ ᠶᠢᠨ ᠣᠨ ᠤ ᠮᠠᠯ ᠤᠨ ᠶᠡᠷᠦᠩᠬᠡᠶ ᠲᠤᠭ᠎ᠠ ᠲᠣᠯᠣᠭᠠᠶ 140 ᠲᠦᠮᠡ | ᠣᠷᠴᠢᠮ ᠪᠠᠶᠢᠬᠤ ᠶᠢ ᠪᠠᠲᠤᠯᠠᠵᠤ᠂ ᠮᠢᠬᠠᠨ ᠤ ᠭᠠᠷᠤᠯᠲᠠ᠂ ᠰᠦ ᠶᠢᠨ ᠭᠠᠷᠤᠯᠲᠠ ᠨᠡᠶᠢᠲᠡ 1.7 ᠲᠦᠮᠡᠨ ᠲᠣᠨ᠂ 8.1 ᠲᠦᠮᠡᠨ ᠲᠣᠨ ᠳᠤ ᠬᠦᠷᠴᠦ᠂ ᠮᠠᠯ ᠤᠨ | ᠰᠠᠶᠢᠨ ᠡᠭᠦᠯᠳᠡᠷ ᠤᠨ ᠬᠠᠷᠢᠴᠠᠯ 96% ᠳᠤ ᠬᠥᠷᠪᠡ᠃ 13 ᠲᠠᠷᠢᠶᠠᠯᠠᠩ ᠤᠨ ᠪᠦᠲᠦᠭᠡᠭᠳᠡᠬᠦᠨ ᠨᠢ ︽ᠭᠤᠷᠪᠠᠨ ᠪᠦᠲᠦᠭᠡᠭᠳᠡᠬᠦᠨ ᠨᠢᠭᠡ ᠪᠠᠷᠢᠮᠵᠢᠶ᠎ᠠ︾ ᠶᠢᠨ | ᠭᠡᠷᠡᠴᠢᠯᠡᠯ ᠢ ᠭᠥᠷᠳᠡᠵᠦ᠂ ︽ᠬᠠᠭᠤᠴᠢᠨ ᠪᠠᠷᠭᠤ ᠬᠤᠰᠢᠭᠤᠨ ᠤ ᠬᠤᠨᠢ︾ ᠪᠥᠬᠦ ᠤᠯᠤᠰ ᠤᠨ ︽ᠨᠠᠷᠠᠲᠤ ᠣᠨᠴᠠ ᠰᠢᠯᠢᠳᠡᠭ ᠰᠢᠨ᠎ᠡ︾ ᠲᠠᠷᠢᠶᠠᠯᠠᠩ ᠤᠨ | ᠪᠦᠲᠦᠭᠡᠭᠳᠡᠬᠦᠨ ᠤ ᠭᠡᠷᠡᠴᠢᠯᠡᠯ ᠢ ᠭᠥᠷᠳᠡᠵᠦ᠂ ᠤᠯᠤᠰ ᠤᠨ ᠲᠠᠰ ᠤᠨ 1 ᠵᠢᠱᠢᠶ᠎ᠡ ᠦᠵᠡᠭᠦᠯᠬᠦ ᠬᠤᠷᠰᠢᠶᠠᠵᠢᠯ ᠢ ᠡᠭᠦᠳᠦᠨ ᠪᠠᠶᠢᠭᠤᠯᠪᠠ︔ 100 ᠲᠣᠯᠣᠭᠠᠶ ᠠᠴᠠ | ᠳᠡᠭᠡᠭᠰᠢᠬᠢ ᠮᠢᠬᠠᠨ ᠤ ᠦᠬᠡᠷ ᠲᠡᠵᠢᠭᠡᠨ ᠦᠷᠡᠵᠢᠭᠦᠯᠬᠦ ᠲᠠᠯᠠᠪᠠᠶ 71 ᠳᠤ ᠬᠦᠷᠴᠦ᠂ 3000 ᠠᠴᠠ ᠳᠡᠭᠡᠭᠰᠢᠬᠢ ᠮᠢᠬᠠᠨ ᠤ ᠬᠤᠨᠢ ᠲᠡᠵᠢᠭᠡᠨ ᠦᠷᠡᠵᠢᠭᠦᠯᠬᠦ ᠲᠠᠯᠠᠪᠠᠶ | ︵ᠡᠷᠦᠬᠡ︶ 5 ᠡᠷᠤᠬᠡ ᠪᠠᠶᠢᠵᠤ᠂ 100 ᠲᠣᠯᠣᠭᠠᠶ ᠠᠴᠠ ᠳᠡᠭᠡᠭᠰᠢᠬᠢ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠶ10 ᠡᠷᠤᠬᠡ ᠪᠤᠢ᠃ ᠠᠵᠤ | ᠦᠢᠯᠡᠳᠪᠦᠷᠢ ᠶᠢᠨ ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠪᠦᠬᠦ ᠲᠠᠯ᠎ᠠ ᠪᠠᠷ ᠢᠯᠡᠷᠡᠪᠡ᠃ ᠠᠵᠤ ᠦᠢᠯᠡᠳᠪᠦᠷᠢ ᠶᠢᠨ ᠲᠣᠭᠲᠠᠮᠠᠯ ᠬᠦᠷᠦᠩᠭᠡ ᠶᠢᠨ ᠪᠡᠯᠠ | ᠣᠷᠣᠭᠤᠯᠤᠯᠲᠠ ᠨᠡᠶᠢᠳᠠ 15.73 ᠳ᠋ᠦᠩᠰᠢᠭᠤᠷ ᠲᠥᠭᠦᠷᠢᠭ ᠢ ᠪᠡᠶᠡᠯᠡᠬᠦᠯᠵᠦ᠂ ᠲᠦᠬᠦᠬᠡᠢ ᠨᠡᠭᠦᠷᠡᠰᠦᠨ ᠤ ᠭᠠᠷᠤᠯᠲᠠ 1.33 ᠳ᠋ᠦᠩᠰᠢᠭᠤᠷ ᠲᠣᠨ᠂ ᠴᠠᠬᠢᠯᠭᠠᠨ | ᠭᠠᠷᠭᠠᠬᠤ ᠬᠡᠮᠵᠢᠶ᠎ᠡ 251 ᠳ᠋ᠦᠩᠰᠢᠭᠤᠷ ᠺᠢᠯᠣᠸᠠᠲ ᠴᠠᠭ ᠲᠤ ᠬᠦᠷᠪᠡ᠃ ᠨᠡᠭᠦᠷᠡᠰᠦ᠂ ᠴᠠᠬᠢᠯᠭᠠᠨ ᠬᠦᠴᠦᠨ ᠵᠡᠷᠭᠡ ᠤᠯᠠᠮᠵᠢᠯᠠᠯᠲᠤ ᠠᠵᠤ ᠦᠢᠯᠡᠰ ᠤᠨ ᠬᠡᠯᠪᠡᠷᠢ | ᠬᠤᠪᠢᠷᠠᠭᠤᠯᠤᠨ ᠳᠡᠰ ᠳᠡᠪᠰᠢᠬᠦ ᠠᠯᠬᠤᠴᠠ ᠶᠢ ᠲᠦᠷᠭᠡᠳᠴᠦ᠂ ᠣᠷᠣᠨ ᠪᠦᠰᠡ ᠶᠢᠨ ᠳᠣᠲᠣᠷᠠᠬᠢ ᠠᠵᠤ ᠠᠬᠤᠶᠢᠯᠠᠯ ᠤᠳ ᠴᠠᠬᠢᠯᠭᠠᠨ ᠬᠠᠩᠭᠠᠯᠲᠡ ᠶᠢ ᠰᠠᠯᠭᠠᠨ | ᠲᠤᠰᠢᠶᠠᠬᠤ ᠥᠭᠡᠷᠡᠴᠢᠯᠡᠯᠲᠡ᠂ ᠭᠠᠵᠠᠷ ᠳᠡᠭᠡᠷᠡᠬᠢ ᠦᠢᠯᠡᠳᠪᠦᠷᠢᠯᠡᠯ ᠤᠨ ᠰᠢᠰᠲ᠋ᠧᠮ ᠤᠨ ᠴᠢᠳᠠᠪᠤᠷᠢ ᠶᠢ ᠥᠷᠭᠡᠳᠬᠡᠬᠦ ᠥᠭᠡᠷᠡᠴᠢᠯᠡᠯᠲᠡ᠂ ᠮᠧᠲ᠋ᠠᠨ ᠢ ᠡᠯᠪᠡᠭᠵᠢᠭᠦᠯᠦᠨ | ᠴᠡᠪᠡᠷᠰᠢᠬᠦᠯᠬᠦ ᠮᠡᠷᠭᠡᠵᠢᠯ ᠤᠨ ᠥᠭᠡᠷᠡᠴᠢᠯᠡᠯᠲᠡ᠂ ᠢᠯᠴᠢ ᠬᠠᠩᠭᠠᠬᠤ ᠰᠢᠰᠲ᠋ᠧᠮ ᠤᠨ ᠦᠯᠡᠬᠦᠤ ᠢᠯᠴᠢ ᠳᠠᠷᠤᠯᠲᠠ ᠶᠢ ᠶᠡᠷᠦᠩᠬᠡᠶᠢᠯᠡᠨ ᠠᠰᠢᠭᠯᠠᠬᠤ ᠵᠡᠷᠭᠡ 48 | ᠲᠦᠷᠤᠯ ᠵᠦᠢᠯ ᠢ ᠵᠠᠯᠭᠠᠪᠡᠷ ᠬᠡᠷᠡᠭᠵᠢᠭᠦᠯᠪᠡ︔ ᠠᠵᠤ ᠦᠢᠯᠡᠳᠪᠦᠷᠢᠵᠢᠯᠲᠡ ᠪᠠ ᠲᠣᠭᠠᠴᠢᠯᠠᠯᠲᠠ ᠶᠢᠨ ᠠᠭᠤᠰᠤᠯᠴᠠᠯ ᠤᠨ ᠠᠬᠢᠴᠠ ᠶᠢ ᠲᠣᠭᠲᠠᠭᠤᠨ ᠢᠶᠠᠷ | ᠠᠬᠢᠭᠤᠯᠵᠤ᠂ ᠬᠠᠬᠢᠷ ᠬᠦᠢᠳᠡᠨ ᠨᠦᠬᠦᠴᠡᠯ ᠳᠠᠬᠢ 5G+220 ᠲᠣᠨ ᠵᠢᠯᠣᠭᠤᠴᠢ ᠦᠭᠡᠢ ᠠᠴᠢᠶᠠᠨ ᠤ ᠮᠠᠰᠢᠨ ᠲᠡᠷᠭᠡ ᠲᠤᠬᠢᠷᠠᠭᠤᠯᠤᠨ ᠠᠵᠢᠯᠯᠠᠭᠤᠯᠬᠤ ᠲᠦᠷᠤᠯ | ᠵᠦᠢᠯ ᠢ ᠭᠦᠸᠧ ᠨᠧᠩ ᠪᠤᠷᠤᠰᠢᠯᠢ ᠶᠢᠨ ᠵᠠᠳᠠᠭᠠᠢ ᠨᠡᠭᠦᠷᠡᠰᠦᠨ ᠠᠭᠤᠷᠬᠠᠢ ᠳᠤ ᠬᠡᠷᠩᠵᠢᠬᠦᠯᠪᠡ᠃ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠬᠢᠷᠢ | ᠲᠦᠪᠰᠢᠨ ᠦᠷᠭᠦᠯᠵᠢᠯᠡᠨ ᠳᠡᠭᠡᠭᠰᠢᠯᠡᠪᠡ᠃ ᠪᠦᠬᠦ ᠣᠷᠣᠨ ᠪᠦᠰᠡ ᠶᠢᠨ ᠵᠤᠭᠠᠴᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂《 ᠬᠠᠭᠤᠴᠢᠨ ᠪᠠᠷᠭᠤ | ᠬᠤᠰᠢᠭᠤᠨ ᠤ ᠪᠦᠬᠦ ᠣᠷᠣᠨ ᠪᠦᠰᠡ ᠶᠢᠨ ᠵᠢᠭᠤᠯᠴᠢᠯᠠᠯ ᠤᠨ ᠶᠡᠷᠦᠩᠬᠡᠶ ᠲᠥᠯᠥᠪᠵᠢᠭᠦᠯᠭᠡ 》 《 ᠬᠠᠭᠤᠴᠢᠨ ᠪᠠᠷᠭᠤ ᠬᠤᠰᠢᠭᠤᠨ ᠤ ᠲᠠᠯ᠎ᠠ ᠨᠤᠲᠤᠭ ᠤᠨ | ᠵᠢᠭᠤᠯᠴᠢᠯᠠᠯ ᠤᠨ ᠬᠥᠭᠵᠢᠯᠲᠡ ᠶᠢᠨ ᠲᠥᠯᠥᠪᠵᠢᠭᠦᠯᠭᠡ ︵2019 —— 2030︶ 》 ᠶᠢ ᠵᠠᠯᠭᠠᠪᠡᠷ ᠲᠣᠭᠲᠠᠭᠠᠵᠤ᠂ ᠮᠦᠩᠬᠦᠨ ᠡᠪᠤᠯ ᠤᠨ ᠨᠠᠭᠠᠳᠤᠮ | ᠪᠠ ᠵᠣᠨ ᠤ ᠤᠯᠠᠷᠢᠯ ᠤᠨ ᠨᠠᠭᠠᠳᠤᠮ ᠢ ᠣᠯᠠᠨ ᠤᠳᠠᠭ᠎ᠠ ᠳᠠᠭᠠᠭᠠᠴᠢᠯᠠᠨ ᠡᠷᠭᠢᠯᠡᠵᠦ᠂ ᠥᠪᠥᠷ ᠮᠣᠩᠭᠤᠯ ᠤᠨ ᠠᠩᠬᠠᠳᠤᠭᠠᠷ ᠬᠤᠭᠤᠴᠠᠭᠠᠨ ᠤ ᠵᠢᠭᠤᠯᠴᠢᠯᠠᠯ ᠤᠨ ᠠᠵᠤ | ᠦᠢᠯᠡᠰ ᠤᠨ ᠬᠥᠭᠵᠢᠯᠲᠡ ᠶᠢᠨ ᠶᠡᠭᠡ ᠬᠤᠷᠠᠯ ᠢ ᠠᠮᠵᠢᠯᠲᠠ ᠲᠠᠢ ᠳᠠᠭᠠᠭᠠᠴᠢᠯᠠᠨ ᠡᠷᠭᠢᠯᠡᠵᠦ᠂ ᠬᠥᠯᠥᠨ ᠪᠤᠶᠢᠷ ᠤᠨ ᠲᠠᠯ᠎ᠠ ᠨᠤᠲᠤᠭ — ᠮᠡᠷᠭᠡᠯ ᠭᠤᠤᠯ ᠤᠨ 5A | ᠲᠠᠰ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠠᠵᠢᠯ ᠢ ᠪᠦᠬᠦ ᠲᠠᠯ᠎ᠠ ᠪᠠᠷ ᠡᠬᠢᠯᠡᠭᠦᠯᠵᠤ᠂ 2.3 ᠳ᠋ᠦᠩᠰᠢᠭᠤᠷ ᠲᠦᠬᠦᠷᠢᠭ ᠤᠨ ᠪᠡᠯᠡ | ᠤᠷᠤᠭᠤᠯᠤᠯᠳᠡ ᠶᠢ ᠪᠡᠶᠡᠯᠡᠬᠦᠯᠪᠡ᠃ ᠲᠠᠯ᠎ᠠ ᠨᠤᠲᠤᠭ ᠤᠨ ᠠᠮᠢ ᠠᠬᠤᠶ ᠶᠢᠨ ᠵᠢᠭᠤᠯᠴᠢᠯᠠᠯ ᠤᠨ ᠨᠠᠷᠠᠲᠤ ᠲᠡᠮᠳᠡᠭᠲᠦ ᠶᠢᠨ ᠨᠥᠯᠥᠭᠡᠯᠡᠬᠦ ᠬᠦᠴᠦᠨ ᠢ ᠦᠷᠭᠦᠯᠵᠢᠯᠡᠨ | ᠥᠷᠭᠡᠳᠬᠡᠵᠦ᠂ A ᠲᠡᠰ ᠤᠨ ᠦᠵᠡᠮᠵᠢ ᠶᠢᠨ ᠤᠷᠤᠨ ᠢ 5 ᠡᠬᠦᠤᠨᠪᠡ᠃ ᠲᠦᠷᠪᠡᠨ ᠵᠢᠯ ᠳᠤ ᠨᠡᠶᠢᠲᠡ ᠤᠯᠤᠰ ᠤᠨ ᠳᠣᠲᠣᠭᠠᠳᠤ ᠭᠠᠳᠠᠭᠠᠳᠤ ᠶᠢᠨ | ᠵᠢᠭᠤᠯᠴᠢᠯᠠᠭᠴᠢᠳ ᠢ 847 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠂ ᠵᠢᠭᠤᠯᠴᠢᠯᠠᠯ ᠤᠨ ᠦᠢᠯᠡᠰ ᠤᠨ ᠶᠡᠷᠦᠩᠬᠡᠶ ᠣᠷᠣᠯᠭ᠎ᠠ 31.8 ᠳ᠋ᠦᠩᠰᠢᠭᠤᠷ | ᠲᠥᠭᠦᠷᠢᠭ ᠢ ᠪᠡᠶᠡᠯᠡᠭᠦᠯᠪᠡ᠃ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠤᠯᠪᠠ᠃ ᠠᠵᠤ | ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠠᠴᠢᠶᠠᠯᠠᠪᠤᠷᠢ ᠶᠢ ᠲᠠᠰᠤᠷᠠᠯᠲᠠ ᠥᠬᠡᠶ ᠥᠷᠭᠡᠳᠬᠡᠵᠦ᠂ ᠬᠤᠲᠠ ᠶᠢᠨ ᠲᠠᠰ ᠤᠨ ᠭᠤᠤᠯᠳᠠᠯᠭ᠎ᠠ ᠲᠠᠢ ᠲᠥᠷᠥᠯ ᠵᠦᠢᠯ | ᠨᠡᠶᠢᠲᠡ 63 ᠶᠢ ᠬᠡᠷᠡᠭᠵᠢᠭᠦᠯᠵᠦ᠂ 51 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠪᠡ᠃ ᠨᠡᠶᠢᠭᠡᠮ ᠤᠨ ᠬᠥᠷᠥᠩᠭᠡ ᠶᠢᠨ ᠠᠮᠢᠵᠢᠷᠠᠯ ᠤᠨ | ᠬᠦᠴᠦᠨ ᠢ ᠢᠳᠡᠪᠬᠢᠲᠡᠶ ᠪᠠᠷ ᠬᠥᠭᠵᠢᠭᠡᠵᠦ᠂ 4PPP ᠲᠥᠷᠥᠯ ᠵᠦᠢᠯ ᠢ ᠬᠡᠷᠡᠭᠵᠢᠭᠦᠯᠪᠡ᠃ ᠶᠤᠤ ᠱᠢ ᠤᠯᠠᠨ ᠤᠯᠤᠰ ᠤᠨ ᠮᠠᠰᠢᠨ ᠲᠡᠷᠭᠡ ᠶᠢ ᠲᠤᠷᠰᠢᠨ | ᠵᠢᠯᠣᠭᠤᠳᠬᠤ ᠰᠠᠭᠤᠷᠢᠨ ᠭᠠᠵᠠᠷ ᠵᠡᠷᠭᠡ ᠮᠥᠰᠥ ᠴᠠᠰᠤ᠂ ᠲᠤᠮᠤ ᠳ᠋ᠠᠶᠢᠲ᠋ᠠ ᠶᠢᠨ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠪᠠᠶᠢᠳᠠᠯ ᠢ ᠠᠭᠠᠵᠢᠮ ᠢᠶᠠᠷ | ᠪᠤᠵᠠᠭᠠᠶᠢᠷᠠᠭᠤᠯᠵᠤ᠂ ᠲᠦᠭᠡᠭᠡᠯ ᠤᠰᠤᠨ ᠤ ᠦᠢᠯᠡᠳᠪᠦᠷᠢ ᠶᠢ ᠰᠢᠨ᠎ᠡ ᠪᠠᠷ ᠪᠠᠶᠢᠭᠤᠯᠬᠤ ᠵᠢᠴᠢ ᠬᠤᠭᠤᠯᠠᠶ ᠲᠣᠣᠷ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠵᠡᠷᠭᠡ | ᠠᠷᠠᠳ ᠤᠨ ᠠᠮᠢᠳᠤᠷᠠᠯ ᠤᠨ ᠲᠦᠷᠤᠯ ᠵᠦᠢᠯ ᠢ ᠠᠰᠢᠭᠯᠠᠯᠲᠠ ᠳᠤ ᠤᠷᠤᠭᠤᠯᠪᠠ᠃ ᠠᠷᠠᠯᠵᠢᠶᠠᠴᠢᠨ ᠪᠠ ᠪᠡᠯᠡ ᠴᠤᠭᠯᠠᠭᠤᠯᠬᠤ ᠬᠢᠷᠢ ᠬᠡᠮᠵᠢᠶ᠎ᠡ ᠪᠠ ᠴᠢᠨᠠᠷ | ᠴᠢᠨᠰᠠᠭ᠎ᠠ ᠶᠢ ᠲᠠᠰᠤᠷᠠᠯᠳᠠ ᠦᠬᠡᠢ ᠲᠡᠬᠡᠭᠰᠢᠯᠡᠬᠦᠯᠵᠦ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠲᠥᠷᠥᠯ ᠵᠦᠢᠯ ᠨᠡᠶᠢᠲᠡ 24 ᠶᠢ ᠬᠡᠷᠡᠭᠵᠢᠭᠦᠯᠵᠦ᠂ ᠣᠷᠣᠨ ᠤ | ᠭᠠᠳᠠᠨᠠᠬᠢ ᠪᠠᠯᠠ ᠮᠥᠩᠭᠦ 24.4 ᠳ᠋ᠦᠩᠰᠢᠭᠤᠷ ᠲᠥᠭᠦᠷᠢᠭ ᠢ ᠲᠡᠳᠡᠨ ᠣᠷᠣᠭᠤᠯᠪᠠ᠃ | ︵ᠬᠤᠶᠠᠷ︶ ᠭᠤᠷᠪᠠᠨ ᠶᠡᠭᠡ ᠪᠠᠬᠢᠯᠡᠯᠳᠡ ᠰᠢᠪᠳᠤᠯᠬᠤ ᠲᠠᠶᠢᠯᠠᠯᠳᠤᠭᠠᠨ ᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠴᠢᠨᠡᠭᠡᠯᠢᠭ ᠨᠡᠶᠢᠭᠡᠮ ᠢ ᠪᠦᠬᠦ | ᠲᠠᠯ᠎ᠠ ᠪᠠᠷ ᠪᠡᠶᠡᠯᠡᠬᠦᠯᠬᠦ ᠬᠠᠨᠳᠤᠰᠢ ᠨᠡᠩ ᠰᠠᠶᠢᠨ ᠪᠣᠯᠪᠠ᠃ ᠶᠠᠳᠠᠭᠤ ᠠᠴᠠ ᠠᠩᠭᠢᠵᠢᠷᠠᠭᠤᠯᠬᠤ ᠪᠠᠬᠢᠯᠡᠯᠳᠡ ᠰᠢᠪᠳᠤᠯᠬᠤ ᠳᠠᠶᠢᠯᠠᠯᠳᠤᠭᠠᠨ ᠪᠦᠬᠦ ᠲᠠᠯ᠎ᠠ ᠶᠢᠨ | ᠢᠯᠠᠯᠲᠠ ᠶᠢ ᠤᠯᠪᠠ᠃ ᠶᠠᠳᠠᠭᠤ ᠠᠴᠠ ᠠᠩᠭᠢᠵᠢᠷᠠᠭᠤᠯᠬᠤ ᠪᠠᠬᠢᠯᠡᠯᠳᠡ ᠰᠢᠪᠳᠤᠯᠬᠤ ᠡᠭᠦᠷᠭᠡ ᠶᠢ ᠵᠢᠱᠢᠭᠰᠡᠨ ᠬᠤᠭᠤᠴᠠᠭᠠᠨ ᠳᠤ ᠪᠡᠶᠡᠯᠡᠭᠦᠯᠵᠦ᠂ ︽ᠬᠤᠶᠠᠷ ᠲᠤ | ᠵᠣᠪᠠᠭ᠋ᠤ ᠦᠭᠡᠢ ᠭᠤᠷᠪᠠ ᠶᠢ ᠪᠠᠲᠤᠯᠠᠬᠤ︾ ᠶᠢ ᠪᠦᠬᠦᠨ ᠢ ᠪᠠᠷᠢᠮᠵᠢᠶ᠎ᠠ ᠳᠤ ᠬᠦᠷᠭᠡᠵᠦ᠂ ᠲᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠠᠯᠳᠠᠢ 286 ᠡᠷᠦᠭᠡ ᠶᠢᠨ | 695 ᠬᠥᠮᠦᠨ ᠢ ᠪᠦᠬᠦᠨ ᠢ ᠶᠠᠳᠠᠭᠤ ᠠᠴᠠ ᠠᠩᠭᠢᠵᠢᠷᠠᠭᠤᠯᠪᠠ᠃ ᠶᠠᠳᠠᠭᠤ ᠬᠦᠴᠢᠷᠳᠠᠯᠳᠠᠢ ᠰᠤᠷᠤᠭᠴᠢᠳ ᠢ ᠲᠤᠰᠠᠯᠠᠬᠤ᠂ ᠶᠠᠳᠠᠭᠤ ᠬᠦᠴᠢᠷᠳᠠᠯᠳᠠᠢ ᠬᠥᠮᠦᠨ | ᠠᠮᠠ ᠶᠢ ᠡᠮᠨᠡᠯᠭᠡ ᠳᠤ ᠰᠠᠭᠤᠨ ᠡᠮᠨᠡᠭᠦᠯᠬᠦ ᠪᠠ ᠦᠨᠳᠦᠰᠦᠨ ᠡᠮ ᠡᠮᠨᠡᠯᠭᠡ ᠶᠢᠨ ᠲᠠᠩᠰᠠ ᠲᠠᠶᠢᠯᠬᠤ ᠵᠡᠷᠭᠡ ᠲᠣᠭᠲᠠᠴᠠ ᠶᠢ ᠪᠦᠲᠦᠮᠵᠢᠲᠡᠶ ᠬᠡᠷᠡᠭᠵᠢᠭᠦᠯᠵᠦ᠂ 8879 | ᠬᠥᠮᠦᠨ ᠳᠤ ᠶᠠᠳᠠᠭᠤᠷᠠᠬᠤ ᠠᠴᠠ ᠰᠡᠷᠬᠡᠶᠢᠯᠡᠬᠦ ᠳᠠᠭᠠᠳᠬᠠᠯ 44.4 ᠲᠦᠮᠡᠨ ᠲᠥᠭᠦᠷᠢᠭ ᠲᠤᠰᠢᠶᠠᠨ ᠦᠭᠴᠦ᠂ ᠰᠤᠷᠭᠠᠨ ᠬᠥᠮᠦᠵᠢᠯ᠂ ᠡᠷᠡᠭᠦᠯ ᠮᠡᠨᠳᠦ᠂ | ᠶᠠᠳᠠᠭᠤᠷᠠᠬᠤ ᠠᠴᠠ ᠰᠡᠷᠭᠡᠶᠢᠯᠡᠬᠦ ᠳᠠᠭᠠᠳᠬᠠᠯ ᠵᠡᠷᠭᠡ ᠲᠥᠷᠥ ᠶᠢᠨ ᠪᠣᠳᠣᠯᠭ᠎ᠠ ᠶᠢ ᠨᠡᠶᠢᠳᠡᠮ ᠪᠦᠷᠬᠦᠬᠦᠯᠬᠦ ᠶᠢ ᠪᠡᠶᠡᠯᠡᠭᠦᠯᠪᠠ᠃ ᠨᠡᠶᠢᠲᠡ 6785 ᠲᠦᠮᠡᠨ | ᠲᠥᠭᠦᠷᠢᠭ ᠤᠨ ᠪᠡᠯᠡ ᠣᠷᠣᠭᠤᠯᠵᠤ᠂ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ᠂ ᠣᠨᠳᠣᠤ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠵᠠᠯᠭᠠᠮᠵᠢ ᠠᠵᠤ ᠦᠢᠯᠡᠰ᠂ | ᠭᠠᠴᠠᠭᠠᠨ ᠤ ᠬᠠᠮᠲᠤ ᠶᠢᠨ ᠠᠵᠤ ᠠᠬᠤᠶ ᠶᠢ ᠪᠤᠵᠠᠭᠠᠶᠢᠷᠠᠭᠤᠯᠬᠤ ᠵᠡᠷᠭᠡ ᠶᠠᠳᠠᠭᠤ ᠶᠢ ᠲᠡᠳᠬᠦᠵᠦ ᠣᠷᠣᠯᠭ᠎ᠠ ᠨᠡᠮᠡᠭᠳᠡᠭᠦᠯᠬᠦ ᠲᠥᠷᠥᠯ ᠵᠦᠢᠯ ᠢ ᠬᠡᠷᠩᠵᠢᠬᠦᠯᠬᠦ ᠪᠠᠷ | ᠲᠠᠮᠵᠢᠨ᠂ ᠶᠠᠳᠠᠭᠤ ᠠᠴᠠ ᠠᠩᠬᠢᠵᠢᠷᠠᠭᠤᠯᠬᠤ ᠦᠷ᠎ᠡ ᠪᠦᠳᠤᠭᠡᠯ ᠢ ᠤᠯᠠᠮ ᠨᠢᠭᠡ ᠠᠯᠬᠤᠮ ᠪᠠᠬᠢᠵᠢᠭᠦᠯᠵᠦ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ | ᠲᠣᠭᠲᠠᠭᠤᠨ ᠢᠶᠠᠷ ᠣᠷᠣᠯᠭ᠎ᠠ ᠪᠠᠨ ᠨᠡᠮᠡᠭᠳᠡᠭᠦᠯᠬᠦ ᠶᠢ ᠳᠠᠶᠢᠴᠢᠯᠠᠪᠠ᠃ ᠪᠣᠬᠢᠷᠲᠤᠯ ᠢ ᠰᠡᠷᠭᠡᠶᠢᠯᠡᠨ ᠵᠠᠰᠠᠬᠤ ᠪᠠᠬᠢᠯᠡᠯᠳᠡ ᠰᠢᠪᠳᠤᠯᠬᠤ ᠳᠠᠶᠢᠯᠠᠯᠳᠤᠭᠠᠨ ᠪᠣᠳᠠᠲᠤ ᠦᠷ᠎ᠡ | ᠪᠦᠲᠦᠮᠵᠢ ᠤᠯᠪᠠ᠃ ᠠᠭᠠᠷ ᠮᠠᠨᠳᠠᠯ᠂ ᠤᠰᠤ᠂ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠭᠤᠷᠪᠠᠨ ᠶᠡᠭᠡ ᠠᠵᠢᠯᠯᠠᠭ᠎ᠠ ᠶᠢᠨ ᠲᠥᠯᠥᠪᠯᠡᠭᠡ ᠶᠢ | ᠬᠡᠷᠡᠭᠵᠢᠭᠦᠯᠵᠦ᠂ ᠪᠠᠶᠠᠨᠬᠦ᠋ᠷᠢᠶ᠎ᠡ ᠪᠠᠯᠭᠠᠰᠤ ᠶᠢᠨ ᠠᠭᠠᠷ ᠮᠠᠨᠳᠠᠯ ᠤᠨ ᠣᠷᠴᠢᠨ ᠲᠣᠭᠤᠷᠢᠨ ᠤ ᠶᠠᠰᠤ ᠴᠢᠨᠠᠷ ᠤᠨ ᠠᠦ᠋ᠲ᠋ᠣ᠋ ᠬᠢᠨᠠᠨ ᠬᠡᠮᠵᠢᠬᠦ ᠥᠷᠲᠡᠭᠡ ᠶᠢ ᠰᠢᠨ᠎ᠡ ᠪᠠᠷ | ᠪᠠᠶᠢᠭᠤᠯᠵᠤ᠂ ᠪᠠᠶᠢᠭᠤᠯᠤᠭᠰᠠᠨ ᠲᠣᠭᠤᠷᠢᠭ ᠤᠨ 10 ᠲᠣᠨ ᠠᠴᠠ ᠳᠣᠷᠣᠭᠰᠢᠬᠢ ᠨᠡᠭᠦᠷᠡᠰᠦ ᠰᠢᠲᠠᠭᠠᠬᠤ ᠪᠠᠭ᠎ᠠ ᠵᠤᠤᠬ᠎ᠠ ᠶᠢ ᠥᠭᠡᠷᠡᠴᠢᠯᠡᠬᠦ ᠪᠠ 9 ᠠᠵᠤ | ᠦᠢᠯᠡᠳᠪᠦᠷᠢ ᠶᠢᠨ ᠵᠤᠤᠬ᠎ᠠ ᠶᠢ ᠴᠡᠭᠴᠡᠯᠡᠨ ᠰᠠᠶᠢᠵᠢᠷᠠᠭᠤᠯᠬᠤ ᠠᠵᠢᠯ ᠢ ᠪᠡᠶᠡᠯᠡᠭᠦᠯᠪᠠ︔ ᠭᠤᠤᠯᠳᠠᠯᠭ᠎ᠠ ᠲᠠᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ | ᠤᠰᠤᠨ ᠤ ᠡᠬᠢ ᠪᠠᠶᠠᠯᠢᠭ ᠢ ᠬᠢᠨᠠᠨ ᠡᠵᠡᠮᠳᠡᠬᠦ ᠰᠢᠰᠲ᠋ᠧᠮ ᠢ ᠨᠡᠶᠢᠳᠡᠮ ᠪᠥᠷᠬᠦᠭᠦᠯᠵᠦ᠂ ᠪᠣᠬᠢᠷ ᠤᠰᠤ ᠶᠢ ᠰᠢᠢᠳᠪᠦᠷᠢᠯᠡᠬᠦ ᠳᠤᠮᠳᠠᠬᠢ ᠤᠰᠤ ᠶᠢ ᠡᠭᠡᠭᠦᠯᠦᠨ ᠬᠡᠷᠡᠭᠯᠡᠬᠦ | ᠢᠨᠵᠧᠨᠧᠷᠢᠩ ᠢ ᠪᠡᠶᠡᠯᠡᠭᠦᠯᠵᠦ᠂ ᠭᠤᠤᠯ ᠨᠠᠭᠤᠷ ᠤᠨ《ᠲᠦᠷᠪᠡᠨ ᠡᠮᠬᠢ ᠵᠠᠮᠪᠠᠷᠠᠭ᠎ᠠ ᠦᠬᠡᠢ》 ᠶᠢ ᠴᠡᠭᠴᠡᠯᠡᠬᠦ ᠠᠵᠢᠯ ᠳᠤ 103 ᠭᠠᠵᠠᠷ ᠢ ᠴᠡᠪᠡᠷᠯᠡᠨ ᠴᠡᠭᠴᠡᠯᠡᠵᠦ᠂ | ᠭᠠᠵᠠᠷ ᠳᠣᠣᠷᠠᠬᠢ ᠲᠣᠰᠣᠨ ᠤ ᠰᠠᠪᠠ ᠶᠢᠨ ᠨᠡᠪᠴᠢᠬᠦ ᠶᠢ ᠰᠡᠷᠭᠡᠶᠢᠯᠡᠬᠦ ᠥᠭᠡᠷᠡᠴᠢᠯᠡᠯᠲᠡ 61 ᠶᠢ ᠪᠡᠶᠡᠯᠡᠭᠦᠯᠪᠡ᠃ ᠡᠯ᠎ᠡ ᠱᠠᠲᠤᠨ ᠤ ᠡᠯ᠎ᠡ ᠲᠥᠷᠥᠯ ᠤᠨ ᠣᠷᠴᠢᠨ | ᠠᠬᠤᠶ ᠶᠢᠨ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠡᠮᠬᠢ ᠵᠢᠷᠤᠮ ᠲᠠᠢ | ᠳᠥᠯᠭᠢᠨ ᠠᠬᠢᠭᠤᠯᠵᠤ᠂ ᠬᠤᠲᠠ ᠪᠠᠯᠭᠠᠰᠤᠨ ᠤ ᠪᠣᠬᠢᠷ ᠤᠰᠤ ᠶᠢ ᠰᠢᠢᠤᠨᠪᠤᠷᠢᠯᠡᠭᠰᠡᠨ ᠨᠣᠷᠮ᠎ᠠ ᠶᠢ 95.4% ᠳᠤ ᠬᠦᠷᠭᠡᠵᠦ᠂ ᠬᠤᠭ ᠨᠣᠪᠰᠢ ᠶᠢ ᠰᠢᠢᠳᠪᠦᠷᠢᠯᠡᠭᠰᠡᠨ | ᠨᠣᠷᠮ᠎ᠠ 100% ᠳᠤ ᠬᠦᠷᠴᠦ᠂ ᠵᠢᠯ ᠪᠦᠷᠢ ᠶᠢᠨ ᠠᠭᠠᠷ ᠲᠤᠩᠭᠠᠯᠠᠭ ᠡᠳᠤᠷ ᠤᠨ ᠲᠤᠭ᠎ᠠ ᠶᠢᠨ ᠬᠠᠷᠢᠴᠠᠯ 98% ᠠᠴᠠ ᠲᠡᠭᠡᠭᠰᠢ ᠳᠤ ᠬᠦᠷᠴᠦ᠂ ᠬᠦᠯᠤᠨ ᠪᠦᠢᠷ | ᠬᠤᠳᠠ ᠶᠢᠨ ᠠᠮᠢ ᠠᠬᠤᠢ ᠶᠢᠨ ᠤᠷᠴᠢᠨ ᠲᠤᠭᠤᠷᠢᠨ ᠤ ᠲᠤᠪᠴᠢᠶ᠎ᠠ ᠶᠢᠨ ᠬᠠᠭᠤᠴᠢᠨ ᠪᠠᠷᠭᠤ ᠬᠤᠰᠢᠭᠤᠨ ᠤ ᠬᠤᠪᠢᠶᠡᠷᠢ ᠲᠤᠪᠴᠢᠶ᠎ᠠ ︽ᠤᠯᠤᠰ ᠤᠨ ᠬᠤᠶᠠᠳᠤᠭᠠᠷ | ᠤᠳᠠᠭᠠᠨ ᠤ ᠪᠣᠬᠢᠷᠲᠤᠯ ᠤᠨ ᠡᠬᠢ ᠶᠢᠨ ᠨᠡᠶᠢᠳᠡᠮ ᠪᠠᠶᠢᠴᠠᠭᠠᠯᠲᠠ ᠶᠢᠨ ᠢᠯᠡᠷᠡᠯ ᠲᠣᠪᠤᠶᠢᠮ᠎ᠠ ᠬᠠᠮᠲᠤ ᠨᠡᠶᠢᠲᠡ︾ ᠶᠢᠨ ᠴᠣᠯᠠ ᠶᠢ ᠭᠥᠷᠳᠡᠪᠡ᠃ ᠲᠦᠭᠰᠢᠭᠦᠷᠢ ᠶᠢ | ᠰᠡᠷᠭᠡᠶᠢᠯᠡᠨ ᠡᠵᠡᠮᠳᠡᠬᠦ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠬᠦᠯᠪᠡ᠃ ᠲᠠᠯᠳᠠ ᠥᠷᠢ ᠥᠭᠴᠡᠭᠡ ᠶᠢᠨ ᠨᠡᠮᠡᠭᠳᠡᠯ ᠢ ᠬᠤᠷᠢᠭᠯᠠᠵᠤ᠂ ᠵᠠᠰᠠᠭ ᠤᠨ ᠣᠷᠳᠣᠨ ᠤ | ᠥᠷᠢ ᠥᠭᠴᠡᠭᠡ ᠶᠢ ᠠᠷᠢᠯᠭᠠᠬᠤ ᠣᠨ ᠤ ᠡᠭᠦᠷᠭᠡ ᠶᠢ ᠴᠠᠭ ᠲᠤᠬᠠᠶ ᠳᠤᠨᠢ ᠪᠡᠶᠡᠯᠡᠭᠦᠯᠵᠦ᠂ ᠰᠢᠰᠲ᠋ᠧᠮ ᠤᠨ ᠴᠢᠨᠠᠷᠲᠠᠶ ᠠᠶᠤᠯ ᠲᠦᠭᠰᠢᠭᠦᠷᠢ ᠦᠯᠦ ᠭᠠᠷᠭᠠᠬᠤ | ᠬᠤᠷᠢᠭ᠎ᠠ ᠱᠤᠭᠤᠮ ᠢ ᠪᠠᠲᠤ ᠰᠠᠬᠢᠪᠠ᠃ ᠠᠷᠪᠢᠯᠠᠨ ᠭᠠᠮᠨᠠᠬᠤ ᠶᠢ ᠡᠷᠬᠢᠮᠯᠡᠨ᠂ ᠭᠤᠷᠪᠠᠨ ᠠᠯᠪᠠᠨ ᠤ ᠵᠠᠷᠤᠳᠠᠯ ᠢ 2017 ᠣᠨ ᠤ ᠬᠢ ᠠᠴᠠ 72% ᠢᠶᠠᠷ | ᠪᠠᠭᠤᠷᠠᠭᠤᠯᠪᠠ︔ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠬᠦᠢᠯᠭᠡᠭᠡᠨ ᠤ ᠬᠢᠨᠠᠠ ᠬᠠᠮᠢᠶᠠᠷᠤᠯᠲᠠ ᠶᠢᠨ ᠲᠦᠷᠢᠮ︾ | ᠢ ᠨᠠᠶᠢᠳᠠᠪᠤᠷᠢᠵᠢᠭᠤᠯᠵᠤ᠂ ᠮᠥᠩᠭᠦᠨ ᠬᠦᠢᠯᠭᠡᠭᠡᠨ ᠤ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠰᠢᠢᠳᠪᠦᠷᠢᠯᠡᠵᠦ᠂ ᠬᠠᠤᠯᠢ ᠪᠤᠰᠤ ᠪᠠᠷ ᠪᠠᠯᠠ ᠴᠤᠭᠯᠠᠭᠤᠯᠬᠤ | ᠠᠵᠢᠯᠯᠠᠭ᠎ᠠ ᠶᠢ ᠰᠡᠷᠬᠡᠶᠢᠯᠡᠬᠦ ᠪᠠ ᠴᠤᠬᠢᠯᠳᠠ ᠦᠭᠬᠦ ᠶᠢ ᠡᠮᠬᠢ ᠵᠢᠷᠤᠮ ᠲᠠᠢ ᠥᠷᠨᠢᠭᠦᠯᠪᠠ᠃ | ︵ᠭᠤᠷᠪᠠ︶ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠦᠷᠭᠦᠯᠵᠢᠯᠡᠨ ᠰᠠᠶᠢᠵᠢᠷᠠᠵᠦ᠂ ᠪᠣᠬᠢᠷᠲᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ | ᠨᠡᠩ ᠭᠦᠨᠵᠡᠭᠡᠶᠢᠷᠡᠪᠡ᠃ ᠣᠶ ᠰᠢᠭᠤᠶ ︵ᠨᠤᠲᠤᠭ ᠪᠡᠯᠴᠢᠭᠡᠷ︶ ᠶᠢᠨ ᠲᠠᠷᠤᠭ᠎ᠠ ᠶᠢᠨ ᠲᠦᠷᠢᠮ ᠤᠨ ᠬᠠᠮᠢᠶᠠᠷᠤᠯᠲᠠ ᠶᠢᠨ ᠰᠢᠰᠲ᠋ᠧᠮᠵᠢ ᠶᠢ ᠪᠦᠷᠢᠨᠰᠢᠬᠦᠯᠵᠦ᠂ ᠨᠤᠲᠤᠭ | ᠪᠡᠯᠴᠢᠬᠡᠷ ᠤᠨ ᠮᠠᠯᠵᠢᠬᠤ ᠶᠢ ᠴᠠᠭᠠᠵᠠᠯᠠᠬᠤ ᠪᠠ ᠮᠠᠯ ᠪᠡᠯᠴᠢᠬᠡᠷ ᠢ ᠲᠡᠩᠴᠡᠬᠦᠷᠢᠳᠠᠢ ᠪᠤᠯᠭᠠᠬᠤ ᠬᠠᠮᠢᠶᠠᠷᠤᠯᠳᠠ ᠶᠢ ᠬᠡᠷᠩᠵᠢᠬᠦᠯᠬᠦ ᠠᠷᠭ᠎ᠠ ᠠᠪᠴᠠᠯ ᠢ ᠪᠦᠬᠦ ᠲᠠᠯ᠎ᠠ ᠪᠠᠷ | ᠬᠡᠷᠩᠵᠢᠬᠦᠯᠪᠡ︔ ︽ᠭᠤᠷᠪᠠᠨ ᠤᠮᠠᠷᠠᠲᠤ︾ ᠶᠢᠨ ᠬᠠᠯᠬᠠᠪᠴᠢ ᠣᠶ᠂ ᠪᠠᠶᠢᠭᠠᠯᠢᠯᠢᠭ ᠨᠤᠲᠤᠭ ᠪᠡᠯᠴᠢᠭᠡᠷ ᠤᠨ ᠮᠠᠯᠵᠢᠬᠤ ᠶᠢ ᠵᠣᠭᠰᠣᠭᠠᠵᠤ ᠡᠪᠡᠰᠦ ᠪᠡᠯᠴᠢᠭᠡᠷ ᠢ | ᠰᠡᠷᠭᠦᠭᠡᠬᠦ᠂ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠬᠦ ᠤᠯᠤᠰ ᠤᠨ ᠲᠤᠷᠰᠢᠯᠲᠠ ᠶᠢᠨ ᠴᠡᠭ ᠵᠡᠷᠭᠡ ᠢᠨᠵᠧᠨᠧᠷᠢᠩ ᠨᠡᠶᠢᠲᠡ 78.4 ᠲᠦᠮᠡᠨ ᠮᠥ ᠶᠢ | ᠪᠡᠶᠡᠯᠡᠭᠦᠯᠪᠡ︔ ᠤᠷᠭᠤᠭ᠎ᠠ ᠮᠣᠳᠣᠨ ᠤ ᠬᠠᠳᠠᠭᠠᠯᠠᠭᠳᠠᠴᠠ 80 ᠲᠦᠮᠡᠨ ᠪᠣᠰᠤᠭ᠎ᠠ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠵᠦ᠂ ᠤᠢ ᠰᠢᠭᠤᠶ ᠶᠢᠨ | ᠪᠦᠷᠬᠦᠴᠡ ᠶᠢᠨ ᠨᠤᠷᠮ᠎ᠠ᠂ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ ᠪᠦᠷᠬᠦᠴᠡ ᠶᠢᠨ ᠬᠡᠮᠵᠢᠶ᠎ᠡ ᠶᠢ ᠲᠤᠰ ᠲᠤᠰ 9.2% ᠪᠠ 81.9% ᠳᠤ | ᠬᠦᠷᠭᠡᠪᠡ︔ ᠨᠤᠲᠤᠭ ᠪᠡᠯᠴᠢᠭᠡᠷ ᠲᠤ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ ᠢ ᠲᠡᠩᠴᠡᠬᠦᠷᠢᠳᠠᠢ ᠪᠤᠯᠭᠠᠬᠤ ᠬᠠᠮᠢᠶᠠᠷᠤᠯᠲᠠ ᠶᠢᠨ ᠬᠡᠷᠡᠭᠵᠢᠭᠦᠯᠬᠦ | ᠠᠷᠭ᠎ᠠ ᠶᠢ ᠪᠥᠬᠦ ᠲᠠᠯ᠎ᠠ ᠪᠠᠷ ᠬᠡᠷᠩᠵᠢᠬᠦᠯᠪᠡ︔ ᠲᠤᠬᠤᠢ ᠨᠤᠭᠤ ᠭᠠᠵᠠᠷ ᠤᠨ ᠴᠡᠴᠡᠷᠯᠢᠭ ᠤᠯᠤᠰ ᠤᠨ ᠨᠤᠭᠤ ᠭᠠᠵᠠᠷ ᠤᠨ ᠴᠡᠴᠡᠷᠯᠢᠭ ᠤᠨ ᠲᠤᠷᠰᠢᠯᠲᠠ ᠴᠡᠭ ᠤᠨ | ᠰᠢᠯᠭᠠᠨ ᠪᠠᠶᠢᠴᠠᠭᠠᠯᠲᠠ ᠶᠢ ᠦᠩᠬᠡᠷᠡᠬᠦᠯᠪᠡ᠃ ᠭᠤᠣᠯ ᠤᠨ ᠳᠠᠷᠤᠭ᠎ᠠ ᠶᠢᠨ ᠲᠦᠷᠢᠮ ᠢ ᠨᠠᠶᠢᠳᠠᠪᠤᠷᠢᠵᠢᠭᠤᠯᠵᠤ᠂ 1464 ᠤᠳᠠᠭ᠎ᠠ ᠭᠤᠣᠯ ᠢ ᠲᠣᠭᠤᠷᠢᠨ | ᠪᠠᠶᠢᠴᠠᠭᠠᠵᠤ᠂ 78 ᠭᠤᠣᠯ ᠮᠥᠷᠡᠨ᠂ 19 ᠨᠠᠭᠤᠷ ᠲᠣᠭᠤᠷᠢᠮ ᠤᠨ ᠬᠠᠮᠢᠶᠠᠷᠤᠯᠲᠠ ᠶᠢᠨ ᠬᠡᠪᠴᠢᠶ᠎ᠡ ᠶᠢ ᠵᠠᠭᠠᠭᠯᠠᠨ ᠲᠣᠭᠲᠠᠭᠠᠬᠤ ᠠᠵᠢᠯ ᠢ ᠪᠡᠶᠡᠯᠡᠭᠦᠯᠪᠡ᠃ | ᠲᠣᠭᠲᠠᠭᠠᠯ ᠠᠴᠠ ᠵᠦᠷᠢᠴᠡᠭᠰᠡᠨ ᠪᠠᠷᠢᠯᠭ᠎ᠠ ᠶᠢ 19.9 ᠲᠦᠮᠡᠨ ᠲᠡᠭᠰᠢ ᠳᠥᠷᠪᠡᠯᠵᠢᠨ ᠮᠧᠲᠷ ᠢ ᠢᠯᠭᠠᠷᠠᠭᠤᠯᠤᠨ ᠴᠡᠭᠴᠡᠯᠡᠪᠡ᠃ ᠨᠡᠭᠦᠷᠡᠰᠦ᠂ ᠴᠠᠬᠢᠯᠭᠠᠨ ᠬᠦᠴᠦᠨ᠂ | ᠬᠢᠮᠢ ᠶᠢᠨ ᠠᠵᠤ ᠦᠢᠯᠡᠳᠪᠦᠷᠢ ᠵᠡᠷᠭᠡ ᠠᠵᠤ ᠠᠬᠤᠶᠢᠯᠠᠯ ᠢ ᠵᠢᠯᠣᠭᠤᠳᠴᠤ ᠪᠠᠶᠢᠭᠠᠳ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨ᠎ᠡ ᠪᠠᠷᠢᠮᠵᠢᠶ᠎ᠠ ᠪᠠ | ᠪᠡᠶᠡᠯᠡᠭᠦᠯᠬᠦ ᠴᠠᠭ ᠤᠨ ᠬᠢᠵᠠᠭᠠᠷ ᠶᠣᠰᠣᠭᠠᠷ ᠮᠡᠷᠭᠡᠵᠢᠯ ᠤᠨ ᠥᠭᠡᠷᠡᠴᠢᠯᠡᠯᠲᠡ ᠬᠢᠵᠦ᠂ ᠡᠨᠧᠷᠭᠢ ᠶᠢᠨ ᠬᠤᠷᠣᠭᠳᠠᠭᠤᠯᠤᠯ ᠤᠨ ᠬᠤᠤᠰ ᠡᠵᠡᠮᠳᠡᠯ ᠤᠨ ︽ᠬᠤᠤᠰ | ᠪᠤᠬᠢᠷᠳᠤᠯ ᠦᠬᠡᠢ︾ ᠬᠠᠷᠠᠯᠲᠠ ᠶᠢ ᠪᠡᠶᠡᠯᠡᠭᠦᠯᠪᠠ᠃ ᠪᠤᠷᠤᠰᠢᠯᠢ ᠶᠢᠨ ᠴᠥᠮᠥᠷᠡᠭᠰᠡᠨ ᠣᠷᠣᠨ ᠤ ᠲᠤᠯᠤᠳᠤᠭᠠᠷ ᠬᠤᠭᠤᠴᠠᠭ᠎ᠠ᠂ ᠲᠡᠤᠬᠡᠨ ᠠᠴᠠ ᠦᠯᠡᠳᠡᠭᠳᠡᠵᠦ | ᠢᠷᠡᠭᠰᠡᠨ ᠮᠠᠲ᠋ᠧᠷᠢᠶᠠᠯ ᠤᠨ ᠨᠦᠬᠡ ᠶᠢ ᠵᠠᠰᠠᠬᠤ ᠵᠡᠷᠭᠡ 5 ᠲᠥᠷᠥᠯ ᠵᠦᠢᠯ ᠢ ᠬᠡᠷᠡᠭᠵᠢᠭᠦᠯᠵᠦ᠂ ᠳ᠋ᠦᠩ ᠮᠢᠩ ᠠᠭᠤᠷᠬᠠᠶ ᠶᠢᠨ ᠦᠢᠯᠡᠰ᠂ ᠪᠤᠷᠤᠰᠢᠯᠢ ᠶᠢᠨ ᠵᠠᠳᠠᠭᠠᠶ | ᠠᠭᠤᠷᠬᠠᠶ ᠤᠯᠤᠰ ᠤᠨ ᠪᠣᠬᠢᠷᠲᠤᠯ ᠥᠬᠡᠶ ᠠᠭᠤᠷᠬᠠᠶ ᠶᠢᠨ ᠲᠤᠷᠰᠢᠯᠲᠠ ᠶᠢᠨ ᠴᠡᠭ ᠲᠤ ᠵᠢᠭᠰᠠᠭᠠᠭᠳᠠᠵᠤ᠂ ᠬᠤ᠋ ᠱᠧᠩ ᠠᠭᠤᠷᠬᠠᠶ ᠶᠢᠨ ᠦᠢᠯᠡᠰ᠂ ᠲᠢᠶᠠᠨ ᠪᠦᠦ | ᠠᠭᠤᠷᠬᠠᠶ ᠶᠢᠨ ᠦᠢᠯᠡᠰ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ ᠥᠬᠡᠶ ᠠᠭᠤᠷᠬᠠᠶ ᠪᠠᠷ ᠦᠨᠡᠯᠡᠭᠳᠡᠪᠡ᠃ ᠭᠤᠷᠪᠠᠳᠤᠭᠠᠷ ᠤᠳᠠᠭᠠᠨ ᠤ ᠪᠥᠬᠦ | ᠤᠯᠤᠰ ᠤᠨ ᠭᠠᠵᠠᠷ ᠰᠢᠷᠣᠶ ᠶᠢᠨ ᠪᠠᠶᠢᠴᠠᠭᠠᠯᠲᠠ ᠶᠢᠨ ᠠᠵᠢᠯ ᠢ ᠤᠷᠤᠭᠰᠢᠲᠠᠶ ᠪᠡᠶᠡᠯᠡᠭᠦᠯᠵᠦ᠂ ︽ᠣᠯᠠᠨ ᠲᠥᠯᠥᠪᠵᠢᠭᠦᠯᠭᠡ ᠶᠢ ᠨᠢᠭᠡᠳᠤᠬᠦᠯᠬᠦ︾ ᠪᠠᠷ ᠰᠠᠭᠤᠷᠢ | ᠪᠣᠯᠭᠠᠭᠰᠠᠨ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢ ᠨᠠᠶᠢᠷᠠᠭᠤᠯᠬᠤ ᠠᠵᠢᠯ ᠢ ᠪᠥᠬᠦ ᠲᠠᠯ᠎ᠠ ᠪᠠᠷ ᠡᠬᠢᠯᠡᠭᠦᠯᠵᠦ᠂ ︽ᠭᠤᠷᠪᠠᠨ | ᠣᠷᠣᠨ ᠭᠤᠷᠪᠠᠨ ᠱᠤᠭᠤᠮ︾② ᠢ ᠰᠢᠨᠵᠢᠯᠡᠬᠦ ᠤᠬᠠᠭᠠᠨᠴᠢ ᠪᠠᠷ ᠵᠠᠭᠠᠭᠯᠠᠨ ᠲᠣᠭᠲᠠᠭᠠᠵᠦ᠂ ᠦᠨᠳᠦᠰᠦᠨ ᠲᠠᠷᠢᠶᠠᠨ ᠭᠠᠵᠠᠷ ᠢ 5.8 ᠲᠦᠮᠡᠨ ᠾᠧᠺᠲ᠋ᠠᠷ ᠵᠠᠭᠠᠭᠯᠠᠨ | ᠲᠣᠭᠲᠠᠭᠠᠵᠤ᠂ ᠠᠮᠤ ᠪᠤᠳᠠᠭᠠᠨ ᠤ ᠠᠮᠤᠷ ᠲᠦᠪᠰᠢᠨ ᠢ ᠦᠨᠡᠨᠬᠦ ᠪᠠᠳᠤᠯᠠᠪᠠ᠃ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠵᠦ ᠬᠠᠤᠯᠢ ᠲᠣᠭᠲᠠᠭᠠᠯ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ ᠲᠤᠰᠬᠠᠶᠢᠯᠠᠨ ᠴᠡᠭᠴᠡᠯᠡᠨ ᠵᠠᠰᠠᠬᠤ ᠠᠵᠢᠯ ᠢ ᠪᠡᠶᠡᠯᠡᠭᠦᠯᠪᠠ᠃ | ︵ᠳᠥᠷᠪᠡ︶ ᠬᠤᠲᠠ ᠬᠥᠳᠡᠭᠡ ᠶᠢᠨ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠵᠦ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ | ᠪᠥᠲᠥᠭᠡᠨ ᠪᠠᠶᠢᠭᠤᠯᠬᠤ ᠨᠥᠬᠦᠴᠡᠯ ᠡᠳᠦᠷ ᠢᠷᠡᠬᠦᠶ᠎ᠡ ᠰᠠᠶᠢᠵᠢᠷᠠᠪᠠ᠃ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠲᠠᠰᠤᠷᠠᠯᠲᠠ ᠦᠭᠡᠢ ᠲᠡᠭᠦᠯᠳᠡᠷᠵᠢᠪᠡ | ᠃ 10.1 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠨ᠂ ᠪᠠᠷᠭᠤ ᠶᠡᠭᠡ ᠵᠡᠭᠡᠯᠢ ᠵᠢᠴᠢ ᠵᠠᠮ ᠤᠨ ᠲᠣᠤᠷ ᠤᠨ ᠥᠭᠡᠷᠡᠴᠢᠯᠡᠯᠲᠡ᠂ ᠬᠠᠭᠤᠴᠢᠨ ᠪᠠᠭ᠎ᠠ | ᠲᠣᠭᠤᠷᠢᠭ ᠤᠨ ᠥᠭᠡᠷᠡᠴᠢᠯᠡᠯᠲᠡ᠂ ᠢᠯᠴᠢ ᠶᠢᠨ ᠢᠷᠡᠯᠲᠡ ᠶᠢ ᠥᠷᠭᠡᠳᠬᠡᠨ ᠪᠠᠶᠢᠭᠤᠯᠬᠤ ᠵᠡᠷᠭᠡ 21 ᠵᠦᠢᠯ ᠤᠨ ᠢᠨᠵᠧᠨᠧᠷᠢᠩ ᠢ ᠬᠡᠷᠡᠭᠵᠢᠭᠦᠯᠵᠦ᠂ ᠬᠤᠲᠠ ᠶᠢᠨ | ᠶᠠᠪᠤᠳᠠᠯ ᠤᠨ ᠵᠠᠮ ᠨᠡᠶᠢᠲᠡ 41 ᠺᠢᠯᠣᠮᠧᠲᠷ᠂ ᠪᠣᠷᠣᠭᠠᠨ ᠤ ᠤᠰᠤ᠂ ᠪᠣᠬᠢᠷ ᠤᠰᠤᠨ ᠤ ᠬᠤᠭᠤᠯᠠᠶ ᠲᠣᠤᠷ ᠢ ᠨᠡᠶᠢᠲᠡ 74 ᠺᠢᠯᠣᠮᠧᠲᠷ ᠪᠥᠲᠥᠭᠡᠨ ᠪᠠᠶᠢᠭᠤᠯᠪᠠ᠃ | ᠲᠣᠰᠬᠤᠨ ᠳᠤ ᠨᠡᠪᠲᠡᠷᠡᠬᠦ ᠵᠠᠰᠠᠮᠠᠯ ᠵᠠᠮ ᠢ ᠨᠡᠶᠢᠲᠡ 297 ᠺᠢᠯᠣᠮᠧᠲᠷ ᠰᠢᠨ᠎ᠡ ᠪᠠᠷ ᠨᠡᠮᠡᠭᠳᠡᠭᠦᠯᠵᠦ᠂ ᠶᠡᠷᠦᠩᠬᠡᠶ ᠣᠷᠳᠣ ᠨᠢ 1980 ᠺᠢᠯᠣᠮᠧᠲᠷ ᠲᠤ ᠬᠦᠷᠴᠦ᠂ | ᠭᠠᠴᠠᠭᠠᠨ ᠤ ᠵᠠᠮ ᠤᠨ ᠰᠠᠭᠠᠳ ᠥᠬᠡᠶ ᠨᠡᠪᠲᠡᠷᠡᠭᠰᠡᠨ ᠨᠣᠷᠮ᠎ᠠ100% ᠳᠤ ᠬᠥᠷᠪᠡ᠃ ᠲᠦᠪᠯᠡᠷᠡᠩᠬᠦᠢ ᠤᠰᠤᠨ ᠤ ᠠᠮᠤᠷ ᠲᠦᠪᠰᠢᠨ ᠤ ᠢᠨᠵᠧᠨᠧᠷᠢᠩ 5 ᠶᠢ | ᠪᠡᠶᠡᠯᠡᠬᠦᠯᠵᠦ᠂ ᠪᠠᠭ᠎ᠠ ᠬᠡᠯᠪᠡᠷᠢ ᠶᠢᠨ ᠬᠦᠳᠡᠯᠭᠡᠬᠦᠷᠢᠳᠤ ᠤᠰᠤ ᠰᠢᠢᠳᠪᠦᠷᠢᠯᠡᠬᠦ ᠲᠥᠬᠦᠭᠡᠷᠦᠮᠵᠢ 1325 ᠰᠠᠤᠷᠢ ︵ᠢᠵᠢ︶ ᠲᠠᠷᠬᠠᠭᠠᠵᠤ᠂ ᠮᠠᠰᠢᠨ ᠴᠠᠬᠢᠯᠭᠠᠨ | ᠬᠤᠳᠳᠤᠭ ᠭᠠᠩ ᠢ ᠰᠡᠷᠬᠡᠶᠢᠯᠡᠬᠦ ᠬᠤᠤᠨᠳᠤᠭ 240 ᠴᠤᠬᠢᠵᠦ᠂ ᠤᠰᠤ ᠠᠷᠪᠢᠯᠠᠬᠤ ᠤᠰᠤᠯᠠᠯᠲᠠ ᠶᠢᠨ ᠲᠠᠯᠠᠪᠠᠶ 1.15 ᠲᠦᠮᠡᠨ ᠮᠥ ᠶᠢ ᠪᠡᠶᠡᠯᠡᠭᠦᠯᠪᠡ᠃ 14 | ᠰᠠᠤᠷᠢ ᠬᠦᠴᠦᠳᠡᠯ ᠥᠭᠡᠷᠡᠴᠢᠯᠡᠬᠦ ᠦᠷᠳᠡᠭᠡ ᠶᠢ ᠰᠢᠨ᠎ᠡ ᠪᠠᠷ ᠪᠠᠶᠢᠭᠤᠯᠤᠭᠰᠠᠨ ᠪᠠ ᠪᠠᠭᠲᠠᠭᠠᠮᠵᠢ ᠶᠢ ᠨᠢ ᠨᠡᠮᠡᠭᠳᠡᠭᠦᠯᠦᠨ ᠥᠭᠡᠷᠡᠴᠢᠯᠡᠵᠦ᠂ 1150 ᠺᠢᠯᠣᠮᠧᠲᠷ | ᠴᠠᠬᠢᠯᠭᠠᠨ ᠬᠦᠴᠦᠨ ᠤ ᠱᠤᠭᠤᠮ ᠢ ᠰᠢᠨ᠎ᠡ ᠪᠠᠷ ᠪᠠᠶᠢᠭᠤᠯᠤᠨ ᠥᠭᠡᠷᠡᠴᠢᠯᠡᠪᠡ᠃ ᠬᠤᠳᠠ ᠶᠢᠨ ᠬᠠᠮᠢᠶᠠᠷᠤᠯᠳᠡ ᠶᠢᠨ ᠬᠢᠷᠢ ᠲᠦᠪᠰᠢᠨ ᠢ ᠲᠤᠭᠳᠠᠭᠤᠨ ᠢᠶᠠᠷ | ᠲᠡᠭᠡᠭᠰᠢᠯᠡᠬᠦᠯᠵᠦ᠂ ᠪᠠᠶᠠᠨᠬᠦ᠋ᠷᠢᠶ᠎ᠡ ᠪᠠᠯᠭᠠᠰᠤ᠂ ᠡᠸᠡᠩᠬᠢ ᠦᠨᠳᠤᠰᠤᠳᠡᠨ ᠤ ᠰᠤᠮᠤ ᠦᠪᠡᠷᠳᠡᠬᠡᠨ ᠵᠠᠰᠠᠬᠤ ᠤᠷᠤᠨ ᠤ ᠲᠡᠰ ᠤᠨ ᠡᠷᠡᠬᠦᠯ ᠬᠠᠮᠠᠭᠠᠯᠠᠯ ᠤᠨ ᠰᠢᠶᠠᠩ | ᠪᠠᠯᠭᠠᠰᠤ ᠪᠠᠷ ᠦᠨᠡᠯᠡᠭᠳᠡᠪᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠯᠠᠪᠳᠠᠭᠤᠨ ᠢᠶᠠᠷ ᠲᠦᠯᠬᠢᠨ ᠠᠬᠢᠭᠤᠯᠪᠠ᠃ ᠪᠥᠬᠦ | ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠯᠥᠪᠵᠢᠭᠦᠯᠭᠡ ᠶᠢ ᠨᠠᠶᠢᠷᠠᠭᠤᠯᠵᠤ᠂ 29 ᠭᠠᠴᠠᠭ᠎ᠠ ᠲᠣᠰᠬᠤᠨ ᠤ ᠲᠥᠯᠥᠪᠵᠢᠭᠦᠯᠭᠡ ᠵᠢᠴᠢ | ᠡᠳ᠋ ᠬᠥᠷᠥᠩᠭᠡ ᠶᠢ ᠪᠦᠷᠢᠳᠬᠡᠨ ᠪᠠᠯᠠ ᠮᠥᠩᠭᠦ ᠶᠢ ᠬᠠᠷᠭᠤᠭᠤᠯᠬᠤ ᠠᠵᠢᠯ ᠢ ᠪᠡᠶᠡᠯᠡᠬᠦᠯᠵᠦ᠂ ᠮᠠᠯᠴᠢᠨ ᠲᠠᠷᠢᠶᠠᠴᠢᠨ ᠤ ᠲᠤᠰᠬᠠᠶ ᠬᠤᠷᠰᠢᠶᠠᠵᠢᠯ ᠢ 173 ᠪᠣᠯᠭᠠᠨ | ᠬᠥᠭᠵᠢᠭᠦᠯᠵᠦ᠂ 456 ᠬᠡᠷ ᠪᠦᠯᠢ ᠶᠢᠨ ᠮᠠᠯᠵᠢᠯ ᠤᠨ ᠲᠠᠯᠠᠪᠠᠶ ᠶᠢ ᠮᠠᠭᠠᠳᠯᠠᠨ ᠲᠣᠭᠲᠠᠭᠠᠵᠤ᠂ 6 ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠱᠢᠶ᠎ᠡ ᠦᠵᠡᠭᠦᠯᠬᠦ | ᠬᠡᠷ ᠪᠦᠯᠢ ᠶᠢᠨ ᠮᠠᠯᠵᠢᠯ ᠤᠨ ᠲᠠᠯᠠᠪᠠᠶ ᠶᠢ ᠰᠢᠨ᠎ᠡ ᠪᠠᠷ ᠪᠠᠶᠢᠭᠤᠯᠪᠠ᠃ ᠰᠠᠭᠤᠷᠢᠰᠢᠯ ᠤᠨ ᠣᠷᠴᠢᠨ ᠲᠣᠭᠤᠷᠢᠨ ᠢ ᠪᠦᠲᠦᠮᠵᠢᠲᠡᠶ ᠰᠠᠶᠢᠵᠢᠷᠠᠭᠤᠯᠵᠤ᠂ 4 ᠬᠤᠭ ᠨᠣᠪᠰᠢ | ᠰᠢᠢᠳᠪᠦᠷᠢᠯᠡᠬᠦ ᠥᠷᠲᠡᠭᠡ ᠪᠠᠶᠢᠭᠤᠯᠵᠤ᠂ 1314 ᠡᠷᠦᠬᠡ ᠶᠢᠨ ᠵᠣᠷᠯᠣᠩ ᠤᠨ ᠥᠭᠡᠷᠡᠴᠢᠯᠡᠯᠲᠡ ᠶᠢ ᠪᠡᠶᠡᠯᠡᠭᠦᠯᠪᠠ᠃ ᠤᠯᠠᠮᠵᠢᠯᠠᠯᠲᠤ ᠭᠠᠷ ᠤᠷᠠᠯᠠᠯ᠂ ᠤᠯᠠᠮᠵᠢᠯᠠᠯᠲᠤ | ᠴᠠᠭᠠᠨ ᠢᠳᠡᠭᠡᠨ ᠡᠳ᠋ᠰᠢᠭᠦᠯᠬᠦ ᠪᠠ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠵᠡᠷᠭᠡ ᠠᠵᠤ ᠦᠢᠯᠡᠰ ᠤᠨ ᠲᠣᠭᠤᠷᠢᠨ ᠳᠤ᠂ 2085 ᠲᠦᠮᠡᠨ ᠲᠥᠭᠦᠷᠢᠭ ᠤᠨ | ᠪᠡᠯᠡ ᠤᠷᠤᠭᠤᠯᠤᠨ 20 ᠲᠥᠷᠥᠯ ᠵᠦᠢᠯ ᠢ ᠬᠡᠷᠡᠭᠵᠢᠭᠦᠯᠪᠠ᠃ | ︵ᠲᠠᠪᠤ︶ ᠠᠷᠠᠳ ᠤᠨ ᠠᠮᠢᠳᠤᠷᠠᠯ ᠤᠨ ᠵᠤᠯ ᠵᠢᠷᠭᠠᠯ ᠨᠡᠩ ᠲᠦᠬᠡᠮᠡᠯᠵᠢᠵᠦ᠂ ᠠᠷᠠᠳ ᠤᠯᠠᠨ ᠤ ᠵᠣᠯ ᠵᠢᠷᠭᠠᠯ ᠤᠨ ᠵᠢᠭᠠᠯᠲᠠ ᠲᠤᠭ᠎ᠠ ᠦᠷᠭᠦᠯᠵᠢᠯᠡᠨ | ᠳᠡᠭᠡᠭᠰᠢᠯᠡᠪᠠ ᠃ ᠠᠷᠠᠳ ᠤᠨ ᠠᠮᠢᠳᠤᠷᠠᠯ ᠤᠨ ᠵᠠᠷᠤᠯᠭ᠎ᠠ ᠨᠡᠶᠢᠲᠡ 70.97 ᠳ᠋ᠦᠩᠰᠢᠭᠤᠷ ᠲᠥᠭᠦᠷᠢᠭ ᠲᠤ ᠬᠦᠷᠴᠦ᠂ ᠡᠩ ᠤᠨ ᠣᠯᠠᠨ ᠨᠡᠶᠢᠲᠡ ᠶᠢᠨ | ᠲᠥᠰᠦᠪ ᠤᠨ ᠵᠠᠷᠤᠯᠭ᠎ᠠ ᠶᠢᠨ 71.1% ᠶᠢ ᠡᠵᠡᠯᠡᠪᠡ᠃ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮᠵᠢ ᠶᠢᠨ ᠦᠨᠳᠦᠰᠦᠨ ᠠᠴᠠ ᠨᠢ ᠪᠠᠲᠤᠯᠠᠬᠤ ᠴᠢᠳᠠᠪᠤᠷᠢ ᠶᠢ | ᠦᠷᠭᠦᠯᠵᠢᠯᠡᠨ ᠴᠢᠩᠭᠠᠷᠠᠭᠤᠯᠪᠠ᠃ ᠬᠤᠲᠠ ᠪᠠᠯᠭᠠᠰᠤ ᠶᠢᠨ 2028 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ | ᠠᠵᠢᠯ ᠠᠯᠳᠠᠭᠰᠠᠳ ᠤᠨ ᠨᠣᠷᠮ᠎ᠠ ᠶᠢ 4.5% ᠶᠢᠨ ᠳᠣᠲᠣᠷ᠎ᠠ ᠬᠢᠵᠠᠭᠠᠷᠯᠠᠵᠤ᠂ ᠦᠢᠯᠡᠰ ᠪᠤᠰᠬᠠᠬᠤ ᠪᠠᠳᠤᠯᠨᠭᠠᠳᠤ ᠵᠢᠭᠡᠯᠡᠯᠭᠡ ᠨᠡᠶᠢᠲᠡ 1911.8 ᠲᠦᠮᠡᠨ | ᠲᠥᠭᠦᠷᠢᠭ ᠲᠠᠯᠪᠢᠵᠤ᠂ ᠮᠠᠯᠵᠢᠬᠤ ᠲᠠᠷᠢᠶᠠᠯᠠᠬᠤ ᠣᠷᠣᠨ ᠤ 561 ᠬᠥᠮᠦᠨ ᠰᠢᠨ᠎ᠡ ᠪᠠᠷ ᠰᠢᠯᠵᠢᠬᠦᠯᠤᠨ ᠠᠵᠢᠯ ᠤᠯᠭᠤᠪᠠ᠃ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ᠂ ᠣᠨᠴᠠ ᠬᠦᠴᠢᠷᠳᠡᠯᠲᠡᠶ ᠬᠥᠮᠦᠰ ᠢ ᠠᠰᠠᠷᠠᠨ ᠬᠠᠷᠠᠭᠠᠯᠵᠠᠬᠤ᠂ ᠥᠨᠥᠴᠢᠨ ᠬᠡᠤᠬᠡᠳ ᠢ ᠠᠪᠤᠷᠠᠨ ᠲᠤᠰᠠᠯᠠᠬᠤ ᠪᠠᠷᠢᠮᠵᠢᠶ᠎ᠠ ᠶᠢ ᠲᠣᠰ ᠪᠦᠷᠢ 710 | ᠲᠥᠭᠦᠷᠢᠭ᠂ 973 ᠲᠥᠭᠦᠷᠢᠭ᠂ 1329 ᠲᠥᠭᠦᠷᠢᠭ ᠪᠣᠯᠭᠠᠨ ᠨᠡᠮᠡᠭᠳᠡᠬᠦᠯᠵᠦ᠂ ᠳᠡᠭᠡᠳᠦ ᠱᠠᠲᠤᠨ ᠤ ᠲᠤᠭᠳᠠᠭᠠᠭᠰᠠᠨ ᠪᠠᠷᠢᠮᠵᠢᠶ᠎ᠠ ᠠᠴᠠ ᠳᠠᠪᠠᠪᠠ᠃ ᠬᠤᠲᠠ | ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠲᠦᠷ ᠴᠠᠭ ᠤᠨ ᠠᠪᠤᠷᠠᠨ ᠲᠤᠰᠠᠯᠠᠯᠲᠠ᠂ ᠠᠰᠠᠷᠠᠮᠵᠢ ᠶᠢᠨ ᠨᠥᠬᠦᠪᠥᠷᠢ ᠵᠡᠷᠭᠡ ᠪᠠᠯᠠ | ᠮᠥᠩᠭᠦ ᠨᠡᠶᠢᠲᠡ 8406 ᠲᠦᠮᠡᠨ ᠲᠥᠭᠦᠷᠢᠭ ᠵᠠᠷᠤᠴᠠᠭᠤᠯᠵᠤ᠂ 1.3 ᠲᠦᠮᠡᠨ ᠬᠥᠮᠦᠨ ᠤᠳᠠᠭ᠎ᠠ ᠠᠰᠢᠭ ᠭᠥᠷᠳᠡᠪᠡ᠃ ᠤᠯᠤᠰ ᠤᠨ ᠡᠮ ᠡᠮᠨᠡᠯᠭᠡ ᠶᠢᠨ | ᠳᠠᠭᠠᠳᠬᠠᠯ ᠤᠨ ᠲᠠᠪᠴᠠᠩ ᠢ ᠰᠦᠯᠵᠢᠶᠡᠨ ᠳᠤ ᠣᠷᠣᠭᠤᠯᠬᠤ ᠠᠵᠢᠯ ᠢ ᠪᠡᠶᠡᠯᠡᠭᠦᠯᠵᠦ᠂ ᠬᠤᠲᠠ ᠬᠥᠳᠡᠭᠡ ᠶᠢᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ | ᠣᠷᠣᠯᠴᠠᠭᠰᠠᠨ ᠨᠣᠷᠮ᠎ᠠ 100% ᠳᠤ ᠬᠦᠷᠪᠡ᠃ ᠤᠯᠠᠨ ᠨᠡᠶᠢᠲᠡ ᠶᠢᠨ ᠦᠢᠯᠡᠴᠢᠯᠡᠭᠡᠨ ᠢ ᠪᠦᠬᠦ ᠲᠠᠯ᠎ᠠ ᠪᠠᠷ ᠰᠠᠶᠢᠵᠢᠷᠠᠭᠤᠯᠪᠠ᠃ 3489 ᠲᠦᠮᠡᠨ ᠲᠥᠭᠦᠷᠢᠭ ᠤᠨ | ᠪᠠᠯᠠ ᠣᠷᠣᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ︽ᠠᠩᠭᠢ ᠪᠦᠷᠢ ᠳᠤ ᠨᠡᠪᠲᠡᠷᠡᠬᠦ︾ ᠶᠢ ᠪᠦᠷᠬᠦᠬᠦᠯᠬᠦ ᠵᠡᠷᠭᠡ ᠮᠡᠳᠡᠭᠡ ᠵᠠᠩᠭᠢᠵᠢᠯᠲᠠ ᠶᠢᠨ | ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠠᠰᠠᠷ᠂ | ᠦᠨᠳᠦᠰᠦᠲᠡᠨ ᠤ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠠᠶ ᠵᠡᠷᠭᠡ ᠲᠥᠷᠥᠯ ᠵᠦᠢᠯ ᠢ ᠰᠢᠨ᠎ᠡ ᠪᠠᠷ ᠪᠠᠶᠢᠭᠤᠯᠪᠠ︔ ᠶᠡᠷᠦᠩᠬᠡᠶᠢᠯᠡᠭᠰᠡᠨ ᠥᠨᠳᠥᠷ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ ᠡᠯᠰᠡᠬᠦ ᠶᠢ ᠰᠡᠷᠭᠦᠭᠡᠬᠦ ᠶᠢᠨ ᠬᠠᠮᠲᠤ᠂ ᠥᠪᠥᠷ ᠮᠣᠩᠭᠤᠯ ᠤᠨ ᠮᠠᠰᠢᠨ ᠴᠠᠬᠢᠯᠭᠠᠨ ᠤ ᠠᠵᠢᠯ ᠮᠡᠷᠭᠡᠵᠢᠯ ᠤᠨ | ᠳᠡᠭᠡᠳᠦ ᠰᠤᠷᠭᠠᠭᠤᠯᠢ ᠲᠠᠢ ᠬᠠᠮᠲᠤᠷᠠᠨ ᠰᠤᠷᠭᠠᠭᠤᠯᠢ ᠡᠷᠭᠢᠯᠡᠬᠦ ᠬᠡᠯᠡᠯᠴᠡᠭᠡᠷ ᠲᠣᠭᠲᠠᠪᠠ︔ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ | ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠳᠥᠯᠭᠢᠨ ᠠᠬᠢᠭᠤᠯᠵᠤ᠂ ᠬᠠᠯᠳᠠᠪᠤᠷᠢᠲᠤ ᠡᠪᠡᠳᠴᠢᠨ ᠤ ᠡᠪᠡᠳᠴᠢᠲᠡᠨ ᠤ ᠥᠷᠥᠭᠡ 1 ᠶᠢ ᠥᠭᠡᠷᠡᠴᠢᠯᠡᠨ | ᠪᠠᠶᠢᠭᠤᠯᠤᠨ᠂ ᠪᠥᠭᠡᠮ ᠬᠦᠴᠢᠯ ᠤᠨ ᠰᠢᠯᠭᠠᠨ ᠬᠡᠮᠵᠢᠬᠦ ᠲᠤᠷᠰᠢᠯᠲᠠ ᠶᠢᠨ ᠲᠠᠰᠤᠭ 3 ᠶᠢ ᠰᠢᠨ᠎ᠡ ᠪᠠᠷ ᠪᠠᠶᠢᠭᠤᠯᠵᠤ᠂ 7 ᠡᠮ ᠡᠮᠨᠡᠯᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠶᠢ ᠰᠢᠨ᠎ᠡ ᠪᠠᠷ ᠪᠠᠶᠢᠭᠤᠯᠤᠭᠰᠠᠨ ᠪᠠ ᠵᠠᠰᠠᠨ ᠥᠷᠭᠡᠳᠬᠡᠪᠠ︔ ᠥᠪᠡᠷᠲᠡᠭᠡᠨ ᠵᠠᠰᠠᠬᠤ ᠣᠷᠣᠨ ᠤ ᠲᠠᠰ ᠤᠨ ᠤᠳᠠᠭᠠᠨ ᠴᠢᠨᠠᠷᠲᠠᠶ ᠬᠠᠯᠳᠠᠪᠤᠷᠢᠲᠤ | ᠪᠤᠰᠤ ᠴᠢᠨᠠᠷᠲᠠᠶ ᠡᠪᠡᠳᠴᠢᠨ ᠡᠮᠭᠡᠭ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠵᠤ᠂ ᠬᠤᠰᠢᠭᠤᠨ ᠤ ᠮᠣᠩᠭᠤᠯ | ᠡᠮᠨᠡᠯᠭᠡ ᠶᠢᠨ ᠬᠤᠷᠢᠶ᠎ᠠ ᠶᠢ ︽ᠬᠤᠶᠠᠳᠤᠭᠠᠷ ᠳᠡᠰ ᠤᠨ ᠬᠥᠬᠡ ᠲᠠᠰ ᠤᠨ ᠦᠨᠳᠦᠰᠦᠲᠡᠨ ᠤ ᠡᠮᠨᠡᠯᠭᠡ ᠶᠢᠨ ᠬᠤᠷᠢᠶ᠎ᠠ︾ ᠪᠣᠯᠭᠠᠨ ᠳᠡᠪᠰᠢᠭᠦᠯᠪᠠ᠃ ᠤᠳᠤᠬᠠᠨ ᠳᠤ | ᠤᠯᠤᠰ ᠤᠨ ᠲᠠᠰ ᠤᠨ᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠲᠥᠷᠥᠯ ᠵᠦᠢᠯ 16᠂ | ᠤᠯᠠᠮᠵᠢᠯᠠᠭᠴᠢ 17᠂ ᠬᠤᠰᠢᠭᠤᠨ ᠤ ᠲᠠᠰ ᠠᠴᠠ ᠳᠡᠭᠡᠭᠰᠢᠬᠢ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠡ 66᠂ ᠥᠪᠡᠷᠲᠡᠭᠡᠨ ᠵᠠᠰᠠᠬᠤ | ᠣᠷᠣᠨ ᠤ ᠲᠠᠰ ᠤᠨ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ 1 ᠪᠣᠶ︔ ᠰᠤᠶᠤᠯ ᠤᠨ ᠤᠷᠳᠤᠨ ᠤᠯᠤᠰ ᠤᠨ ᠬᠤᠶᠠᠳᠤᠭᠠᠷ ᠲᠡᠰ ᠤᠨ ᠰᠤᠶᠤᠯ ᠤᠨ | ᠤᠷᠳᠤᠨ ᠢᠶᠠᠷ ᠦᠨᠡᠯᠡᠭᠳᠡᠵᠦ᠂ ᠨᠤᠮ ᠤᠨ ᠰᠠᠩ 《ᠪᠦᠬᠦ ᠤᠯᠤᠰ ᠤᠨ ᠠᠷᠪᠠᠨ ᠰᠤᠳᠤᠨ ᠨᠤᠮ ᠤᠨ ᠰᠠᠩ》 ᠤᠨ ᠢᠷᠠᠭᠤ ᠠᠯᠳᠠᠷ ᠢ ᠬᠦᠷᠳᠡᠵᠦ᠂ ᠬᠥᠬᠡᠨᠠᠭᠤᠷ | ᠪᠠᠯᠭᠠᠰᠤ ᠨᠢ ᠥᠪᠡᠷᠲᠡᠭᠡᠨ ᠵᠠᠰᠠᠬᠤ ᠣᠷᠣᠨ ᠤ ᠲᠠᠰ ᠤᠨ ᠲᠡᠤᠬᠡ ᠰᠣᠶᠣᠯ ᠤᠨ ᠨᠠᠷᠠᠲᠤ ᠪᠠᠯᠭᠠᠰᠤ ᠪᠠᠷ ᠦᠨᠡᠯᠡᠭᠳᠡᠪᠡ︔ ᠤᠯᠠᠭᠠᠨᠮᠥ᠋ᠴᠢᠷ ︽ᠪᠥᠬᠦ ᠣᠷᠣᠨ ᠤ | ᠨᠢᠭᠡᠳᠦᠭᠡᠷ ᠲᠥᠷᠥᠯ ᠤᠨ ᠰᠢᠯᠢᠳᠡᠭ ᠤᠯᠠᠭᠠᠨᠮᠥ᠋ᠴᠢᠷ︾ ᠤᠨ ᠴᠤᠯᠠ ᠶᠢ ᠭᠥᠷᠳᠡᠵᠦ᠂ ᠪᠦᠵᠢᠭ ︽ᠰᠦᠭᠦᠬᠡᠢ ᠶᠢᠨ ᠬᠠᠶᠢᠷ᠎ᠠ︾᠂ ᠲᠠᠭᠤᠤ ︽ᠪᠠᠭᠠᠲᠤᠷᠯᠢᠭ ᠪᠠᠷᠭᠤ︾ | ᠨᠢ ᠥᠪᠡᠷᠲᠡᠭᠡᠨ ᠵᠠᠰᠠᠬᠤ ᠣᠷᠣᠨ ᠤ ︽ᠲᠠᠪᠤᠨ ᠨᠢᠭᠡ︾ ᠶᠢᠨ ᠢᠨᠵᠧᠨᠧᠷᠢᠩ ᠤᠨ ᠱᠠᠩᠨᠠᠯ ᠢ ᠭᠥᠷᠳᠡᠪᠡ᠃ ᠤᠯᠠᠨ ᠤᠯᠤᠰ ᠤᠨ ᠮᠠᠷᠠᠰᠤᠨ ᠤᠷᠤᠯᠳᠤᠭᠠᠨ᠂ | ᠨᠠᠢᠮᠠᠨ ᠮᠤᠵᠢ ᠤᠷᠤᠨ ᠤ ᠪᠦᠬᠡ ᠶᠢᠨ ᠤᠷᠤᠯᠳᠤᠭᠠᠨ ᠵᠡᠷᠭᠡ 42 ᠲᠦᠷᠤᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠢ ᠲᠠᠭᠠᠭᠠᠴᠢᠯᠠᠨ ᠡᠷᠬᠢᠯᠡᠪᠡ᠃ | ᠦᠨᠳᠦᠰᠦᠲᠡᠨ ᠤ ᠠᠵᠢᠯ ᠢ ᠲᠠᠰᠤᠷᠠᠯᠲᠠ ᠦᠭᠡᠢ ᠴᠢᠩᠭᠠᠳᠬᠠᠨ ᠰᠠᠶᠢᠵᠢᠷᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠤᠷᠭᠠᠨ ᠬᠥᠮᠦᠵᠢᠯ ᠤᠨ | ᠰᠠᠭᠤᠷᠢᠨ ᠭᠠᠵᠠᠷ ᠢ ᠪᠡᠯᠡᠳᠬᠡᠨ ᠪᠠᠶᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠦᠢᠯᠡᠰ ᠢᠯᠡᠳᠲᠡ ᠦᠷ᠎ᠡ ᠪᠦᠲᠦᠮᠵᠢ ᠤᠯᠪᠠ᠃ | ᠤᠯᠤᠰ ᠤᠨ ᠪᠠᠲᠤᠯᠠᠨ ᠬᠠᠮᠠᠭᠠᠯᠠᠯᠲᠠ᠂ ᠭᠠᠳᠠᠭᠠᠳᠤ ᠶᠠᠪᠤᠳᠠᠯ᠂ ᠭᠠᠵᠠᠷ ᠬᠥᠳᠡᠯᠦᠯᠲᠡ᠂ ᠴᠠᠭ ᠠᠭᠤᠷ᠂ ᠲᠤᠭ᠎ᠠ ᠪᠦᠷᠢᠳᠬᠡᠯ᠂ ᠨᠢᠭᠤᠴᠠ ᠶᠢ ᠬᠠᠮᠠᠭᠠᠯᠠᠬᠤ᠂ ᠲᠠᠩᠰᠠ | ᠡᠪᠬᠡᠮᠡᠯ ᠲᠡᠤᠬᠡ ᠦᠢᠯᠠᠯᠭ᠎ᠠ ᠶᠢᠨ ᠠᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠤᠯᠠᠨ ᠲᠦᠮᠡᠨ ᠤ ᠪᠦᠯᠬᠦᠮ ᠤᠨ ᠠᠵᠢᠯ ᠳᠤ ᠰᠢᠨ᠎ᠡ ᠠᠮᠵᠢᠯᠲᠠ ᠪᠦᠲᠦᠮᠵᠢ ᠣᠯᠵᠤ᠂ | ᠴᠡᠷᠢᠭ ᠠᠴᠠ ᠬᠠᠯᠠᠭᠳᠠᠭᠰᠠᠳ᠂ ᠡᠮᠡᠭᠲᠡᠶᠢᠴᠦᠳ ᠬᠡᠦᠬᠡᠳ᠂ ᠨᠠᠰᠤᠲᠠᠶᠢᠴᠤᠳ᠂ ᠵᠡᠮᠳᠡᠭᠴᠦᠳ ᠤᠨ ᠡᠷᠬᠡ ᠠᠰᠢᠭ ᠢ ᠪᠦᠲᠦᠮᠵᠢᠲᠡᠶ ᠬᠠᠮᠠᠭᠠᠯᠠᠵᠤ᠂ ᠡᠯ᠎ᠡ ᠵᠦᠢᠯ ᠤᠨ | ᠠᠵᠢᠯ ᠦᠢᠯᠡᠰ ᠤᠨ ᠬᠥᠭᠵᠢᠯᠲᠡ ᠳᠤ ᠰᠢᠨ᠎ᠡ ᠳᠦᠷᠰᠦ ᠪᠠᠶᠢᠳᠠᠯ ᠢᠯᠡᠷᠡᠪᠡ᠃ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠢᠯᠡᠤᠨᠳᠡ ᠦᠷ᠎ᠠ ᠪᠦᠳᠤᠮᠵᠢ | ᠤᠯᠪᠠ᠃ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠡᠮᠦᠨ᠎ᠡ᠂ ᠪᠢᠳᠡ ᠬᠢᠵᠢᠭ ᠢ ᠰᠡᠷᠬᠡᠶᠢᠯᠡᠨ ᠡᠵᠡᠮᠳᠡᠬᠦ ᠰᠠᠨᠠᠭᠠᠴᠢᠯᠠᠭᠠᠳᠤ | ᠡᠷᠭᠡ ᠶᠢ ᠪᠠᠳᠤ ᠡᠵᠡᠮᠳᠡᠵᠦ᠂ ᠡᠯ᠎ᠡ ᠱᠠᠲᠤᠨ ᠤ ᠡᠯ᠎ᠡ ᠲᠥᠷᠥᠯ ᠤᠨ 7500 ᠲᠦᠮᠡᠨ ᠲᠥᠭᠦᠷᠢᠭ ᠤᠷᠴᠢᠮ ᠪᠡᠯᠡ ᠮᠥᠩᠭᠦ ᠶᠢ ᠬᠢᠵᠢᠭ ᠤᠨ ᠪᠠᠶᠢᠳᠠᠯ ᠳᠤ | ᠵᠠᠷᠤᠴᠠᠭᠤᠯᠵᠦ᠂ ᠡᠮᠴᠢ ᠰᠤᠪᠢᠯᠠᠭᠴᠢ ᠪᠠ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠵᠠᠯᠭᠠᠭ᠎ᠠ ᠪᠠᠷ 5 ᠤᠳᠠᠭ᠎ᠠ ᠬᠢᠵᠢᠭ ᠢ ᠡᠰᠡᠷᠭᠦᠴᠡᠬᠦ ᠲᠤᠬᠠᠢ ᠶᠢᠨ | ᠲᠠᠯᠠᠪᠤᠷ ᠲᠤ ᠬᠦᠷᠴᠦ᠂ ᠢᠯᠠᠩᠭᠤᠶ᠎ᠠ ᠬᠠᠯᠠᠭᠤᠨ ᠰᠡᠤᠨᠬᠢᠯᠳᠤ ᠠᠵᠤ ᠠᠬᠤᠶᠢᠯᠠᠯ᠂ ᠨᠡᠶᠢᠭᠡᠮ ᠤᠨ ᠡᠯ᠎ᠡ ᠡᠳᠡᠭᠡᠤᠨ ᠪᠠ ᠺᠠᠳ᠋ᠷ ᠠᠵᠢᠯᠲᠠᠨ ᠰᠠᠨᠠᠭᠠᠴᠢᠯᠠᠭ᠎ᠠ ᠠᠴᠠ ᠪᠠᠨ | 430 ᠭᠠᠷᠤᠢ ᠲᠦᠮᠡᠨ ᠲᠥᠭᠦᠷᠢᠭ ᠤᠨ ᠡᠳ᠋ ᠪᠤᠳᠠᠰ ᠬᠠᠨᠳᠢᠪᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠱᠠᠳᠤᠴᠢ ᠴᠢᠨᠠᠷᠲᠠᠶ ᠦᠷ᠎ᠡ ᠪᠦᠲᠦᠮᠵᠢ | ᠤᠯᠵᠦ᠂ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ︽ᠥᠪᠡᠷᠲᠡᠭᠡᠨ ᠵᠠᠰᠠᠬᠤ ᠣᠷᠣᠨ ᠤ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠲᠡᠷᠢᠭᠦᠨ ᠤ ᠬᠠᠮᠲᠤ︾ ᠶᠢᠨ ᠴᠤᠯᠠ ᠶᠢ ᠬᠦᠷᠳᠡᠪᠡ᠃ ᠤᠳᠠᠭ᠎ᠠ ᠪᠦᠷᠢ ᠶᠢᠨ ᠬᠢᠵᠢᠭ ᠤᠨ ᠪᠠᠶᠢᠳᠠᠯ ᠢ ᠰᠡᠷᠬᠡᠶᠢᠯᠡᠨ | ᠡᠵᠡᠮᠳᠡᠬᠦ ᠲᠠᠶᠢᠯᠠᠯᠳᠤᠭᠠᠨ ᠤ ᠲᠤᠮᠳᠠ᠂ ᠪᠦᠬᠦ ᠬᠤᠰᠢᠭᠤᠨ ᠤ ᠦᠷᠭᠡᠨ ᠤᠯᠠᠨ ᠺᠠᠳ᠋ᠷ ᠤᠯᠠᠨ ᠲᠦᠮᠡᠨ ᠰᠡᠤᠨᠬᠢᠯ ᠨᠢᠭᠡᠳᠤᠨ ᠬᠦᠴᠦ ᠪᠠᠨ ᠬᠠᠮᠳᠤᠤᠨᠬᠠᠵᠤ᠂ ᠢᠮᠠᠭᠳᠠ | ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠡᠮᠤᠨ᠎ᠡ ᠹᠷᠤᠨᠲ ᠢ ᠪᠠᠳᠤ ᠰᠠᠬᠢᠵᠦ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠰᠡᠷᠬᠡᠶᠢᠯᠡᠯᠳᠡ ᠶᠢᠨ ᠱᠤᠭᠤᠮ ᠢ | ᠨᠡᠩ ᠪᠠᠬᠢᠵᠢᠬᠦᠯᠪᠡ᠃ ᠠᠳᠡ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠳᠤ ᠢᠳᠡᠪᠬᠢᠳᠠᠢ ᠤᠷᠤᠯᠴᠠᠭᠰᠠᠨ ᠦᠨᠳᠤᠰᠤᠳᠡᠨ ᠨᠦᠭᠦᠳ ᠤᠨ ᠤᠯᠠᠨ | ᠲᠦᠮᠡᠨ ᠳᠤ ᠴᠢᠩ ᠰᠡᠤᠨᠬᠢᠯ ᠤᠨ ᠲᠠᠯᠠᠷᠬᠠᠯ ᠢᠶᠠᠨ ᠲᠡᠪᠰᠢᠭᠦᠯᠦᠶ᠎ᠡ᠃ ᠨᠡᠶᠢᠭᠡᠮ ᠤᠨ ᠣᠷᠴᠢᠨ ᠨᠥᠬᠦᠴᠡᠯ ᠨᠡᠩ ᠡᠶ᠎ᠡ ᠵᠤᠬᠢᠴᠠᠩᠭᠤᠢ ᠲᠣᠭᠲᠠᠭᠤᠨ ᠪᠣᠯᠪᠠ᠃ | ᠵᠠᠬᠢᠳᠠᠯ ᠰᠤᠷᠪᠤᠯᠵᠢᠯᠠᠯ ᠤᠨ ᠲᠣᠭᠲᠠᠭᠤᠨ ᠢ ᠬᠠᠮᠠᠭᠠᠯᠠᠬᠤ ᠠᠵᠢᠯ ᠤᠨ ᠬᠠᠷᠢᠭᠤᠴᠠᠯᠭ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠲᠡᠤᠬᠡᠨ ᠠᠴᠠ ᠦᠯᠡᠳᠡᠭᠳᠡᠵᠦ | ᠢᠷᠡᠭᠰᠡᠨ ᠠᠰᠠᠭᠤᠳᠠᠯ ᠢ ᠬᠦᠴᠤᠯᠡᠨ ᠰᠢᠢᠤᠨᠪᠤᠷᠢᠯᠡᠵᠦ᠂ ᠨᠢᠭᠡ ᠪᠦᠯᠦᠭ ᠵᠠᠬᠢᠳᠠᠯ ᠰᠤᠷᠪᠤᠯᠵᠢᠯᠠᠯ ᠤᠨ ᠳᠠᠷᠤᠭᠳᠠᠮᠠᠯ ᠬᠡᠷᠡᠭ ᠢ ᠪᠦᠲᠦᠮᠵᠢᠲᠡᠶ ᠰᠢᠢᠤᠨᠪᠤᠷᠢᠯᠡᠵᠦ ᠦᠭᠪᠡ | ᠃ ᠣᠯᠠᠨ ᠡᠰᠢᠲᠦ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠲᠣᠭᠲᠠᠴᠠ ᠶᠢ ᠢᠳᠡᠪᠬᠢᠲᠡᠶ ᠪᠠᠶᠢᠭᠤᠯᠵᠤ᠂ ᠬᠤᠰᠢᠭᠤᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ | ᠲᠥᠪ ︽ᠪᠥᠬᠦ ᠤᠯᠤᠰ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠲᠡᠷᠢᠭᠦᠨ ᠤ ᠬᠠᠮᠲᠤ︾ ᠶᠢᠨ ᠴᠤᠯᠨ ᠶᠢ ᠭᠥᠷᠳᠡᠵᠦ᠂ ᠪᠠᠶᠠᠨᠬᠦ᠋ᠷᠢᠶ᠎ᠡ ᠪᠠᠯᠭᠠᠰᠤᠨ ᠤ ᠬᠠᠤᠯᠢ | ᠴᠠᠭᠠᠵᠠ ᠶᠢᠨ ᠦᠷᠳᠡᠭᠡ ︽ᠪᠥᠬᠦ ᠤᠯᠤᠰ ᠤᠨ ᠲᠡᠷᠢᠭᠦᠨ ᠤ ᠬᠠᠤᠯᠢ ᠴᠠᠭᠠᠵᠠ ᠶᠢᠨ ᠦᠷᠳᠡᠭᠡ︾ ᠶᠢᠨ ᠴᠤᠯᠠ ᠶᠢ ᠭᠥᠷᠳᠡᠵᠦ᠂ ᠬᠤᠰᠢᠭᠤᠨ ᠤ ᠬᠠᠤᠯᠢ | ᠴᠠᠭᠠᠵᠠ ᠶᠢᠨ ᠲᠣᠪᠴᠢᠶ᠎ᠠ ︽ᠪᠥᠬᠦ ᠣᠷᠣᠨ ᠤ ᠬᠠᠤᠯᠢ ᠴᠠᠭᠠᠵᠠ ᠶᠢᠨ ᠦᠷᠳᠡᠭᠡ ᠶᠢᠨ ᠪᠠᠷᠢᠮᠵᠢᠶᠠᠵᠢᠭᠤᠯᠤᠭᠰᠠᠨ ᠪᠥᠲᠥᠭᠡᠨ ᠪᠠᠶᠢᠭᠤᠯᠤᠯᠲᠠ ᠶᠢᠨ ᠲᠡᠷᠢᠭᠦᠨ ᠤ ᠬᠠᠮᠲᠤ | ︾ ᠶᠢᠨ ᠴᠤᠯᠠ ᠶᠢ ᠭᠥᠷᠳᠡᠪᠡ᠃ ᠳᠣᠲᠣᠭᠠᠳᠤ ᠶᠢ ᠬᠠᠮᠠᠭᠠᠯᠠᠬᠤ ᠲᠤᠮᠤ ᠳ᠋ᠠᠶᠢᠲ᠋ᠠ ᠶᠢᠨ ᠴᠠᠭᠳᠠᠭᠠᠨ ᠤ ᠶᠠᠪᠤᠳᠠᠯ᠂ 110 ᠴᠢᠮᠡᠭᠡ ᠮᠡᠳᠡᠭᠡᠨ ᠤ ᠵᠢᠭᠠᠨ ᠵᠢᠯᠤᠭᠤᠤᠨᠬᠤ | ᠲᠥᠪ ᠢ ᠰᠢᠨᠡᠳᠬᠡᠨ ᠪᠠᠶᠢᠭᠤᠯᠵᠤ᠂ ᠴᠠᠬᠢᠯᠭᠠᠨ ᠬᠤᠯᠪᠣᠭᠠᠨ ᠤ ᠮᠡᠬᠡᠯᠡᠯ ᠤᠨ ᠤᠷᠢᠳᠴᠢᠯᠠᠨ ᠰᠡᠷᠡᠮᠵᠢᠯᠡᠭᠦᠯᠵᠦ ᠰᠡᠷᠭᠡᠶᠢᠯᠡᠬᠦ ᠠᠵᠢᠯ ᠢ ᠰᠠᠨᠠᠭᠤᠯᠤᠨ ᠰᠡᠷᠬᠡᠶᠢᠯᠡᠬᠦ ᠠᠴᠠ | ᠴᠢᠩᠭ᠎ᠠ ᠬᠤᠷᠢᠭᠯᠠᠬᠤ ᠪᠣᠯᠭᠠᠨ ᠬᠤᠪᠢᠷᠠᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠴᠢᠬᠤᠯᠠ ᠶᠡᠭᠡ ᠦᠷ᠎ᠡ ᠪᠦᠲᠦᠮᠵᠢ | ᠤᠯᠪᠠ᠃ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠲᠣᠭᠲᠠᠴᠠ ᠶᠢᠨ ᠪᠠᠶᠢᠭᠤᠯᠤᠯᠲᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠶᠡᠷᠦᠩᠬᠡᠶᠢᠯᠡᠨ | ᠰᠡᠷᠭᠡᠶᠢᠯᠡᠨ ᠡᠵᠡᠮᠳᠡᠬᠦ ᠴᠢᠳᠠᠪᠤᠷᠢ ᠢᠯᠡᠳᠲᠡ ᠳᠡᠭᠡᠭᠰᠢᠯᠡᠪᠡ᠃ ᠠᠶᠤᠯᠭᠦᠢ ᠦᠢᠯᠡᠳᠪᠦᠷᠢᠯᠡᠯ᠂ ᠢᠳᠡᠭᠡᠨ ᠡᠮ ᠤᠨ ᠵᠦᠢᠯᠡᠰ ᠤᠨ ᠠᠮᠤᠷ ᠲᠦᠪᠰᠢᠨ ᠤ ᠪᠠᠶᠢᠳᠠᠯ | ᠲᠣᠭᠲᠠᠭᠤᠨ ᠢᠶᠠᠷ ᠰᠠᠶᠢᠵᠢᠷᠠᠵᠤ᠂ ᠴᠡᠷᠢᠭ ᠠᠷᠠᠳ ᠤᠨ ᠠᠭᠤᠰᠤᠯᠴᠠᠭ᠎ᠠ ᠴᠢᠩᠭᠠᠷᠠᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠣᠭᠲᠠᠭᠤᠨ ᠤ ᠬᠠᠯᠬᠠᠪᠴᠢ | ᠴᠢᠨᠠᠭᠰᠢᠳᠠ ᠪᠠᠬᠢᠵᠢᠪᠡ᠃ | ︵ᠵᠢᠷᠭᠤᠭ᠎ᠠ︶ ᠵᠠᠰᠠᠭ ᠵᠠᠬᠢᠷᠭᠠᠨ ᠤ ᠴᠢᠳᠠᠪᠬᠢ ᠴᠢᠨᠠᠭᠰᠢᠳᠠ ᠰᠢᠯᠢᠳᠡᠭᠵᠢᠵᠦ᠂ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠳᠣᠲᠣᠭᠠᠳᠤ ᠬᠥᠳᠡᠯᠭᠡᠬᠦ | ᠬᠦᠴᠦᠨ ᠲᠠᠰᠤᠷᠠᠯᠲᠠ ᠥᠬᠡᠶ ᠨᠡᠮᠡᠭᠳᠡᠪᠡ᠃ ᠵᠠᠰᠠᠭ ᠪᠠᠷᠢᠬᠤ ᠴᠢᠳᠠᠪᠬᠢ ᠪᠦᠬᠦ ᠲᠠᠯ᠎ᠠ ᠪᠠᠷ ᠳᠡᠭᠡᠭᠰᠢᠯᠡᠪᠡ᠃ ᠨᠠᠮ ᠤᠨ ᠤᠳᠤᠷᠢᠳᠤᠯᠭ᠎ᠠ ᠶᠢ ᠵᠠᠰᠠᠭ ᠤᠨ ᠣᠷᠳᠣᠨ ᠤ | ᠠᠵᠢᠯ ᠤᠨ ᠪᠦᠬᠦ ᠶᠠᠪᠤᠴᠠ ᠳᠤ ᠲᠤᠭᠤᠰᠢᠯᠠᠭᠤᠯᠬᠤ ᠶᠢ ᠪᠠᠷᠢᠮᠲᠠᠯᠠᠵᠤ᠂ ︽ᠬᠤᠶᠠᠷ ᠢ ᠰᠤᠷᠤᠯᠴᠠᠵᠤ ᠨᠢᠭᠡᠨ ᠬᠢᠷᠢ ᠲᠡᠩᠴᠡᠭᠰᠡᠨ ᠨᠠᠮ ᠤᠨ ᠬᠡᠰᠢᠬᠦᠨ ᠪᠤᠯᠬᠤ︾ | ᠰᠤᠷᠤᠯᠴᠠᠯᠭ᠎ᠠ ᠬᠥᠮᠦᠵᠢᠯ᠂ ︽ᠤᠭ ᠰᠠᠨᠠᠭ᠎ᠠ ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ᠂ ᠨᠠᠮ ᠤᠨ | ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶ ᠥᠷᠨᠢᠭᠦᠯᠵᠦ᠂ ᠨᠠᠮ ᠪᠠ ᠤᠯᠠᠨ ᠲᠦᠮᠡᠨ᠂ ᠺᠠᠳ᠋ᠷ ᠪᠠ ᠤᠯᠠᠨ ᠲᠦᠮᠡᠨ ᠤ ᠬᠠᠷᠢᠴᠠᠭ᠎ᠠ ᠶᠢ ᠨᠡᠩ | ᠨᠢᠭᠲᠠᠷᠠᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ᠬᠦᠰᠡᠯᠡᠩ ᠪᠠ ᠢᠲᠡᠭᠡᠯ ᠵᠣᠷᠢᠭ ᠢ ᠨᠡᠩ ᠪᠠᠲᠤᠳᠬᠠᠪᠠ᠃ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠥᠷᠥ ᠶᠢᠨ ᠵᠥᠪᠯᠡᠯᠭᠡᠨ ᠤ 711 ᠬᠤᠪᠢ ᠰᠠᠨᠠᠯ ᠳᠤᠷᠠᠳᠤᠯᠭ᠎ᠠ ᠶᠢ ᠬᠢᠨᠠᠮᠠᠭᠠᠶ ᠰᠢᠢᠤᠨᠪᠤᠷᠢᠯᠡᠵᠦ᠂ ︽ | ᠲᠤᠯᠤᠭ᠎ᠠ ᠲᠠᠪᠤ︾ ᠬᠠᠤᠯᠢ ᠲᠦᠭᠡᠮᠡᠯᠵᠢᠭᠦᠯᠬᠦ ᠲᠥᠯᠥᠪᠵᠢᠭᠦᠯᠭᠡ ᠶᠢᠨ ᠡᠯ᠎ᠡ ᠵᠦᠢᠯ ᠤᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠬᠠᠤᠯᠢ ᠴᠠᠭᠠᠵᠠ ᠶᠢᠨ | ᠵᠥᠪᠯᠡᠭᠴᠢ ᠶᠢᠨ ᠪᠦᠬᠦᠨ ᠢ ᠬᠠᠮᠤᠷᠬᠤ ᠶᠢ ᠪᠡᠶᠡᠯᠡᠭᠦᠯᠦᠨ᠂ 3 ᠨᠡᠶᠢᠭᠡᠮ ᠲᠣᠭᠤᠷᠢᠭ ᠥᠪᠡᠷᠲᠡᠭᠡᠨ ᠵᠠᠰᠠᠬᠤ ᠣᠷᠣᠨ ᠠᠴᠠ ᠳᠡᠭᠡᠭᠰᠢᠬᠢ ᠠᠷᠠᠳᠴᠢᠯᠠᠯᠳᠤ | ᠬᠠᠤᠯᠢᠵᠢᠯ ᠤᠨ ᠵᠢᠱᠢᠶ᠎ᠡ ᠦᠵᠡᠭᠦᠯᠬᠦ ᠨᠡᠶᠢᠭᠡᠮ ᠲᠣᠭᠤᠷᠢᠭ ᠤᠨ ᠢᠷᠠᠭᠤ ᠠᠯᠳᠠᠷ ᠢ ᠭᠥᠷᠳᠡᠪᠡ᠃ ᠲᠥᠪ ᠤᠨ ᠨᠠᠢᠮᠠᠨ ᠵᠤᠷᠪᠤᠰ ᠲᠣᠭᠲᠠᠭᠠᠯ ᠵᠢᠴᠢ ᠬᠡᠷᠩᠵᠢᠬᠦᠯᠬᠦ | ᠨᠠᠷᠢᠨ ᠲᠦᠷᠢᠮ ᠢ ᠴᠢᠩᠭ᠎ᠠ ᠬᠡᠷᠩᠵᠢᠬᠦᠯᠵᠦ᠂ ᠨᠡᠬᠦᠷᠡᠰᠤᠨ ᠤ ᠬᠦᠷᠢᠶ᠎ᠡ ᠴᠡᠷᠠᠭᠠᠨ ᠤ ᠬᠠᠤᠯᠢ ᠲᠤᠭᠳᠠᠭᠠᠯ ᠢ ᠵᠦᠷᠢᠴᠡᠭᠰᠡᠨ ᠠᠰᠠᠭᠤᠳᠠᠯ ᠢ ᠲᠤᠰᠬᠠᠢ ᠴᠡᠭᠴᠡᠯᠡᠨ | ᠵᠠᠰᠠᠬᠤ ᠶᠢ ᠪᠡᠶᠡᠯᠡᠬᠦᠯᠵᠦ᠂ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠪᠣᠳᠠᠲᠤ ᠦᠷ᠎ᠡ ᠪᠦᠲᠦᠮᠵᠢ ᠤᠯᠪᠠ᠃ ᠠᠵᠢᠯ | ᠦᠢᠯᠡᠰ ᠤᠨ ᠨᠢᠭᠡᠴᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠷᠰᠢᠯᠲᠠ ᠶᠢᠨ ᠠᠵᠢᠯ ᠪᠠ ᠨᠠᠮ ᠵᠠᠰᠠᠭ ᠤᠯᠠᠨ ᠲᠦᠮᠡᠨ ᠤ ᠪᠠᠶᠢᠭᠤᠯᠤᠮᠵᠢ᠂ ᠶᠡᠷᠦᠩᠬᠡᠶᠢᠯᠡᠭᠰᠡᠨ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠵᠡᠷᠭᠡ ᠥᠭᠡᠷᠡᠴᠢᠯᠡᠯᠲᠡ ᠶᠢᠨ ᠡᠭᠦᠷᠭᠡ ᠶᠢ ᠦᠷᠬᠦᠯᠵᠢᠯᠡᠨ ᠪᠡᠶᠡᠯᠡᠭᠦᠯᠪᠡ᠃ ᠬᠤᠳᠠᠯᠳᠤᠭ᠎ᠠ ᠡᠷᠭᠢᠯᠡᠬᠦ ᠣᠷᠴᠢᠨ | ᠨᠥᠬᠦᠴᠡᠯ ᠲᠠᠰᠤᠷᠠᠯᠲᠠ ᠥᠬᠡᠶ ᠰᠢᠯᠢᠳᠡᠭᠵᠢᠪᠡ᠃ ︽ᠮᠦᠩᠬᠡ ᠰᠤᠪᠠᠭ · ᠳᠥᠷᠪᠡ ᠶᠢ ᠬᠦᠢᠴᠡᠤᠨᠬᠡᠬᠦ︾ ③ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠠᠵᠢᠯ | ᠶᠠᠪᠤᠳᠠᠯ ᠢ ᠬᠦᠢᠴᠡᠤᠨᠬᠡᠬᠦ ᠪᠢᠴᠢᠭ ᠮᠠᠲ᠋ᠧᠷᠢᠶᠠᠯ ᠂ ᠭᠤᠭᠴᠤᠭ᠎ᠠ᠂ ᠴᠠᠭ ᠢ ᠲᠤᠰ ᠪᠦᠷᠢ 20%᠂ 45%᠂ 61% ᠪᠠᠷ ᠪᠠᠭᠠᠰᠬᠠᠨ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠵᠦᠢᠯᠡᠰ ᠢ ᠰᠦᠯᠵᠢᠶᠡᠨ ᠳᠡᠭᠡᠷ᠎ᠡ ᠬᠦᠢᠴᠡᠤᠨᠬᠡᠭᠰᠡᠨ ᠨᠣᠷᠮ᠎ᠠ 96% ᠳᠤ ᠬᠦᠷᠴᠦ᠂ ᠬᠢᠨᠠᠨ ᠵᠦᠪᠰᠢᠶᠡᠷᠡᠬᠦ ᠵᠦᠢᠯᠡᠰ ᠢ ᠨᠡᠶᠢᠲᠡ 32.1 ᠲᠦᠮᠡᠨ | ᠬᠤᠪᠢ ᠬᠦᠢᠴᠡᠤᠨᠬᠡᠭᠰᠡᠨ ᠪᠠᠶᠢᠨ᠎ᠠ᠃ 12345 ᠵᠢᠯᠣᠭᠤᠳᠤᠨ ᠲᠣᠬᠢᠷᠠᠭᠤᠯᠬᠤ ᠲᠥᠪ ᠢ ᠪᠠᠶᠢᠭᠤᠯᠵᠤ᠂ ᠠᠵᠤ ᠠᠬᠤᠶᠢᠯᠠᠯ ᠤᠯᠠᠨ ᠲᠦᠮᠡᠨ ᠤ ᠢᠯᠡᠴᠢᠯᠡᠨ | ᠮᠡᠳᠡᠭᠦᠯᠬᠦ ᠵᠠᠭᠠᠯᠳᠤᠯᠭ᠎ᠠ᠂ ᠰᠠᠨᠠᠯ ᠰᠠᠨᠠᠭᠤᠯᠭ᠎ᠠ᠂ ᠠᠷᠠᠳ ᠤᠨ ᠠᠮᠢᠳᠤᠷᠠᠯ ᠤᠨ ᠲᠤᠰᠠᠯᠠᠮᠵᠢ ᠭᠤᠶᠤᠴᠢᠯᠠᠬᠤ ᠶᠢ ᠪᠦᠲᠦᠮᠵᠢᠲᠡᠶ ᠭᠦᠢᠴᠡᠳᠬᠡᠪᠡ᠃ ᠵᠠᠰᠠᠭ ᠤᠨ | ᠣᠷᠳᠣᠨ ᠤ ᠬᠤᠳᠠᠯᠳᠤᠨ ᠠᠪᠠᠨ᠋ᠥ ᠪᠠ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠪᠥᠬᠦ ᠶᠠᠪᠤᠴᠠ ᠶᠢ ᠡᠯᠧᠺᠲᠷᠤᠨᠴᠢᠯᠡᠬᠤ᠂ ᠰᠦᠯᠵᠢᠶᠡᠨ ᠳᠡᠭᠡᠷ᠎ᠡ | ᠳᠠᠭᠠᠭᠠᠴᠢᠯᠠᠯᠲᠠ ᠨᠡᠶᠢᠲᠡᠯᠡᠬᠦ ᠪᠠ ᠠᠯᠤᠰ ᠠᠴᠠ ᠣᠨᠳᠣᠤ ᠭᠠᠵᠠᠷ ᠲᠤ ᠳᠠᠭᠠᠭᠠᠴᠢᠯᠠᠯᠲᠠ ᠲᠤᠭᠳᠠᠭᠠᠬᠤ ᠶᠢ ᠪᠡᠶᠡᠯᠡᠭᠦᠯᠵᠦ᠂ ᠠᠵᠤ ᠠᠬᠤᠶᠢᠯᠠᠯ ᠤᠨ ᠡᠷᠬᠡ ᠲᠡᠭᠰᠢ ᠪᠠᠷ | ᠣᠷᠣᠯᠴᠠᠬᠤ ᠶᠢ ᠬᠠᠤᠯᠢ ᠶᠣᠰᠣᠭᠠᠷ ᠪᠠᠲᠤᠯᠠᠪᠠ᠃ ᠪᠡᠯᠡ ᠣᠷᠣᠭᠤᠯᠤᠯᠲᠠ ᠶᠢᠨ ᠵᠦᠢᠯᠡᠰ ᠢ ᠬᠢᠨᠠᠨ ᠵᠥᠪᠰᠢᠶᠡᠷᠡᠬᠦ᠂ ᠲᠤᠭᠳᠠᠮᠠᠯ ᠬᠦᠷᠦᠩᠭᠡ ᠶᠢ ᠳᠠᠩᠰᠠᠯᠠᠬᠤ ᠲᠦᠷᠢᠮ᠂ | ︽ᠦᠨᠡᠮᠯᠡᠯ ᠪᠠ ᠭᠡᠷᠡᠴᠢ ᠶᠢ ᠰᠠᠯᠭᠠᠬᠤ︾᠂ ︽ᠤᠯᠠᠨ ᠦᠨᠡᠮᠯᠡᠯ ᠢ ᠨᠢᠭᠡᠳᠤᠬᠦᠯᠬᠦ︾ ᠵᠡᠷᠭᠡ ᠥᠭᠡᠷᠡᠴᠢᠯᠡᠯᠲᠡ ᠶᠢ ᠦᠷᠭᠦᠯᠵᠢᠯᠡᠨ ᠲᠦᠯᠬᠢᠨ ᠠᠬᠢᠭᠤᠯᠵᠤ᠂ | ᠢᠨᠵᠧᠨᠧᠷᠢᠩ ᠤᠨ ᠪᠦᠳᠤᠭᠡᠨ ᠪᠠᠶᠢᠭᠤᠯᠤᠯᠳᠠ ᠶᠢᠨ ᠲᠦᠷᠤᠯ ᠵᠦᠢᠯ ᠤᠨ ᠬᠢᠨᠠᠨ ᠵᠦᠪᠰᠢᠶᠡᠷᠡᠬᠦ ᠥᠭᠡᠷᠡᠴᠢᠯᠡᠯᠲᠡ ᠶᠢᠨ ᠲᠦᠬᠦᠷᠵᠢᠭᠰᠡᠨ ᠲᠦᠷᠢᠮ ᠢ ᠪᠦᠲᠦᠮᠵᠢᠲᠡᠶ | ᠨᠠᠶᠢᠳᠠᠪᠤᠷᠢᠵᠢᠭᠤᠯᠪᠠ᠃ ᠭᠦᠸᠧ ᠨᠧᠩ ᠪᠤᠷᠤᠰᠢᠯᠢ ᠡᠨᠧᠷᠭᠢ ᠶᠢᠨ ᠬᠢᠵᠠᠭᠠᠷᠲᠤ ᠺᠣᠮᠫᠠᠨᠢ ᠲᠠᠢ ᠣᠷᠣᠨ ᠨᠤᠲᠤᠭ ᠠᠵᠤ ᠠᠬᠤᠶᠢᠯᠠᠯ ᠤᠨ ᠬᠤᠯᠪᠤᠭᠠᠳᠤ ᠬᠤᠷᠠᠯ ᠤᠨ | ᠳᠦᠷᠢᠮ ᠢ ᠪᠠᠶᠢᠭᠤᠯᠵᠦ᠂ ᠭᠠᠵᠠᠷ ᠤᠷᠤᠨ ᠪᠠ ᠠᠵᠤ ᠠᠬᠤᠶᠢᠯᠠᠯ ᠤᠨ ᠬᠠᠮᠳᠤᠷᠠᠯᠴᠠᠭ᠎ᠠ ᠶᠢ ᠨᠡᠩ ᠨᠢᠭᠲᠠ ᠪᠤᠯᠭᠠᠵᠤ᠂ ᠬᠠᠷᠢᠯᠴᠠᠭ᠎ᠠ ᠶᠢ ᠨᠡᠩ ᠰᠢᠯᠤᠭᠤᠤᠨᠬᠠᠪᠠ᠃ | ᠨᠥᠬᠦᠳ ᠡ᠂ ᠨᠠᠷᠢᠨ ᠪᠤᠳᠤᠯᠢᠶᠠᠨᠲᠠᠶ ᠭᠠᠳᠠᠭᠠᠳᠤ ᠣᠷᠴᠢᠨ ᠲᠣᠭᠤᠷᠢᠨ ᠪᠣᠯᠤᠨ ᠦᠷᠭᠦᠯᠵᠢᠯᠡᠨ ᠨᠡᠮᠡᠭᠳᠡᠵᠦ ᠪᠠᠶᠢᠭ᠎ᠠ ᠠᠵᠤ ᠠᠬᠤᠶ ᠶᠢᠨ | ᠪᠠᠭᠤᠷᠠᠯᠲᠠ ᠶᠢᠨ ᠳᠠᠷᠤᠯᠲᠠ ᠪᠠ ᠬᠡᠨᠡᠤᠨᠳᠡ ᠪᠠᠷ ᠳᠡᠯᠭᠡᠷᠡᠭᠰᠡᠨ ᠰᠢᠨ᠎ᠡ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠳᠤ ᠬᠠᠨᠳᠤᠨ᠂ ᠪᠥᠬᠦ | ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠬᠠᠳᠠᠭᠤᠵᠢᠯᠳᠠᠢ ᠲᠡᠮᠡᠴᠡᠬᠦ ᠡᠷᠴᠢ ᠵᠣᠷᠢᠭ᠂ ᠴᠤᠴᠠᠯᠲᠠ ᠥᠬᠡᠶ ᠤᠷᠤᠭᠰᠢᠯᠠᠬᠤ ᠡᠷᠴᠢ | ᠵᠣᠷᠢᠭ ᠢᠶᠠᠨ ᠢᠮᠠᠭᠲᠠ ᠪᠠᠷᠢᠮᠲᠠᠯᠠᠵᠤ᠂ ᠬᠦᠴᠢᠷ ᠤᠨ ᠡᠮᠤᠨ᠎ᠡ ᠡᠷᠡᠯᠬᠡᠭᠯᠡᠨ ᠤᠷᠤᠭᠰᠢᠯᠠᠨ᠂ ᠠᠯᠢ ᠤᠯᠠᠨ ᠠᠮᠵᠢᠯᠲᠠ ᠪᠦᠲᠦᠮᠵᠢ ᠶᠢ ᠤᠯᠤᠭᠰᠠᠨ ᠪᠠᠶᠢᠨ᠎ᠠ᠃ ᠡᠨᠡ ᠨᠢ | ᠳᠡᠭᠡᠳᠦ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠠ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ᠂ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ᠂ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ | ᠲᠦᠮᠡᠨ ᠤ ᠬᠠᠮᠲᠤ ᠶᠢᠨ ᠴᠢᠷᠮᠠᠶᠢᠯᠭ᠎ᠠ ᠶᠢᠨ ᠦᠷ᠎ᠠ ᠳ᠋ᠦᠩ ᠮᠦᠨ᠃ ᠠᠳᠡ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠦᠯᠤᠭᠡᠯᠡᠨ ᠡᠯ᠎ᠡ ᠠᠵᠢᠯ | ᠲᠦᠷᠦᠯ ᠳᠤ ᠰᠢᠷᠭᠠᠭᠤ ᠠᠵᠢᠯᠯᠠᠵᠤ ᠪᠠᠶᠢᠭ᠎ᠠ ᠥᠷᠭᠡᠨ ᠤᠯᠠᠨ ᠲᠦᠮᠡᠨ᠂ ᠬᠠᠭᠤᠴᠢᠨ ᠪᠠᠷᠭᠤ ᠬᠤᠰᠢᠭᠤᠨ ᠤ ᠪᠦᠳᠦᠭᠡᠨ ᠪᠠᠶᠢᠭᠤᠯᠤᠯᠲᠠ ᠬᠥᠭᠵᠢᠯᠲᠡ ᠶᠢ | ᠬᠠᠯᠠᠮᠵᠢᠯᠠᠨ ᠲᠡᠮᠵᠢᠵᠤ ᠪᠠᠶᠢᠭ᠎ᠠ ᠡᠯ᠎ᠡ ᠡᠲᠡᠭᠡᠳ ᠲᠤ ᠴᠢᠩ ᠰᠡᠳᠬᠢᠯ ᠤᠨ ᠲᠠᠯᠠᠷᠬᠠᠯ ᠪᠠ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕ | ᠦᠩᠬᠡᠷᠡᠭᠰᠡᠨ ᠢᠶᠠᠨ ᠡᠷᠬᠢᠴᠡᠬᠦᠯᠪᠡᠯ᠂ ᠡᠷᠬᠢᠮ ᠨᠠᠨᠳᠢᠨ ᠬᠥᠭᠵᠢᠯᠲᠡ ᠶᠢᠨ ᠲᠤᠷᠰᠢᠯᠭ᠎ᠠ ᠪᠠᠨ ᠳ᠋ᠦᠩᠨᠡᠨ ᠬᠤᠷᠢᠶᠠᠩᠭᠤᠶᠢᠯᠠᠬᠤ ᠴᠢᠬᠤᠯᠠᠲᠠᠢ᠃ ᠪᠢᠳᠡ | ᠦᠢᠯᠡᠳᠤᠯᠭᠡ ᠶᠢᠨ ᠲᠤᠮᠳᠠ ᠠᠴᠠ ᠪᠥᠬᠦ ᠬᠤᠰᠢᠭᠤᠨ ᠤ ᠦᠷᠭᠦᠯᠵᠢᠯᠡᠨ ᠴᠢᠨᠠᠷ ᠰᠠᠶᠢᠲᠠᠶ ᠬᠦᠭᠵᠢᠬᠦ ᠶᠢ ᠠᠬᠢᠭᠤᠯᠬᠤ ᠳᠤ ᠡᠷᠬᠡᠪᠰᠢ ᠨᠠᠮ ᠤᠨ ᠪᠦᠬᠦ ᠲᠠᠯ᠎ᠠ ᠶᠢᠨ | ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠤᠨ ᠲᠥᠪ ᠬᠤᠷᠢᠶᠠᠨ ᠤ ᠰᠢᠢᠤᠨᠪᠤᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠵᠥᠪ ᠣᠨᠣᠪᠴᠢᠲᠠᠶ ᠤᠯᠤᠰ ᠲᠥᠷᠥ ᠶᠢᠨ ᠴᠢᠭᠯᠡᠯ ᠢ ᠢᠮᠠᠭᠲᠠ ᠪᠠᠲᠤᠳᠬᠠᠨ᠎ᠠ︔ ᠡᠷᠬᠡᠪᠰᠢ ᠰᠢᠨ᠎ᠡ ᠬᠦᠭᠵᠢᠯᠳᠡ ᠶᠢᠨ ᠣᠶᠢᠯᠠᠭᠠᠭᠳᠠᠬᠤᠨ ᠢ | ᠪᠠᠷᠢᠮᠳᠠᠯᠠᠵᠤ᠂ ᠬᠠᠭᠤᠴᠢᠨ ᠣᠶᠢᠯᠠᠭᠠᠭᠳᠠᠬᠤᠨ ᠪᠠ ᠬᠡᠪᠰᠢᠮᠠᠯ ᠰᠡᠳᠬᠢᠬᠦᠢ ᠶᠢ ᠡᠷᠡᠰ ᠲᠡᠪᠴᠢᠵᠦ᠂ ᠠᠮᠢ ᠠᠬᠤᠢ ᠶᠢ ᠬᠠᠮᠠᠭᠠᠯᠠᠬᠤ ᠪᠠ ᠠᠵᠤ ᠠᠬᠤᠢ ᠶᠢ | ᠬᠦᠭᠵᠢᠬᠦᠯᠬᠦ ᠬᠠᠷᠢᠴᠠᠭ᠎ᠠ ᠶᠢ ᠵᠦᠪ ᠤᠨᠤᠪᠴᠢᠳᠠᠢ ᠰᠢᠢᠤᠨᠪᠤᠷᠢᠯᠡᠨᠠ︔ ᠡᠷᠬᠡᠪᠰᠢ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ | ᠪᠠᠷᠢᠮᠲᠠᠯᠠᠵᠤ᠂ ᠠᠷᠠᠳ ᠤᠯᠠᠨ ᠯᠤᠭ᠎ᠠ ᠶᠢᠨ ᠴᠢᠰᠤ ᠮᠢᠬᠠᠨ ᠤ ᠬᠠᠷᠢᠴᠠᠭ᠎ᠠ ᠶᠢ ᠢᠮᠠᠭᠲᠠ ᠪᠠᠷᠢᠮᠲᠠᠯᠠᠵᠤ᠂ ᠬᠥᠭᠵᠢᠯᠲᠡ ᠶᠢᠨ ᠦᠷ᠎ᠡ ᠪᠦᠲᠦᠭᠡᠯ ᠢ ᠡᠯ᠎ᠡ | ᠦᠨᠳᠤᠰᠤᠳᠡᠨ ᠤ ᠤᠯᠠᠨ ᠲᠦᠮᠡᠨ ᠳᠤ ᠨᠡᠩ ᠤᠯᠠᠨ ᠨᠡᠩ ᠭᠤᠣᠯᠴᠢ ᠪᠠᠷ ᠬᠦᠷᠲᠡᠭᠡᠨ᠎ᠠ︔ ᠡᠷᠬᠡᠪᠰᠢ ᠲᠦᠷᠦᠯ ᠵᠦᠢᠯ ᠢᠶᠠᠷ ᠳᠠᠶᠢᠴᠢᠯᠠᠬᠤ ᠪᠠᠶᠢᠯᠳᠤᠬᠤ ᠪᠤᠳᠤᠯᠭ᠎ᠠ ᠶᠢ | ᠪᠠᠷᠢᠮᠲᠠᠯᠠᠵᠤ᠂ ᠤᠨᠢᠨ ᠳᠡᠭᠡᠷ᠎ᠡ ᠨᠢ ᠠᠷᠠᠯᠵᠢᠶᠠᠴᠢᠨ ᠤᠷᠢᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠲᠦᠷᠦᠯ ᠵᠦᠢᠯ ᠤᠨ ᠪᠦᠳᠦᠭᠡᠨ | ᠪᠠᠶᠢᠭᠤᠯᠤᠯᠲᠠ ᠪᠠᠷ ᠬᠡᠷᠡᠭᠴᠡᠭᠡ ᠶᠢ ᠥᠷᠭᠡᠳᠬᠡᠵᠦ᠂ ᠨᠡᠮᠡᠭᠳᠡᠯ ᠢ ᠳᠠᠶᠢᠴᠢᠯᠠᠨ᠎ᠠ︔ ᠡᠷᠬᠡᠪᠰᠢ ᠨᠡᠶᠢᠭᠡᠮ ᠤᠨ ᠵᠠᠰᠠᠯᠲᠠ ᠶᠢ ᠴᠢᠩᠭᠠᠳᠬᠠᠨ ᠰᠢᠨ᠎ᠡ ᠶᠢ ᠡᠭᠦᠳᠴᠦ᠂ | ᠰᠢᠨ᠎ᠡ ᠪᠠᠶᠢᠳᠠᠯ ᠤᠨ ᠳᠣᠣᠷᠠᠬᠢ ᠡᠯ᠎ᠡ ᠵᠦᠢᠯ ᠤᠨ ᠵᠥᠷᠢᠴᠡᠯ ᠢ ᠤᠨᠤᠪᠴᠢᠳᠠᠢ ᠰᠢᠢᠤᠨᠪᠤᠷᠢᠯᠡᠵᠦ᠂ ᠨᠡᠶᠢᠭᠡᠮ ᠢ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠮᠥᠷᠲᠡᠭᠡᠨ | ᠡᠶ᠎ᠡ ᠵᠤᠬᠢᠴᠠᠩᠭᠤᠢ ᠲᠣᠭᠲᠠᠭᠤᠨ ᠪᠠᠶᠢᠯᠭᠠᠨ᠎ᠠ᠃ ᠡᠨᠡᠬᠦ ᠲᠠᠪᠤᠨ ︽ᠡᠷᠬᠡᠪᠰᠢ︾ ᠨᠢ ᠥᠩᠭᠡᠷᠡᠭᠰᠡᠨ ᠤ ᠬᠥᠭᠵᠢᠯᠲᠡ ᠶᠢᠨ ᠦᠢᠯᠡᠳᠦᠯᠭᠡ ᠶᠢᠨ ᠲᠤᠷᠰᠢᠯᠭ᠎ᠠ ᠶᠢᠨ | ᠳ᠋ᠦᠩᠨᠡᠯᠲᠡ ᠪᠣᠯᠬᠤ ᠪᠠᠷ ᠪᠠᠷᠠᠬᠤ ᠦᠭᠡᠢ ᠪᠠᠰᠠᠴᠦ ᠮᠠᠨ ᠤ ᠬᠤᠶᠢᠰᠢᠳᠠ ᠶᠢᠨ ᠠᠵᠢᠯ ᠢᠶᠠᠨ ᠰᠠᠶᠢᠲᠤᠷ ᠬᠢᠬᠦ ᠶᠢᠨ ᠦᠨᠳᠦᠰᠦᠨ ᠵᠢᠷᠤᠮᠯᠠᠯ ᠮᠦᠨ ᠭᠡᠳᠡᠭ ᠢ ᠲᠠᠨᠢᠵᠤ | ᠤᠯᠪᠠ᠃ | ᠢᠷᠡᠭᠡᠳᠦᠢ ᠪᠠᠨ ᠪᠠᠷᠠᠯᠠᠬᠤᠶ᠎ᠠ᠂ ᠬᠥᠭᠵᠢᠯᠲᠡ ᠶᠢᠨ ᠠᠵᠠ ᠲᠣᠬᠢᠶᠠᠯ ᠢ ᠪᠠᠲᠤ ᠡᠵᠡᠮᠳᠡᠬᠦ ᠴᠢᠬᠤᠯᠠᠲᠠᠢ᠃ ᠤᠳᠤᠬᠠᠨ ᠳᠤ ᠮᠠᠨ ᠤ ᠤᠯᠤᠰ ᠨᠢᠭᠡᠨᠲᠡ ᠴᠢᠨᠠᠷ | ᠰᠠᠶᠢᠲᠠᠢ ᠬᠥᠭᠵᠢᠯᠲᠡ ᠶᠢᠨ ᠱᠠᠲᠤᠨ ᠳᠤ ᠣᠷᠣᠵᠤ᠂ ᠰᠢᠨ᠎ᠡ ᠶᠢ ᠡᠬᠦᠤᠨᠬᠦ ᠬᠦᠭᠵᠢᠯᠳᠡ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ᠂ ᠦᠷᠭᠦᠯᠵᠢᠯᠡᠬᠦ | ᠬᠥᠭᠵᠢᠯᠲᠡ᠂ ᠴᠢᠳᠠᠪᠤᠷᠢᠲᠠᠨ ᠢᠶᠠᠷ ᠤᠯᠤᠰ ᠢᠶᠠᠨ ᠬᠦᠴᠦᠷᠬᠡᠭᠵᠢᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠨᠡᠭᠦᠷᠡᠰᠦᠲᠥ᠋ᠷᠥᠭᠴᠢ ᠶᠢ | ᠤᠷᠬᠢᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠵᠡᠷᠭᠡ ᠠᠯᠢ ᠤᠯᠠᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠵᠦ᠂ | ᠨᠠᠮ ᠤᠨ ᠲᠥᠪ ᠬᠤᠷᠢᠶ᠎ᠡ᠂ ᠲᠦᠷᠦ ᠶᠢᠨ ᠶᠠᠪᠤᠳᠠᠯ ᠤᠨ ᠬᠤᠷᠢᠶ᠎ᠡ ᠠᠴᠠ ᠠᠮᠢ ᠠᠬᠤᠢ ᠶᠢᠨ ᠪᠦᠲᠦᠭᠡᠭᠳᠡᠬᠦᠨ ᠤ ᠦᠷᠳᠡᠭ ᠢ ᠪᠡᠶᠡᠯᠡᠭᠦᠯᠬᠦ ᠲᠣᠭᠲᠠᠴᠠ ᠶᠢ ᠪᠠᠶᠢᠭᠤᠯᠤᠨ | ᠪᠦᠷᠢᠨᠰᠢᠬᠦᠯᠬᠦ ᠲᠤᠬᠠᠢ ᠴᠢᠬᠤᠯᠠ ᠶᠡᠭᠡ ᠪᠠᠶᠢᠷᠢᠯᠠᠭᠤᠯᠤᠯᠲᠠ ᠬᠢᠪᠠ︔ ᠥᠪᠡᠷᠲᠡᠭᠡᠨ ᠵᠠᠰᠠᠬᠤ ᠣᠷᠣᠨ ᠠᠴᠠ ᠵᠡᠭᠦᠨ ᠳᠤᠮᠳᠠ ᠪᠠᠷᠠᠭᠤᠨ ᠬᠡᠰᠡᠭ ᠤᠨ ᠠᠶᠢᠮᠠᠭ | ᠬᠤᠲᠠ ᠶᠢᠨ ᠠᠳᠠᠯᠢ ᠪᠤᠰᠤ ᠭᠠᠵᠠᠷ ᠤᠷᠤᠨ ᠤ ᠢᠯᠭᠠᠭ᠎ᠠ ᠲᠠᠢ ᠵᠣᠬᠢᠴᠠᠩᠭᠤᠶ ᠬᠥᠭᠵᠢᠯᠲᠡ ᠶᠢ ᠳᠥᠯᠭᠢᠨ ᠠᠬᠢᠭᠤᠯᠵᠤ᠂ ᠣᠷᠣᠨ ᠪᠦᠰᠡ ᠶᠢᠨ ᠬᠥᠭᠵᠢᠯᠲᠡ ᠶᠢᠨ | ᠲᠥᠷᠥ ᠶᠢᠨ ᠪᠣᠳᠣᠯᠭ᠎ᠠ ᠶᠢ ᠨᠠᠷᠢᠯᠢᠭ ᠣᠨᠣᠴᠠᠲᠠᠶ ᠪᠠᠷ ᠲᠣᠭᠲᠠᠭᠠᠵᠤ᠂ ᠵᠡᠭᠦᠨ ᠬᠡᠰᠡᠭ ᠤᠨ ᠠᠶᠢᠮᠠᠭ ᠬᠤᠲᠠ ᠶᠢᠨ ᠪᠣᠬᠢᠷᠲᠤᠯ ᠥᠬᠡᠶ ᠠᠵᠤ ᠦᠢᠯᠡᠰ ᠤᠨ | ᠰᠢᠰᠲ᠋ᠧᠮᠵᠢ ᠶᠢ ᠪᠠᠶᠢᠭᠤᠯᠬᠤ ᠶᠢ ᠠᠬᠢᠭᠤᠯᠬᠤ ᠬᠡᠷᠡᠭᠲᠡᠶ ᠭᠡᠵᠦ ᠳᠤᠷᠠᠳᠪᠠ︔ ᠬᠥᠯᠥᠨ ᠪᠤᠶᠢᠷ ᠬᠤᠳᠠ ᠠᠮᠢ ᠠᠬᠤᠶ ᠶᠢᠨ ᠲᠠᠷᠢᠶᠠᠯᠠᠩ ᠮᠠᠯ ᠠᠵᠤ ᠠᠬᠤᠶ ᠣᠶ | ᠰᠢᠭᠤᠶ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ᠂ ᠮᠥᠰᠥ ᠴᠠᠰᠤᠨ ᠤ ᠠᠵᠤ ᠠᠬᠤᠶ᠂ ᠰᠣᠶᠣᠯ ᠵᠢᠭᠤᠯᠴᠢᠯᠠᠯ᠂ ᠠᠮᠢ ᠠᠬᠤᠶ ᠶᠢᠨ | ᠪᠣᠯᠪᠠᠰᠤᠨ ᠤ ᠵᠢᠱᠢᠶ᠎ᠡ ᠦᠵᠡᠭᠦᠯᠬᠦ ᠵᠡᠷᠭᠡ ᠲᠠᠯ᠎ᠠ ᠪᠠᠷ ᠮᠠᠨ ᠤ ᠬᠤᠰᠢᠭᠤᠨ ᠳᠤ ᠮᠠᠰᠢ ᠶᠡᠭᠡ ᠬᠦᠰᠡᠯ ᠨᠠᠶᠢᠳᠠᠯᠭ᠎ᠠ ᠲᠠᠯᠪᠢᠵᠤ᠂ ᠪᠢᠳᠡᠨ ᠤ ᠠᠮᠢ ᠠᠬᠤᠶ ᠶᠢᠨ | ᠪᠦᠲᠦᠭᠡᠭᠳᠡᠬᠦᠨ ᠢ ᠨᠡᠭᠡᠭᠡᠨ ᠬᠥᠭᠵᠢᠭᠦᠯᠬᠦ᠂ ᠲᠠᠷᠢᠶᠠᠯᠠᠩ ᠮᠠᠯ ᠠᠵᠤ ᠠᠬᠤᠶ ᠣᠶ ᠰᠢᠭᠤᠶ ᠶᠢᠨ ᠪᠦᠲᠦᠭᠡᠭᠳᠡᠬᠦᠨ ᠢ ᠰᠢᠯᠢᠳᠡᠭᠵᠢᠭᠦᠯᠬᠦ᠂ ᠰᠣᠶᠣᠯ ᠵᠢᠭᠤᠯᠴᠢᠯᠠᠯ ᠤᠨ | ᠪᠦᠲᠦᠭᠡᠭᠳᠡᠬᠦᠨ ᠢ ᠲᠠᠰ ᠳᠡᠪᠰᠢᠭᠦᠯᠬᠦ ᠵᠡᠷᠭᠡ ᠲᠠᠯ᠎ᠠ ᠪᠠᠷ ᠬᠢ ᠬᠠᠷᠢᠴᠠᠩᠭᠤᠶ ᠳᠠᠪᠠᠭᠤᠯᠢᠭ ᠨᠠᠩ ᠢᠯᠡᠷᠬᠡᠶ ᠪᠣᠯᠵᠣ᠂ ᠠᠮᠢ ᠠᠬᠤᠶ ᠶᠢ ᠠᠵᠤ ᠦᠢᠯᠡᠰᠵᠢᠯᠡᠬᠦ ᠪᠠ ᠠᠵᠤ | ᠦᠢᠯᠡᠰ ᠢ ᠠᠮᠢ ᠠᠬᠤᠶᠢᠵᠢᠭᠤᠯᠬᠤ ᠵᠡᠷᠭᠡ ᠲᠠᠯ᠎ᠠ ᠪᠠᠷ ᠰᠢᠨ᠎ᠡ ᠠᠵᠠ ᠲᠣᠬᠢᠶᠠᠯ ᠢ ᠤᠭᠲᠤᠨ ᠠᠪᠴᠢᠷᠠᠬᠤ ᠪᠣᠯᠤᠨ᠎ᠠ᠃ ᠡᠭᠦᠨ ᠤ ᠬᠠᠮᠳᠤ᠂ ᠤᠯᠤᠰ ᠠᠴᠠ ᠣᠷᠣᠨ | ᠪᠦᠰᠡ ᠶᠢᠨ ᠵᠣᠬᠢᠴᠠᠩᠭᠤᠶ ᠬᠥᠭᠵᠢᠯᠲᠡ ᠶᠢ ᠳᠥᠯᠭᠢᠨ ᠠᠬᠢᠭᠤᠯᠵᠤ᠂ ᠬᠥᠭᠵᠢᠭᠡᠳᠦᠶ ᠭᠠᠵᠠᠷ ᠣᠷᠣᠨ ᠤ ᠬᠥᠭᠵᠢᠯᠲᠡ ᠶᠢ ᠠᠬᠢᠭᠤᠯᠬᠤ ᠲᠠᠯ᠎ᠠ ᠪᠠᠷ ᠰᠢᠷᠢᠰ | ᠲᠥᠷᠥ ᠶᠢᠨ ᠪᠣᠳᠣᠯᠭ᠎ᠠ ᠲᠤᠷᠠᠳᠤᠨ ᠭᠠᠷᠭᠠᠵᠤ᠂ ᠪᠢᠳᠡᠨ ᠤ ᠠᠮᠢ ᠠᠬᠤᠶ ᠶᠢ ᠤᠷᠢᠤᠨ ᠢᠶᠠᠷ ᠪᠤᠳᠤᠯᠬᠢᠯᠠᠬᠤ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ | ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠠᠯᠢ ᠣᠯᠠᠨ ᠠᠰᠢᠭᠲᠠᠶ ᠨᠥᠬᠦᠴᠡᠯ ᠢ ᠬᠠᠩᠭᠠᠨ᠎ᠠ᠃ | ᠤᠳᠤᠬᠠᠨ ᠳᠤ ᠲᠤᠯᠭᠠᠷᠠᠵᠤ ᠪᠠᠶᠢᠭ᠎ᠠ ᠬᠦᠴᠢᠷᠳᠠᠯ ᠪᠠ ᠦᠷᠢᠰᠤᠯᠳᠤᠬᠡᠨ ᠳᠤ ᠲᠦᠪ ᠴᠢᠩᠭ᠎ᠠ ᠪᠠᠷ ᠬᠠᠨᠳᠤᠬᠤ ᠬᠡᠷᠩᠳᠡᠢ ᠃ ᠭᠤᠤᠯᠳᠠᠭᠤ᠄ | ᠬᠥᠭᠵᠢᠯᠲᠡ ᠶᠢᠨ ᠶᠠᠰᠤ ᠴᠢᠨᠠᠷ ᠪᠣᠯᠤᠨ ᠦᠷ᠎ᠡ ᠠᠰᠢᠭ ᠢ ᠳᠡᠭᠡᠭᠰᠢᠯᠡᠭᠦᠯᠬᠦ ᠴᠢᠬᠤᠯᠠᠲᠠᠢ᠂ ᠠᠵᠤ ᠠᠬᠤᠢ ᠶᠢᠨ ᠬᠥᠭᠵᠢᠯᠲᠡ ᠶᠢ ᠳᠠᠶᠢᠴᠢᠯᠠᠬᠤ ᠳᠣᠲᠣᠭᠠᠳᠤ ᠬᠥᠳᠡᠯᠭᠡᠬᠦ | ᠬᠦᠴᠦᠨ ᠮᠥᠨᠬᠦ ᠬᠦᠷᠦᠯᠴᠡᠬᠦ ᠦᠭᠡᠢ᠂ ᠪᠦᠲᠦᠴᠡ ᠶᠢᠨ ᠴᠢᠨᠠᠷᠲᠠᠢ ᠵᠥᠷᠢᠴᠡᠯ ᠮᠥᠨᠬᠦ ᠨᠡᠯᠢᠶᠡᠳ ᠳᠤᠪᠤᠶᠢᠮ᠎ᠠ ᠪᠠᠶᠢᠵᠤ᠂ ᠲᠠᠷᠢᠶᠠᠯᠠᠩ ᠮᠠᠯ ᠠᠵᠤ ᠠᠬᠤᠢ ᠶᠢᠨ | ᠲᠤᠯᠤᠭᠠᠶᠢᠯᠠᠭᠴᠢ ᠠᠵᠤ ᠠᠬᠤᠶᠢᠯᠠᠯ ᠤᠨ ᠳᠠᠶᠢᠴᠢᠯᠠᠬᠤ ᠬᠦᠴᠦᠨ ᠴᠢᠩᠭ᠎ᠠ ᠪᠢᠰᠢ᠂ ᠠᠵᠤ ᠦᠢᠯᠡᠳᠪᠦᠷᠢ ᠶᠢᠨ ᠠᠵᠤ ᠦᠢᠯᠡᠰ ᠤᠨ ᠬᠡᠯᠬᠢᠶ᠎ᠡ ᠶᠢᠨ ᠦᠷᠭᠦᠯᠵᠢᠯᠡᠯ | ᠬᠦᠷᠦᠯᠴᠡᠬᠦ ᠦᠭᠡᠢ᠂ ᠪᠦᠬᠦ ᠣᠷᠣᠨ ᠪᠦᠰᠡ ᠶᠢᠨ ᠵᠤᠭᠠᠴᠠᠯ ᠤᠨ ᠠᠰᠠᠭᠤᠳᠠᠯ ᠪᠠᠰᠠ ᠪᠦᠷᠢᠮᠦᠰᠦᠨ ᠰᠢᠢᠳᠪᠦᠷᠢᠯᠡᠭᠳᠡᠭᠡᠳᠦᠢ ᠪᠠᠶᠢᠭᠰᠠᠭᠠᠷ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠡᠭᠦᠷᠭᠡ ᠬᠠᠲᠠᠭᠤ ᠪᠡᠷᠬᠡ ᠪᠠᠶᠢᠭᠰᠠᠭᠠᠷ︔ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠮᠥᠨ ᠬᠦ ᠦᠷᠭᠦᠯᠵᠢᠯᠡᠨ ᠰᠢᠯᠢᠳᠡᠭᠵᠢᠭᠦᠯᠬᠦ | ᠴᠢᠬᠤᠯᠠᠲᠠᠶ ᠪᠠᠶᠢᠵᠤ᠂ ᠦᠢᠯᠡᠴᠢᠯᠡᠭᠡᠨ ᠤ ᠦᠢᠯᠡᠳᠤᠯ ᠴᠢᠳᠠᠪᠤᠷᠢ ᠶᠢ ᠪᠠᠰᠠ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠶ ᠪᠠᠶᠢᠨ᠎ᠠ︔ ᠡᠳ᠋ ᠤᠨ ᠵᠠᠰᠠᠭ ᠤᠨ | ᠣᠷᠣᠯᠭ᠎ᠠ ᠵᠠᠷᠤᠯᠭ᠎ᠠ ᠶᠢᠨ ᠵᠥᠷᠢᠴᠡᠯ ᠡᠳᠦᠷ ᠢᠷᠡᠬᠦᠶ᠎ᠡ ᠨᠡᠮᠡᠭᠳᠡᠪᠡ︔ ᠴᠥᠭᠡᠨ ᠲᠣᠭᠠᠨ ᠤ ᠺᠠᠳ᠋ᠷ ᠤᠨ ᠦᠢᠯᠡᠴᠢᠯᠡᠬᠦ ᠤᠬᠠᠮᠰᠠᠷ᠂ ᠬᠠᠷᠢᠭᠤᠴᠠᠯᠭ᠎ᠠ ᠡᠭᠦᠷᠭᠡᠯᠡᠬᠦ ᠵᠣᠷᠢᠭ | ᠰᠠᠨᠠᠭ᠎ᠠ᠂ ᠨᠠᠶᠢᠳᠠᠪᠤᠷᠢᠵᠢᠭᠤᠯᠬᠤ ᠴᠢᠳᠠᠪᠤᠷᠢ ᠴᠢᠩᠭ᠎ᠠ ᠪᠢᠰᠢ᠂ ᠵᠠᠰᠠᠭ ᠵᠠᠬᠢᠷᠭᠠᠨ ᠤ ᠦᠷ᠎ᠡ ᠪᠦᠲᠦᠮᠵᠢ᠂ ᠪᠠᠶᠢᠭᠤᠯᠭ᠎ᠠ ᠶᠢᠨ ᠰᠤᠷᠲᠠᠯ ᠪᠠ ᠠᠷᠢᠭᠤᠨ ᠴᠢᠬᠡᠴᠢ ᠪᠠᠷ | ᠵᠠᠰᠠᠭ ᠪᠠᠷᠢᠬᠤ ᠪᠠᠶᠢᠭᠤᠯᠤᠯᠲᠠ ᠶᠢ ᠪᠠᠰᠠ ᠤᠯᠠᠮ ᠨᠢᠭᠡ ᠠᠯᠬᠤᠮ ᠴᠢᠩᠭᠠᠳᠬᠠᠬᠤ ᠴᠢᠬᠤᠯᠠᠲᠠᠶ ᠪᠠᠶᠢᠬᠤ ᠵᠡᠷᠭᠡ ᠪᠣᠯᠤᠨ᠎ᠠ᠃ ᠡᠳᠡᠭᠡᠷ ᠠᠰᠠᠭᠤᠳᠠᠯ ᠢ ᠪᠢᠳᠡ ᠵᠠᠪᠠᠯ | ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠰᠢᠰᠲ᠋ᠧᠮ ᠲᠠᠢ ᠰᠡᠳᠬᠢᠬᠦ ᠶᠢ ᠪᠠᠷᠢᠮᠲᠠᠯᠠᠨ᠂ ᠨᠡᠩ ᠯᠠᠪᠳᠠᠭᠤᠨ | ᠪᠠᠲᠤᠲᠠᠶ ᠤᠪᠤᠷ᠂ ᠨᠡᠩ ᠪᠠᠲᠤ ᠴᠢᠩᠭ᠎ᠠ ᠢᠲᠡᠭᠡᠯ ᠵᠣᠷᠢᠭ᠂ ᠨᠡᠩ ᠬᠦᠴᠦᠲᠡᠶ ᠠᠷᠭ᠎ᠠ ᠠᠪᠴᠠᠯ ᠢᠶᠠᠷ ᠦᠨᠡᠨᠬᠦ ᠰᠠᠶᠢᠳᠤᠷ ᠰᠢᠢᠳᠪᠦᠷᠢᠯᠡᠨ᠎ᠠ᠃ | ᠬᠤᠶᠠᠷ᠂ ᠬᠤᠶᠢᠰᠢᠳᠠ ᠶᠢᠨ ᠲᠠᠪᠤᠨ ᠵᠢᠯ ᠤᠨ ᠭᠤᠣᠯ ᠠᠵᠢᠯ ᠤᠨ ᠪᠠᠶᠢᠷᠢᠯᠠᠭᠤᠯᠤᠯᠳᠡ | ᠬᠤᠶᠢᠰᠢᠳᠠ ᠶᠢᠨ ᠲᠠᠪᠤᠨ ᠵᠢᠯ ᠪᠣᠯ ᠬᠠᠭᠤᠴᠢᠨ ᠪᠠᠷᠭᠤ ᠶᠢᠨ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ | ᠰᠢᠨ᠎ᠡ ᠠᠶᠠᠨ ᠢᠶᠠᠨ ᠡᠬᠢᠯᠡᠬᠦᠯᠬᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠰᠢ ᠤᠷᠤᠭᠰᠢᠯᠠᠬᠤ ᠠᠩᠬᠠᠳᠠᠭᠴᠢ ᠲᠠᠪᠤᠨ ᠵᠢᠯ ᠮᠦᠨ᠃ ᠬᠤᠰᠢᠭᠤᠨ ᠤ | ᠠᠷᠪᠠᠨ ᠲᠠᠪᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠰᠢᠨ᠎ᠡ ᠬᠥᠭᠵᠢᠯᠲᠡ ᠶᠢᠨ ᠱᠠᠲᠤᠨ ᠤ ᠥᠪᠡᠷᠲᠡᠭᠡᠨ ᠵᠠᠰᠠᠬᠤ ᠣᠷᠣᠨ᠂ | ᠬᠥᠯᠥᠨ ᠪᠤᠶᠢᠷ ᠬᠤᠲᠠ ᠠᠴᠠ ᠬᠠᠭᠤᠴᠢᠨ ᠪᠠᠷᠭᠤ ᠬᠤᠰᠢᠭᠤᠨ ᠳᠤ ᠤᠯᠭᠤᠭᠰᠠᠨ ᠲᠡᠦᠬᠡᠲᠦ ᠡᠭᠦᠷᠭᠡ ᠶᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠢᠷᠡᠭᠡᠳᠦᠢ ᠶᠢᠨ | ᠲᠠᠪᠤᠨ ᠵᠢᠯ ᠴᠢᠨᠠᠭᠰᠢᠯᠠᠪᠠᠯ ᠨᠡᠩ ᠤᠷᠳᠤ ᠬᠤᠭᠤᠴᠠᠭᠠᠨ ᠤ ᠬᠥᠭᠵᠢᠯᠲᠡ ᠶᠢᠨ ᠵᠢᠷᠤᠭ ᠲᠥᠯᠥᠪᠯᠡᠭᠡ ᠶᠢ ᠰᠢᠰᠲ᠋ᠧᠮ ᠲᠠᠢ ᠵᠢᠷᠤᠭᠯᠠᠵᠤ᠂ ᠬᠤᠶᠢᠰᠢᠳᠠ ᠶᠢᠨ ᠲᠠᠪᠤᠨ | ᠵᠢᠯ ᠤᠨ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯᠤᠨ ᠬᠠᠷᠠᠯᠲᠠ ᠡᠭᠦᠷᠭᠡ ᠶᠢ ᠰᠢᠨᠵᠢᠯᠡᠬᠦ ᠤᠬᠠᠭᠠᠨᠴᠢ ᠪᠠᠷ ᠲᠤᠷᠠᠤᠨᠪᠠ᠃ ᠪᠢᠳᠡ ᠬᠤᠰᠢᠭᠤ ᠨᠠᠮ ᠤᠨ ᠬᠤᠷᠢᠶᠠᠨ ᠤ | ᠰᠢᠢᠤᠨᠪᠤᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠭᠤᠴᠠᠭ᠎ᠠ ᠪᠦᠷᠢ ᠶᠢᠨ ᠤᠳᠤᠷᠢᠳᠬᠤ | ᠪᠠᠭ ᠪᠣᠯᠤᠨ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠮᠲᠤ ᠪᠠᠷ ᠪᠠᠶᠢᠭᠤᠯᠤᠭᠰᠠᠨ ᠪᠠᠲᠤ ᠪᠠᠬᠢ ᠰᠠᠭᠤᠷᠢᠨ ᠳᠡᠭᠡᠷ᠎ᠡ᠂ ᠦᠷᠭᠦᠯᠵᠢᠯᠡᠨ | ᠲᠡᠮᠡᠴᠡᠵᠦ᠂ ᠪᠣᠳᠠᠲᠠᠶ ᠶᠢ ᠡᠷᠬᠢᠮᠯᠡᠨ ᠬᠠᠲᠠᠭᠤᠵᠢᠯᠲᠠᠶ ᠠᠵᠢᠯᠯᠠᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠲᠦᠷᠭᠡᠨ ᠬᠥᠭᠵᠢᠯᠲᠡ᠂ ᠴᠢᠨᠠᠷ ᠰᠠᠶᠢᠲᠠᠶ | ᠬᠥᠭᠵᠢᠯᠲᠡ ᠶᠢ ᠬᠦᠴᠦᠯᠡᠨ ᠠᠬᠢᠭᠤᠯᠵᠤ᠂ ᠰᠢᠨ᠎ᠡ ᠠᠶᠠᠨ ᠵᠠᠮ ᠳᠤ ᠰᠢᠨ᠎ᠡ ᠢᠯᠠᠯᠲᠠ ᠶᠢ ᠲᠡᠮᠡᠴᠡᠨ ᠣᠯᠤᠨ᠎ᠠ᠃ | ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠳᠤᠷᠠᠳᠤᠭᠰᠠᠨ ᠲᠡᠮᠡᠴᠡᠬᠦ | ᠬᠠᠷᠠᠯᠳᠠ ᠪᠠ ᠬᠥᠯᠥᠨ ᠪᠤᠶᠢᠷ ᠬᠤᠳᠠ ᠶᠢᠨ ᠲᠠᠪᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠳᠤᠷᠠᠳᠤᠭᠰᠠᠨ ᠶᠡᠷᠤᠩᠬᠡᠢ | ᠱᠠᠭᠠᠷᠳᠠᠯᠭ᠎ᠠ ᠶᠤᠰᠤᠭᠠᠷ᠂ ᠬᠤᠰᠢᠭᠤᠨ ᠤ ᠠᠷᠪᠠᠨ ᠲᠠᠪᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠶᠡᠷᠦᠩᠬᠡᠶ | ᠪᠠᠶᠢᠷᠢᠯᠠᠭᠤᠯᠤᠯᠲᠠ ᠲᠠᠢ ᠤᠶᠠᠯᠳᠤᠭᠤᠯᠤᠨ᠂ ᠬᠤᠶᠢᠰᠢᠳᠠ ᠶᠢᠨ ᠲᠠᠪᠤᠨ ᠵᠢᠯ ᠤᠨ ᠵᠠᠰᠠᠭ ᠤᠨ ᠤᠷᠳᠤᠨ ᠤ ᠠᠵᠢᠯ ᠤᠨ ᠶᠡᠷᠤᠩᠬᠡᠢ ᠱᠠᠭᠠᠷᠳᠠᠯᠭ᠎ᠠ ᠪᠣᠯ᠄ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ | ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠦ᠂ ᠰᠢ ᠶᠢᠨ ᠫᠢᠩ ᠶᠡᠷᠦᠩᠬᠡᠶ | ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠶ ᠪᠠᠶᠢᠷᠢᠰᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ︽ᠳᠥᠷᠪᠡᠨ ᠪᠦᠬᠦ | ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠭᠤᠶᠢᠪᠢᠰᠢ | ᠦᠭᠡᠶ ᠲᠤᠭᠤᠰᠢᠯᠠᠭᠤᠯᠤᠨ᠂ ᠲᠣᠭᠲᠠᠭᠤᠨ ᠤ ᠲᠤᠮᠳᠠ ᠤᠷᠤᠭᠰᠢᠯᠠᠭᠤᠯᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠪᠠᠷ ᠭᠤᠣᠯ ᠰᠡᠳᠦᠪ ᠪᠣᠯᠭᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ ᠰᠢᠵᠢᠮ | ᠪᠤᠯᠭᠠᠨ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠦᠨᠳᠦᠰᠦᠨ ᠬᠥᠳᠡᠯᠭᠡᠬᠦ ᠬᠦᠴᠦᠨ ᠪᠣᠯᠭᠠᠵᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ | ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠦᠨᠳᠦᠰᠦᠨ ᠵᠣᠷᠢᠯᠭ᠎ᠠ ᠪᠣᠯᠭᠠᠨ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ | ᠲᠥᠯᠥᠪᠯᠡᠨ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠬᠠᠯᠬᠠᠪᠴᠢ︾ ︽ᠬᠤᠶᠠᠷ ᠰᠠᠭᠤᠷᠢᠨ ᠭᠠᠵᠠᠷ︾ ᠪᠠ ︽ᠨᠢᠭᠡ ᠬᠦᠬᠦᠷᠭᠡᠨ ᠪᠠᠬᠢᠯᠡᠯᠲᠡ︾ ᠶᠢᠨ | ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ ᠪᠠᠲᠤ ᠰᠠᠭᠤᠷᠢᠯᠠᠨ᠂ ᠠᠮᠢ ᠠᠬᠤᠶ ᠶᠢ ᠤᠷᠢᠤᠨ ᠢᠶᠠᠷ ᠪᠤᠳᠤᠯᠬᠢᠯᠠᠬᠤ᠂ ᠪᠣᠬᠢᠷᠲᠤᠯ ᠦᠭᠡᠶ ᠬᠥᠭᠵᠢᠯᠲᠡ ᠪᠠᠷ | ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠶᠢ ᠭᠤᠶᠢᠪᠢᠰᠢ ᠦᠭᠡᠶ ᠬᠠᠶᠢᠨ ᠰᠦᠪᠡᠭᠴᠢᠯᠡᠵᠦ᠂ ᠠᠮᠢ ᠠᠬᠤᠶ ᠶᠢᠨ | ᠠᠵᠤ ᠦᠢᠯᠡᠰᠵᠢᠯᠲᠡ ᠪᠠ ᠠᠵᠤ ᠦᠢᠯᠡᠰ ᠤᠨ ᠠᠮᠢ ᠠᠬᠤᠶᠢᠵᠢᠯᠲᠠ ᠶᠢ ᠪᠥᠬᠦ ᠲᠠᠯ᠎ᠠ ᠪᠠᠷ ᠳᠥᠯᠭᠢᠨ ᠠᠬᠢᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ | ᠰᠠᠨᠠᠭᠠᠴᠢᠯᠠᠭ᠎ᠠ ᠠᠴᠠ ᠪᠠᠨ ᠦᠢᠯᠡᠴᠢᠯᠡᠨ ᠠᠭᠤᠰᠤᠯᠴᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠵᠤ᠂ | ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠵᠤ᠂ ᠵᠠᠰᠠᠯᠲᠠ ᠶᠢᠨ ᠰᠢᠰᠲ᠋ᠧᠮᠵᠢ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠤᠨ᠂ ᠠᠵᠤ | ᠠᠬᠤᠶ ᠶᠢᠨ ᠲᠣᠭᠲᠠᠭᠤᠨ ᠢᠶᠠᠷ ᠤᠷᠤᠭᠰᠢᠯᠠᠬᠤ᠂ ᠨᠡᠶᠢᠭᠡᠮ ᠤᠨ ᠠᠮᠤᠷ ᠲᠣᠭᠲᠠᠭᠤᠨ ᠡᠶ᠎ᠡ ᠵᠤᠬᠢᠴᠠᠩᠭᠤᠢ᠂ ᠬᠢᠯᠢ ᠬᠢᠵᠠᠭᠠᠷ ᠤᠨ ᠠᠮᠤᠷ ᠲᠣᠭᠲᠠᠭᠤᠨ ᠪᠠᠶᠢᠬᠤ ᠶᠢ | ᠪᠡᠶᠡᠯᠡᠭᠦᠯᠵᠦ᠂ ᠦᠵᠡᠰᠬᠦᠯᠡᠩᠲᠦ ᠰᠠᠶᠢᠬᠠᠨ ᠪᠠᠶᠠᠨ ᠲᠠᠩᠰᠤᠭ ᠡᠶ᠎ᠡ ᠵᠣᠬᠢᠴᠠᠯ ᠲᠠᠢ ᠵᠣᠯ ᠵᠢᠷᠭᠠᠯᠲᠤ ᠬᠠᠭᠤᠴᠢᠨ ᠪᠠᠷᠭᠤ ᠬᠤᠰᠢᠭᠤ ᠶᠢ ᠪᠥᠲᠥᠭᠡᠨ ᠪᠠᠶᠢᠭᠤᠯᠤᠨ᠎ᠠ᠃ | ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠵᠢᠱᠢᠭᠰᠡᠨ ᠬᠠᠷᠠᠯᠲᠠ ᠪᠣᠯ᠄ | ᠠᠵᠤ ᠠᠬᠤᠢ ᠶᠢᠨ ᠬᠥᠭᠵᠢᠯᠲᠡ ᠶᠢ ᠨᠡᠩ ᠴᠢᠨᠠᠷ ᠰᠠᠶᠢᠲᠠᠢ ᠪᠣᠯᠭᠠᠨ᠎ᠠ᠃ ᠤᠳᠤ ᠦᠶ᠎ᠡ ᠶᠢᠨ ᠠᠵᠤ ᠦᠢᠯᠡᠰ ᠤᠨ ᠭᠤᠣᠯᠯᠠᠬᠤ ᠥᠷᠢᠰᠥᠯᠳᠦᠬᠦ ᠬᠦᠴᠦᠨ ᠢ | ᠶᠡᠬᠡᠪᠡᠷ ᠳᠡᠭᠡᠭᠰᠢᠯᠡᠭᠦᠯᠵᠦ᠂ ᠣᠷᠣᠨ ᠪᠦᠰᠡ ᠶᠢᠨ ᠬᠥᠭᠵᠢᠯᠲᠡ ᠶᠢ ᠨᠡᠩ ᠵᠣᠬᠢᠴᠠᠩᠭᠤᠶ ᠪᠣᠯᠭᠠᠵᠤ᠂ ᠶᠡᠷᠦᠩᠬᠡᠶᠢᠯᠡᠭᠰᠡᠨ ᠪᠣᠳᠠᠲᠤ ᠬᠦᠴᠦᠨ ᠪᠠ ᠥᠷᠢᠰᠥᠯᠳᠦᠬᠦ | ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠠ᠃ | ᠠᠮᠢ ᠠᠬᠤᠶ ᠶᠢᠨ ᠣᠷᠴᠢᠨ ᠨᠥᠬᠦᠴᠡᠯ ᠢ ᠨᠡᠩ ᠭᠤᠶᠢᠳᠠ ᠰᠠᠶᠢᠬᠠᠨ ᠪᠣᠯᠭᠠᠨ᠎ᠠ᠃ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ | ᠦᠷᠭᠦᠯᠵᠢᠯᠡᠨ ᠳᠡᠭᠡᠭᠰᠢᠯᠡᠭᠦᠯᠵᠦ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢ ᠨᠡᠭᠡᠭᠡᠨ ᠬᠥᠭᠵᠢᠭᠦᠯᠵᠦ ᠬᠠᠮᠠᠭᠠᠯᠠᠬᠤ ᠪᠠᠶᠢᠷᠢᠰᠢᠯ ᠢ ᠰᠢᠯᠢᠳᠡᠭᠵᠢᠭᠦᠯᠦᠨ᠂ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢᠨ ᠬᠡᠮᠵᠢᠶ᠎ᠡ᠂ ᠠᠭᠠᠷ ᠲᠤᠩᠭᠠᠯᠠᠭ ᠡᠳᠦᠷ ᠤᠨ ᠬᠠᠷᠢᠴᠠᠯ᠂ ᠤᠰᠤᠨ ᠤ ᠴᠢᠨᠠᠷ ᠤᠨ | ᠰᠢᠯᠢᠳᠡᠭ ᠨᠣᠷᠮ᠎ᠠ ᠶᠢ ᠥᠪᠡᠷᠲᠡᠭᠡᠨ ᠵᠠᠰᠠᠬᠤ ᠤᠷᠤᠨ ᠤ ᠪᠠᠷᠢᠮᠵᠢᠶᠠᠨ ᠳᠤ ᠬᠦᠷᠭᠡᠨ᠎ᠡ᠃ | ᠠᠷᠠᠳ ᠤᠨ ᠠᠮᠢᠳᠤᠷᠠᠯ ᠢ ᠨᠡᠩ ᠰᠠᠶᠢᠨ ᠰᠠᠶᠢᠬᠠᠨ ᠪᠣᠯᠭᠠᠨ᠎ᠠ᠃ ᠪᠦᠬᠦᠨ ᠢ ᠬᠠᠮᠤᠷᠬᠤ ᠦᠷᠭᠦᠯᠵᠢᠯᠡᠬᠦ ᠪᠠᠲᠤᠯᠠᠭ᠎ᠠ ᠶᠢᠨ ᠰᠢᠰᠲ᠋ᠧᠮᠵᠢ ᠶᠢ ᠨᠡᠩ | ᠲᠡᠭᠦᠯᠳᠡᠷᠵᠢᠭᠦᠯᠵᠦ᠂ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡ ᠶᠢ ᠨᠡᠩ ᠰᠢᠯᠢᠳᠡᠭ ᠪᠥᠭᠡᠳ ᠲᠡᠩᠴᠡᠭᠦᠷᠢᠲᠡᠢ ᠪᠣᠯᠭᠠᠵᠤ᠂ ᠬᠤᠳᠠ ᠶᠢᠨ ᠬᠠᠮᠢᠶᠠᠷᠤᠯᠲᠠ ᠶᠢ | ᠨᠡᠩ ᠨᠠᠷᠢᠯᠢᠭ ᠪᠥᠭᠡᠳ ᠣᠶᠤᠨᠴᠢ ᠪᠣᠯᠭᠠᠨ᠎ᠠ︔ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠰᠠᠭᠤᠷᠢᠰᠢᠯ ᠤᠨ | ᠣᠷᠴᠢᠨ ᠲᠣᠭᠤᠷᠢᠨ ᠢ ᠦᠷᠭᠦᠯᠵᠢᠯᠡᠨ ᠳᠡᠭᠡᠭᠰᠢᠯᠡᠭᠦᠯᠵᠦ᠂ ᠭᠠᠴᠠᠭ᠎ᠠ ᠲᠣᠰᠬᠤᠨ ᠤ ᠬᠥᠭᠵᠢᠯᠲᠡ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ | ᠠᠷᠠᠳ ᠤᠨ ᠠᠮᠢᠳᠤᠷᠠᠯ ᠤᠨ ᠵᠤᠯ ᠵᠢᠷᠭᠠᠯ ᠢ ᠰᠢᠨ᠎ᠡ ᠲᠦᠪᠰᠢᠨ ᠳᠤ ᠬᠦᠷᠭᠡᠨ᠎ᠡ᠃ | ᠨᠡᠶᠢᠭᠡᠮ ᠤᠨ ᠵᠠᠰᠠᠯᠲᠠ ᠶᠢ ᠨᠡᠩ ᠲᠡᠭᠦᠯᠳᠡᠷᠵᠢᠭᠦᠯᠦᠨ᠎ᠡ᠃ ᠬᠠᠤᠯᠢᠵᠢᠯ ᠤᠨ ᠵᠠᠰᠠᠭ ᠤᠨ ᠣᠷᠳᠣᠨ᠂ ᠲᠤᠭᠠᠴᠢᠯᠠᠭᠰᠠᠨ ᠵᠠᠰᠠᠭ ᠤᠨ ᠣᠷᠳᠣᠨ ᠤ | ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠵᠠᠰᠠᠭ ᠤᠨ ᠣᠷᠳᠣᠨ ᠤ ᠰᠢᠰᠲ᠋ᠧᠮ ᠤᠨ ᠭᠦᠢᠴᠡᠳᠬᠡᠬᠦ ᠬᠦᠴᠦᠨ᠂ ᠪᠦᠲᠦᠭᠡᠯᠴᠢ ᠬᠦᠴᠦᠨ ᠪᠠ ᠤᠯᠠᠨ | ᠨᠡᠶᠢᠲᠡ ᠶᠢᠨ ᠢᠳᠡᠬᠡᠮᠵᠢ ᠶᠢᠨ ᠬᠦᠴᠦᠨ ᠢ ᠦᠷᠭᠦᠯᠵᠢᠯᠡᠨ ᠳᠡᠭᠡᠭᠰᠢᠯᠡᠭᠦᠯᠤᠨ᠎ᠠ᠃ ᠠᠷᠠᠳᠴᠢᠯᠠᠯ ᠪᠠ ᠬᠠᠤᠯᠢ ᠪᠠᠷ ᠵᠠᠰᠠᠬᠤ ᠶᠢ ᠨᠡᠩ ᠪᠦᠷᠢᠨᠰᠢᠬᠦᠯᠵᠤ᠂ ᠺᠠᠳ᠋ᠷ | ᠠᠵᠢᠯᠳᠠᠨ ᠠᠮᠢᠵᠢᠷᠠᠯ ᠤᠨ ᠬᠦᠴᠦᠨ ᠢᠶᠠᠷ ᠪᠢᠯᠬᠠᠵᠤ᠂ ᠨᠡᠶᠢᠭᠡᠮ ᠤᠨ ᠪᠣᠯᠪᠠᠰᠤᠨ ᠦᠷᠭᠦᠯᠵᠢᠯᠡᠨ ᠳᠠᠪᠰᠢᠵᠤ᠂ ᠲᠥᠪ ᠭᠤᠣᠯᠴᠢ ᠰᠢᠳᠤᠷᠭᠤ ᠶᠣᠰᠣ ᠶᠢ ᠭᠦᠢᠴᠡᠳ | ᠢᠯᠡᠷᠡᠭᠦᠯᠵᠦ᠂ ᠤᠯᠠᠨ ᠨᠡᠶᠢᠲᠡ ᠶᠢᠨ ᠠᠮᠤᠷ ᠲᠦᠪᠰᠢᠨ ᠤ ᠲᠦᠷᠦᠭᠳᠡᠯ ᠤᠨ ᠵᠢᠭᠠᠯᠲᠠ ᠲᠤᠭ᠎ᠠ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ | ᠬᠤᠶᠢᠰᠢᠳᠠ ᠶᠢᠨ ᠲᠠᠪᠤᠨ ᠵᠢᠯ ᠳᠤ᠂ ᠮᠠᠨ ᠤ ᠬᠤᠰᠢᠭᠤᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ | ᠲᠠᠪᠤᠨ ᠵᠢᠯ ᠤᠨ ᠲᠥᠯᠥᠪᠵᠢᠭᠦᠯᠭᠡ ᠲᠠᠢ ᠤᠶᠠᠯᠳᠤᠭᠤᠯᠤᠨ᠂ ᠵᠢᠷᠭᠤᠭᠠᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠳᠤᠷ ᠠᠳᠬᠤᠨ᠎ᠠ᠄ | ︵ᠨᠢᠭᠡ︶ ᠠᠮᠢ ᠠᠬᠤᠶ ᠶᠢ ᠤᠷᠢᠤᠨ ᠢᠶᠠᠷ ᠪᠤᠳᠤᠯᠬᠢᠯᠠᠬᠤ ᠪᠣᠬᠢᠷᠲᠤᠯ ᠥᠬᠡᠶ ᠬᠦᠭᠵᠢᠯᠳᠡ ᠶᠢ ᠪᠠᠷᠢᠮᠲᠠᠯᠠᠨ᠂ ᠬᠥᠮᠦᠨ ᠪᠠᠶᠢᠭᠠᠯᠢ ᠶᠢᠨ ᠡᠶ᠎ᠡ ᠵᠤᠬᠢᠴᠠᠩᠭᠤᠢ | ᠬᠠᠮᠲᠤ ᠣᠷᠣᠰᠢᠨ ᠲᠤᠭᠳᠠᠨᠢᠬᠤ ᠶᠢ ᠠᠬᠢᠭᠤᠯᠤᠨ᠎ᠠ᠃ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠦᠨ ᠭᠡᠬᠦ ᠣᠶᠢᠯᠠᠭᠠᠭᠳᠠᠬᠤᠨ ᠢ | ᠪᠠᠷᠢᠮᠲᠠᠯᠠᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠪᠠᠶᠢᠯᠳᠤᠬᠤ ᠪᠤᠳᠤᠯᠭ᠎ᠠ ᠶᠢᠨ | ᠪᠠᠶᠢᠷᠢ ᠲᠣᠭᠲᠠᠭᠠᠯᠲᠠ ᠶᠢᠨ ᠲᠣᠭᠤᠷᠢᠨ ᠳᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠠᠮᠢ | ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠪᠦᠬᠦ ᠣᠷᠣᠨ ᠪᠦᠰᠡ᠂ ᠪᠦᠬᠦ ᠶᠠᠪᠤᠴᠠ ᠳᠤ ᠴᠢᠩᠭᠠᠳᠬᠠᠵᠤ᠂ ᠪᠣᠬᠢᠷᠲᠤᠯ ᠦᠭᠡᠢ ᠬᠡᠯᠪᠡᠷᠢ ᠬᠤᠪᠢᠷᠠᠭᠤᠯᠤᠨ | ᠬᠥᠭᠵᠢᠭᠦᠯᠬᠦ ᠶᠢ ᠪᠦᠬᠦ ᠬᠦᠷᠢᠶ᠎ᠡ ᠴᠠᠷᠠᠭ᠎ᠠ᠂ ᠪᠦᠬᠦ ᠲᠠᠯ᠎ᠠ ᠪᠠᠷ ᠠᠬᠢᠭᠤᠯᠤᠨ᠎ᠠ᠃ ᠠᠭᠤᠯᠠ ᠤᠰᠤ ᠤᠢ ᠰᠢᠭᠤᠶ ᠲᠠᠷᠢᠶᠠᠨ ᠭᠠᠵᠠᠷ ᠨᠠᠭᠤᠷ ᠪᠦᠷᠢᠳᠦ ᠡᠪᠡᠰᠦ | ᠡᠯᠡᠰᠦ ᠶᠢ ᠵᠠᠰᠠᠬᠤ ᠠᠵᠢᠯ ᠢ ᠨᠢᠭᠡᠳᠦᠯᠲᠡᠶ ᠲᠥᠯᠥᠪᠯᠡᠨ᠎ᠡ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢ ᠴᠢᠩᠭ᠎ᠠ | ᠨᠠᠶᠢᠳᠠᠪᠤᠷᠢᠵᠢᠭᠤᠯᠵᠤ᠂ ᠠᠭᠤᠯᠠ ᠤᠰᠤ ᠤᠢ ᠰᠢᠭᠤᠶ ᠲᠠᠷᠢᠶᠠᠨ ᠭᠠᠵᠠᠷ ᠨᠠᠭᠤᠷ ᠴᠥᠭᠦᠷᠥᠮ ᠡᠪᠡᠰᠦ ᠡᠯᠡᠰᠦᠨ ᠤ ᠠᠮᠢ ᠠᠬᠤᠶ ᠶᠢ ᠬᠠᠮᠠᠭᠠᠯᠠᠬᠤ ᠪᠠ ᠵᠠᠰᠠᠨ | ᠰᠡᠷᠭᠦᠭᠡᠬᠦ ᠢᠨᠵᠧᠨᠧᠷᠢᠩ ᠢ ᠬᠡᠷᠡᠭᠵᠢᠭᠦᠯᠵᠦ᠂ ᠠᠮᠢ ᠠᠬᠤᠢ ᠶᠢᠨ ᠤᠷᠴᠢᠨ ᠲᠤᠭᠤᠷᠢᠨ ᠢ ᠬᠠᠮᠠᠭᠠᠯᠠᠬᠤ ᠭᠤᠷᠪᠠᠨ ᠵᠢᠯ ᠤᠨ ᠠᠵᠢᠯ ᠤᠨ ᠲᠦᠰᠤᠯ ᠢ ᠲᠤᠭᠳᠠᠭᠠᠨ | ᠨᠠᠶᠢᠳᠠᠪᠤᠷᠢᠵᠢᠭᠤᠯᠵᠤ᠂ ᠠᠮᠢ ᠠᠬᠤᠢ ᠶᠢ ᠶᠡᠷᠤᠩᠬᠡᠶᠢᠯᠡᠨ ᠵᠠᠰᠠᠬᠤ ᠤᠷᠳᠤ ᠬᠤᠭᠤᠴᠠᠭᠠᠳᠤ ᠲᠤᠭᠳᠠᠴᠠ ᠶᠢ ᠪᠦᠷᠢᠯᠳᠤᠬᠦᠯᠤᠨ᠎ᠡ᠃ ᠣᠶ ᠰᠢᠭᠤᠶ ︵ᠨᠤᠲᠤᠭ ᠪᠡᠯᠴᠢᠭᠡᠷ | ︶ ᠶᠢᠨ ᠲᠠᠷᠤᠭ᠎ᠠ ᠶᠢᠨ ᠲᠦᠷᠢᠮ ᠢ ᠨᠠᠶᠢᠳᠠᠪᠤᠷᠢᠵᠢᠭᠤᠯᠵᠤ᠂ ᠪᠡᠯᠴᠢᠭᠡᠷᠯᠡᠭᠦᠯᠬᠦ ᠶᠢ ᠴᠠᠭᠠᠵᠠᠯᠠᠨ ᠰᠡᠯᠭᠦᠨ ᠮᠠᠯᠵᠢᠬᠤ᠂ ᠮᠠᠯ ᠪᠡᠯᠴᠢᠭᠡᠷ ᠢ ᠲᠡᠩᠴᠡᠬᠦᠷᠢᠳᠠᠢ ᠪᠤᠯᠭᠠᠬᠤ᠂ | ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠵᠡᠷᠭᠡ ᠲᠦᠷᠢᠮ ᠢ ᠴᠢᠩᠭ᠎ᠠ ᠬᠡᠷᠡᠭᠵᠢᠭᠦᠯᠵᠦ᠂ ᠳᠤᠷ᠎ᠠ ᠪᠠᠷ ᠢᠶᠠᠨ ᠨᠡᠭᠡᠭᠡᠨ | ᠬᠠᠭᠠᠯᠪᠤᠷᠢᠯᠠᠬᠤ᠂ ᠨᠤᠲᠤᠭ ᠪᠡᠯᠴᠢᠭᠡᠷ ᠢ ᠬᠠᠤᠯᠢ ᠪᠤᠰᠤ ᠪᠠᠷ ᠡᠵᠡᠯᠡᠨ ᠬᠡᠷᠡᠭᠯᠡᠬᠦ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ | ᠥᠭᠭᠦᠨ᠎ᠡ᠃ ᠭᠤᠤᠯ ᠨᠠᠭᠤᠷ ᠤᠨ ᠳᠠᠷᠤᠭ᠎ᠠ ᠶᠢᠨ ᠲᠦᠷᠢᠮ ᠢ ᠨᠠᠶᠢᠳᠠᠪᠤᠷᠢᠵᠢᠭᠤᠯᠵᠤ᠂ ︽ᠨᠢᠭᠡ ᠭᠤᠤᠯ ᠨᠢᠭᠡ ᠲᠥᠷᠥ ᠶᠢᠨ ᠪᠣᠳᠣᠯᠭ᠎ᠠ︾ ︽ᠨᠢᠭᠡ ᠨᠠᠭᠤᠷ ᠨᠢᠭᠡ | ᠲᠥᠷᠥ ᠶᠢᠨ ᠪᠣᠳᠣᠯᠭ᠎ᠠ︾ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠮᠡᠷᠭᠡᠯ ᠭᠤᠤᠯ᠂ ᠬᠠᠶᠢᠯᠠᠷ ᠭᠤᠤᠯ ᠤᠨ ᠰᠠᠪᠠ ᠭᠠᠵᠠᠷ ᠪᠠ ᠬᠥᠬᠡᠨᠠᠭᠤᠷ ᠤᠨ ᠤᠰᠤᠨ ᠤ ᠣᠷᠣᠨ | ᠵᠡᠷᠭᠡ ᠴᠢᠬᠤᠯᠠ ᠨᠤᠭᠤ ᠭᠠᠵᠠᠷ ᠢ ᠬᠠᠮᠠᠭᠠᠯᠠᠬᠤ ᠠᠵᠢᠯ ᠢ ᠰᠠᠶᠢᠲᠤᠷ ᠬᠢᠨ᠎ᠠ᠃ ᠥᠪᠥᠷ ᠮᠣᠩᠭᠤᠯ ᠤᠨ ᠥᠨᠳᠦᠷᠯᠢᠭ ᠤᠨ ᠠᠮᠢ ᠠᠬᠤᠶ ᠶᠢ ᠬᠠᠮᠠᠭᠠᠯᠠᠬᠤ ᠪᠠ ᠰᠡᠷᠭᠦᠭᠡᠨ | ᠣᠶᠢᠵᠢᠭᠤᠯᠬᠤ ᠢᠨᠵᠧᠨᠧᠷᠢᠩ ᠢ 10 ᠲᠦᠮᠡᠨ ᠮᠥ ᠬᠡᠷᠡᠭᠵᠢᠭᠦᠯᠵᠦ᠂ ᠲᠠᠴᠢᠷᠳᠠᠭᠰᠠᠨ ᠨᠤᠲᠤᠭ ᠪᠡᠯᠴᠢᠭᠡᠷ ᠢ 50 ᠲᠦᠮᠡᠨ ᠮᠥ ᠵᠠᠰᠠᠵᠤ᠂ ᠤᠷᠭᠤᠮᠠᠯ ᠤᠨ | ᠬᠤᠴᠢᠯᠭ᠎ᠠ ᠶᠢᠨ ᠪᠦᠷᠬᠦᠴᠡ ᠶᠢ ᠲᠣᠭᠲᠠᠭᠤᠨ ᠢᠶᠠᠷ ᠳᠡᠭᠡᠭᠰᠢᠯᠡᠭᠦᠯᠦᠨ᠎ᠡ᠃ ᠪᠣᠬᠢᠷᠲᠤᠯ ᠢ ᠰᠡᠷᠭᠡᠶᠢᠯᠡᠨ ᠵᠠᠰᠠᠬᠤ ᠪᠠᠬᠢᠯᠡᠯᠳᠡ ᠰᠢᠪᠳᠤᠯᠬᠤ ᠲᠠᠶᠢᠯᠠᠯᠳᠤᠭᠠᠨ ᠢ ᠰᠠᠶᠢᠲᠤᠷ | ᠬᠢᠨ᠎ᠠ᠃ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠵᠤ᠂ ᠠᠮᠢ ᠠᠬᠤᠢ ᠶᠢ ᠬᠠᠮᠠᠭᠠᠯᠠᠬᠤ ᠬᠢᠨᠠᠨ ᠬᠠᠮᠢᠶᠠᠤᠯᠳᠡ ᠶᠢ | ᠴᠢᠩᠭᠠᠤᠨᠬᠠᠨ᠂ ᠪᠣᠬᠢᠷᠲᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠬᠠᠮᠳᠤ ᠳᠤᠨᠢ ᠦᠷ᠎ᠡ ᠠᠰᠢᠭ ᠢ ᠤᠯᠬᠤ ᠶᠢ ᠠᠬᠢᠭᠤᠯᠵᠤ᠂ ᠠᠮᠢ ᠠᠬᠤᠢ ᠶᠢᠨ | ᠣᠷᠴᠢᠨ ᠲᠣᠭᠤᠷᠢᠨ ᠤ ᠬᠠᠤᠯᠢ ᠲᠦᠷᠢᠮ ᠤᠨ ᠪᠠᠲᠤᠯᠠᠭ᠎ᠠ ᠶᠢ ᠪᠦᠬᠦ ᠲᠠᠯ᠎ᠠ ᠪᠠᠷ ᠴᠢᠩᠭᠠᠳᠬᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠶᠢᠨ | ᠣᠳᠣᠬᠢᠴᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠬᠦᠬᠡ ᠣᠭᠲᠠᠷᠭᠤᠢ ᠶᠢ ᠬᠠᠮᠠᠭᠠᠯᠠᠬᠤ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠵᠦ᠂ ᠨᠠᠷᠢᠨ | ᠮᠥᠬᠦᠯᠢᠭᠲᠦ ᠪᠣᠳᠠᠰ ᠪᠣᠯᠤᠨ ᠣᠽᠣᠨ ᠤ ᠪᠣᠬᠢᠷᠲᠤᠯ ᠢ ᠪᠦᠲᠦᠮᠵᠢᠲᠡᠢ ᠬᠢᠵᠠᠭᠠᠷᠯᠠᠵᠤ᠂ ᠠᠭᠠᠷ ᠤᠨ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠬᠥᠬᠡᠮᠳᠦᠭ | ᠤᠰᠤ ᠶᠢ ᠬᠠᠮᠠᠭᠠᠯᠠᠬᠤ ᠠᠵᠢᠯ ᠢ ᠭᠦᠨᠵᠡᠭᠡᠶ ᠰᠠᠶᠢᠲᠤᠷ ᠬᠢᠵᠦ᠂ ᠤᠰᠤᠨ ᠤ ᠡᠬᠢ ᠪᠠᠶᠠᠯᠢᠭ᠂ ᠤᠰᠤᠨ ᠤ ᠠᠮᠢ ᠠᠬᠤᠶ ᠶᠢᠨ ᠵᠠᠰᠠᠯᠲᠠ ᠶᠢ ᠨᠢᠭᠡᠳᠦᠯᠲᠡᠶ ᠲᠥᠯᠥᠪᠯᠡᠨ᠂ | ᠤᠰᠤᠨ ᠤ ᠣᠷᠴᠢᠨ ᠠᠬᠤᠶ ᠶᠢᠨ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠤᠨ᠎ᠠ᠃ ᠠᠷᠢᠭᠤᠨ ᠬᠥᠷᠥᠰᠥ ᠶᠢ ᠬᠠᠮᠠᠭᠠᠯᠠᠬᠤ ᠠᠵᠢᠯ ᠢ ᠭᠦᠨᠵᠡᠭᠡᠶ ᠰᠠᠶᠢᠲᠤᠷ ᠬᠢᠵᠦ᠂ | ᠲᠠᠷᠢᠶᠠᠯᠠᠩ ᠤᠨ ᠦᠩᠭᠡᠨ ᠲᠠᠯ᠎ᠠ ᠶᠢᠨ ᠪᠤᠬᠢᠷᠳᠤᠯ ᠢ ᠰᠡᠷᠬᠡᠶᠢᠯᠡᠨ ᠵᠠᠰᠠᠬᠤ ᠪᠠ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠤᠨᠪᠤᠷᠢᠯᠡᠬᠦ ᠬᠠᠮᠢᠶᠡᠷᠤᠯᠳᠡ ᠶᠢᠨ | ᠠᠵᠢᠯ ᠢ ᠴᠢᠩᠭᠠᠳᠬᠠᠵᠤ᠂ ᠬᠦᠷᠤᠰᠤ ᠰᠢᠷᠤᠢ ᠶᠢᠨ ᠲᠦᠭᠰᠢᠭᠦᠷᠢ ᠶᠢ ᠪᠦᠳᠤᠮᠵᠢᠳᠠᠢ ᠬᠠᠮᠢᠶᠠᠷᠤᠨ ᠡᠵᠡᠮᠳᠡᠨ᠎ᠡ᠃ ᠪᠣᠬᠢᠷᠲᠤᠯ ᠦᠭᠡᠢ ᠲᠤᠤᠷ᠎ᠠ ᠨᠡᠭᠦᠷᠡᠰᠦᠲᠥ᠋ᠷᠥᠭᠴᠢᠳᠤ | ᠬᠥᠭᠵᠢᠯᠲᠡ ᠶᠢ ᠲᠦᠯᠬᠢᠨ ᠠᠬᠢᠭᠤᠯᠤᠨ᠎ᠠ᠃ ᠤᠯᠤᠰ ᠤᠨ ᠨᠡᠭᠦᠷᠡᠰᠦᠲᠥ᠋ᠷᠥᠭᠴᠢ ᠶᠢ ᠭᠠᠳᠠᠭᠰᠢᠯᠠᠭᠤᠯᠬᠤ ᠶᠢ ᠣᠷᠭᠢᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ | ᠰᠠᠭᠠᠷᠮᠠᠭᠵᠢᠭᠤᠯᠬᠤ ᠶᠢ ᠠᠬᠢᠭᠤᠯᠬᠤ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠢ ᠴᠢᠩᠭ᠎ᠠ ᠠᠳᠬᠤᠵᠤ᠂ ᠬᠥᠬᠡᠮᠳᠦᠭ ᠨᠣᠭᠤᠭᠠᠨ ᠠᠭᠤᠯᠠ | ᠤᠰᠤᠨ ᠤ ᠳᠠᠯᠳᠠ ᠥᠷᠲᠡᠭ ᠢ ᠭᠦᠨᠵᠡᠭᠡᠶ ᠠᠭᠤᠳᠠᠯᠯᠠᠵᠤ᠂ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠠᠬᠢ ᠪᠣᠬᠢᠷᠲᠤᠯ ᠢ ᠪᠠᠭᠠᠰᠬᠠᠨ | ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠡᠷᠴᠢᠮ ᠢ ᠴᠢᠩᠭᠠᠷᠠᠭᠤᠯᠤᠨ᠂ ᠴᠡᠪᠡᠷ ᠲᠤᠤᠷ᠎ᠠ ᠨᠡᠭᠦᠷᠡᠰᠦᠲᠥ᠋ᠷᠥᠭᠴᠢᠳᠤ ᠠᠮᠤᠷ ᠲᠦᠪᠰᠢᠨ ᠪᠦᠳᠤᠮᠵᠢᠳᠠᠢ ᠡᠨᠧᠷᠭᠢ ᠶᠢᠨ | ᠰᠢᠰᠲ᠋ᠧᠮ ᠢ ᠪᠠᠶᠢᠭᠤᠯᠵᠤ᠂ ᠪᠣᠬᠢᠷᠲᠤᠯ ᠥᠬᠡᠶ ᠲᠤᠤᠷ᠎ᠠ ᠨᠡᠭᠦᠷᠡᠰᠦᠲᠥ᠋ᠷᠥᠭᠴᠢᠳᠤ ᠮᠡᠷᠭᠡᠵᠢᠯ ᠤᠨ ᠰᠢᠨ᠎ᠡ ᠶᠢ ᠡᠭᠦᠳᠬᠦ ᠪᠠ ᠳᠡᠯᠭᠡᠷᠡᠭᠦᠯᠦᠨ ᠠᠰᠢᠭᠯᠠᠬᠤ ᠶᠢ | ᠴᠢᠩᠭᠠᠳᠬᠠᠵᠤ᠂ ᠡᠨᠧᠷᠭᠢ ᠶᠢᠨ ᠬᠤᠷᠣᠭᠳᠠᠭᠤᠯᠤᠯ ᠶᠡᠬᠡᠲᠡᠶ᠂ ᠭᠠᠳᠠᠭᠰᠢᠯᠠᠭᠤᠯᠤᠯᠲᠠ ᠶᠡᠬᠡᠲᠡᠶ ᠲᠥᠷᠥᠯ ᠵᠦᠢᠯ ᠢ ᠴᠢᠩᠭ᠎ᠠ ᠬᠢᠵᠠᠭᠠᠷᠯᠠᠨ᠎ᠠ᠃ ᠡᠨᠧᠷᠭᠢ ᠶᠢ ᠠᠷᠪᠢᠯᠠᠬᠤ | ᠡᠬᠢ ᠰᠤᠷᠪᠤᠯᠵᠢ ᠶᠢᠨ ᠬᠠᠮᠢᠶᠠᠷᠤᠯᠲᠠ ᠶᠢᠨ ᠲᠦᠷᠢᠮ ᠤᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠪᠣᠬᠢᠷᠲᠤᠯ ᠢ ᠰᠡᠷᠭᠡᠶᠢᠯᠡᠨ ᠵᠠᠰᠠᠬᠤ ᠪᠠ ᠠᠮᠢ ᠠᠬᠤᠶ ᠶᠢ ᠬᠠᠮᠠᠭᠠᠯᠠᠨ | ᠬᠤᠯᠪᠤᠭᠠᠯᠠᠨ ᠬᠦᠳᠡᠯᠤᠯᠴᠡᠬᠦ ᠲᠣᠭᠲᠠᠴᠠ ᠶᠢ ᠪᠠᠶᠢᠭᠤᠯᠵᠤ᠂ ᠪᠣᠬᠢᠷᠲᠤᠯ ᠤᠨ ᠡᠬᠢ ᠶᠢ ᠠᠦ᠋ᠲ᠋ᠣ᠋ ᠬᠢᠨᠠᠨ ᠡᠵᠡᠮᠳᠡᠬᠦ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ | ᠠᠷᠪᠢᠯᠠᠨ ᠭᠠᠮᠨᠠᠬᠤ ᠬᠡᠯᠪᠡᠷᠢ ᠶᠢᠨ ᠨᠡᠶᠢᠭᠡᠮ ᠢ ᠡᠭᠦᠳᠦᠨ ᠪᠠᠶᠢᠭᠤᠯᠵᠤ᠂ ᠳᠥᠭᠦᠮ ᠪᠥᠭᠡᠳ ᠲᠣᠬᠢᠷᠠᠮᠵᠢᠲᠠᠶ᠂ ᠪᠣᠬᠢᠷᠲᠤᠯ ᠦᠭᠡᠢ ᠪᠥᠭᠡᠳ ᠲᠤᠤᠷ᠎ᠠ | ᠨᠡᠭᠦᠷᠡᠰᠦᠲᠥ᠋ᠷᠥᠭᠴᠢᠳᠤ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠵᠤ᠂ ᠢᠳᠡᠭᠡᠨ ᠤᠮᠳᠠᠭᠠᠨ ᠢ ᠪᠦᠷᠢᠯᠭᠡᠨ ᠰᠦᠢᠳᠬᠡᠬᠦ ᠠᠵᠢᠯᠯᠠᠭ᠎ᠠ ᠶᠢ ᠡᠷᠡᠰ ᠬᠤᠷᠢᠭᠯᠠᠨ᠂ | ᠡᠨᠧᠷᠭᠢ ᠶᠢᠨ ᠰᠤᠷᠪᠤᠯᠵᠢ ᠶᠢ ᠠᠷᠪᠢᠯᠠᠬᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠴᠢᠩᠭᠠᠳᠬᠠᠵᠤ᠂ ᠰᠠᠭᠤᠭᠠᠯᠢ ᠠᠷᠠᠳ ᠤᠨ ᠠᠷᠪᠢᠯᠠᠨ ᠭᠠᠮᠨᠠᠬᠤ᠂ ᠣᠷᠴᠢᠨ | ᠠᠬᠤᠶ ᠶᠢ ᠬᠠᠮᠠᠭᠠᠯᠠᠬᠤ ᠪᠠ ᠠᠮᠢ ᠠᠬᠤᠶ ᠶᠢᠨ ᠤᠬᠠᠮᠰᠠᠷ ᠢ ᠴᠢᠩᠭᠠᠷᠠᠭᠤᠯᠤᠨ᠎ᠠ᠃ ᠤᠳᠤᠷᠢᠳᠬᠤ ᠺᠠᠳ᠋ᠷ ᠤᠨ ᠲᠤᠰᠢᠶᠠᠯ ᠠᠴᠠ ᠪᠠᠨ ᠰᠠᠯᠬᠤ ︵ᠲᠤᠰᠢᠶᠠᠯ ᠤᠨ | ᠬᠤᠭᠤᠴᠠᠭ᠎ᠠ︶ ᠦᠶ᠎ᠡ ᠶᠢᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠬᠢᠨᠠᠨ ᠪᠤᠳᠤᠯᠲᠠ ᠶᠢ ᠢᠳᠡᠪᠬᠢᠲᠡᠶ ᠠᠬᠢᠭᠤᠯᠵᠤ᠂ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ᠂ ᠨᠠᠰᠤᠨ ᠲᠤᠷᠰᠢᠳᠠ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠢ ᠨᠠᠶᠢᠳᠠᠪᠤᠷᠢᠵᠢᠭᠤᠯᠤᠨ᠎ᠠ᠃ | ︵ᠬᠤᠶᠠᠷ︶ ᠠᠵᠤ ᠦᠢᠯᠡᠰ ᠤᠨ ᠬᠡᠯᠪᠡᠷᠢ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠵᠤ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠤᠨ᠎ᠠ᠃ ᠠᠮᠢ ᠠᠬᠤᠶ ᠶᠢᠨ ᠠᠵᠤ ᠦᠢᠯᠡᠰᠵᠢᠯᠲᠡ ᠪᠠ ᠠᠵᠤ ᠦᠢᠯᠡᠰ ᠤᠨ ᠠᠮᠢ ᠠᠬᠤᠶᠢᠵᠢᠯᠲᠠ ᠶᠢ ᠶᠡᠬᠡᠪᠡᠷ ᠲᠦᠯᠬᠢᠨ ᠠᠬᠢᠭᠤᠯᠵᠤ᠂ ᠨᠢᠭᠡᠳᠤᠬᠡᠷ | ᠬᠤᠶᠠᠳᠤᠭᠠᠷ ᠭᠤᠷᠪᠠᠳᠤᠭᠠᠷ ᠠᠵᠤ ᠦᠢᠯᠡᠰ ᠢ ᠠᠭᠤᠰᠤᠯᠴᠠᠭᠤᠯᠤᠨ ᠬᠦᠭᠵᠢᠬᠦᠯᠬᠦ ᠪᠠᠷ ᠤᠳᠤᠷᠢᠳᠤᠮᠵᠢ ᠪᠤᠯᠭᠠᠨ᠂ ᠠᠵᠤ ᠦᠢᠯᠡᠰ ᠤᠨ ᠪᠦᠲᠦᠴᠡ ᠶᠢ | ᠲᠣᠬᠢᠷᠠᠭᠤᠯᠤᠨ ᠰᠢᠯᠢᠳᠡᠭᠵᠢᠭᠦᠯᠵᠦ᠂ ᠠᠩᠬᠠᠨ ᠤ ᠦᠢᠯᠡᠳᠬᠦᠨ ᠤ ᠬᠠᠩᠭᠠᠯᠭ᠎ᠠ ᠶᠢᠨ ᠪᠠᠲᠤᠯᠠᠭ᠎ᠠ ᠶᠢ ᠰᠠᠶᠢᠲᠤᠷ ᠬᠢᠵᠦ᠂ ᠪᠦᠬᠦ ᠠᠵᠤ ᠦᠢᠯᠡᠰ ᠤᠨ ᠬᠡᠯᠬᠢᠶ᠎ᠡ ᠶᠢᠨ | ᠲᠡᠰ ᠳᠡᠪᠰᠢᠬᠦ ᠶᠢ ᠲᠦᠯᠬᠢᠨ ᠠᠬᠢᠭᠤᠯᠤᠨ᠎ᠠ᠃ ᠠᠮᠢ ᠠᠬᠤᠶ ᠶᠢᠨ ᠦᠨ᠎ᠡ ᠥᠷᠲᠡᠭ ᠢ ᠭᠦᠨ ᠠᠭᠤᠳᠠᠯᠯᠠᠵᠤ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ | ᠪᠥᠬᠦ ᠠᠵᠤ ᠦᠢᠯᠡᠰ ᠤᠨ ᠬᠡᠯᠬᠢᠶ᠎ᠡ ᠶᠢᠨ ᠰᠠᠭᠤᠷᠢᠨ ᠭᠠᠵᠠᠷ ᠢ ᠡᠬᠦᠳᠤᠨ᠎ᠡ᠃ ᠲᠠᠷᠢᠶᠠᠯᠠᠩ ᠮᠠᠯ ᠠᠵᠤ ᠠᠬᠤᠶ ᠶᠢᠨ ᠣᠳᠣᠬᠢᠴᠢᠯᠠᠯᠲᠠ ᠶᠢᠨ ᠠᠬᠢᠴᠠ ᠶᠢ | ᠲᠦᠷᠭᠡᠳᠬᠡᠨ᠂ ᠪᠤᠳᠠᠰ ᠤᠨ ᠬᠦᠢᠯᠭᠡᠭᠡᠨ᠂ ᠲᠣᠮᠣ ᠳ᠋ᠠᠶᠢᠲ᠋ᠠ ᠵᠡᠷᠭᠡ ᠰᠢᠨ᠎ᠡ ᠴᠠᠭ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠲᠠᠷᠢᠶᠠᠯᠠᠩ ᠮᠠᠯ ᠠᠵᠤ ᠠᠬᠤᠶ ᠶᠢᠨ | ᠬᠦᠷᠢᠶᠡᠨ ᠳᠠᠬᠢ ᠬᠡᠷᠡᠭᠯᠡᠯᠲᠡ ᠶᠢ ᠠᠬᠢᠭᠤᠯᠵᠤ᠂ ᠤᠶᠤᠨᠴᠢᠯᠠᠭᠰᠠᠨ ᠲᠠᠷᠢᠶᠠᠯᠠᠩ ᠮᠠᠯ ᠠᠵᠤ ᠠᠬᠤᠶ ᠶᠢ ᠲᠤᠭᠳᠠᠭᠤᠨ ᠢᠶᠠᠷ ᠠᠬᠢᠭᠤᠯᠤᠨ᠎ᠠ᠃ ᠮᠢᠬᠠᠨ ᠤ ᠠᠵᠤ | ᠦᠢᠯᠡᠰ ᠤᠨ ᠬᠥᠭᠵᠢᠯᠲᠡ ᠶᠢ ᠠᠬᠢᠭᠤᠯᠵᠤ᠂ ᠨᠠᠷᠠᠲᠤ ᠲᠥᠷᠥᠯ ᠲᠡᠮᠳᠡᠭᠲᠦ ᠶᠢ ᠴᠢᠩᠭᠠᠤᠨᠬᠠᠬᠤ ᠶᠢ ᠪᠠᠷᠢᠮᠲᠠᠯᠠᠵᠤ᠂ ᠲᠤᠯᠤᠭᠠᠶᠢᠯᠠᠭᠴᠢ ᠠᠵᠤ ᠠᠬᠤᠶᠢᠯᠠᠯ ᠢ | ᠬᠦᠭᠵᠢᠭᠦᠯᠦᠨ ᠳᠡᠮᠵᠢᠬᠦ ᠡᠷᠴᠢᠮ ᠢᠶᠠᠨ ᠴᠢᠩᠭᠠᠷᠠᠭᠤᠯᠤᠨ᠂ ᠣᠳᠣᠬᠢᠴᠢᠯᠠᠭᠰᠠᠨ ᠠᠮᠢ ᠠᠬᠤᠶ ᠶᠢᠨ ᠬᠡᠷ ᠪᠦᠯᠢ ᠶᠢᠨ ᠮᠠᠯᠵᠢᠯ ᠤᠨ ᠲᠠᠯᠠᠪᠠᠶ᠂ ᠬᠤᠷᠰᠢᠶᠠᠵᠢᠯ ᠢ | ᠬᠦᠴᠦᠯᠡᠨ ᠬᠥᠭᠵᠢᠭᠦᠯᠵᠦ᠂ ᠪᠥᠬᠦ ᠶᠠᠪᠤᠴᠠ ᠳᠤ ᠮᠦᠷᠳᠡᠬᠦ ᠪᠠ ᠣᠷᠭᠠᠨᠢᠭ ᠪᠠᠷᠢᠮᠵᠢᠶ᠎ᠠ ᠶᠣᠰᠣᠭᠠᠷ᠂ ᠪᠦᠲᠦᠭᠡᠭᠳᠡᠬᠦᠨ ᠤ ᠠᠮᠢ ᠠᠬᠤᠶ ᠶᠢᠨ ᠦᠨ᠎ᠡ ᠥᠷᠲᠡᠭ ᠢ ᠭᠦᠨ | ᠠᠭᠤᠳᠠᠯᠯᠠᠵᠤ᠂ ᠨᠠᠷᠢᠯᠢᠭ ᠭᠦᠨᠵᠡᠭᠡᠶ ᠡᠳ᠋ᠰᠢᠭᠦᠯᠬᠦ ᠬᠠᠷᠢᠴᠠᠯ ᠢ ᠳᠡᠭᠡᠭᠰᠢᠯᠡᠭᠦᠯᠦᠨ᠂ ᠳᠡᠭᠡᠳᠦ ᠲᠠᠰ ᠤᠨ ᠣᠬᠢ ᠰᠢᠯᠢᠳᠡᠭ ᠮᠢᠬᠠᠨ ᠤ ᠬᠤᠨᠢ ᠮᠢᠬᠠᠨ ᠤ ᠦᠬᠡᠷ ᠤᠨ | ᠨᠠᠷᠠᠲᠤ ᠲᠡᠮᠳᠡᠭᠲᠦ ᠶᠢ ᠡᠬᠦᠤᠨᠴᠦ᠂ ᠣᠲᠣ ᠦᠶ᠎ᠡ ᠶᠢᠨ ᠡᠵᠡᠩᠨᠡᠨ ᠪᠣᠷᠣᠯᠠᠭᠤᠯᠬᠤ ᠠᠷᠭ᠎ᠠ ᠵᠠᠮ ᠢ ᠥᠷᠭᠡᠳᠬᠡᠨ᠎ᠡ︔ ᠮᠠᠯ ᠵᠢᠭᠦᠷᠲᠡᠨ ᠢ ᠪᠠᠷᠢᠮᠵᠢᠶᠠᠵᠢᠭᠤᠯᠤᠨ | ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠲᠠᠯᠠᠪᠠᠶ ᠶᠢᠨ ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠵᠤ᠂ ᠮᠢᠬᠠᠨ ᠤ ᠦᠬᠡᠷ ᠮᠢᠬᠠᠨ ᠤ ᠬᠤᠨᠢᠨ ᠤ ᠪᠥᠬᠦ | ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠳᠠᠶᠢᠴᠢᠯᠠᠨ᠂ ᠪᠥᠬᠦ ᠬᠤᠲᠠ ᠶᠢᠨ ᠳᠠᠪᠠᠭᠠᠨ ᠤ ᠠᠷᠤ ᠶᠢᠨ ᠮᠢᠬᠠᠨ ᠤ ᠵᠦᠢᠯ ᠢ ᠦᠢᠯᠡᠤᠨᠪᠤᠷᠢᠯᠡᠵᠦ ᠡᠳ᠋ᠰᠢᠭᠦᠯᠦᠨ | ᠪᠣᠷᠣᠯᠠᠭᠤᠯᠬᠤ ᠭᠤᠤᠯ ᠣᠷᠣᠨ ᠢ ᠲᠦᠷᠭᠡᠳᠬᠡᠨ ᠪᠣᠶ ᠪᠣᠯᠭᠠᠨ᠎ᠠ᠃ ᠰᠦ ᠶᠢᠨ ᠦᠢᠯᠡᠰ ᠤᠨ ᠬᠥᠭᠵᠢᠯᠲᠡ ᠶᠢ ᠠᠬᠢᠭᠤᠯᠵᠤ᠂ ᠦᠨᠳᠤᠷ ᠬᠤᠷᠳᠤᠴᠠᠳᠤ G10᠂ | ᠤᠯᠤᠰ ᠤᠨ ᠵᠠᠮ 332᠂ ᠪᠢᠨ ᠵᠧᠤ ᠲᠡᠮᠦᠷ ᠵᠠᠮ᠂ ᠲᠡᠨᠢᠬᠡ ᠵᠠᠰᠠᠮᠠᠯ ᠵᠠᠮ ᠳᠠᠭᠠᠤ ᠶᠢᠨ ᠰᠦ ᠶᠢᠨ ᠦᠢᠯᠡᠰ ᠤᠨ ᠬᠥᠭᠵᠢᠯᠲᠡ ᠶᠢᠨ ᠪᠦᠰᠡ ᠶᠢ ᠦᠷᠭᠦᠯᠵᠢᠯᠡᠨ | ᠡᠬᠦᠤᠨᠴᠦ᠂ ᠦᠨᠳᠤᠰᠤᠳᠡᠨ ᠤ ᠤᠯᠠᠮᠵᠢᠯᠠᠯᠳᠤ ᠴᠠᠭᠠᠨ ᠢᠳᠡᠭᠡᠨ ᠤ ᠦᠢᠯᠡᠰ ᠪᠤᠰᠬᠠᠬᠤ ᠬᠦᠷᠢᠶᠠᠯᠠᠩ ᠤᠨ ᠲᠦᠷᠤᠯ ᠵᠦᠢᠯ ᠤᠨ ᠪᠦᠳᠤᠭᠡᠨ ᠪᠠᠶᠢᠭᠤᠯᠤᠯᠳᠡ ᠶᠢ | ᠲᠦᠷᠭᠡᠤᠨᠬᠡᠨ᠂ ᠨᠠᠷᠠᠲᠤ ᠰᠦ ᠶᠢᠨ ᠦᠢᠯᠡᠰ ᠤᠨ ᠨᠠᠷᠠᠲᠤ ᠲᠡᠮᠳᠡᠭᠲᠦ ᠲᠠᠢ ᠢᠳᠡᠪᠬᠢᠲᠡᠶ ᠪᠠᠷ ᠬᠠᠮᠲᠤᠷᠠᠯᠴᠠᠵᠤ᠂ ᠰᠦ ᠶᠢᠨ ᠢᠷᠠᠯᠳᠡ ᠶᠢᠨ ᠰᠠᠭᠤᠷᠢᠨ ᠭᠠᠵᠠᠷ ᠤᠨ | ᠪᠠᠷᠢᠮᠵᠢᠶᠠᠵᠢᠭᠰᠠᠨ ᠬᠢᠷᠢ ᠲᠦᠪᠰᠢᠨ ᠢ ᠲᠡᠭᠡᠭᠰᠢᠯᠡᠭᠦᠯᠦᠨ᠂ ᠰᠦ ᠶᠢᠨ ᠦᠢᠯᠡᠰ ᠤᠨ ᠬᠥᠭᠵᠢᠯᠲᠡ ᠶᠢᠨ ᠳᠠᠪᠠᠭᠤᠯᠢᠭ ᠣᠷᠣᠨ ᠪᠦᠰᠡ ᠶᠢ ᠪᠣᠶ ᠪᠣᠯᠭᠠᠨ᠎ᠠ᠃ | ᠡᠪᠡᠰᠦᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠴᠢᠨᠠᠷ ᠰᠠᠶᠢᠲᠠᠶ ᠲᠡᠵᠢᠭᠡᠯ ᠡᠪᠡᠰᠦᠨ ᠤ ᠠᠵᠤ ᠦᠶᠢᠯᠡᠰᠵᠢᠯᠲᠡ ᠶᠢᠨ ᠠᠬᠢᠴᠠ ᠶᠢ ᠲᠦᠷᠭᠡᠳᠬᠡᠨ᠂ | ᠪᠡᠯᠴᠢᠭᠡᠷ ᠢ ᠰᠠᠶᠢᠵᠢᠷᠠᠭᠤᠯᠬᠤ ᠰᠢᠨ᠎ᠡ ᠮᠡᠷᠭᠡᠵᠢᠯ ᠢ ᠳᠡᠯᠭᠡᠷᠡᠭᠦᠯᠦᠨ ᠬᠡᠷᠡᠭᠯᠡᠵᠦ᠂ ᠴᠠᠷᠭᠠᠰᠤ᠂ ᠨᠤᠬᠠᠢ ᠶᠢᠨ ᠬᠤᠰᠢᠭᠤ ᠵᠡᠷᠭᠡ ᠴᠢᠨᠠᠷ ᠰᠠᠶᠢᠲᠠᠶ ᠲᠡᠵᠢᠭᠡᠯ ᠡᠪᠡᠰᠦ | ᠳᠠᠷᠢᠵᠤ ᠦᠢᠯᠡᠤᠨᠪᠤᠷᠢᠯᠡᠬᠦ ᠶᠢ ᠭᠤᠤᠯᠯᠠᠨ ᠠᠬᠢᠭᠤᠯᠤᠨ᠂ ᠮᠥᠬᠦᠯᠢᠭᠲᠦ ᠲᠡᠵᠢᠭᠡᠯ ᠡᠪᠡᠰᠦ ᠶᠢ ᠡᠳ᠋ᠰᠢᠭᠦᠯᠬᠦ ᠵᠢᠴᠢ ᠬᠠᠳᠠᠭᠠᠯᠠᠬᠤ ᠠᠷᠭ᠎ᠠ ᠮᠠᠶ᠋ᠢᠭ ᠢ ᠬᠠᠶᠢᠨ | ᠰᠦᠪᠡᠭᠴᠢᠯᠡᠵᠦ᠂ ᠲᠡᠵᠢᠭᠡᠯ ᠡᠪᠡᠰᠦᠨ ᠤ ᠪᠠᠴᠢᠮ ᠪᠠᠶᠢᠳᠠᠯ ᠢ ᠠᠷᠭᠠᠴᠠᠭᠠᠬᠤ ᠨᠥᠭᠡᠴᠡᠯᠡᠬᠦ ᠰᠢᠰᠲ᠋ᠧᠮᠵᠢ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠃ ᠠᠮᠢᠳᠠᠨ ᠤ | ᠬᠢᠵᠢᠭ ᠢ ᠰᠡᠷᠭᠡᠶᠢᠯᠡᠬᠦ ᠰᠢᠰᠲ᠋ᠧᠮᠵᠢ ᠶᠢ ᠪᠦᠷᠢᠨᠰᠢᠬᠦᠯᠤᠨ᠂ ᠠᠮᠢᠳᠠᠨ ᠤ ᠬᠦᠨᠳᠦ ᠶᠡᠭᠡ ᠬᠢᠵᠢᠭ ᠢ ᠰᠡᠷᠬᠡᠶᠢᠯᠡᠬᠦ ᠨᠢᠭᠲᠠᠴᠠ ᠶᠢ 100% ᠳᠤ ᠬᠦᠷᠭᠡᠬᠦ ᠶᠢ ᠦᠨᠡᠨᠬᠦ | ᠪᠠᠲᠤᠯᠠᠨ᠎ᠠ᠃ ︽ᠬᠤᠣᠰ ᠨᠡᠭᠦᠷᠡᠰᠦᠲᠥ᠋ᠷᠥᠭᠴᠢᠳᠤ︾ ᠬᠠᠷᠠᠯᠲᠠ ᠶᠢ ᠲᠤᠭᠳᠠᠭᠠᠨ᠂ ᠪᠣᠬᠢᠷᠲᠤᠯ ᠦᠭᠡᠢ ᠡᠷᠬᠢᠯᠳᠡᠳᠦ ᠠᠵᠤ ᠦᠢᠯᠡᠳᠪᠦᠷᠢ ᠶᠢᠨ ᠰᠢᠰᠲ᠋ᠧᠮᠵᠢ ᠶᠢ | ᠪᠠᠶᠢᠭᠤᠯᠤᠨ᠎ᠠ᠃ ᠡᠨᠧᠷᠭᠢ ᠶᠢᠨ ᠬᠤᠷᠣᠭᠳᠠᠭᠤᠯᠤᠯ ᠶᠡᠬᠡᠲᠡᠶ ᠠᠵᠤ ᠦᠢᠯᠡᠰ ᠢ ᠳᠠᠪᠬᠤᠷᠳᠠᠭᠤᠯᠤᠨ ᠪᠥᠲᠥᠭᠡᠨ ᠪᠠᠶᠢᠭᠤᠯᠬᠤ ᠶᠢ ᠴᠢᠩᠭ᠎ᠠ ᠬᠢᠵᠠᠭᠠᠷᠯᠠᠵᠤ᠂ ᠡᠨᠧᠷᠭᠢ ᠶᠢᠨ | ᠬᠤᠷᠣᠭᠳᠠᠭᠤᠯᠤᠯ ᠤᠨ ᠬᠤᠤᠰ ᠡᠵᠡᠮᠳᠡᠯ ᠤᠨ ︽ᠬᠤᠤᠰ ᠪᠤᠬᠢᠷᠳᠤᠯ ᠦᠬᠡᠢ︾ ᠬᠠᠷᠠᠯᠳᠡ ᠶᠢ ᠢᠮᠠᠭᠲᠠ ᠪᠠᠲᠤᠯᠠᠵᠤ᠂ ᠤᠤᠯ ᠤᠨ ᠪᠠᠶᠢᠭᠰᠠᠨ ᠠᠵᠤ ᠠᠬᠤᠶᠢᠯᠠᠯ ᠤᠨ | ᠬᠡᠯᠪᠡᠷᠢ ᠬᠤᠪᠢᠷᠠᠭᠤᠯᠤᠨ ᠲᠠᠰ ᠲᠡᠪᠰᠢᠬᠦᠯᠬᠦ ᠪᠠ ᠪᠣᠬᠢᠷᠲᠤᠯ ᠥᠬᠡᠶ ᠠᠵᠤ ᠦᠢᠯᠡᠰ ᠢ ᠤᠷᠢᠨ ᠤᠷᠤᠭᠤᠯᠬᠤ ᠶᠢ ᠬᠠᠮᠳᠤ ᠳᠤᠨᠢ ᠬᠡᠷᠡᠭᠵᠢᠭᠦᠯᠦᠨ᠎ᠡ᠃ ᠨᠡᠭᠦᠷᠡᠰᠦ ᠶᠢ | ᠴᠡᠪᠡᠷ ᠪᠦᠲᠦᠮᠵᠢᠲᠡᠶ ᠠᠰᠢᠭᠯᠠᠬᠤ ᠶᠢ ᠰᠠᠶᠢᠲᠤᠷ ᠠᠳᠬᠤᠵᠤ᠂ ᠨᠡᠭᠦᠷᠡᠰᠦ ᠪᠠ ᠰᠢᠨ᠎ᠡ ᠡᠨᠧᠷᠭᠢ ᠶᠢᠨ ᠰᠤᠷᠪᠤᠯᠵᠢ ᠶᠢ ᠰᠢᠯᠢᠳᠡᠭᠵᠢᠭᠦᠯᠦᠨ ᠵᠣᠬᠢᠶᠠᠨ ᠪᠠᠶᠢᠭᠤᠯᠬᠤ ᠶᠢ | ᠲᠦᠯᠬᠢᠨ ᠠᠬᠢᠭᠤᠯᠤᠨ᠎ᠠ᠃ ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠪᠠ ᠤᠶᠤᠨᠴᠢᠯᠠᠯᠳᠠ ᠶᠢᠨ ᠲᠠᠰ ᠳᠡᠪᠰᠢᠬᠦ ᠠᠯᠬᠤᠴᠠ ᠪᠠᠨ ᠲᠦᠷᠭᠡᠳᠬᠡᠬᠦ ᠶᠢ | ᠵᠣᠷᠢᠭᠵᠢᠭᠤᠯᠵᠤ᠂ ᠲᠣᠭᠠᠴᠢᠯᠠᠭᠰᠠᠨ ᠠᠭᠤᠷᠬᠠᠶ᠂ ᠤᠶᠤᠨᠲᠤ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠬᠦᠸᠧ ᠨᠧᠩ ᠪᠤᠷᠤᠰᠢᠯᠢ᠂ ᠭᠦᠸᠧ | ᠬᠤᠸᠠ ᠴᠠᠬᠢᠯᠭᠠᠨ ᠬᠦᠴᠦᠨ᠂ ᠶᠢᠨ ᠰᠢᠨ ᠬᠢᠮᠢ ᠶᠢᠨ ᠠᠵᠤ ᠦᠢᠯᠡᠳᠪᠦᠷᠢ ᠵᠡᠷᠭᠡ ᠠᠵᠤ ᠠᠬᠤᠶᠢᠯᠠᠯ ᠤᠨ ᠠᠵᠤ ᠦᠢᠯᠡᠰ ᠤᠨ ᠪᠦᠲᠦᠴᠡ ᠪᠠ ᠡᠨᠧᠷᠭᠢ ᠶᠢᠨ | ᠪᠦᠲᠦᠴᠡ ᠪᠠᠨ ᠳᠣᠭᠢᠷᠠᠭᠤᠯᠬᠤ ᠶᠢ ᠳᠡᠮᠵᠢᠵᠦ᠂ ᠠᠵᠤ ᠦᠢᠯᠡᠳᠪᠦᠷᠢ ᠶᠢᠨ ᠪᠣᠬᠢᠷᠲᠤᠯ ᠥᠬᠡᠶ ᠪᠣᠯᠭᠠᠬᠤ᠂ ᠤᠶᠤᠨᠴᠢᠯᠠᠬᠤ᠂ ᠳᠡᠭᠡᠳᠦ ᠦᠵᠦᠭᠦᠷᠵᠢᠭᠦᠯᠬᠦ ᠶᠢ | ᠠᠬᠢᠭᠤᠯᠤᠨ᠎ᠠ᠃ ᠪᠤᠷᠤᠰᠢᠯᠢ ᠠᠵᠤ ᠦᠢᠯᠡᠰ ᠤᠨ ᠬᠦᠷᠢᠶᠡᠯᠡᠩ ᠳᠤ ᠰᠠᠭᠤᠷᠢᠯᠠᠨ᠂ ᠪᠠᠭ᠎ᠠ ᠵᠢᠵᠢᠭ ᠠᠵᠤ ᠠᠬᠤᠶᠢᠯᠠᠯ ᠤᠨ ᠠᠵᠤ ᠦᠢᠯᠡᠰ ᠤᠨ ᠲᠥᠪᠯᠡᠷᠡᠭᠰᠡᠨ | ᠭᠠᠵᠠᠷ ᠢ ᠪᠣᠶ ᠪᠣᠯᠭᠠᠵᠤ᠂ ᠥᠨᠳᠥᠷ ᠵᠤᠭᠰᠤᠴᠠ ᠠᠴᠠ ᠲᠥᠯᠥᠪᠵᠢᠭᠦᠯᠬᠦ᠂ ᠥᠨᠳᠥᠷ ᠪᠠᠷᠢᠮᠵᠢᠶ᠎ᠠ ᠪᠠᠷ ᠪᠥᠲᠥᠭᠡᠨ ᠪᠠᠶᠢᠭᠤᠯᠬᠤ ᠶᠢ ᠪᠠᠷᠢᠮᠲᠠᠯᠠᠨ᠂ ᠬᠦᠢᠳᠡᠨ | ᠬᠡᠯᠬᠢᠶᠡᠲᠦ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠬᠦᠢᠯᠭᠡᠭᠡᠨ᠂ ᠲᠣᠨᠤᠭ ᠲᠥᠬᠦᠭᠡᠷᠦᠮᠵᠢ ᠦᠢᠯᠡᠤᠨᠬᠦ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ | ᠠᠵᠤ ᠦᠢᠯᠡᠰ ᠵᠡᠷᠭᠡ ᠪᠣᠬᠢᠷᠲᠤᠯ ᠥᠬᠡᠶ ᠡᠳ᠋ᠰᠢᠭᠦᠯᠬᠦ ᠦᠢᠯᠡᠰ ᠪᠠ ᠢᠵᠢ ᠪᠥᠷᠢᠳᠦᠭᠦᠯᠬᠦ ᠦᠢᠯᠡᠴᠢᠯᠡᠭᠡᠨ ᠤ ᠦᠢᠯᠡᠰ ᠢ ᠰᠦᠪᠡᠭᠴᠢᠯᠡᠨ ᠬᠥᠭᠵᠢᠭᠦᠯᠦᠨ᠎ᠡ᠃ ᠡᠬᠢ | ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ᠲᠠᠯ᠎ᠠ ᠨᠤᠲᠤᠭ ᠤᠨ ᠠᠮᠢ ᠠᠬᠤᠶ ᠶᠢᠨ ᠰᠣᠶᠣᠯ ᠵᠢᠭᠤᠯᠴᠢᠯᠠᠯ ᠤᠨ ᠬᠠᠷᠠᠯᠳᠠᠳᠤ ᠤᠷᠤᠨ ᠢ ᠡᠬᠦᠳᠤᠨ᠎ᠡ᠃ | ᠵᠢᠭᠤᠯᠴᠢᠯᠠᠯ ᠤᠨ ᠠᠵᠤ ᠦᠢᠯᠡᠰ ᠤᠨ ᠬᠦᠭᠵᠢᠯᠳᠡ ᠶᠢᠨ ᠲᠦᠯᠤᠪᠵᠢᠬᠦᠯᠭᠡ ᠶᠢ ᠨᠠᠶᠢᠷᠠᠭᠤᠯᠬᠤ ᠠᠵᠢᠯ ᠢ ᠪᠦᠬᠦ ᠲᠠᠯ᠎ᠠ ᠪᠠᠷ ᠡᠬᠢᠯᠡᠬᠦᠯᠵᠦ᠂ ᠣᠷᠣᠨ ᠪᠦᠰᠡ ᠶᠢᠨ | ᠵᠢᠭᠤᠯᠴᠢᠯᠠᠯ ᠪᠠ ᠳᠥᠷᠪᠡᠨ ᠤᠯᠠᠷᠢᠯ ᠤᠨ ᠵᠢᠭᠤᠯᠴᠢᠯᠠᠯ ᠤᠨ ᠲᠡᠩᠴᠡᠭᠦᠷᠢᠲᠡᠶ ᠬᠥᠭᠵᠢᠯᠲᠡ ᠶᠢ ᠴᠢᠨᠠᠷ ᠰᠠᠶᠢᠲᠠᠶ ᠳᠥᠯᠭᠢᠨ ᠠᠬᠢᠭᠤᠯᠬᠤ ᠶᠢ ᠪᠠᠷᠢᠮᠲᠠᠯᠠᠵᠤ᠂ ᠠᠮᠢ | ᠠᠬᠤᠶ ᠶᠢᠨ ᠵᠢᠭᠤᠯᠴᠢᠯᠠᠯ᠂ ᠰᠡᠯᠡᠭᠦᠴᠡᠯ ᠠᠮᠠᠷᠠᠯᠲᠠ ᠶᠢᠨ ᠵᠢᠭᠤᠯᠴᠢᠯᠠᠯ ᠢᠶᠠᠷ ᠭᠤᠤᠯ ᠰᠢᠪᠲᠤᠯᠤᠯᠲᠠ ᠶᠢᠨ ᠴᠢᠭᠯᠡᠯ ᠪᠣᠯᠭᠠᠵᠤ᠂ ᠰᠠᠭᠤᠷᠢ ᠲᠦᠬᠦᠬᠡᠷᠤᠮᠵᠢ᠂ | ᠦᠢᠯᠡᠴᠢᠯᠡᠭᠡᠨ ᠤ ᠶᠠᠰᠤ ᠴᠢᠨᠠᠷ᠂ ᠦᠢᠯᠡᠤᠨᠬᠦᠨ ᠤ ᠡᠵᠡᠩᠨᠡᠯᠲᠡ ᠶᠢᠨ ᠪᠠᠶᠢᠳᠠᠯ᠂ ᠨᠠᠷᠠᠲᠤ ᠲᠡᠮᠳᠡᠭᠲᠦ ᠶᠢᠨ ᠳᠦᠷᠢ ᠲᠥᠷᠬᠦ᠂ ᠰᠣᠶᠣᠯ ᠤᠨ ᠠᠭᠤᠯᠤᠭᠳᠠᠬᠤᠨ | ᠵᠡᠷᠭᠡ ᠶᠢ ᠪᠥᠬᠦ ᠲᠠᠯ᠎ᠠ ᠪᠠᠷ ᠲᠠᠰ ᠳᠡᠪᠰᠢᠭᠦᠯᠬᠦ ᠶᠢ ᠠᠬᠢᠭᠤᠯᠵᠤ᠂ ︽ᠢᠳᠡᠵᠦ ᠤᠤᠭᠤᠬᠤ ᠬᠤᠨᠣᠵᠤ ᠬᠡᠪᠲᠡᠬᠦ ᠶᠠᠪᠤᠵᠤ ᠰᠠᠭᠤᠬᠤ ᠵᠤᠭᠠᠴᠠᠨ ᠬᠤᠳᠠᠯᠳᠤᠨ ᠠᠪᠬᠤ | ᠵᠤᠭ᠎ᠠ ᠴᠡᠩᠭᠡᠯ︾ ᠤᠨ ᠬᠦᠴᠦᠨ ᠵᠦᠢᠯ ᠤᠨ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠵᠤᠭᠠᠴᠠᠯ ᠤᠨ ᠲᠥᠷᠥᠯ ᠵᠦᠢᠯ ᠢ ᠨᠡᠭᠡᠭᠡᠨ ᠬᠥᠭᠵᠢᠭᠦᠯᠬᠦ | ᠡᠷᠴᠢᠮ ᠢᠶᠠᠨ ᠴᠢᠩᠭᠠᠷᠠᠭᠤᠯᠵᠤ᠂ ᠨᠢᠭᠡ ᠦᠵᠡᠮᠵᠢ ᠶᠢᠨ ᠤᠷᠤᠨ ᠢᠶᠠᠷ ᠬᠥᠲᠥᠯᠦᠨ ᠳᠠᠭᠠᠭᠤᠯᠵᠦ᠂ ᠣᠯᠠᠨ ᠴᠡᠭ ᠢᠶᠠᠷ ᠳᠠᠶᠢᠴᠢᠯᠠᠭᠰᠠᠨ ᠠᠮᠢ ᠠᠬᠤᠶ ᠶᠢᠨ | ᠵᠢᠭᠤᠯᠴᠢᠯᠠᠯ ᠤᠨ ᠬᠥᠭᠵᠢᠯᠲᠡ ᠶᠢᠨ ᠪᠣᠷᠣ ᠲᠥᠯᠥᠪ ᠢ ᠪᠠᠷᠢᠮᠲᠠᠯᠠᠵᠤ᠂ ᠮᠡᠷᠭᠡᠯ ᠭᠤᠤᠯ ᠤᠨ 5A ᠲᠠᠰ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠲᠠᠢ | ᠤᠶᠠᠯᠳᠤᠭᠤᠯᠤᠨ᠂ ᠡᠵᠡᠩᠨᠡᠨ ᠪᠣᠷᠣᠯᠠᠭᠤᠯᠬᠤ ᠬᠠᠮᠢᠶᠠᠷᠤᠯᠲᠠ ᠶᠢ ᠰᠠᠶᠢᠲᠤᠷ ᠠᠳᠬᠤᠵᠤ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠪᠠᠷ ᠵᠢᠭᠤᠯᠴᠢᠯᠠᠯ ᠤᠨ ᠠᠵᠤ | ᠦᠢᠯᠡᠰ ᠤᠨ ᠬᠡᠯᠪᠡᠷᠢ ᠬᠤᠪᠢᠷᠠᠭᠤᠯᠤᠨ ᠲᠠᠰ ᠲᠡᠪᠰᠢᠬᠦᠯᠬᠦ ᠶᠢ ᠠᠬᠢᠭᠤᠯᠬᠤ ᠴᠢᠬᠤᠯᠠ ᠠᠷᠭ᠎ᠠ ᠪᠠᠷᠢᠯ ᠪᠣᠯᠭᠠᠵᠤ᠂ ᠵᠢᠭᠤᠯᠴᠢᠯᠠᠯ ᠤᠨ ᠠᠵᠤ ᠦᠢᠯᠡᠰ ᠤᠨ ᠰᠠᠭᠤᠷᠢ᠂ | ᠠᠵᠤ ᠦᠢᠯᠡᠰ ᠤᠨ ᠬᠡᠯᠬᠢᠶ᠎ᠡ ᠶᠢ ᠲᠡᠭᠦᠯᠳᠡᠷᠵᠢᠭᠦᠯᠦᠨ᠂ ᠨᠠᠩ ᠣᠯᠠᠨ ᠵᠢᠭᠤᠯᠴᠢᠯᠠᠯ ᠤᠨ ᠠᠵᠤ ᠦᠢᠯᠡᠰ ᠢ ᠤᠷᠳᠤᠤᠨᠬᠠᠬᠤ ᠬᠠᠮᠢᠶ᠎ᠠ ᠪᠥᠬᠦᠶ ᠠᠵᠤ ᠠᠬᠤᠶᠢᠯᠠᠯ ᠢ | ᠤᠷᠢᠨ ᠣᠷᠣᠭᠤᠯᠵᠤ ᠲᠦᠪᠯᠡᠷᠡᠬᠦᠯᠤᠨ ᠬᠥᠭᠵᠢᠭᠦᠯᠦᠨ᠎ᠡ᠃ ᠡᠯ᠎ᠡ ᠰᠤᠮᠤ ᠪᠠᠯᠭᠠᠰᠤ ᠶᠢᠨ ᠵᠢᠭᠤᠯᠴᠢᠯᠠᠯ ᠤᠨ ᠡᠬᠢ ᠪᠠᠶᠠᠯᠢᠭ ᠵᠢᠴᠢ ᠡᠷᠬᠢᠨ ᠲᠣᠭᠤᠷᠢᠨ ᠤ | ᠦᠵᠡᠮᠵᠢ ᠶᠢᠨ ᠣᠷᠣᠨ ᠢ ᠳᠠᠶᠢᠴᠢᠯᠠᠨ᠂ ᠰᠣᠶᠣᠯ ᠤᠨ ᠬᠦᠴᠦᠨ ᠵᠦᠢᠯ ᠪᠠ ᠵᠢᠭᠤᠯᠴᠢᠯᠠᠯ ᠤᠨ ᠬᠦᠴᠦᠨ ᠵᠦᠢᠯ ᠢ ᠣᠷᠭᠠᠨᠢᠭ ᠢᠶᠠᠷ ᠤᠶᠠᠯᠳᠤᠭᠤᠯᠤᠭᠰᠠᠨ | ᠬᠥᠭᠵᠢᠯᠲᠡ ᠶᠢᠨ ᠵᠠᠭᠪᠤᠷ ᠢ ᠪᠠᠶᠢᠭᠤᠯᠤᠨ ᠲᠡᠭᠦᠯᠳᠡᠷᠵᠢᠭᠦᠯᠵᠦ᠂ ᠤᠯᠤᠰ ᠤᠨ ᠳᠣᠲᠣᠭᠠᠳᠤ ᠶᠢᠨ ᠲᠡᠷᠢᠭᠦᠨ ᠤ ᠲᠠᠯ᠎ᠠ ᠨᠤᠲᠤᠭ ᠤᠨ ᠠᠮᠢ ᠠᠬᠤᠶ ᠶᠢᠨ | ᠵᠢᠭᠤᠯᠴᠢᠯᠠᠯ ᠤᠨ ᠬᠠᠷᠠᠯᠳᠠᠳᠤ ᠤᠷᠤᠨ ᠢ ᠬᠦᠴᠦᠯᠡᠨ ᠡᠬᠦᠳᠤᠨ᠎ᠡ᠃ ︽ᠤᠯᠠᠭᠠᠨᠬᠤᠳᠠ ᠷᠠᠰᠢᠶᠠᠨ ᠬᠠᠶᠢᠯᠠᠷ ᠮᠠᠨᠵᠤᠤᠷ︾ ᠤᠨ ᠵᠢᠭᠤᠯᠴᠢᠯᠠᠯ ᠤᠨ ᠨᠢᠭᠡ | ᠴᠤᠭᠴᠠᠵᠢᠯᠲᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠤᠯᠠᠮᠵᠢᠯᠠᠯᠲᠤ ᠰᠣᠶᠣᠯ ᠤᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠥᠭᠡᠷᠡᠴᠢᠯᠡᠨ | ᠳᠡᠭᠡᠭᠰᠢᠯᠡᠭᠦᠯᠵᠦ᠂ ︽ᠵᠢᠭᠤᠯᠴᠢᠯᠠᠯ +︾ ᠤᠨ ᠵᠠᠭᠪᠤᠷ ᠢ ᠪᠠᠷᠢᠮᠲᠠᠯᠠᠨ᠂ ᠪᠠᠶᠠᠷ ᠳᠤᠷᠠᠰᠬᠠᠯ ᠤᠨ ᠠᠵᠢᠯᠯᠠᠭ᠎ᠠ᠂ ᠪᠠᠶᠢᠭᠠᠯᠢ ᠶᠢᠨ ᠦᠵᠡᠮᠵᠢ᠂ ᠮᠥᠰᠥ ᠴᠠᠰᠤᠨ ᠤ | ᠮᠠᠰᠢᠨ ᠲᠡᠷᠭᠡ᠂ ᠤᠨᠴᠠᠯᠢᠬᠳᠤ ᠠᠮᠲᠠᠲᠤ ᠢᠳᠡᠭᠡᠨ ᠵᠡᠷᠭᠡ ᠡᠬᠢ ᠪᠠᠶᠠᠯᠢᠭ ᠢ ᠭᠦᠨᠵᠡᠭᠡᠶ ᠠᠭᠤᠳᠠᠯᠯᠠᠵᠤ᠂ ᠲᠠᠯ᠎ᠠ ᠨᠤᠲᠤᠭ ᠤᠨ ᠰᠣᠳᠣᠨ ᠲᠣᠭᠯᠠᠯᠲᠠ ᠂ ᠰᠣᠶᠣᠯ ᠤᠨ | ᠡᠭᠦᠳᠦᠯᠲᠡ ᠶᠢᠨ ᠪᠦᠲᠦᠭᠡᠭᠳᠡᠬᠦᠨ᠂ ᠠᠮᠢ ᠠᠬᠤᠶ ᠶᠢᠨ ᠠᠷᠠᠳ ᠤᠨ ᠣᠷᠣᠨ ᠰᠠᠭᠤᠴᠠ᠂ ᠥᠪᠡᠷ ᠢᠶᠠᠨ ᠲᠡᠷᠭᠡ ᠵᠢᠯᠣᠭᠤᠳᠤᠨ ᠬᠡᠭᠡᠷ᠎ᠡ ᠪᠠᠭᠤᠳᠠᠯᠯᠠᠬᠤ᠂ | ᠰᠦᠯᠵᠢᠶᠡᠨ ᠤ ᠬᠠᠯᠠᠮᠰᠢᠯ ᠴᠡᠭ᠂ ᠮᠠᠯ ᠣᠨᠤᠭ᠎ᠠ ᠶᠢ ᠵᠢᠭᠠᠨ ᠲᠡᠵᠢᠭᠡᠬᠦ ᠵᠡᠷᠭᠡ ᠵᠢᠭᠤᠯᠴᠢᠯᠠᠯ ᠤᠨ ᠪᠦᠲᠦᠭᠡᠭᠳᠡᠬᠦᠨ ᠢ ᠪᠣᠶ ᠪᠣᠯᠭᠠᠵᠤ᠂ ᠮᠥᠰᠥ ᠴᠠᠰᠤᠨ ᠤ ᠪᠡᠶ᠎ᠡ ᠶᠢᠨ | ᠲᠠᠮᠢᠷ᠂ ᠮᠥᠰᠥ ᠴᠠᠰᠤᠨ ᠤ ᠵᠢᠭᠤᠯᠴᠢᠯᠠᠯ᠂ ᠮᠥᠰᠥ ᠴᠠᠰᠤᠨ ᠤ ᠲᠣᠨᠤᠭ ᠲᠥᠬᠦᠭᠡᠷᠦᠮᠵᠢ ᠵᠡᠷᠭᠡ ᠣᠯᠠᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠠᠭᠤᠰᠤᠯᠴᠠᠭᠤᠯᠤᠨ | ᠬᠠᠮᠳᠤ ᠳᠤᠨᠢ ᠬᠥᠭᠵᠢᠭᠦᠯᠬᠦ ᠶᠢ ᠠᠬᠢᠭᠤᠯᠵᠤ᠂ ᠵᠢᠭᠤᠯᠴᠢᠯᠠᠭᠴᠢᠳ ᠤᠨ ᠪᠡᠶᠡᠳᠡᠨ ᠣᠶᠢᠯᠠᠭᠠᠬᠤ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠨᠡᠮᠡᠭᠳᠡᠭᠦᠯᠦᠨ᠎ᠡ᠃ | ︵ᠭᠤᠷᠪᠠ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠵᠤ᠂ ᠰᠠᠶᠢᠨ ᠰᠠᠶᠢᠬᠠᠨ ᠵᠣᠯ ᠵᠢᠷᠭᠠᠯᠲᠤ | ᠠᠮᠢᠳᠤᠷᠠᠯ ᠤᠨ ᠬᠡᠷ ᠣᠷᠣᠨ ᠢ ᠴᠣᠭᠴᠠᠯᠠᠨ ᠪᠠᠶᠢᠭᠤᠯᠤᠨ᠎ᠠ᠃ ︽ᠠᠵᠤ ᠦᠢᠯᠡᠰ ᠬᠥᠭᠵᠢᠭᠰᠡᠨ᠂ ᠰᠠᠭᠤᠷᠢᠰᠢᠬᠤ ᠳᠤ ᠲᠠᠭᠠᠯᠠᠮᠵᠢᠳᠠᠢ᠂ ᠨᠤᠲᠤᠭ ᠤᠨ ᠰᠤᠷᠲᠠᠯ | ᠪᠣᠯᠪᠠᠰᠤᠨ᠂ ᠵᠠᠰᠠᠯᠲᠠ ᠪᠦᠲᠦᠮᠵᠢᠲᠡᠶ᠂ ᠠᠮᠢᠳᠤᠷᠠᠯ ᠴᠢᠨᠡᠭᠡᠯᠢᠭ︾ ᠪᠠᠶᠢᠬᠤ ᠶᠡᠷᠦᠩᠬᠡᠶ ᠱᠠᠭᠠᠷᠳᠠᠯᠭ᠎ᠠ ᠶᠢ ᠪᠠᠷᠢᠮᠲᠠᠯᠠᠨ᠂ ᠲᠥᠯᠥᠪᠵᠢᠭᠦᠯᠭᠡ ᠪᠠᠷ ᠬᠥᠲᠥᠯᠥᠨ | ᠳᠠᠭᠠᠭᠤᠯᠵᠤ᠂ ︽ᠲᠠᠪᠤ ᠶᠢ ᠬᠦᠭᠵᠢᠬᠦᠯᠦᠨ ᠮᠠᠨᠳᠤᠭᠤᠯᠬᠤ︾ ᠶᠢᠨ ᠲᠣᠭᠤᠷᠢᠨ ᠳᠤ᠂ ᠮᠠᠯᠵᠢᠬᠤ ᠣᠷᠣᠨ ᠤ ᠤᠳᠤᠬᠢᠴᠢᠯᠠᠭᠰᠠᠨ ᠪᠥᠳᠥᠭᠡᠨ ᠪᠠᠶᠢᠭᠤᠯᠤᠯᠲᠠ ᠶᠢ | ᠲᠦᠷᠭᠡᠳᠬᠡᠨ ᠠᠬᠢᠭᠤᠯᠵᠤ᠂ ᠮᠠᠯᠴᠢᠳ ᠤᠨ ᠠᠮᠢᠳᠤᠷᠠᠯ ᠢ ᠪᠠᠶᠠᠨ ᠴᠢᠨᠡᠭᠡᠯᠢᠭ ᠪᠤᠯᠭᠠᠨ᠎ᠠ᠃ ᠶᠠᠳᠠᠭᠤ ᠠᠴᠠ ᠠᠩᠭᠢᠵᠢᠷᠠᠭᠤᠯᠬᠤ ᠪᠠᠬᠢᠯᠡᠯᠳᠡ ᠰᠢᠪᠳᠤᠯᠬᠤ ᠦᠷ᠎ᠡ | ᠪᠦᠲᠦᠭᠡᠯ ᠢ ᠪᠠᠬᠢᠵᠢᠭᠦᠯᠤᠨ᠎ᠠ᠃ ᠲᠠᠪᠤᠨ ᠵᠢᠯ ᠤᠨ ᠰᠢᠯᠵᠢᠯᠲᠡ ᠶᠢᠨ ᠬᠤᠭᠤᠴᠠᠭᠠᠨ ᠳᠤ ᠣᠲᠣ ᠶᠢᠨ ᠪᠠᠶᠢᠭ᠎ᠠ ᠭᠤᠤᠯ ᠪᠣᠯᠬᠤ ᠬᠠᠪᠰᠤᠷᠤᠨ ᠲᠡᠳᠬᠦᠬᠦ ᠲᠥᠷᠥ ᠶᠢᠨ | ᠪᠣᠳᠣᠯᠭ᠎ᠠ ᠶᠢ ᠶᠡᠷᠦᠩᠬᠡᠶ ᠳᠡᠭᠡᠨ ᠲᠣᠭᠲᠠᠭᠤᠨ ᠪᠠᠶᠢᠯᠭᠠᠬᠤ ᠶᠢ ᠪᠠᠲᠤᠯᠠᠵᠤ᠂ ᠵᠦᠢᠯ ᠳᠠᠷᠠᠭᠠᠯᠠᠨ ᠲᠥᠷᠥᠯ ᠬᠤᠪᠢᠶᠠᠨ ᠰᠢᠯᠢᠳᠡᠭᠵᠢᠭᠦᠯᠦᠨ ᠳᠣᠭᠢᠷᠠᠭᠤᠯᠵᠤ᠂ ᠠᠶᠢᠵᠠᠮ᠂ | ᠡᠷᠴᠢᠮ ᠪᠠ ᠴᠠᠭ ᠤᠨ ᠬᠢᠵᠠᠭᠠᠷᠯᠠᠯ ᠢ ᠵᠦᠶ ᠵᠣᠬᠢᠰᠲᠠᠶ ᠡᠵᠡᠮᠳᠡᠨ᠂ ᠡᠬᠢ ᠪᠠᠶᠠᠯᠢᠭ ᠢ ᠲᠥᠪᠯᠡᠷᠡᠭᠦᠯᠦᠨ ᠶᠠᠳᠠᠭᠤ ᠠᠴᠠ ᠠᠩᠭᠢᠵᠢᠷᠠᠭᠤᠯᠬᠤ ᠪᠠᠬᠢᠯᠠᠯᠳᠠ ᠰᠢᠪᠳᠤᠯᠬᠤ | ᠲᠠᠶᠢᠯᠠᠯᠳᠤᠭᠠᠨ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠳᠥᠯᠭᠢᠨ ᠠᠬᠢᠭᠤᠯᠬᠤ ᠲᠠᠢ ᠯᠠᠪᠳᠠᠭᠤᠨ ᠢᠶᠠᠷ ᠵᠤᠯᠭᠠᠭᠤᠯᠬᠤ ᠶᠢ | ᠪᠡᠶᠡᠯᠡᠭᠦᠯᠦᠨ᠎ᠡ᠃ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠬᠦᠯᠵᠦ᠂ ᠠᠵᠢᠯ | ᠣᠯᠭᠤᠯᠲᠠ ᠪᠠ ᠠᠵᠤ ᠦᠢᠯᠡᠰ ᠤᠨ ᠳᠡᠮᠵᠢᠯᠭᠡ ᠶᠢᠨ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠦᠨᠳᠦᠰᠦᠨ ᠠᠴᠠ ᠨᠢ ᠪᠠᠲᠤᠯᠠᠬᠤ ᠠᠷᠭ᠎ᠠ ᠠᠪᠴᠠᠯ ᠢ | ᠨᠠᠶᠢᠳᠠᠪᠤᠷᠢᠵᠢᠭᠤᠯᠵᠤ᠂ ᠶᠡᠭᠡ ᠬᠡᠪᠴᠢᠶ᠎ᠡ ᠪᠠᠷ ᠲᠠᠬᠢᠨ ᠶᠠᠳᠠᠭᠤᠷᠠᠬᠤ ᠬᠤᠷᠢᠭ᠎ᠠ ᠱᠤᠭᠤᠮ ᠢ ᠪᠠᠲᠤ ᠰᠠᠬᠢᠨ᠎ᠠ᠃ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠦᠨ | ᠠᠷᠠᠳ ᠢ ᠪᠠᠶᠠᠵᠢᠭᠤᠯᠬᠤ ᠶᠢ ᠲᠦᠯᠬᠢᠨ ᠠᠬᠢᠭᠤᠯᠤᠨ᠎ᠠ᠃ ᠠᠷᠠᠤᠨ ᠢ ᠪᠠᠶᠠᠵᠢᠭᠤᠯᠬᠤ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠣᠯᠠᠨ ᠲᠦᠮᠡᠨ ᠳᠤ ᠠᠵᠤ | ᠦᠢᠯᠡᠰ ᠤᠨ ᠤᠷᠤᠯᠭ᠎ᠠ ᠪᠠ ᠦᠷ᠎ᠠ ᠠᠰᠢᠭ ᠢ ᠨᠡᠩ ᠰᠠᠶᠢᠨ ᠡᠳ᠋ᠯᠡᠬᠦᠯᠤᠨᠡ᠃ ᠠᠵᠤ ᠦᠢᠯᠡᠰ ᠢ ᠲᠡᠭᠡᠭᠰᠢᠯᠡᠬᠦᠯᠦᠨ ᠤᠷᠤᠯᠭ᠎ᠠ ᠨᠡᠮᠡᠭᠳᠡᠬᠦ ᠶᠢ ᠠᠬᠢᠭᠤᠯᠤᠨ᠎ᠠ᠂ | ᠮᠠᠯᠴᠢᠳ ᠢ ᠵᠢᠯᠣᠭᠤᠳᠴᠤ ᠪᠠᠶᠢᠭᠠᠳ ᠣᠲᠣ ᠦᠶ᠎ᠡ ᠶᠢᠨ ᠮᠠᠯ ᠠᠵᠤ ᠠᠬᠤᠶ ᠶᠢᠨ ᠦᠢᠯᠡᠤᠨᠪᠤᠷᠢᠯᠡᠯ ᠬᠢᠬᠦ ᠶᠢᠨ ᠬᠠᠮᠲᠤ᠂ ᠡᠳ᠋ᠰᠢᠭᠦᠯᠬᠦ᠂ ᠨᠦᠭᠡᠴᠡᠯᠡᠬᠦ᠂ ᠪᠤᠳᠠᠰ ᠤᠨ | ᠬᠦᠢᠯᠭᠡᠭᠡᠨ᠂ ᠪᠣᠷᠣᠯᠠᠭᠤᠯᠭ᠎ᠠ ᠵᠡᠷᠭᠡ ᠪᠤᠰᠤᠳ ᠠᠵᠤ ᠦᠢᠯᠡᠰ ᠤᠨ ᠬᠡᠯᠬᠢᠶ᠎ᠡ ᠶᠢᠨ ᠬᠦᠷᠢᠶ᠎ᠡ ᠴᠠᠷᠠᠭ᠎ᠠ ᠳᠠᠰᠢ ᠬᠥᠭᠵᠢᠭᠦᠯᠦᠨ᠎ᠡ᠃ ᠬᠠᠮᠳᠤᠷᠠᠯᠴᠠᠭ᠎ᠠ ᠪᠠᠨ ᠴᠢᠩᠭᠠᠤᠨᠬᠠᠨ | ᠤᠷᠤᠯᠭ᠎ᠠ ᠨᠡᠮᠡᠭᠳᠡᠬᠦ ᠶᠢ ᠠᠬᠢᠭᠤᠯᠤᠨ᠎ᠠ᠂ ᠨᠢᠭᠲᠠ ᠬᠡᠯᠪᠡᠷᠢ ᠶᠢᠨ ᠠᠰᠢᠭ ᠲᠤᠰᠠ ᠶᠢᠨ ᠬᠤᠯᠪᠣᠭᠠᠯᠠᠬᠤ ᠲᠣᠭᠲᠠᠴᠠ ᠶᠢ ᠪᠠᠶᠢᠭᠤᠯᠤᠨ᠂ ︽ᠲᠤᠯᠤᠭᠠᠶᠢᠯᠠᠭᠴᠢ ᠠᠵᠤ | ᠠᠬᠤᠶᠢᠯᠠᠯ + ᠬᠤᠷᠰᠢᠶᠠᠵᠢᠯ + ᠮᠠᠯᠵᠢᠬᠤ ᠡᠷᠦᠬᠡ︾᠂ ᠠᠵᠤ ᠦᠢᠯᠡᠰ ᠤᠨ ᠬᠤᠯᠪᠣᠭᠠᠲᠤ ᠴᠣᠭᠴᠠ ᠵᠡᠷᠭᠡ ᠬᠤᠯᠪᠣᠭᠠᠯᠠᠬᠤ ᠵᠠᠭᠪᠤᠷ ᠢ ᠰᠦᠪᠡᠭᠴᠢᠯᠡᠨ᠂ ᠠᠵᠤ | ᠦᠢᠯᠡᠰ ᠤᠨ ᠴᠢᠨᠠᠷ ᠴᠢᠨᠰᠠᠭ᠎ᠠ ᠪᠠ ᠦᠷ᠎ᠠ ᠠᠰᠢᠭ ᠢ ᠲᠡᠭᠡᠭᠰᠢᠯᠡᠬᠦᠯᠵᠦ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠦᠨ | ᠪᠤᠵᠠᠭᠠᠶᠢᠷᠠᠭᠤᠯᠬᠤ ᠶᠢ ᠤᠯᠠᠮ ᠨᠢᠭᠡ ᠠᠯᠬᠤᠮ ᠲᠠᠶᠢᠴᠢᠯᠠᠵᠤ᠂ ᠮᠠᠯᠵᠢᠬᠤ ᠡᠷᠦᠬᠡ ᠶᠢ ᠬᠦᠭᠵᠢᠭᠦᠯᠦᠨ ᠣᠷᠣᠯᠭ᠎ᠠ ᠪᠠᠨ ᠨᠡᠮᠡᠭᠳᠡᠭᠦᠯᠬᠦ ᠶᠢ ᠪᠦᠲᠦᠮᠵᠢᠲᠡᠶ ᠠᠬᠢᠭᠤᠯᠤᠨ᠎ᠠ᠃ | ᠴᠢᠳᠠᠪᠤᠷᠢᠳᠠᠨ ᠢ ᠤᠷᠢᠨ ᠤᠷᠤᠭᠤᠯᠤᠨ ᠤᠷᠤᠯᠭ᠎ᠠ ᠨᠡᠮᠡᠭᠳᠡᠬᠦ ᠶᠢ ᠠᠬᠢᠭᠤᠯᠤᠨ᠎ᠠ᠂ ᠦᠢᠯᠡᠰ ᠪᠤᠰᠠᠬᠠᠬᠤ ᠴᠢᠳᠠᠪᠤᠷᠢᠵᠢᠳᠡᠨ ᠢ ᠤᠷᠢᠨ ᠤᠷᠤᠭᠤᠯᠬᠤ᠂ ᠬᠦᠮᠤᠵᠢᠬᠦᠯᠬᠦ᠂ | ᠠᠵᠢᠯ ᠤᠯᠭᠤᠯᠳᠠ ᠶᠢᠨ ᠰᠢᠰᠲ᠋ᠧᠮᠵᠢ ᠶᠢ ᠪᠦᠷᠢᠨᠰᠢᠬᠦᠯᠦᠨ᠂ ᠪᠦᠬᠦ ᠬᠦᠷᠢᠶ᠎ᠡ ᠴᠠᠷᠠᠭᠠᠨ ᠤ ᠨᠡᠶᠢᠭᠡᠮᠴᠢᠯᠡᠭᠰᠡᠨ ᠦᠢᠯᠡᠴᠢᠯᠡᠭᠡᠨ ᠢ ᠪᠦᠷᠢᠯᠳᠤᠭᠦᠯᠦᠨ᠂ | ᠴᠢᠳᠠᠪᠤᠷᠢᠳᠠᠨ ᠢᠶᠠᠷ ᠬᠦᠭᠵᠢᠬᠦᠯᠦᠨ ᠮᠠᠨᠳᠤᠭᠤᠯᠬᠤ ᠶᠢ ᠲᠦᠯᠬᠢᠨ ᠠᠬᠢᠭᠤᠯᠤᠨ᠎ᠠ᠃ ᠬᠡᠪ ᠪᠣᠯᠪᠠᠰᠤᠷᠠᠯ ᠢᠶᠠᠨ ᠳᠡᠭᠡᠭᠰᠢᠯᠡᠭᠦᠯᠦᠨ ᠣᠷᠣᠯᠭ᠎ᠠ ᠨᠡᠮᠡᠭᠳᠡᠬᠦ ᠶᠢ ᠠᠬᠢᠭᠤᠯᠤᠨ᠎ᠠ | ᠂ ᠤᠬᠠᠭᠤᠯᠭ᠎ᠠ ᠪᠣᠯᠪᠠᠰᠤᠷᠠᠯ ᠤᠨ ᠡᠷᠴᠢᠮ ᠢᠶᠠᠨ ᠴᠢᠩᠭᠠᠷᠠᠭᠤᠯᠤᠨ᠂ ᠣᠯᠠᠨ ᠲᠦᠮᠡᠨ ᠤ ᠦᠵᠡᠯ ᠰᠠᠨᠠᠭ᠎ᠠ ᠣᠶᠢᠯᠠᠭᠠᠭᠳᠠᠬᠤᠨ ᠢ ᠬᠤᠪᠢᠷᠠᠭᠤᠯᠵᠤ᠂ ᠣᠯᠠᠨ ᠲᠦᠮᠡᠨ ᠤ | ᠠᠵᠤ ᠦᠢᠯᠡᠰ ᠢ ᠬᠦᠭᠵᠢᠬᠦᠯᠬᠦ ᠮᠡᠷᠭᠡᠵᠢᠯ ᠴᠢᠳᠠᠪᠤᠷᠢ ᠪᠠ ᠰᠢᠨ᠎ᠡ ᠶᠢ ᠡᠭᠦᠳᠬᠦ ᠮᠡᠷᠭᠡᠵᠢᠯ ᠴᠢᠳᠠᠪᠤᠷᠢ ᠶᠢ ᠳᠡᠭᠡᠭᠰᠢᠯᠡᠭᠦᠯᠦᠨ᠂ ᠣᠯᠠᠨ ᠲᠦᠮᠡᠨ ᠤ ᠪᠡᠶ᠎ᠡ ᠪᠠᠨ | ᠳᠠᠭᠠᠭᠠᠵᠤ ᠪᠠᠶᠠᠵᠢᠬᠤ ᠳᠣᠲᠣᠭᠠᠳᠤ ᠬᠥᠳᠡᠯᠭᠡᠬᠦ ᠬᠦᠴᠦᠨ ᠢ ᠪᠦᠲᠦᠮᠵᠢᠲᠡᠶ ᠬᠥᠭᠵᠢᠭᠡᠨ᠎ᠡ᠃ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ | ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠬᠥᠳᠡᠭᠡ ᠲᠣᠰᠬᠤᠨ ᠤ ᠰᠠᠭᠤᠷᠢᠰᠢᠯ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠳᠡᠭᠡᠭᠰᠢᠯᠡᠭᠦᠯᠬᠦ ᠪᠠᠷ | ᠭᠠᠷᠳᠠᠴᠠ ᠪᠣᠯᠭᠠᠵᠤ᠂ ᠤᠳᠤᠬᠠᠨ ᠤ ᠭᠠᠴᠠᠭᠠᠨ ᠤ ᠪᠠᠶᠢᠳᠠᠯ ᠳᠤ ᠰᠠᠭᠤᠷᠢᠯᠠᠨ᠂ ᠨᠡᠶᠢᠳᠡᠮ ᠬᠠᠷᠠᠭᠠᠯᠵᠠᠬᠤ ᠬᠡᠯᠪᠡᠷᠢ ᠶᠢᠨ᠂ ᠰᠠᠭᠤᠷᠢ ᠴᠢᠨᠠᠷᠲᠠᠶ᠂ ᠦᠨᠳᠤᠰᠤᠨ ᠠᠴᠠ | ᠨᠢ ᠪᠠᠲᠤᠯᠠᠬᠤ ᠴᠢᠨᠠᠷᠲᠠᠶ ᠠᠷᠠᠳ ᠤᠨ ᠠᠮᠢᠳᠤᠷᠠᠯ ᠤᠨ ᠪᠥᠲᠥᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ ᠴᠢᠩᠭᠠᠳᠬᠠᠵᠤ᠂ ᠭᠠᠴᠠᠭᠠᠨ ᠤ ᠴᠢᠨᠠᠷ ᠲᠡᠰ ᠪᠠ | ᠴᠢᠳᠠᠮᠵᠢ ᠶᠢ ᠲᠦᠬᠦᠷᠵᠢᠬᠦᠯᠬᠦ ᠶᠢ ᠠᠭᠠᠵᠢᠮ ᠢᠶᠠᠷ ᠲᠡᠭᠡᠭᠰᠢᠯᠡᠭᠦᠯᠦᠨ᠎ᠡ᠃ ︽ᠣᠯᠠᠨ ᠲᠥᠯᠥᠪᠵᠢᠭᠦᠯᠭᠡ ᠶᠢ ᠨᠢᠭᠡᠳᠤᠬᠦᠯᠬᠦ︾ ᠬᠡᠷᠡᠭᠯᠡᠭᠡᠨ ᠤ ᠴᠢᠨᠠᠷᠲᠠᠶ ᠭᠠᠴᠠᠭ᠎ᠠ | ᠲᠣᠰᠬᠤᠨ ᠤ ᠲᠥᠯᠥᠪᠵᠢᠭᠦᠯᠭᠡ ᠶᠢ ᠲᠡᠭᠦᠯᠳᠡᠷᠵᠢᠭᠦᠯᠵᠦ᠂ ︽ᠨᠢᠭᠡ ᠲᠣᠰᠬᠤᠨ ᠨᠢᠭᠡ ᠲᠡᠮᠳᠡᠭᠲᠦ︾ ᠶᠢ ᠪᠣᠶ ᠪᠣᠯᠭᠠᠨ᠎ᠠ︔ ᠰᠠᠭᠤᠷᠢᠰᠢᠯ ᠤᠨ ᠣᠷᠴᠢᠨ ᠲᠣᠭᠤᠷᠢᠨ ᠢ | ᠴᠡᠭᠴᠡᠯᠡᠨ ᠰᠠᠶᠢᠵᠢᠷᠠᠭᠤᠯᠬᠤ ᠲᠠᠪᠤᠨ ᠵᠢᠯ ᠤᠨ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠮᠠᠯᠵᠢᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ | ᠲᠡᠭᠡᠭᠡᠪᠦᠷᠢᠯᠡᠬᠦ ᠵᠢᠴᠢ ᠪᠤᠬᠢᠷ ᠤᠰᠤ ᠶᠢ ᠰᠢᠢᠳᠪᠦᠷᠢᠯᠡᠬᠦ ᠰᠢᠰᠲ᠋ᠧᠮᠵᠢ ᠶᠢ ᠪᠦᠷᠢᠨᠰᠢᠬᠦᠯᠵᠦ᠂《 ᠵᠤᠷᠯᠤᠩ ᠤᠨ ᠬᠤᠪᠢᠰᠬᠠᠯ》 ᠢ ᠡᠮᠬᠢ ᠲᠢᠭᠯᠢᠮ ᠲᠠᠢ ᠠᠬᠢᠭᠤᠯᠵᠦ᠂ | ᠬᠤᠭ ᠨᠣᠪᠰᠢ ᠶᠢ ᠲᠤᠬᠠᠶ ᠶᠢᠨ ᠭᠠᠵᠠᠷ ᠲᠤᠨᠢ ᠲᠥᠷᠥᠯ ᠬᠤᠪᠢᠶᠠᠬᠤ ᠪᠠ ᠡᠬᠢ ᠪᠠᠶᠠᠯᠢᠭᠵᠢᠭᠤᠯᠤᠨ ᠠᠰᠢᠭᠯᠠᠬᠤ ᠶᠢ ᠬᠥᠲᠥᠯᠦᠨ ᠵᠢᠯᠣᠭᠤᠳᠴᠤ᠂ ᠬᠤᠭ ᠨᠣᠪᠰᠢ ᠶᠢ | ᠬᠤᠷᠢᠶᠠᠨ ᠲᠡᠭᠡᠭᠡᠪᠦᠷᠢᠯᠡᠬᠦ ᠰᠢᠰᠲ᠋ᠧᠮᠵᠢ ᠶᠢᠨ ᠪᠦᠷᠬᠦᠴᠡ ᠶᠢᠨ ᠨᠣᠷᠮ᠎ᠠ ᠶᠢ ᠠᠭᠠᠵᠢᠮ ᠢᠶᠠᠷ ᠳᠡᠭᠡᠭᠰᠢᠯᠡᠭᠦᠯᠤᠨ᠎ᠠ︔ ᠮᠠᠯᠵᠢᠬᠤ ᠣᠷᠣᠨ ᠤ ᠰᠠᠭᠤᠷᠢᠰᠢᠯ ᠤᠨ ᠣᠷᠴᠢᠨ | ᠲᠣᠭᠤᠷᠢᠨ ᠤ ᠪᠠᠷᠢᠮᠵᠢᠶ᠎ᠠ ᠶᠢᠨ ᠰᠢᠰᠲ᠋ᠧᠮᠵᠢ ᠪᠠ ᠬᠠᠮᠢᠶᠠᠷᠴᠤ ᠬᠠᠮᠠᠭᠠᠯᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠮᠠᠯᠴᠢᠳ ᠤᠨ | ᠭᠤᠤᠯ ᠴᠣᠭᠴᠠ ᠶᠢᠨ ᠦᠢᠯᠡᠳᠤᠯ ᠢ ᠪᠠᠳᠠᠷᠠᠭᠤᠯᠤᠨ᠂ ᠲᠤᠰᠬᠠᠶᠢᠵᠢᠭᠰᠠᠨ᠂ ᠵᠠᠬ᠎ᠠ ᠳᠡᠯᠭᠡᠭᠦᠷᠴᠢᠯᠡᠬᠦ ᠶᠢ ᠬᠠᠮᠢᠶᠠᠷᠴᠤ ᠬᠠᠮᠠᠭᠠᠯᠠᠬᠤ ᠶᠢ ᠵᠣᠷᠢᠭᠵᠢᠭᠤᠯᠤᠨ᠎ᠠ᠃ | ᠭᠠᠴᠠᠭ᠎ᠠ ᠶᠢᠨ ᠰᠠᠭᠤᠷᠢ ᠲᠦᠬᠦᠬᠡᠷᠤᠮᠵᠢ ᠶᠢᠨ ᠳᠤᠲᠠᠭᠤᠳᠠᠯ ᠢ ᠨᠥᠬᠦᠪᠥᠷᠢᠯᠡᠬᠦ ᠶᠢ ᠲᠦᠷᠭᠡᠳᠬᠡᠵᠦ᠂《ᠬᠥᠳᠡᠭᠡ ᠲᠣᠰᠬᠤᠨ ᠤ ᠳᠥᠷᠪᠡᠨ ᠰᠠᠶᠢᠨ ᠵᠠᠮ 》 ᠤᠨ | ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠴᠠᠬᠢᠯᠭᠠᠨ ᠬᠦᠴᠦᠨ᠂ ᠤᠰᠤ ᠤᠮᠳᠠ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠬᠢᠷᠢ | ᠬᠡᠮᠵᠢᠶ᠎ᠡ ᠶᠢ ᠳᠡᠭᠡᠭᠰᠢᠯᠡᠭᠦᠯᠦᠨ᠂ ᠣᠯᠠᠨ ᠨᠡᠶᠢᠲᠡ ᠶᠢᠨ ᠰᠠᠭᠤᠷᠢ ᠲᠦᠬᠦᠬᠡᠷᠤᠮᠵᠢ ᠶᠢᠨ ᠭᠠᠴᠠᠭ᠎ᠠ ᠶᠢ ᠬᠠᠮᠤᠷᠬᠤ᠂ ᠡᠷᠦᠬᠡ ᠳᠠᠰᠢ ᠤᠷᠲᠤᠳᠬᠠᠬᠤ ᠶᠢ ᠠᠬᠢᠭᠤᠯᠤᠨ᠎ᠠ᠃ | ᠤᠶᠤᠨᠲᠤ ᠮᠠᠯᠵᠢᠬᠤ ᠤᠷᠤᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠮᠠᠯᠵᠢᠬᠤ ᠣᠷᠣᠨ ᠤ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠶᠢᠨ ᠬᠠᠷᠢᠴᠠᠩᠭᠤᠶ | ᠲᠡᠭᠦᠯᠳᠡᠷᠵᠢᠭᠰᠡᠨ ᠲᠠᠪᠴᠠᠩ ᠢ ᠪᠠᠶᠢᠭᠤᠯᠵᠤ᠂ ᠬᠥᠳᠡᠭᠡ ᠲᠣᠰᠬᠤᠨ ᠤ ᠣᠯᠠᠨ ᠨᠡᠶᠢᠲᠡ ᠶᠢᠨ ᠦᠢᠯᠡᠴᠢᠯᠡᠭᠨ᠂ ᠨᠡᠶᠢᠭᠡᠮ ᠤᠨ ᠵᠠᠰᠠᠯᠲᠠ ᠵᠡᠷᠭᠡ ᠶᠢᠨ ᠲᠣᠭᠠᠴᠢᠯᠠᠭᠰᠠᠨ | ᠤᠶᠤᠨᠴᠢᠯᠠᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ︵ᠳᠥᠷᠪᠡ︶ ᠦᠢᠯᠡᠴᠢᠯᠡᠭᠡᠨ ᠤ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠵᠤ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠪᠥᠬᠦ ᠲᠠᠯ᠎ᠠ ᠪᠠᠷ | ᠭᠦᠨᠵᠡᠭᠡᠶᠢᠷᠡᠭᠦᠯᠦᠨ᠎ᠡ᠃ ᠲᠠᠷᠢᠶᠠᠯᠠᠩ ᠮᠠᠯ ᠠᠵᠤ ᠠᠬᠤᠶ ᠶᠢᠨ ᠪᠦᠲᠦᠭᠡᠭᠳᠡᠬᠦᠨ ᠤ ᠬᠠᠩᠭᠠᠯᠭ᠎ᠠ᠂ ᠠᠮᠢ ᠠᠬᠤᠶ ᠶᠢᠨ ᠬᠠᠯᠬᠠᠪᠴᠢ᠂ ᠰᠣᠶᠣᠯ ᠤᠨ ᠤᠯᠠᠮᠵᠢᠯᠠᠯ ᠵᠡᠷᠭᠡ | ᠴᠢᠳᠠᠮᠵᠢ ᠶᠢ ᠬᠦᠢᠴᠡᠤᠨ ᠪᠠᠳᠠᠷᠠᠭᠤᠯᠵᠤ᠂ ᠲᠣᠰ ᠪᠡᠶ᠎ᠡ ᠶᠢᠨ ᠪᠠᠶᠢᠷᠢ ᠲᠣᠭᠲᠠᠭᠠᠯᠲᠠ ᠪᠠᠨ ᠣᠨᠣᠪᠴᠢᠲᠠᠶ ᠡᠷᠢᠨ ᠣᠯᠵᠤ᠂ ᠪᠣᠬᠢᠷᠲᠤᠯ ᠥᠬᠡᠶ᠂ ᠡᠷᠡᠭᠦᠯ ᠮᠡᠨᠳᠦ᠂ | ᠠᠮᠤᠷ ᠲᠦᠪᠰᠢᠨ ᠤ ᠴᠢᠨᠠᠷ ᠰᠠᠶᠢᠲᠠᠶ ᠬᠡᠷᠡᠭᠴᠡᠭᠡ ᠱᠠᠭᠠᠷᠳᠠᠯᠭ᠎ᠠ ᠶᠢ ᠣᠨᠣᠪᠴᠢᠲᠠᠶ ᠵᠣᠯᠭᠠᠭᠤᠯᠵᠤ᠂ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠳᠤ ᠰᠢᠨ᠎ᠡ | ᠪᠠᠶᠢᠷᠢᠰᠢᠯ ᠢᠯᠡᠷᠡᠬᠦ ᠶᠢ ᠠᠬᠢᠭᠤᠯᠤᠨ᠎ᠠ᠃ ᠣᠷᠣᠨ ᠪᠦᠰᠡ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ᠃ ᠤᠯᠤᠰ᠂ ᠥᠪᠡᠷᠲᠡᠭᠡᠨ ᠵᠠᠰᠠᠬᠤ | ᠣᠷᠣᠨ ᠤ ᠴᠢᠬᠤᠯᠠ ᠶᠡᠭᠡ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠪᠠ ᠲᠥᠷᠥ ᠶᠢᠨ ᠪᠣᠳᠣᠯᠭ᠎ᠠ ᠶᠢ ᠵᠦᠪ ᠤᠨᠤᠪᠴᠢᠳᠠᠢ ᠵᠣᠯᠭᠠᠭᠤᠯᠵᠤ᠂ ︽ᠬᠤᠶᠠᠷ | ᠰᠢᠨ᠎ᠡ ᠨᠢᠭᠡ ᠴᠢᠬᠤᠯᠠ︾④᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠤᠨᠴᠠᠯᠢᠬᠳᠤ ᠠᠵᠤ ᠦᠢᠯᠡᠰ᠂ ᠨᠡᠶᠢᠭᠡᠮ ᠤᠨ ᠠᠷᠠᠳ ᠤᠨ ᠠᠮᠢᠳᠤᠷᠠᠯ | ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ᠂ ᠳᠠᠪᠠᠭᠤᠯᠢᠭ ᠬᠦᠷᠢᠶ᠎ᠡ ᠴᠠᠷᠠᠭ᠎ᠠ ᠶᠢᠨ ᠲᠥᠷᠥᠯ ᠵᠦᠢᠯ ᠢ ᠰᠦᠪᠡᠭᠴᠢᠯᠡᠨ ᠨᠥᠭᠡᠴᠡᠯᠡᠬᠦ ᠡᠷᠴᠢᠮ ᠢᠶᠠᠨ ᠴᠢᠩᠭᠠᠷᠠᠭᠤᠯᠵᠤ᠂ | ᠳᠡᠭᠡᠳᠦ ᠱᠠᠲᠤᠨ ᠤ ᠡᠯ᠎ᠡ ᠲᠥᠷᠥᠯ ᠤᠨ ᠪᠠᠯᠠ ᠮᠥᠩᠭᠦ᠂ ᠲᠥᠷᠥᠯ ᠵᠦᠢᠯ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠷᠮᠠᠶᠢᠨ ᠣᠯᠵᠤ᠂ ᠨᠡᠶᠢᠭᠡᠮ ᠤᠨ | ᠬᠥᠷᠥᠩᠭᠡ ᠪᠠ ᠠᠵᠤ ᠠᠬᠤᠶᠢᠯᠠᠯ ᠤᠨ ᠪᠠᠯᠠ ᠣᠷᠣᠭᠤᠯᠤᠯᠲᠠ ᠶᠢ ᠲᠡᠳᠡᠨ ᠤᠷᠤᠭᠤᠯᠵᠦ᠂ ᠪᠠᠯᠠ ᠣᠷᠣᠭᠤᠯᠤᠯᠲᠠ ᠶᠢᠨ ᠣᠷᠣᠨ ᠵᠠᠶ ᠶᠢ ᠥᠷᠭᠡᠳᠬᠡᠨ᠎ᠡ᠃ ︽ | ᠭᠠᠳᠠᠭᠰᠢ ᠭᠠᠷᠬᠤ᠂ ᠤᠷᠢᠵᠤ ᠤᠷᠤᠭᠤᠯᠬᠤ︾ ᠶᠢ ᠵᠡᠷᠭᠡᠪᠡᠷ ᠴᠢᠬᠤᠯᠠᠴᠢᠯᠠᠵᠤ᠂ ᠡᠯ᠎ᠡ ᠭᠠᠵᠠᠷ ᠤᠨ ᠥᠪᠥᠷ ᠮᠣᠩᠭᠤᠯ ᠤᠨ ᠬᠤᠳᠠᠯᠳᠤᠭᠠᠴᠢᠳ ᠤᠨ ᠨᠡᠶᠢᠭᠡᠮᠯᠢᠭ ᠤᠨ | ᠲᠠᠪᠴᠠᠩ ᠳᠤ ᠲᠦᠰᠢᠭᠯᠡᠨ᠂ ᠣᠷᠣᠨ ᠤ ᠲᠤᠲᠤᠨ᠎ᠠ ᠭᠠᠳᠠᠨᠠᠬᠢ ᠠᠵᠤ ᠠᠬᠤᠶᠢᠯᠠᠯ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠡᠪᠡᠰᠦᠨ ᠤ ᠠᠵᠤ ᠦᠢᠯᠡᠰ᠂ | ᠬᠦᠢᠳᠡᠨ ᠭᠠᠵᠠᠷ ᠤᠨ ᠮᠥᠰᠥ ᠴᠠᠰᠤᠨ ᠤ ᠠᠵᠤ ᠠᠬᠤᠶ᠂ ᠪᠣᠬᠢᠷᠲᠤᠯ ᠥᠬᠡᠶ ᠡᠨᠧᠷᠭᠢ᠂ ᠠᠷᠠᠳ ᠤᠨ ᠵᠠᠩ ᠦᠢᠯᠡ ᠶᠢᠨ ᠵᠢᠭᠤᠯᠴᠢᠯᠠᠯ᠂ ᠠᠮᠢ ᠠᠬᠤᠶ ᠶᠢ | ᠶᠡᠷᠦᠩᠬᠡᠶᠢᠯᠡᠨ ᠵᠠᠰᠠᠬᠤ ᠵᠡᠷᠭᠡ ᠠᠵᠤ ᠦᠢᠯᠡᠰ ᠤᠨ ᠲᠣᠭᠤᠷᠢᠨ ᠳᠤ ᠠᠷᠠᠯᠵᠢᠶᠠᠴᠢᠨ ᠤᠷᠢᠵᠤ ᠪᠠᠯᠠ ᠤᠷᠤᠭᠤᠯᠤᠨ᠎ᠠ︔ ᠪᠤᠰᠤᠤᠨ ᠬᠤᠰᠢᠭᠤ ᠬᠤᠲᠠ ᠲᠣᠭᠤᠷᠢᠭ ᠤᠨ | ᠬᠤᠭᠤᠷᠣᠨᠳᠣᠬᠢ ᠰᠣᠯᠢᠯᠴᠠᠭ᠎ᠠ ᠶᠢ ᠭᠦᠨᠵᠡᠭᠡᠶᠢᠷᠡᠭᠦᠯᠵᠦ᠂ ᠵᠢᠭᠤᠯᠴᠢᠯᠠᠯ ᠢ ᠨᠢᠭᠡ ᠴᠤᠭᠴᠠᠵᠢᠭᠤᠯᠬᠤ᠂ ᠠᠷᠠᠯᠵᠢᠶ᠎ᠠ ᠬᠤᠳᠠᠯᠳᠤᠭᠠᠨ ᠤ ᠪᠤᠳᠠᠰ ᠤᠨ ᠬᠦᠢᠯᠭᠡᠭᠡᠨ᠂ | ᠣᠷᠴᠢᠨ ᠲᠣᠭᠤᠷᠢᠨ ᠤ ᠵᠠᠰᠠᠯᠲᠠ᠂ ᠠᠵᠤ ᠦᠢᠯᠡᠰ ᠤᠨ ᠬᠥᠭᠵᠢᠯᠲᠡ ᠵᠡᠷᠭᠡ ᠲᠠᠯ᠎ᠠ ᠪᠠᠷ ᠬᠤᠯᠪᠣᠭᠠᠯᠠᠨ ᠬᠥᠳᠡᠯᠦᠯᠴᠡᠵᠦ᠂ ᠬᠠᠮᠵᠢᠯᠴᠠᠨ ᠬᠥᠭᠵᠢᠭᠦᠯᠦᠨ᠎ᠡ᠃ | ᠪᠤᠷᠤᠰᠢᠯᠢ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠦᠢᠯᠡᠴᠢᠯᠡᠭᠡᠨ ᠤ ᠢᠵᠢ ᠪᠦᠷᠢᠳᠦᠭᠦᠯᠬᠦ ᠴᠢᠳᠠᠪᠤᠷᠢ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ | ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ ᠬᠥᠭᠵᠢᠯᠲᠡ ᠶᠢᠨ ᠲᠠᠪᠴᠠᠩ ᠢ ᠡᠬᠦᠤᠨᠴᠦ᠂ ᠡᠷᠬᠢᠨ ᠲᠤᠭᠤᠷᠢᠨ ᠤ ᠬᠤᠰᠢᠭᠤ ᠬᠤᠳᠠ ᠲᠤᠭᠤᠷᠢᠭ ᠤᠨ | ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ ᠪᠤᠳᠠᠳᠤ ᠴᠤᠭᠴᠠ ᠪᠠ ᠲᠥᠷᠥᠯ ᠵᠦᠢᠯ ᠢ ᠤᠷᠢᠨ ᠣᠷᠣᠭᠤᠯᠵᠤ᠂ ᠠᠵᠤ ᠦᠢᠯᠡᠰ ᠤᠨ ᠬᠥᠭᠵᠢᠯᠲᠡ ᠶᠢᠨ | ᠰᠦᠷᠦᠭᠵᠢᠯ ᠢ ᠪᠦᠷᠢᠯᠳᠤᠬᠦᠯᠦᠨ᠎ᠡ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠶᠡᠬᠡᠪᠡᠷ ᠰᠢᠯᠢᠳᠡᠭᠵᠢᠭᠦᠯᠦᠨ᠎ᠡ᠃ ︽ᠲᠠᠯᠪᠢᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠪᠦᠲᠦᠮᠵᠢᠲᠡᠶ ᠬᠤᠪᠢᠷᠠᠭᠤᠯᠬᠤ ᠶᠢ ᠠᠬᠢᠭᠤᠯᠤᠨ᠂ ᠵᠠᠬ᠎ᠠ | ᠳᠡᠯᠭᠡᠭᠦᠷ ᠤᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠵᠦ᠂ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠦᠨ᠎ᠡ᠃ ︽ᠮᠦᠩᠬᠡ | ᠰᠤᠪᠠᠭ · ᠳᠥᠷᠪᠡ ᠶᠢ ᠬᠦᠢᠴᠡᠤᠨᠬᠡᠬᠦ︾ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠢ ᠰᠢᠨ᠎ᠡ ᠪᠠᠷ | ᠪᠠᠶᠢᠭᠤᠯᠬᠤ ᠪᠠᠷ ᠲᠠᠪᠴᠠᠩ ᠪᠣᠯᠭᠠᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠣᠷᠣᠭᠤᠯᠪᠠᠰᠤ ᠵᠣᠬᠢᠬᠤ ᠶᠢ ᠵᠠᠪᠠᠯ ᠣᠷᠣᠭᠤᠯᠬᠤ ᠶᠢ ᠪᠡᠶᠡᠯᠡᠭᠦᠯᠵᠦ᠂ | ︽ᠨᠢᠭᠡ ᠴᠤᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ᠂ ᠶᠡᠷᠦᠩᠬᠡᠶᠢᠯᠡᠨ ᠣᠷᠣᠯᠠᠨ ᠬᠦᠢᠴᠡᠤᠨᠬᠡᠬᠦ᠂ ᠨᠢᠭᠡ ᠰᠦᠯᠵᠢᠶ᠎ᠡ ᠪᠠᠷ ᠨᠡᠶᠢᠳᠡᠮ ᠬᠦᠢᠴᠡᠤᠨᠬᠡᠬᠦ᠂ | ᠲᠥᠪᠯᠡᠷᠡᠭᠦᠯᠦᠨ ᠦᠢᠯᠡᠴᠢᠯᠡᠬᠦ︾ ᠶᠢ ᠬᠡᠷᠡᠭᠵᠢᠭᠦᠯᠦᠨ᠂ ︽ᠨᠢᠭᠡ ᠲᠢᠩᠬᠢᠮ ᠢᠶᠠᠷ ᠬᠦᠢᠴᠡᠤᠨᠬᠡᠬᠦ︾ ᠶᠢᠨ ᠲᠣᠭᠠᠴᠢᠯᠠᠭᠰᠠᠨ ᠨᠠᠷᠢᠯᠢᠭ ᠣᠨᠣᠴᠠᠲᠠᠶ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠰᠢᠰᠲ᠋ᠧᠮᠵᠢ ᠶᠢ ᠬᠦᠴᠦᠯᠡᠨ ᠪᠠᠶᠢᠭᠤᠯᠤᠨ᠎ᠠ᠃ ︽ᠬᠤᠶᠠᠷ ᠢ ᠰᠤᠭᠤᠴᠢᠨ ᠪᠠᠶᠢᠴᠠᠭᠠᠨ ᠨᠢᠭᠡ ᠶᠢ ᠢᠯᠡ ᠪᠣᠯᠭᠠᠬᠤ︾ ᠬᠢᠨᠠᠠ | ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠭᠤᠣᠯᠴᠢ ᠪᠠᠷ | ᠥᠷᠢᠰᠥᠯᠳᠦᠬᠦ ᠵᠠᠬ᠎ᠠ ᠳᠡᠯᠭᠡᠭᠦᠷ ᠤᠨ ᠪᠠᠶᠢᠷᠢᠰᠢᠯ ᠢ ᠪᠤᠢ ᠪᠣᠯᠭᠠᠨ᠎ᠠ᠃ ᠵᠠᠰᠠᠭ ᠠᠵᠤ ᠠᠬᠤᠶᠢᠯᠠᠯ ᠬᠤᠯᠪᠤᠭᠠᠯᠠᠬᠤ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ︽ | ᠢᠨᠵᠧᠨᠧᠷᠢᠩ ᠤᠨ ᠥᠭᠡᠷᠡᠴᠢᠯᠡᠯᠲᠡ︾ ᠶᠢᠨ ᠬᠢᠨᠠᠨ ᠵᠥᠪᠰᠢᠶᠡᠷᠡᠬᠦ ᠰᠢᠰᠲ᠋ᠧᠮ ᠤᠨ ᠬᠡᠷᠡᠭᠯᠡᠯᠲᠡ ᠶᠢᠨ ᠨᠤᠷᠮ᠎ᠠ ᠶᠢ ᠳᠡᠭᠡᠭᠰᠢᠯᠡᠭᠦᠯᠦᠨ᠂ ᠠᠵᠤ ᠠᠬᠤᠶᠢᠯᠠᠯ ᠤᠨ ᠪᠦᠬᠦ | ᠶᠠᠪᠤᠴᠠ ᠶᠢᠨ ᠦᠶᠡᠯᠡᠯ ᠤᠨ ᠬᠤᠭᠤᠴᠠᠭᠠᠨ ᠤ ᠦᠢᠯᠡᠴᠢᠯᠡᠭᠡ ᠶᠢ ᠴᠢᠩᠭᠠᠳᠬᠠᠵᠤ᠂ ᠪᠠᠭ᠎ᠠ ᠵᠢᠵᠢᠭ ᠠᠵᠤ ᠠᠬᠤᠶᠢᠯᠠᠯ ᠤᠨ ᠪᠡᠯᠡ ᠴᠤᠭᠯᠠᠭᠤᠯᠬᠤ ᠳᠤ ᠬᠦᠴᠢᠷᠲᠡᠶ | ᠪᠡᠯᠡ ᠴᠤᠭᠯᠠᠭᠤᠯᠬᠤ ᠳᠤ ᠦᠨᠡᠲᠡᠶ ᠪᠠᠶᠢᠬᠤ ᠠᠰᠠᠭᠤᠳᠠᠯ ᠢ ᠰᠢᠢᠤᠨᠪᠤᠷᠢᠯᠡᠵᠦ᠂ ᠠᠵᠤ ᠠᠬᠤᠶᠢᠯᠠᠯ ᠳᠤ ᠦᠨᠡᠨ ᠬᠦ ᠪᠣᠳᠠᠲᠠᠶ ᠠᠵᠢᠯ ᠬᠢᠵᠦ᠂ ᠬᠦᠴᠢᠷᠳᠠᠯ ᠢ ᠨᠢ | ᠰᠢᠢᠤᠨᠪᠤᠷᠢᠯᠡᠵᠦ ᠥᠭᠭᠦᠨ᠎ᠡ᠃ ᠤᠯᠤᠰ ᠤᠨ ᠦᠮᠴᠢᠯᠠᠯᠳᠤ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶ | ᠨᠠᠶᠢᠳᠠᠪᠤᠷᠢᠵᠢᠭᠤᠯᠵᠤ᠂ ᠤᠯᠤᠰ ᠤᠨ ᠦᠮᠴᠢᠯᠠᠯᠳᠤ ᠠᠵᠤ ᠠᠬᠤᠶᠢᠯᠠᠯ ᠤᠨ ᠠᠮᠢᠵᠢᠷᠠᠯ ᠤᠨ ᠬᠦᠴᠤᠨ ᠢ ᠬᠦᠭᠵᠢᠶᠡᠨᠡ᠃ ᠰᠢᠨ᠎ᠡ ᠮᠠᠶ᠋ᠢᠭ ᠤᠨ ᠬᠤᠲᠠ | ᠪᠠᠯᠭᠠᠰᠤᠵᠢᠯᠲᠠ ᠶᠢᠨ ᠪᠥᠲᠥᠭᠡᠨ ᠪᠠᠶᠢᠭᠤᠯᠤᠯᠲᠠ ᠶᠢᠨ ᠴᠢᠨᠠᠷ ᠴᠢᠨᠰᠠᠭ᠎ᠠ ᠶᠢ ᠲᠡᠭᠡᠭᠰᠢᠯᠡᠬᠦᠯᠦᠨ᠎ᠡ᠃ ᠰᠤᠮᠤ ᠪᠠᠯᠭᠠᠰᠤ ᠶᠢᠨ ᠰᠠᠭᠤᠷᠢ ᠲᠦᠬᠦᠬᠡᠷᠤᠮᠵᠢ ᠶᠢᠨ | ᠲᠠᠭᠠᠭᠠᠴᠠ ᠶᠢᠨ ᠴᠢᠳᠠᠪᠤᠷᠢ ᠶᠢ ᠳᠡᠭᠡᠭᠰᠢᠯᠡᠭᠦᠯᠦᠨ᠂ ᠣᠯᠠᠨ ᠨᠡᠶᠢᠲᠡ ᠶᠢᠨ ᠦᠢᠯᠡᠴᠢᠯᠡᠭᠡᠨ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠬᠤᠲᠠ ᠶᠢᠨ | ᠶᠠᠪᠤᠳᠠᠯ ᠤᠨ ᠨᠡᠶᠢᠲᠡ ᠶᠢᠨ ᠬᠡᠷᠡᠭᠯᠡᠭᠡᠨ᠂ ᠠᠵᠤ ᠦᠢᠯᠡᠰ ᠤᠨ ᠢᠵᠢ ᠪᠥᠷᠢᠳᠦᠭᠦᠯᠬᠦ ᠵᠡᠷᠭᠡ ᠲᠦᠬᠦᠬᠡᠷᠤᠮᠵᠢ ᠶᠢᠨ ᠲᠠᠰ ᠳᠡᠪᠰᠢᠭᠦᠯᠦᠨ ᠴᠢᠳᠠᠮᠵᠢ ᠶᠢ ᠥᠷᠭᠡᠳᠬᠡᠬᠦ ᠶᠢ | ᠲᠦᠷᠭᠡᠳᠬᠡᠵᠦ᠂ ᠤᠰᠤ ᠬᠠᠩᠭᠠᠬᠤ᠂ ᠢᠯᠴᠢ ᠬᠠᠩᠭᠠᠬᠤ᠂ ᠪᠣᠬᠢᠷ ᠤᠰᠤ᠂ ᠪᠣᠷᠣᠭᠠᠨ ᠤ ᠤᠰᠤ ᠵᠠᠯᠠᠬᠤ ᠬᠤᠭᠤᠯᠠᠶ ᠲᠣᠤᠷ ᠵᠡᠷᠭᠡ ᠲᠦᠬᠦᠬᠡᠷᠤᠮᠵᠢ ᠶᠢ ᠰᠢᠨᠡᠳᠬᠡᠨ | ᠥᠭᠡᠷᠡᠴᠢᠯᠡᠵᠦ᠂ ᠬᠤᠳᠠ ᠪᠠᠯᠭᠠᠰᠤᠨ ᠤ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠲᠣᠭᠲᠠᠭᠤᠨ ᠢᠶᠠᠷ ᠳᠡᠭᠡᠭᠰᠢᠯᠡᠭᠦᠯᠬᠦ ᠶᠢ ᠠᠬᠢᠭᠤᠯᠤᠨ᠎ᠠ᠃ | ᠬᠠᠭᠤᠴᠢᠨ ᠪᠠᠷᠭᠤ ᠬᠤᠰᠢᠭᠤᠨ ᠤ ᠬᠤᠲᠠ ᠪᠠᠯᠭᠠᠰᠤ ᠶᠢᠨ ᠶᠡᠷᠦᠩᠬᠡᠶ ᠲᠥᠯᠥᠪᠵᠢᠭᠦᠯᠭᠡ ᠶᠢ ᠨᠠᠶᠢᠷᠠᠭᠤᠯᠤᠨ᠂ ᠡᠯ᠎ᠡ ᠰᠤᠮᠤ ᠪᠠᠯᠭᠠᠰᠤ ᠶᠢᠨ ᠣᠷᠣᠨ ᠪᠠᠶᠢᠷᠢ ᠶᠢᠨ | ᠳᠠᠪᠠᠭᠤᠯᠢᠭ᠂ ᠪᠠᠶᠢᠭᠠᠯᠢ ᠶᠢᠨ ᠦᠵᠡᠮᠵᠢ᠂ ᠠᠷᠠᠳ ᠤᠨ ᠵᠠᠩ ᠦᠢᠯᠡ ᠰᠣᠶᠣᠯ ᠵᠡᠷᠭᠡ ᠡᠯᠧᠮᠧᠨ᠋ᠲ ᠤᠨ ᠦᠨ᠎ᠡ ᠥᠷᠲᠡᠭ ᠢ ᠪᠠᠳᠠᠷᠠᠭᠤᠯᠤᠨ᠂ ᠤᠨᠴᠠᠯᠢᠬᠳᠤ ᠲᠠᠲᠠᠬᠤ | ᠬᠦᠴᠦᠨ ᠲᠠᠢ ᠰᠤᠮᠤ ᠪᠠᠯᠭᠠᠰᠤ ᠶᠢ ᠬᠥᠲᠥᠯᠦᠨ ᠵᠢᠯᠣᠭᠤᠳᠴᠤ ᠪᠠᠶᠢᠭᠤᠯᠬᠤ ᠶᠢᠨ ᠬᠠᠮᠲᠤ ᠠᠳᠠᠯᠢ ᠪᠤᠰᠤ ᠳᠠᠪᠠᠭᠤᠯᠢᠭ ᠭᠠᠵᠠᠷ ᠣᠷᠣᠨ ᠤ ᠵᠣᠬᠢᠴᠠᠯᠳᠤᠨ | ᠬᠤᠯᠪᠣᠭᠠᠯᠠᠨ ᠬᠥᠳᠡᠯᠦᠯᠴᠡᠬᠦ ᠶᠢ ᠪᠡᠶᠡᠯᠡᠭᠦᠯᠵᠦ᠂ ᠬᠤᠲᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠪᠠᠶᠠᠨᠬᠦ᠋ᠷᠢᠶ᠎ᠡ ᠪᠠᠯᠭᠠᠰᠤ ᠠᠷᠠᠯᠵᠢᠶ᠎ᠠ | ᠬᠤᠳᠠᠯᠳᠤᠭ᠎ᠠ ᠶᠢᠨ ᠦᠢᠯᠡᠴᠢᠯᠡᠭᠡᠨ ᠤ ᠦᠢᠯᠡᠰ ᠢ ᠭᠤᠤᠯᠳᠠᠯᠭ᠎ᠠ ᠲᠠᠢ ᠬᠥᠭᠵᠢᠭᠦᠯᠵᠦ᠂ ᠰᠠᠭᠤᠷᠢᠰᠢᠬᠤ ᠳᠤ ᠲᠠᠭᠠᠯᠠᠮᠵᠢᠳᠠᠢ ᠦᠢᠯᠡᠰ ᠪᠤᠰᠬᠠᠬᠤ ᠳᠤ ᠲᠤᠬᠢᠷᠠᠮᠵᠢᠳᠠᠢ | ᠲᠦᠪ ᠪᠠᠯᠭᠠᠰᠤ ᠪᠤᠯᠭᠠᠨ ᠡᠬᠦᠳᠤᠨ᠎ᠡ︔ ᠪᠤᠷᠤᠰᠢᠯᠢ ᠪᠠᠯᠭᠠᠰᠤ ᠪᠤᠳᠠᠰ ᠤᠨ ᠬᠦᠢᠯᠭᠡᠭᠡᠨ ᠤ ᠬᠥᠮᠥᠷᠭᠡᠯᠡᠬᠦ᠂ ᠪᠣᠬᠢᠷᠲᠤᠯ ᠦᠭᠡᠢ ᠡᠳ᠋ᠰᠢᠭᠦᠯᠬᠦ ᠵᠡᠷᠭᠡ ᠠᠵᠤ ᠦᠢᠯᠡᠰ ᠢ | ᠭᠤᠣᠯᠳᠠᠯᠭ᠎ᠠ ᠲᠠᠢ ᠬᠥᠭᠵᠢᠭᠦᠯᠵᠦ᠂ ᠪᠣᠬᠢᠷᠲᠤᠯ ᠦᠭᠡᠢ ᠡᠨᠧᠷᠭᠢ ᠶᠢᠨ ᠬᠤᠳᠠ ᠪᠠᠯᠭᠠᠰᠤ ᠶᠢ ᠡᠬᠦᠳᠤᠨ᠎ᠡ︔ ᠬᠥᠬᠡᠨᠠᠭᠤᠷ ᠪᠠᠯᠭᠠᠰᠤ ᠲᠡᠦᠬᠡ ᠰᠣᠶᠣᠯ ᠪᠣᠯᠤᠨ | ᠵᠤᠭᠠᠴᠠᠯ ᠤᠨ ᠡᠬᠢ ᠪᠠᠶᠠᠯᠢᠭ ᠲᠠᠭᠠᠨ ᠲᠦᠰᠢᠭᠯᠡᠵᠦ᠂ ᠲᠡᠦᠬᠡ ᠰᠣᠶᠣᠯ ᠤᠨ ᠨᠡᠷᠡᠳᠦ ᠪᠠᠯᠭᠠᠰᠤ ᠶᠢ ᠴᠣᠭᠴᠠᠯᠠᠨ᠎ᠠ᠃ ᠤᠯᠠᠮᠵᠢᠯᠠᠯᠲᠤ ᠠᠮᠢ ᠠᠬᠤᠶ ᠶᠢᠨ ᠲᠠᠷᠢᠶᠠᠯᠠᠩ | ᠮᠠᠯ ᠠᠵᠤ ᠠᠬᠤᠶ ᠶᠢ ᠬᠥᠭᠵᠢᠭᠦᠯᠦᠭᠰᠡᠨ ᠰᠠᠭᠤᠷᠢᠨ ᠳᠡᠭᠡᠷ᠎ᠡ᠂ ᠪᠠᠶᠠᠨᠬᠠᠳᠠ ᠰᠤᠮᠤ᠂ ᠡᠸᠡᠩᠬᠢ ᠦᠨᠳᠦᠰᠦᠲᠡᠨ ᠤ ᠰᠤᠮᠤ 5A ᠦᠵᠡᠮᠵᠢ ᠶᠢᠨ ᠣᠷᠣᠨ ᠳᠤ | ᠲᠦᠰᠢᠭᠯᠡᠨ᠂ ᠪᠠᠶᠢᠭᠠᠯᠢ ᠶᠢᠨ ᠦᠵᠡᠮᠵᠢ ᠲᠠᠢ ᠭᠦᠨ ᠠᠭᠤᠰᠤᠯᠴᠠᠭᠰᠠᠨ ᠲᠤᠭᠤᠷᠢᠨ ᠰᠡᠯᠡᠬᠦᠴᠡᠬᠦ ᠵᠢᠭᠤᠯᠴᠢᠯᠠᠯ ᠤᠨ ᠬᠠᠷᠠᠯᠳᠠᠳᠤ ᠤᠷᠤᠨ ᠢ ᠡᠬᠦᠳᠤᠨ᠎ᠠ︔ ᠵᠡᠭᠦᠨ | ᠦᠵᠦᠭᠦᠷ ᠰᠤᠮᠤ᠂ ᠪᠠᠷᠠᠭᠤᠨ ᠦᠵᠦᠭᠦᠷ ᠰᠤᠮᠤ ᠨᠢ ᠤᠯᠠᠮᠵᠢᠯᠠᠯᠲᠤ ᠭᠠᠷ ᠤᠷᠠᠯᠠᠯ ᠤᠨ ᠨᠠᠷᠢᠯᠢᠭ ᠪᠤᠯᠪᠠᠰᠤᠷᠠᠭᠤᠯᠬᠤ ᠶᠢ ᠡᠯᠪᠡᠭᠵᠢᠬᠦᠯᠵᠦ᠂ ᠤᠨᠴᠠᠯᠢᠬᠳᠤ ᠴᠠᠭᠠᠨ | ᠢᠳᠡᠭᠡᠨ᠂ ᠤᠯᠠᠮᠵᠢᠯᠠᠯᠳᠤ ᠭᠠᠷ ᠤᠷᠠᠯᠠᠯ ᠢᠶᠠᠷ ᠭᠤᠤᠯ ᠪᠣᠯᠭᠠᠭᠰᠠᠨ ᠤᠨᠴᠠᠯᠢᠭᠳᠤ ᠠᠵᠤ ᠦᠢᠯᠡᠰ ᠤᠨ ᠰᠠᠭᠤᠷᠢᠨ ᠭᠠᠵᠠᠷ ᠢ ᠭᠤᠤᠯᠳᠠᠯᠭ᠎ᠠ ᠲᠠᠢ ᠡᠬᠦᠳᠤᠨ᠎ᠡ᠃ | ︵ᠲᠠᠪᠤ︶ ᠠᠷᠠᠳ ᠲᠦᠮᠡᠨ ᠤ ᠵᠤᠯ ᠵᠢᠷᠭᠠᠯ ᠤᠨ ᠲᠦᠷᠤᠭ᠍ᠳᠡᠯ ᠢ ᠲᠠᠰᠤᠷᠠᠯᠲᠠ ᠥᠬᠡᠶ ᠨᠡᠮᠡᠭᠳᠡᠭᠦᠯᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ | ᠰᠠᠶᠢᠨ ᠰᠠᠶᠢᠬᠠᠨ ᠠᠮᠢᠳᠤᠷᠠᠯ ᠤᠨ ᠰᠢᠨ᠎ᠡ ᠬᠦᠰᠡᠯ ᠡᠷᠡᠮᠡᠯᠵᠡᠯ ᠢ ᠨᠠᠩ ᠰᠠᠶᠢᠲᠤᠷ ᠬᠠᠩᠭᠠᠨ᠎ᠠ᠃ ᠬᠠᠮᠤᠭ ᠤᠨ ᠥᠷᠭᠡᠨ ᠤᠯᠠᠨ ᠠᠷᠠᠳ ᠲᠦᠮᠡᠨ ᠤ ᠦᠨᠳᠦᠰᠦᠨ | ᠠᠰᠢᠭ ᠲᠤᠰᠠ ᠶᠢ ᠰᠠᠶᠢᠲᠤᠷ ᠬᠠᠮᠠᠭᠠᠯᠠᠬᠤ᠂ ᠰᠠᠶᠢᠲᠤᠷ ᠪᠡᠶᠡᠯᠡᠭᠦᠯᠬᠦ᠂ ᠰᠠᠶᠢᠲᠤᠷ ᠬᠥᠭᠵᠢᠭᠦᠯᠬᠦ ᠪᠠᠷ ᠬᠥᠭᠵᠢᠯᠲᠡ ᠶᠢᠨ ᠡᠬᠦᠰᠤᠯᠳᠡ ᠶᠢᠨ ᠴᠡᠭ ᠪᠠ ᠲᠤᠰᠤᠯᠳᠡ ᠶᠢᠨ | ᠴᠡᠭ ᠪᠤᠯᠭᠠᠵᠤ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠨᠡᠶᠢᠭᠡᠮ ᠤᠨ ᠵᠠᠰᠠᠯᠲᠠ ᠶᠢᠨ | ᠲᠦᠷᠢᠮ ᠢ ᠲᠡᠭᠦᠯᠳᠡᠷᠵᠢᠭᠦᠯᠵᠦ᠂ ᠤᠯᠠᠨ ᠲᠦᠮᠡᠨ ᠤ ᠠᠮᠤᠷ ᠲᠠᠶᠢᠪᠤᠩ ᠠᠵᠤ ᠲᠦᠷᠦᠭᠦ᠂ ᠠᠰᠢᠭ ᠲᠤᠰᠠ ᠲᠠᠢ ᠬᠤᠯᠪᠣᠭᠳᠠᠬᠤ ᠪᠣᠳᠠᠲᠠᠶ ᠠᠰᠠᠭᠤᠳᠠᠯ ᠢ ᠬᠦᠴᠦ | ᠲᠠᠯᠪᠢᠨ ᠰᠠᠶᠢᠲᠤᠷ ᠰᠢᠢᠤᠨᠪᠤᠷᠢᠯᠡᠨ᠎ᠡ᠃ ᠤᠯᠠᠨ ᠲᠡᠰ ᠳᠠᠪᠬᠤᠷᠭ᠎ᠠ ᠪᠦᠬᠦᠢ ᠨᠡᠶᠢᠭᠡᠮ ᠤᠨ ᠪᠠᠳᠤᠯᠠᠭ᠎ᠠ ᠶᠢᠨ ᠰᠢᠰᠲ᠋ᠧᠮᠵᠢ ᠶᠢ ᠪᠦᠷᠢᠨᠰᠢᠬᠦᠯᠤᠨ᠎ᠡ᠃ ᠡᠷᠬᠡ | ᠬᠠᠷᠢᠭᠤᠴᠠᠯᠭ᠎ᠠ ᠲᠣᠳᠣᠷᠬᠠᠶ᠂ ᠪᠠᠲᠤᠯᠠᠭ᠎ᠠ ᠵᠣᠬᠢᠰᠲᠠᠶ᠂ ᠪᠠᠲᠤᠯᠠᠪᠠᠰᠤ ᠵᠣᠬᠢᠬᠤ ᠶᠢ ᠨᠢ ᠴᠥᠮ ᠪᠠᠲᠤᠯᠠᠬᠤ ᠵᠠᠷᠴᠢᠮ ᠢ ᠪᠠᠷᠢᠮᠲᠠᠯᠠᠵᠤ᠂ ᠪᠦᠬᠦ ᠠᠷᠠᠳ ᠢ ᠬᠠᠮᠤᠷᠤᠭᠰᠠᠨ | ᠂ ᠬᠤᠳᠠ ᠬᠥᠳᠡᠭᠡ ᠶᠢ ᠨᠢᠭᠡᠳᠦᠯᠲᠡᠶ ᠲᠥᠯᠥᠪᠵᠢᠭᠦᠯᠦᠭᠰᠡᠨ᠂ ᠡᠷᠬᠡ ᠲᠡᠭᠰᠢ ᠨᠢᠭᠡᠳᠦᠯᠲᠡᠶ᠂ ᠤᠯᠠᠨ ᠲᠡᠰ ᠳᠠᠪᠬᠤᠷᠭ᠎ᠠ ᠶᠢᠨ ᠨᠡᠶᠢᠭᠡᠮ ᠤᠨ ᠪᠠᠲᠤᠯᠠᠭ᠎ᠠ ᠶᠢᠨ | ᠰᠢᠰᠲ᠋ᠧᠮᠵᠢ ᠶᠢ ᠪᠦᠷᠢᠨᠰᠢᠬᠦᠯᠦᠨ᠎ᠡ᠃ ᠦᠢᠯᠡᠰ ᠪᠤᠰᠬᠠᠬᠤ ᠠᠵᠢᠯ ᠣᠯᠭᠤᠬᠤ ᠲᠠᠪᠴᠠᠩ ᠢ ᠢᠳᠡᠪᠬᠢᠲᠡᠶ ᠪᠠᠶᠢᠭᠤᠯᠵᠤ᠂᠂ ᠡᠯ᠎ᠡ ᠵᠦᠢᠯ ᠤᠨ ᠬᠡᠯᠪᠡᠷᠢ ᠢᠶᠠᠷ | ᠠᠮᠢᠳᠤᠯᠢᠭ ᠢᠶᠠᠷ ᠠᠵᠢᠯ ᠣᠯᠭᠤᠬᠤ ᠶᠢ ᠲᠡᠮᠵᠢᠵᠤ᠂ ᠮᠠᠯᠵᠢᠬᠤ ᠣᠷᠣᠨ ᠤ ᠰᠢᠯᠵᠢᠭᠰᠡᠨ ᠬᠥᠳᠡᠯᠮᠦᠷᠢ ᠬᠦᠴᠦᠨ᠂ ᠬᠤᠳᠠ ᠬᠥᠳᠡᠭᠡ ᠶᠢᠨ ᠠᠵᠢᠯ ᠤᠯᠬᠤ ᠳᠤ | ᠬᠦᠴᠢᠷᠲᠡᠶ ᠬᠥᠮᠦᠰ ᠪᠣᠯᠤᠨ ᠴᠡᠷᠢᠭ ᠤᠨ ᠠᠯᠪᠠᠨ ᠠᠴᠠ ᠬᠠᠯᠠᠭᠳᠠᠭᠰᠠᠤᠨ ᠤᠨ ᠠᠵᠢᠯ ᠣᠯᠭᠤᠬᠤ ᠶᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠦᠢᠯᠡᠰ | ᠪᠤᠰᠬᠠᠬᠤ ᠪᠤᠶᠢᠵᠢᠭᠤᠯᠬᠤ ᠬᠦᠷᠢᠶᠠᠯᠠᠩ ᠤᠨ ᠪᠦᠳᠤᠭᠡᠨ ᠪᠠᠶᠢᠭᠤᠯᠤᠯᠳᠡ ᠶᠢ ᠲᠦᠯᠬᠢᠨ ᠠᠬᠢᠭᠤᠯᠵᠤ᠂ ᠦᠢᠯᠡᠰ ᠪᠤᠰᠬᠠᠬᠤ ᠪᠤᠯᠪᠠᠰᠤᠷᠠᠯ᠂ ᠦᠢᠯᠡᠰ ᠪᠤᠰᠬᠠᠬᠤ | ᠲᠥᠷᠥ ᠶᠢᠨ ᠪᠤᠳᠤᠯᠭ᠎ᠠ᠂ ᠦᠢᠯᠡᠰ ᠪᠤᠰᠠᠬᠠᠨ ᠪᠤᠶᠢᠵᠢᠭᠤᠯᠬᠤ᠂ ᠦᠢᠯᠡᠰ ᠪᠤᠰᠬᠠᠬᠤ ᠦᠢᠯᠡᠴᠢᠯᠡᠭᠡᠨ ᠤ《ᠲᠦᠷᠪᠡ ᠶᠢ ᠨᠢᠭᠡ ᠴᠤᠭᠴᠠᠵᠢᠭᠤᠯᠤᠭᠰᠠᠨ 》ᠠᠵᠢᠯ ᠤᠨ | ᠪᠠᠶᠢᠷᠢᠰᠢᠯ ᠢ ᠪᠤᠢ ᠪᠤᠯᠭᠠᠨ᠎ᠠ᠃ ︽ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠶᠢ ᠳᠠᠩᠰᠠᠯᠠᠬᠤ ᠲᠥᠯᠥᠪᠯᠡᠭᠡ︾ ᠶᠢ ᠬᠡᠷᠡᠭᠵᠢᠭᠦᠯᠵᠦ᠂ ᠬᠦᠨᠳᠦ ᠣᠨᠴᠠ | ᠶᠡᠭᠡ ᠡᠪᠡᠳᠴᠢᠨ ᠡᠮᠭᠡᠭ ᠤᠨ ᠡᠮᠴᠢᠯᠡᠭᠡᠨ ᠤ ᠳᠠᠭᠠᠳᠬᠠᠯ ᠪᠠ ᠠᠪᠤᠷᠠᠨ ᠲᠤᠰᠠᠯᠠᠬᠤ ᠲᠦᠷᠢᠮ ᠢ ᠪᠦᠷᠢᠨᠰᠢᠬᠦᠯᠤᠨ᠂ DIP ᠵᠠᠷᠤᠳᠠᠯ ᠲᠤᠰᠢᠶᠠᠬᠤ⑤ | ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠢᠯ ᠢ ᠳᠥᠯᠭᠢᠨ ᠠᠬᠢᠭᠤᠯᠵᠤ᠂ ᠨᠠᠩ ᠥᠨᠳᠥᠷ ᠪᠦᠲᠦᠮᠵᠢᠲᠡᠶ ᠬᠢᠨᠠᠨ ᠬᠠᠮᠢᠶᠠᠷᠬᠤ ᠲᠣᠭᠲᠠᠴᠠ ᠶᠢ | ᠰᠦᠪᠡᠭᠴᠢᠯᠡᠨ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠠᠮᠤᠷ ᠲᠦᠪᠰᠢᠨ ᠢ ᠪᠠᠳᠤᠯᠠᠨ᠎ᠠ᠃ ᠴᠡᠷᠢᠭ ᠠᠴᠠ ᠬᠠᠯᠠᠭᠳᠠᠭᠰᠠᠳ ᠤᠨ ᠠᠵᠢᠯ ᠤᠨ | ᠰᠢᠰᠲ᠋ᠧᠮᠵᠢ ᠪᠠ ᠪᠠᠲᠤᠯᠠᠭ᠎ᠠ ᠶᠢᠨ ᠲᠦᠷᠢᠮ ᠢ ᠲᠡᠭᠦᠯᠳᠡᠷᠵᠢᠭᠦᠯᠵᠦ᠂ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡ ᠪᠠ ᠪᠠᠲᠤᠯᠠᠭ᠎ᠠ ᠶᠢᠨ ᠬᠢᠷᠢ ᠲᠦᠪᠰᠢᠨ ᠢ | ᠨᠡᠮᠡᠭᠳᠡᠭᠦᠯᠦᠨ᠎ᠡ᠃ ᠠᠵᠢᠯᠳᠠᠨ ᠤ ᠲᠥᠯᠥᠭᠡᠯᠡᠭᠴᠢᠳ ᠤᠨ ᠶᠡᠭᠡ ᠬᠤᠷᠠᠯ ᠢᠶᠠᠷ ᠦᠨᠳᠦᠰᠦᠨ ᠬᠡᠯᠪᠡᠷᠢ ᠪᠣᠯᠭᠠᠭᠰᠠᠨ ᠠᠵᠤ ᠠᠬᠤᠶᠢᠯᠠᠯ ᠠᠵᠢᠯ ᠦᠢᠯᠡᠰ ᠤᠨ | ᠨᠢᠭᠡᠴᠢ ᠶᠢᠨ ᠠᠷᠠᠳᠴᠢᠯᠠᠭᠰᠠᠨ ᠬᠠᠮᠢᠶᠠᠷᠤᠯᠲᠠ ᠶᠢᠨ ᠲᠦᠷᠢᠮ ᠢ ᠨᠠᠶᠢᠳᠠᠪᠤᠷᠢᠵᠢᠭᠤᠯᠵᠤ᠂ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠤᠨ᠎ᠠ᠃ | ᠵᠠᠯᠠᠭᠤᠴᠤᠳ ᠤᠨ ᠬᠥᠭᠵᠢᠯᠲᠡ ᠶᠢᠨ ᠲᠥᠯᠥᠪᠵᠢᠭᠦᠯᠭᠡ ᠶᠢ ᠬᠡᠷᠡᠭᠵᠢᠭᠦᠯᠵᠦ᠂ ᠡᠮᠡᠭᠲᠡᠶᠢᠴᠦᠳ ᠬᠡᠦᠬᠡᠳ ᠤᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠵᠤ᠂ | ᠨᠠᠰᠤᠲᠠᠶᠢᠴᠤᠳ᠂ ᠵᠡᠮᠳᠡᠭᠴᠦᠳ ᠢ ᠬᠠᠯᠠᠮᠵᠢᠯᠠᠬᠤ ᠦᠢᠯᠡᠴᠢᠯᠡᠭᠡᠨ ᠤ ᠰᠢᠰᠲ᠋ᠧᠮᠵᠢ ᠶᠢ ᠪᠦᠷᠢᠨᠰᠢᠬᠦᠯᠦᠨ᠎ᠠ᠃ ᠤᠯᠠᠨ ᠨᠡᠶᠢᠲᠡ ᠶᠢᠨ ᠦᠢᠯᠡᠴᠢᠯᠡᠬᠡᠨ ᠢ ᠬᠠᠮᠲᠤ ᠪᠠᠷ | ᠡᠳ᠋ᠯᠡᠬᠦ ᠶᠢ ᠲᠦᠯᠬᠢᠨ ᠠᠬᠢᠭᠤᠯᠤᠨ᠎ᠡ᠃ ᠴᠢᠳᠠᠯ ᠤᠨ ᠬᠢᠷᠢ ᠪᠠᠷ ᠢᠶᠠᠨ ᠴᠢᠷᠮᠠᠶᠢᠬᠤ᠂ ᠴᠢᠳᠠᠯ ᠤᠨ ᠢᠶᠠᠨ ᠬᠢᠷᠢ ᠪᠠᠷ ᠬᠢᠬᠦ ᠶᠢ ᠪᠠᠷᠢᠮᠲᠠᠯᠠᠵᠤ᠂ ᠤᠯᠠᠨ ᠨᠡᠶᠢᠲᠡ ᠶᠢᠨ | ᠦᠢᠯᠡᠴᠢᠯᠡᠭᠡᠨ ᠤ ᠲᠦᠷᠦ ᠶᠢᠨ ᠪᠤᠳᠤᠯᠭ᠎ᠠ ᠲᠦᠷᠢᠮ ᠤᠨ ᠰᠢᠰᠲ᠋ᠧᠮᠵᠢ ᠶᠢ ᠲᠡᠬᠦᠯᠳᠡᠷᠵᠢᠬᠦᠯᠵᠦ᠂ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ᠂ | ᠣᠷᠣᠨ ᠰᠠᠭᠤᠴᠠ ᠵᠡᠷᠭᠡ ᠤᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ ᠬᠦᠷᠢᠶᠡᠨ ᠳᠤ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠨᠠᠷᠢᠯᠢᠭ | ᠤᠨᠤᠪᠴᠢᠳᠠᠢ ᠪᠠᠷ ᠬᠠᠩᠭᠠᠨ᠎ᠡ᠃ ᠰᠤᠷᠭᠠᠨ ᠬᠥᠮᠦᠵᠢᠯ ᠤᠨ ᠦᠢᠯᠡᠰ ᠢ ᠡᠩ ᠲᠡᠷᠢᠭᠦᠨ ᠳᠤ ᠬᠥᠭᠵᠢᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ︽ | ᠬᠤᠶᠠᠷ ᠢ ᠬᠦᠩᠭᠡᠷᠡᠬᠦᠯᠬᠦ︾ ᠲᠦᠷᠦ ᠶᠢᠨ ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠤᠷᠭᠠᠨ ᠬᠦᠮᠤᠵᠢᠯ ᠤᠨ ᠮᠡᠳᠡᠭᠡ ᠵᠠᠩᠬᠢᠴᠢᠯᠠᠯᠳᠠ ᠶᠢᠨ 2.0 ᠠᠵᠢᠯ ᠤᠨ | ᠲᠦᠯᠤᠪᠯᠡᠭᠡ ᠶᠢ ᠬᠡᠷᠩᠵᠢᠬᠦᠯᠵᠦ᠂ ᠰᠤᠷᠭᠠᠨ ᠬᠥᠮᠦᠵᠢᠯ ᠤᠨ ᠰᠢᠰᠲ᠋ᠧᠮᠵᠢ ᠶᠢᠨ ᠪᠠᠶᠢᠭᠤᠯᠤᠯᠳᠡ ᠶᠢ ᠲᠡᠬᠦᠯᠳᠡᠷᠵᠢᠬᠦᠯᠵᠦ᠂ ᠰᠤᠷᠭᠠᠨ ᠬᠦᠮᠣᠵᠢᠯ ᠤᠨ | ᠦᠭᠡᠷᠡᠴᠢᠯᠡᠯᠳᠡ ᠶᠢ ᠬᠦᠨᠵᠡᠬᠡᠶᠢᠷᠡᠬᠦᠯᠤᠨ᠂ ᠬᠦᠮᠤᠨ ᠪᠦᠬᠦᠨ ᠳᠤ ᠨᠡᠩ ᠰᠠᠶᠢᠨ ᠨᠡᠩ ᠲᠦᠪ ᠭᠤᠤᠯᠴᠢ ᠰᠤᠷᠭᠠᠨ ᠬᠦᠮᠤᠵᠢᠯ ᠢ ᠬᠦᠷᠳᠡᠭᠡᠨ᠎ᠡ᠃ ᠡᠷᠡᠭᠦᠯ ᠮᠡᠨᠳᠦ | ᠮᠠᠯᠵᠢᠬᠤ ᠣᠷᠣᠨ ᠤ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠮᠣᠩᠭᠤᠯ ᠬᠢᠳᠠᠤᠨ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ | ᠡᠭᠦᠳᠦᠨ ᠬᠥᠭᠵᠢᠭᠦᠯᠬᠦ ᠶᠢ ᠠᠬᠢᠭᠤᠯᠤᠨ᠂ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ | ᠲᠠᠰ ᠬᠤᠪᠢᠶᠠᠨ ᠣᠨᠣᠰᠢᠯᠠᠨ ᠡᠮᠨᠡᠬᠦ ᠲᠦᠷᠢᠮ ᠢ ᠪᠠᠶᠢᠭᠤᠯᠤᠨ᠂ ᠰᠦᠯᠵᠢᠶᠡᠨ ᠳᠡᠭᠡᠷ᠎ᠡ ᠣᠨᠣᠰᠢᠯᠠᠨ ᠡᠮᠨᠡᠬᠦ ᠲᠠᠪᠴᠠᠩ ᠢ ᠪᠠᠶᠢᠭᠤᠯᠵᠤ᠂ ︽ᠢᠨᠲ᠋ᠧᠷ ᠰᠦᠯᠵᠢᠶ᠎ᠡ + | ᠡᠮᠴᠢᠯᠡᠬᠡᠨ ᠡᠷᠡᠭᠦᠯ ᠮᠡᠨᠳᠦ︾ ᠶᠢ ᠠᠬᠢᠭᠤᠯᠤᠨ᠂ ᠡᠮᠴᠢᠯᠡᠬᠡᠨ ᠰᠤᠪᠢᠯᠠᠯᠲᠠ ᠶᠢ ᠤᠶᠠᠯᠳᠤᠭᠤᠯᠤᠭᠰᠠᠨ ᠨᠠᠰᠤᠵᠢᠯ ᠤᠨ ᠦᠢᠯᠡᠴᠢᠯᠡᠭᠡᠨ ᠢ ᠬᠠᠶᠢᠨ ᠰᠦᠪᠡᠭᠴᠢᠯᠡᠨ᠎ᠠ᠃ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠤᠯᠤᠰ ᠤᠨ ᠪᠠᠶᠢᠭᠤᠯᠤᠯᠲᠠ ᠶᠢᠨ ᠬᠦᠳᠤᠯᠪᠤᠷᠢ ᠶᠢ ᠨᠠᠶᠢᠳᠠᠪᠤᠷᠢᠵᠢᠭᠤᠯᠵᠤ᠂᠂ ᠪᠦᠬᠦ ᠨᠡᠶᠢᠭᠡᠮ | ᠤᠨ ᠰᠢᠨ᠎ᠡ ᠶᠢ ᠡᠬᠦᠤᠨᠬᠦ ᠠᠮᠢᠵᠢᠷᠠᠯ ᠤᠨ ᠬᠦᠴᠤᠨ ᠢ ᠬᠦᠭᠵᠢᠶᠡᠨᠡ᠃ ᠤᠯᠠᠨ ᠨᠡᠶᠢᠲᠡ ᠶᠢᠨ ᠰᠤᠶᠤᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠳᠡ ᠶᠢ | ᠴᠢᠩᠭᠠᠤᠨᠬᠠᠨ᠂ ᠤᠯᠠᠭᠠᠨᠮᠥ᠋ᠴᠢᠷ ᠤᠨ ᠦᠢᠯᠡᠰ ᠢ ᠶᠡᠬᠡᠪᠡᠷ ᠬᠥᠭᠵᠢᠭᠦᠯᠵᠦ᠂ ᠡᠷᠲᠡᠨ ᠤ ᠦᠯᠡᠳᠡᠭᠳᠡᠯ ᠤᠨ ᠬᠠᠮᠠᠭᠠᠯᠠᠯᠲᠠ ᠶᠢ ᠴᠢᠩᠭᠠᠳᠬᠠᠵᠦ᠂ ᠪᠤᠳᠠᠰ ᠤᠨ ᠪᠤᠰᠤ | ᠰᠤᠶᠤᠯ ᠤᠨ ᠦᠪ ᠤᠨ ᠤᠯᠠᠮᠵᠢᠯᠠᠭᠴᠢ ᠶᠢᠨ ᠡᠩᠨᠡᠭᠡ ᠶᠢ ᠥᠷᠭᠡᠳᠬᠡᠨ᠎ᠡ᠃ ᠪᠤᠳᠠᠰ ᠤᠨ ᠪᠤᠰᠤ ᠰᠤᠶᠤᠯ ᠤᠨ ᠦᠪ ᠤᠨ ᠤᠯᠠᠮᠵᠢᠯᠠᠭᠴᠢ ᠶᠢᠨ ᠰᠠᠭᠤᠷᠢᠨ ᠭᠠᠵᠠᠷ ᠢ | ᠪᠠᠶᠢᠭᠤᠯᠵᠤ᠂ ᠣᠨᠴᠠᠯᠢᠭᠲᠤ ᠰᠢᠶᠠᠩ ᠪᠠᠯᠭᠠᠰᠤ᠂ ᠤᠯᠠᠮᠵᠢᠯᠠᠯᠲᠤ ᠬᠦᠳᠡᠭᠡ ᠲᠣᠰᠬᠤᠨ᠂ ᠴᠥᠭᠡᠨ ᠲᠣᠭᠠᠲᠤ ᠦᠨᠳᠦᠰᠦᠲᠡᠨ ᠤ ᠠᠶᠢᠯ ᠲᠣᠰᠬᠤᠨ ᠢ ᠭᠤᠶᠤᠴᠢᠯᠠᠨ | ᠮᠡᠳᠡᠭᠦᠯᠬᠦ ᠠᠵᠢᠯ ᠢ ᠰᠠᠶᠢᠲᠤᠷ ᠬᠢᠨ᠎ᠠ᠃ ᠤᠯᠠᠨ ᠲᠦᠮᠡᠨᠴᠢ ᠪᠡᠶ᠎ᠡ ᠶᠢᠨ ᠲᠠᠮᠢᠷ ᠪᠠ ᠦᠷᠢᠰᠦᠯᠳᠦᠭᠡᠨ ᠤ ᠰᠢᠷᠢᠰ ᠬᠦᠳᠡᠯᠭᠡᠭᠡᠨ ᠢ ᠦᠷᠨᠢᠬᠦᠯᠵᠦ᠂ ᠪᠦᠬᠦ ᠠᠷᠠᠳ ᠤᠨ | ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠠᠵᠢᠯᠯᠠᠭ᠎ᠠ ᠶᠢ ᠦᠷᠭᠡᠨ ᠢᠶᠠᠷ ᠦᠷᠨᠢᠬᠦᠯᠬᠦ ᠶᠢ ᠠᠬᠢᠭᠤᠯᠤᠨ᠎ᠠ᠃ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ | ᠠᠵᠢᠯ ᠢ ᠰᠠᠶᠢᠳᠤᠷ ᠬᠢᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠵᠦ᠂ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠬᠥᠮᠦᠵᠢᠯ ᠢ ᠭᠦᠨᠵᠡᠭᠡᠶᠢᠷᠡᠭᠦᠯᠦᠨ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠠᠬᠢᠭᠤᠯᠤᠨ᠎ᠡ᠃ | ︵ᠵᠢᠷᠭᠤᠭ᠎ᠠ︶ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠨ᠂ ᠠᠮᠤᠷ ᠠᠮᠤᠭᠤᠯᠠᠩ ᠬᠠᠭᠤᠴᠢᠨ ᠪᠠᠷᠭᠤ ᠶᠢᠨ ᠪᠠᠶᠢᠭᠤᠯᠤᠯᠲᠠ ᠶᠢ | ᠭᠦᠨᠵᠡᠭᠡᠶᠢᠷᠡᠭᠦᠯᠦᠨ᠎ᠡ᠃ ᠡᠬᠡ ᠤᠯᠤᠰ ᠤᠨ ᠤᠮᠠᠷᠠᠲᠤ ᠶᠢᠨ ᠠᠮᠤᠷ ᠲᠣᠭᠲᠠᠭᠤᠨ ᠤ ᠬᠠᠯᠬᠠᠪᠴᠢ ᠶᠢ ᠪᠠᠬᠢᠵᠢᠬᠦᠯᠵᠦ᠂ ᠠᠮᠤᠷ ᠲᠦᠪᠰᠢᠨ ᠪᠣᠯᠤᠨ ᠬᠥᠭᠵᠢᠯᠲᠡ ᠶᠢ | ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠵᠤ᠂ ᠠᠮᠤᠷ ᠲᠦᠪᠰᠢᠨ ᠢ ᠡᠯ᠎ᠡ ᠬᠦᠷᠢᠶ᠎ᠡ ᠴᠠᠷᠠᠭ᠎ᠠ ᠪᠣᠯᠤᠨ ᠪᠦᠬᠦ ᠶᠠᠪᠤᠴᠠ ᠳᠤ ᠲᠤᠭᠤᠰᠢᠯᠠᠭᠤᠯᠵᠦ᠂ ᠬᠢᠯᠢ ᠬᠢᠵᠠᠭᠠᠷ ᠤᠨ | ᠠᠮᠤᠷ ᠲᠣᠭᠲᠠᠭᠤᠨ᠂ ᠨᠡᠶᠢᠭᠡᠮ ᠤᠨ ᠠᠮᠤᠷ ᠲᠣᠭᠲᠠᠭᠤᠨ ᠡᠮᠬᠢ ᠳᠢᠭᠯᠢᠮ ᠲᠠᠢ᠂ ᠠᠷᠠᠳ ᠲᠦᠮᠡᠨ ᠤ ᠠᠮᠤᠷ ᠲᠠᠶᠢᠪᠤᠩ ᠠᠵᠤ ᠲᠦᠷᠦᠭᠦ ᠶᠢ ᠪᠠᠲᠤᠯᠠᠨ᠎ᠠ᠃ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠪᠠᠷ ᠵᠦᠪ ᠤᠨᠤᠪᠴᠢᠳᠠᠢ ᠬᠢᠨ᠎ᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ︽ᠭᠠᠳᠠᠭᠠᠳᠤ ᠠᠴᠠ ᠬᠠᠯᠳᠠᠪᠤᠷᠢᠯᠠᠨ ᠤᠷᠤᠵᠤ ᠢᠷᠡᠬᠦ ᠶᠢ | ᠰᠡᠷᠬᠡᠶᠢᠯᠡᠵᠦ᠂ ᠲᠤᠳᠤᠭᠠᠳᠤ ᠪᠠᠨ ᠲᠠᠷᠬᠠᠨ ᠲᠡᠯᠭᠡᠷᠡᠬᠦ ᠶᠢ ᠰᠡᠷᠭᠡᠶᠢᠯᠡᠬᠦ︾ ᠶᠡᠷᠤᠩᠬᠡᠢ ᠠᠷᠭ᠎ᠠ ᠪᠤᠳᠤᠯᠭ᠎ᠠ ᠶᠢ ᠪᠠᠷᠢᠮᠳᠠᠯᠠᠵᠤ᠂ ︽ᠬᠥᠮᠦᠨ᠂ ᠪᠣᠳᠠᠰ᠂ ᠣᠷᠴᠢᠨ | ᠲᠣᠭᠤᠷᠢᠨ ᠢ ᠬᠠᠮᠲᠤ ᠳᠤᠨᠢ ᠰᠡᠷᠭᠡᠶᠢᠯᠡᠬᠦ︾ ᠰᠡᠷᠭᠡᠶᠢᠯᠡᠨ ᠡᠵᠡᠮᠳᠡᠬᠦ ᠠᠷᠭ᠎ᠠ ᠠᠪᠴᠠᠯ ᠢ ᠨᠠᠶᠢᠳᠠᠪᠤᠷᠢᠵᠢᠭᠤᠯᠵᠤ᠂ ᠪᠠᠶᠢᠩᠭᠤᠵᠢᠭᠤᠯᠤᠭᠰᠠᠨ ᠵᠦᠪ ᠤᠨᠤᠪᠴᠢᠳᠠᠢ | ᠰᠡᠷᠭᠡᠶᠢᠯᠡᠨ ᠡᠵᠡᠮᠳᠡᠬᠦ ᠪᠠ ᠬᠡᠰᠡᠭ ᠲᠠᠯ᠎ᠠ ᠶᠢᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠢ ᠣᠷᠭᠠᠨᠢᠭ ᠢᠶᠠᠷ ᠤᠶᠠᠯᠳᠤᠭᠤᠯᠬᠤ ᠶᠢ ᠠᠬᠢᠭᠤᠯᠵᠦ᠂《ᠳᠥᠷᠪᠡᠨ | ᠲᠠᠯ᠎ᠠ ᠶᠢᠨ ᠬᠠᠷᠢᠭᠤᠴᠠᠯᠭ᠎ᠠ》⑥ ᠶᠢ ᠪᠣᠳᠠᠲᠠᠶᠢᠵᠢᠭᠤᠯᠤᠨ᠂《ᠲᠦᠷᠪᠡ ᠶᠢ ᠡᠷᠳᠡ ᠠᠴᠠ 》⑦ ᠭᠡᠬᠦ ᠠᠵᠢᠯ ᠤᠨ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠬᠥᠮᠦᠨ ᠢᠶᠠᠷ ᠰᠡᠷᠭᠡᠶᠢᠯᠡᠬᠦ᠂ ᠪᠣᠳᠠᠰ ᠢᠶᠠᠷ ᠰᠡᠷᠭᠡᠶᠢᠯᠡᠬᠦ᠂ ᠮᠡᠷᠭᠡᠵᠢᠯ ᠢᠶᠠᠷ ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠂ ᠣᠯᠠᠨ ᠲᠠᠯ᠎ᠠ ᠳᠤ | ᠡᠬᠦᠰᠬᠦ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠲᠠᠪᠳᠠᠮᠵᠢ ᠶᠢ ᠨᠡᠮᠡᠭᠳᠡᠭᠦᠯᠵᠦ᠂《ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ᠂ | ᠣᠯᠠᠨ ᠢᠶᠠᠷ ᠢᠶᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ 》ᠰᠢᠰᠲ᠋ᠧᠮᠵᠢ ᠶᠢ ᠪᠠᠶᠢᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠠᠭᠠᠯᠠᠯᠲᠠ ᠶᠢᠨ | ᠱᠤᠭᠤᠮ ᠢ ᠪᠠᠬᠢᠵᠢᠭᠦᠯᠦᠨ᠎ᠡ᠃ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ ᠵᠠᠰᠠᠭ ᠤᠨ ᠣᠷᠳᠣᠨ ᠤ ᠥᠷᠢ ᠥᠭᠴᠡᠭᠡ ᠶᠢᠨ | ᠬᠠᠮᠢᠶᠠᠷᠤᠯᠲᠠ ᠶᠢ ᠲᠡᠭᠦᠯᠳᠡᠷᠵᠢᠭᠦᠯᠦᠨ᠂ ᠲᠠᠯᠳᠠ ᠥᠷᠢ ᠥᠭᠴᠡᠭᠡ ᠶᠢᠨ ᠠᠶᠤᠯ ᠲᠦᠭᠰᠢᠭᠦᠷᠢ ᠶᠢ ᠡᠷᠡᠰ ᠬᠤᠷᠢᠭᠯᠠᠵᠦ᠂ ᠬᠠᠤᠯᠢ ᠲᠣᠭᠲᠠᠭᠠᠯ ᠢ ᠵᠥᠷᠢᠴᠡᠭᠰᠡᠨ | ᠮᠥᠩᠭᠦᠨ ᠭᠦᠢᠯᠭᠡᠭᠡᠨ ᠤ ᠠᠵᠢᠯᠯᠠᠭ᠎ᠠ ᠳᠤ ᠴᠢᠩᠭ᠎ᠠ ᠴᠣᠬᠢᠯᠲᠠ ᠦᠭᠴᠦ᠂ ᠮᠥᠩᠭᠦᠨ ᠭᠦᠢᠯᠭᠡᠭᠡᠨ ᠤ ᠠᠮᠤᠷ ᠲᠦᠪᠰᠢᠨ ᠢ ᠬᠠᠮᠠᠭᠠᠯᠠᠨ᠎ᠠ᠃ ᠠᠶᠤᠯᠭᠦᠢ | ᠦᠢᠯᠡᠳᠪᠦᠷᠢᠯᠡᠯ ᠤᠨ ᠦᠨᠳᠦᠰᠦᠨ ᠪᠠᠶᠢᠳᠠᠯ ᠢ ᠪᠠᠲᠤ ᠰᠠᠬᠢᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ | ᠂ ᠠᠶᠤᠯᠭᠦᠢ ᠦᠢᠯᠡᠳᠪᠦᠷᠢᠯᠡᠯ ᠤᠨ ᠬᠠᠤᠯᠢ ᠬᠡᠷᠡᠭᠵᠢᠭᠦᠯᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ︔ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠵᠤ | ᠂ ᠢᠳᠡᠭᠡᠨ ᠡᠮ ᠤᠨ ᠵᠦᠢᠯᠡᠰ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠤᠯᠠᠨ ᠲᠦᠮᠡᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ | ᠬᠠᠮᠠᠭᠠᠯᠠᠨ᠎ᠠ᠃ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠣᠭᠲᠠᠴᠠ ᠶᠢᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ᠬᠤᠰᠢᠭᠤ᠂ ᠰᠤᠮᠤ ᠪᠠᠯᠭᠠᠰᠤ᠂ | ᠭᠠᠴᠠᠭ᠎ᠠ ᠨᠡᠶᠢᠭᠡᠮ ᠲᠣᠭᠤᠷᠢᠭ ᠭᠤᠷᠪᠠᠨ ᠱᠠᠲᠤᠨ ᠤ ᠭᠠᠮᠰᠢᠭ ᠠᠴᠠ ᠠᠪᠤᠷᠬᠠᠤ ᠡᠳ᠋ ᠪᠣᠳᠠᠰ ᠤᠨ ᠨᠥᠭᠡᠴᠡᠯᠡᠬᠦ ᠰᠢᠰᠲ᠋ᠧᠮᠵᠢ ᠶᠢ ᠲᠡᠭᠦᠯᠳᠡᠷᠵᠢᠭᠦᠯᠦᠨ᠂ ᠨᠢᠭᠡᠳᠦᠯᠲᠡᠶ | ᠵᠢᠯᠣᠭᠤᠳᠬᠤ᠂ ᠲᠤᠰᠬᠠᠯ ᠲᠦᠷᠭᠡᠨ᠂ ᠵᠣᠬᠢᠴᠠᠩᠭᠤᠶ ᠪᠥᠭᠡᠳ ᠡᠮᠬᠢ ᠵᠢᠷᠤᠮ ᠲᠠᠢ᠂ ᠥᠨᠳᠥᠷ ᠦᠷ᠎ᠡ ᠪᠦᠲᠦᠮᠵᠢᠲᠡᠶ ᠠᠵᠢᠯ ᠤᠨ ᠲᠣᠭᠲᠠᠴᠠ ᠶᠢ ᠪᠠᠶᠢᠭᠤᠯᠤᠨ᠎ᠠ᠃ | ᠠᠩᠬᠠᠳᠤᠭᠠᠷ ᠤᠳᠠᠭᠠᠨ ᠤ ᠪᠦᠬᠦ ᠤᠯᠤᠰ ᠤᠨ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ | ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠭᠠᠮᠰᠢᠭ ᠢ ᠶᠡᠷᠦᠩᠬᠡᠶᠢᠯᠡᠨ ᠪᠠᠭᠠᠰᠬᠠᠬᠤ ᠵᠢᠱᠢᠶ᠎ᠡ ᠦᠵᠡᠭᠦᠯᠬᠦ ᠲᠤᠭᠤᠷᠢᠭ ᠢ ᠡᠬᠦᠳᠤᠨ᠎ᠡ᠃ ᠨᠡᠶᠢᠭᠡᠮ ᠤᠨ ᠡᠶ᠎ᠡ | ᠵᠤᠬᠢᠴᠠᠩᠭᠤᠢ ᠲᠣᠭᠲᠠᠭᠤᠨ ᠢ ᠬᠠᠮᠠᠭᠠᠯᠠᠨ᠎ᠠ᠃ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠦᠭᠵᠢᠬᠦᠯᠵᠦ᠂ ᠵᠥᠷᠢᠴᠡᠯ | ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠬᠤ ᠪᠠ ᠳᠠᠷᠤᠭᠳᠠᠮᠠᠯ ᠬᠡᠷᠡᠭ ᠢ ᠰᠢᠢᠤᠨᠪᠤᠷᠢᠯᠡᠬᠦ ᠠᠵᠢᠯ ᠢ ᠴᠢᠩᠭᠠᠳᠬᠠᠵᠤ᠂ ᠵᠠᠬᠢᠳᠠᠯ ᠰᠤᠷᠪᠤᠯᠵᠢᠯᠠᠯ ᠤᠨ ᠠᠷᠭ᠎ᠠ ᠵᠠᠮ ᠢ | ᠤᠯᠠᠮ ᠨᠢᠭᠡ ᠠᠯᠬᠤᠮ ᠰᠢᠯᠤᠭᠤᠤᠨᠬᠠᠵᠤ᠂ ᠡᠯ᠎ᠡ ᠲᠦᠷᠦᠯ ᠤᠨ ᠵᠠᠬᠢᠳᠠᠯ ᠰᠤᠷᠪᠤᠯᠵᠢᠯᠠᠯ ᠤᠨ ᠭᠡᠨᠡᠳᠲᠡ ᠶᠢᠨ ᠬᠡᠷᠡᠭ ᠢ ᠪᠦᠲᠦᠮᠵᠢᠲᠡᠶ ᠪᠠᠷ ᠰᠢᠢᠤᠨᠪᠤᠷᠢᠯᠡᠨ᠎ᠡ᠃ | ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠬᠤ ᠪᠠ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠵᠤ᠂ ᠬᠦᠳᠡᠯᠮᠤᠷᠢ ᠴᠠᠯᠢᠩ ᠤᠨ ᠵᠢᠭᠤᠷᠠᠯᠳᠤᠭᠠᠨ ᠤ | ᠵᠥᠷᠢᠴᠡᠯ ᠢ ᠪᠠᠶᠢᠩᠭᠤ ᠶᠢᠨ ᠴᠢᠨᠠᠷᠲᠠᠶ ᠪᠠᠷ ᠵᠢᠭᠰᠠᠭᠠᠨ ᠪᠠᠶᠢᠴᠠᠭᠠᠬᠤ ᠪᠠ ᠬᠥᠳᠡᠯᠦᠩᠭᠦᠶ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ | ᠲᠡᠭᠦᠯᠳᠡᠷᠵᠢᠭᠦᠯᠵᠦ᠂ ᠬᠥᠳᠡᠯᠮᠦᠷᠢ ᠶᠢᠨ ᠬᠠᠷᠢᠴᠠᠭ᠎ᠠ ᠶᠢᠨ ᠬᠠᠮᠳᠤᠯᠢᠭ ᠤᠨ ᠴᠢᠨᠠᠷᠳᠠᠢ ᠬᠡᠷᠡᠭ ᠢ ᠠᠷᠭᠠᠴᠠᠨ ᠰᠢᠢᠳᠪᠦᠷᠢᠯᠡᠬᠦ ᠲᠦᠷᠢᠮ ᠢ ᠲᠡᠭᠦᠯᠳᠡᠷᠵᠢᠭᠦᠯᠵᠦ᠂ | ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ ᠠᠮᠤᠷ ᠠᠮᠤᠭᠤᠯᠠᠩ ᠬᠠᠭᠤᠴᠢᠨ ᠪᠠᠷᠭᠤ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ | ᠣᠯᠠᠨ ᠨᠡᠶᠢᠲᠡ ᠶᠢᠨ ᠠᠮᠤᠷ ᠲᠦᠪᠰᠢᠨ ᠤ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠶᠢ ᠴᠢᠩᠭᠠᠳᠬᠠᠨ᠂ ︽ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ︾ | ᠲᠡᠮᠡᠴᠡᠯ ᠤᠨ ᠪᠠᠶᠢᠩᠭᠤᠵᠢᠯᠳᠠ ᠶᠢ ᠠᠬᠢᠭᠤᠯᠵᠦ᠂ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠦᠨᠳᠤ ᠴᠣᠬᠢᠯᠲᠠ ᠥᠭᠬᠦ ᠪᠠ ᠵᠠᠯᠬᠠᠭᠠᠨ ᠰᠢᠳᠬᠡᠵᠦ᠂ | ᠨᠡᠶᠢᠭᠡᠮ ᠤᠨ ᠡᠶ᠎ᠡ ᠵᠤᠬᠢᠴᠠᠩᠭᠤᠢ ᠲᠣᠭᠲᠠᠭᠤᠨ ᠪᠠᠶᠢᠬᠤ ᠶᠢ ᠪᠠᠲᠤᠯᠠᠨ᠎ᠠ᠃ | ᠭᠤᠷᠪᠠ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠤᠨᠬᠠᠨ᠎ᠠ | ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠪᠢᠳᠡ ᠡᠷᠬᠡᠪᠰᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠲᠡᠷᠢᠭᠦᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠨ᠂ ︽ | ᠳᠥᠷᠪᠡᠨ ᠤᠬᠠᠮᠰᠠᠷ︾ ᠢ ᠴᠢᠩᠭᠠᠳᠬᠠᠵᠤ᠂ ︽ᠳᠥᠷᠪᠡᠨ ᠢᠲᠡᠭᠡᠯ︾ ᠢ ᠪᠠᠲᠤᠳᠬᠠᠨ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠤᠯᠤᠰ ᠲᠥᠷᠥ ᠶᠢ | ᠡᠷᠬᠢᠮᠯᠡᠬᠦ ᠦᠨᠳᠤᠷᠴᠡ ᠠᠴᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠲᠥᠯᠥᠪᠵᠢᠭᠦᠯᠦᠨ ᠠᠬᠢᠭᠤᠯᠬᠤ ᠶᠢ ᠪᠠᠷᠢᠮᠲᠠᠯᠠᠨ᠂ ᠤᠪᠤᠷ ᠰᠤᠷᠲᠠᠯ ᠢᠶᠠᠨ ᠦᠷᠭᠦᠯᠵᠢᠯᠡᠨ | ᠰᠠᠶᠢᠵᠢᠷᠠᠭᠤᠯᠤᠨ᠂ ᠡᠭᠦᠷᠭᠡ ᠴᠢᠳᠠᠪᠤᠷᠢ ᠪᠠᠨ ᠬᠤᠪᠢᠷᠠᠭᠤᠯᠵᠤ᠂ ᠦᠷ᠎ᠡ ᠪᠦᠲᠦᠮᠵᠢ ᠪᠠᠨ ᠳᠡᠭᠡᠭᠰᠢᠯᠡᠭᠦᠯᠦᠨ᠂ ᠠᠷᠠᠳ ᠲᠦᠮᠡᠨ ᠤ ᠰᠡᠳᠬᠢᠯ ᠬᠠᠨᠤᠮᠵᠢᠲᠠᠶ ᠵᠠᠰᠠᠭ ᠤᠨ | ᠣᠷᠳᠣᠨ ᠢ ᠴᠢᠷᠮᠠᠶᠢᠨ ᠡᠬᠦᠳᠤᠨ᠎ᠡ᠃ | ︵ᠨᠢᠭᠡ︶ ᠤᠯᠤᠰ ᠲᠥᠷᠥ ᠪᠠᠷ ᠬᠥᠲᠥᠯᠦᠨ ᠳᠠᠭᠠᠭᠤᠯᠬᠤ ᠶᠢ ᠴᠢᠩᠭᠠᠷᠠᠭᠤᠯᠤᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠤᠨ | ᠲᠤᠬᠠᠶ ᠴᠢᠬᠤᠯᠠ ᠶᠠᠷᠢᠶ᠎ᠠ ᠴᠢᠬᠤᠯᠨ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠨ ᠨᠠᠶᠢᠳᠠᠪᠤᠷᠢᠵᠢᠭᠤᠯᠵᠤ᠂ ᠨᠠᠮ ᠤᠨ | ᠤᠳᠤᠷᠢᠳᠤᠯᠭ᠎ᠠ ᠶᠢ ᠵᠠᠰᠠᠭ ᠤᠨ ᠤᠷᠳᠤᠨ ᠤ ᠪᠦᠬᠦ ᠶᠠᠪᠤᠴᠠ ᠳᠤ ᠲᠤᠭᠤᠰᠢᠯᠠᠭᠤᠯᠵᠦ᠂ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ | ᠲᠠᠰᠤᠷᠠᠯᠲᠠ ᠥᠬᠡᠶ ᠪᠠᠬᠢᠵᠢᠭᠦᠯᠦᠨ᠂ ᠪᠠᠶᠢᠩᠭᠤᠵᠢᠭᠰᠠᠨ᠂ ᠣᠷᠳᠣ ᠬᠤᠭᠤᠴᠠᠭᠠᠨ ᠤ ᠪᠦᠲᠦᠮᠵᠢᠲᠡᠶ ᠲᠦᠷᠢᠮ ᠤᠨ ᠲᠣᠭᠲᠠᠴᠠ ᠶᠢ ᠪᠠᠶᠢᠭᠤᠯᠤᠨ᠂ ᠵᠠᠰᠠᠭ ᠤᠨ | ᠣᠷᠳᠣᠨ ᠤ ᠰᠢᠰᠲ᠋ᠧᠮ ᠤᠨ ︽ᠦᠵᠡᠯᠲᠡ ᠪᠠᠨ ᠬᠤᠪᠢᠷᠠᠭᠤᠯᠤᠨ ᠰᠤᠷᠲᠠᠯ ᠢᠶᠠᠨ ᠴᠢᠩᠭᠠᠳᠬᠠᠵᠤ᠂ ᠨᠠᠶᠢᠳᠠᠪᠤᠷᠢᠵᠢᠭᠤᠯᠤᠯᠲᠠ ᠶᠢ ᠴᠢᠬᠤᠯᠠᠴᠢᠯᠠᠵᠤ ᠣᠷᠴᠢᠨ | ᠲᠣᠭᠤᠷᠢᠨ ᠢ ᠰᠢᠯᠢᠳᠡᠭᠵᠢᠭᠦᠯᠬᠦ︾ ᠶᠡᠭᠡ ᠰᠤᠷᠤᠯᠴᠠᠯᠭ᠎ᠠ ᠶᠡᠭᠡ ᠶᠠᠷᠢᠯᠴᠠᠭᠠᠨ ᠤ ᠠᠵᠢᠯᠯᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠤᠨ᠎ᠠ᠃ | ᠤᠯᠤᠰ ᠲᠦᠷᠦ ᠵᠤᠭᠰᠤᠴᠠ ᠠᠴᠠ ᠠᠰᠠᠭᠤᠳᠠᠯ ᠢ ᠦᠵᠡᠬᠦ ᠶᠢ ᠪᠠᠷᠢᠮᠲᠠᠯᠠᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ | ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ | ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠪᠠᠲᠤᠯᠨᠨᠠ᠃ | ︵ᠬᠤᠶᠠᠷ︶ ᠬᠠᠤᠯᠢ ᠪᠠᠷ ᠵᠠᠰᠠᠬᠤ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠨ᠎ᠠ᠃ ᠲᠤᠰᠢᠶᠠᠯ ᠬᠠᠷᠢᠭᠤᠴᠠᠯᠭ᠎ᠠ ᠲᠣᠳᠣᠷᠬᠠᠶ᠂ ᠬᠠᠤᠯᠢ ᠶᠣᠰᠣᠭᠠᠷ | ᠵᠠᠰᠠᠭ ᠶᠠᠪᠤᠭᠤᠯᠬᠤ ᠵᠠᠰᠠᠭ ᠤᠨ ᠣᠷᠳᠣᠨ ᠤ ᠵᠠᠰᠠᠯᠲᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢᠨ | ᠲᠣᠭᠲᠠᠴᠠ ᠶᠢ ᠲᠡᠭᠦᠯᠳᠡᠷᠵᠢᠭᠦᠯᠦᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠠᠰᠤ ᠴᠢᠨᠠᠷ ᠪᠠ ᠦᠢᠯᠡᠳᠦᠯ ᠴᠢᠳᠠᠪᠤᠷᠢ ᠶᠢ ᠶᠡᠬᠡᠪᠡᠷ ᠳᠡᠭᠡᠭᠰᠢᠯᠡᠭᠦᠯᠵᠦ᠂ | ᠵᠠᠰᠠᠭ ᠤᠨ ᠣᠷᠳᠣᠨ ᠤ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠ ᠬᠠᠤᠯᠢ ᠶᠣᠰᠣᠭᠠᠷ ᠵᠠᠰᠠᠭ ᠶᠠᠪᠤᠭᠤᠯᠬᠤ ᠬᠢᠷᠢ | ᠬᠡᠮᠵᠢᠶ᠎ᠡ ᠶᠢ ᠴᠢᠷᠮᠠᠶᠢᠨ ᠳᠡᠭᠡᠭᠰᠢᠯᠡᠭᠦᠯᠦᠨ᠎ᠡ᠃《ᠨᠠᠢᠮᠠ ᠲᠠᠪᠤ》ᠬᠠᠤᠯᠢ ᠲᠦᠭᠡᠮᠡᠯᠵᠢᠭᠦᠯᠬᠦ ᠠᠵᠢᠯ ᠢ ᠭᠦᠨᠵᠡᠭᠡᠶ ᠥᠷᠨᠢᠭᠦᠯᠬᠦ ᠶᠢ ᠲᠦᠯᠬᠢᠨ ᠠᠬᠢᠭᠤᠯᠵᠤ᠂ ᠠᠷᠠᠳ | ᠢᠷᠭᠡᠳ ᠤᠨ ᠬᠠᠤᠯᠢ ᠪᠠᠷ ᠵᠠᠰᠠᠬᠤ ᠬᠡᠪ ᠪᠣᠯᠪᠠᠰᠤᠷᠠᠯ ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ | ᠴᠠᠭᠠᠵᠠ ᠶᠢᠨ ᠬᠢᠨᠠᠯᠲᠠ ᠪᠠ ᠠᠵᠢᠯ ᠤᠨ ᠬᠢᠨᠠᠯᠲᠠ ᠶᠢ ᠬᠠᠤᠯᠢ ᠶᠣᠰᠣᠭᠠᠷ ᠬᠦᠯᠢᠶᠡᠵᠦ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ | ᠤᠬᠠᠮᠰᠠᠷ ᠠᠴᠠ ᠪᠠᠨ ᠬᠦᠯᠢᠶᠡᠵᠦ᠂ ᠨᠡᠶᠢᠭᠡᠮ ᠤᠨ ᠡᠯ᠎ᠡ ᠡᠲᠡᠭᠡᠳ ᠤᠨ ᠬᠢᠨᠠᠯᠳᠡ ᠶᠢ ᠤᠬᠠᠮᠰᠠᠷ ᠠᠴᠠ ᠪᠠᠨ ᠬᠦᠯᠢᠶᠡᠨ᠎ᠡ᠃ ᠴᠢᠬᠤᠯᠠ ᠶᠡᠭᠡ ᠵᠠᠰᠠᠭ ᠵᠠᠬᠢᠷᠭᠠᠨ ᠤ | ᠰᠢᠢᠤᠨᠪᠤᠷᠢᠳᠤ ᠪᠣᠳᠣᠯᠭ᠎ᠠ ᠶᠢᠨ ᠶᠠᠪᠤᠴᠠ ᠶᠢᠨ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠬᠠᠤᠯᠢ ᠴᠠᠭᠠᠵᠠ ᠶᠢᠨ ᠵᠥᠪᠯᠡᠭᠴᠢ ᠶᠢᠨ ᠪᠦᠯᠬᠦᠮ ᠤᠨ ᠦᠢᠯᠡᠳᠤᠯ ᠢ | ᠪᠠᠳᠠᠷᠠᠭᠤᠯᠤᠨ᠂ ᠰᠢᠨᠵᠢᠯᠡᠬᠦ ᠤᠬᠠᠭᠠᠨᠴᠢ᠂ ᠠᠷᠠᠤᠨᠴᠢᠯᠠᠭᠰᠠᠨ᠂ ᠬᠠᠤᠯᠢ ᠶᠤᠰᠤᠨ ᠤ ᠰᠢᠢᠤᠨᠪᠤᠷᠢᠳᠤ ᠪᠣᠳᠣᠯᠭ᠎ᠠ ᠲᠣᠭᠲᠠᠭᠠᠬᠤ ᠶᠢ ᠪᠠᠲᠤᠯᠠᠨ᠎ᠠ᠃ ᠵᠠᠰᠠᠭ ᠤᠨ | ᠶᠠᠪᠤᠳᠠᠯ ᠢ ᠢᠯᠡ ᠪᠣᠯᠭᠠᠬᠤ ᠪᠠᠷᠢᠮᠵᠢᠶᠠᠵᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠪᠦᠳᠤᠮᠵᠢᠳᠠᠢ ᠲᠦᠷᠢᠮᠵᠢᠭᠰᠡᠨ ᠢᠯᠡ ᠲᠤᠳᠤ ᠵᠠᠰᠠᠭ ᠤᠨ | ᠣᠷᠳᠣᠨ ᠢ ᠡᠬᠦᠳᠤᠨ᠎ᠡ᠃ | ︵ᠭᠤᠷᠪᠠ︶ ᠤᠯᠠᠨ ᠲᠦᠮᠡᠨᠴᠢ ᠱᠤᠭᠤᠮ ᠢ ᠦᠢᠯᠡᠳᠦᠯᠭᠡᠵᠢᠭᠦᠯᠦᠨ᠎ᠡ᠃ ᠠᠷᠠᠳ ᠲᠦᠮᠡᠨ ᠢᠶᠠᠷ ᠭᠤᠣᠯ ᠪᠣᠯᠭᠠᠬᠤ ᠬᠦᠭᠵᠢᠯᠳᠡ ᠶᠢᠨ ᠦᠵᠡᠯ | ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠠᠷᠠᠳ ᠤᠨ ᠲᠥᠯᠥᠭᠡ ᠵᠢᠳᠬᠦᠬᠦ ᠦᠨᠡᠨᠴᠢ ᠪᠣᠷᠣᠭᠵᠢᠭᠤᠨ ᠬᠠᠶᠢᠷ᠎ᠠ ᠰᠡᠳᠬᠢᠯᠭᠡ ᠶᠢ ᠢᠮᠠᠭᠲᠠ ᠪᠠᠷᠢᠮᠲᠠᠯᠠᠵᠤ᠂ | ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠤᠨ ᠳᠤᠲᠠᠭᠤᠳᠠᠯ ᠢ ᠨᠥᠬᠦᠪᠥᠷᠢᠯᠡᠬᠦ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠠᠬᠢᠭᠤᠯᠬᠤ ᠶᠢ | ᠪᠠᠷᠢᠮᠳᠠᠯᠠᠵᠤ᠂ ᠠᠵᠤ ᠠᠬᠤᠶ ᠶᠢᠨ ᠶᠡᠷᠦᠩᠬᠡᠶ ᠬᠡᠮᠵᠢᠶ᠎ᠡ᠂ ᠡᠳ᠋ ᠤᠨ ᠵᠠᠰᠠᠭ ᠤᠨ ᠭᠠᠶᠢᠯᠢ ᠶᠢᠨ ᠨᠡᠮᠡᠭᠳᠡᠯ ᠢ ᠦᠨᠳᠤᠰᠤᠳᠡᠨ ᠨᠦᠭᠦᠳ ᠤᠨ ᠤᠯᠠᠨ ᠲᠦᠮᠡᠨ ᠤ | ᠠᠮᠢᠳᠤᠷᠠᠯ ᠤᠨ ᠴᠢᠨᠠᠷ ᠴᠢᠨᠰᠠᠭ᠎ᠠ ᠶᠢ ᠲᠡᠭᠡᠭᠰᠢᠯᠡᠬᠦᠯᠬᠦ ᠳᠤ ᠬᠡᠷᠩᠯᠡᠨ᠎ᠡ᠃ ᠠᠷᠠᠳ ᠤᠨ ᠰᠠᠨᠠᠯ ᠢ ᠰᠣᠨᠣᠰᠬᠤ᠂ ᠠᠷᠠᠳ ᠤᠨ ᠤᠶᠤᠨ ᠤᠬᠠᠭᠠᠨ ᠢ ᠲᠥᠪᠯᠡᠷᠡᠭᠦᠯᠬᠦ᠂ | ᠠᠷᠠᠳ ᠤᠨ ᠵᠣᠪᠠᠨᠢᠯ ᠢ ᠰᠢᠢᠳᠪᠦᠷᠢᠯᠡᠬᠦ ᠶᠢ ᠦᠨᠡᠨᠬᠦ ᠪᠡᠶᠡᠯᠡᠭᠦᠯᠵᠦ᠂ ᠠᠷᠠᠤᠨ ᠢᠷᠭᠡᠤᠨ ᠤᠨ ᠬᠠᠮᠤᠭ ᠤᠨ ᠬᠦᠰᠡᠵᠦ ᠪᠠᠶᠢᠭ᠎ᠠ᠂ ᠬᠠᠮᠤᠭ ᠤᠨ ᠬᠦᠴᠢᠷᠲᠡᠶ᠂ | ᠬᠠᠮᠤᠭ ᠤᠨ ᠪᠠᠴᠢᠮ ᠪᠠᠶᠢᠭ᠎ᠠ ᠨᠢᠭᠡ ᠪᠦᠯᠦᠭ ᠠᠰᠠᠭᠤᠳᠠᠯ ᠢ ᠬᠦᠴᠤᠯᠡᠨ ᠰᠢᠢᠤᠨᠪᠤᠷᠢᠯᠡᠵᠦ᠂ ᠦᠨᠳᠤᠰᠤᠳᠡᠨ ᠨᠦᠭᠦᠳ ᠤᠨ ᠤᠯᠠᠨ ᠲᠦᠮᠡᠨ ᠤ ᠬᠠᠨᠤᠮᠵᠶ ᠶᠢᠨ | ᠬᠡᠮᠵᠢᠶ᠎ᠡ ᠪᠠᠷ ᠵᠠᠰᠠᠭ ᠤᠨ ᠣᠷᠳᠣᠨ ᠤ ᠠᠵᠢᠯ ᠤᠨ ᠦᠷ᠎ᠡ ᠪᠦᠲᠦᠮᠵᠢ ᠶᠢ ᠰᠢᠯᠭᠠᠬᠤ ᠪᠠᠷᠢᠮᠵᠢᠶ᠎ᠡ ᠪᠤᠯᠭᠠᠨ᠎ᠠ᠃ | ︵ᠳᠥᠷᠪᠡ︶ ᠪᠣᠳᠠᠲᠠᠶ ᠶᠢ ᠡᠷᠬᠢᠮᠯᠡᠨ ᠦᠷ᠎ᠡ ᠪᠦᠲᠦᠮᠵᠢ ᠤᠯᠬᠤ ᠶᠢ ᠴᠢᠩᠭᠠᠳᠬᠠᠨ᠎ᠠ᠃ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ | ᠠᠵᠢᠯ ᠤᠨ ᠵᠢᠷᠤᠭ ᠲᠦᠯᠤᠪᠯᠡᠭᠡ᠂ ᠴᠠᠭ ᠤᠨ ᠬᠦᠰᠦᠨᠦᠭᠲᠦ ᠪᠠ ᠡᠭᠦᠷᠭᠡ ᠶᠢ ᠲᠤᠳᠤᠷᠬᠠᠶᠢᠯᠠᠵᠤ᠂ ᠡᠭᠦᠷᠭᠡ ᠶᠢᠨ ᠨᠠᠷᠢᠨ ᠲᠠᠩᠰᠠ ᠪᠠ ᠴᠠᠭ ᠤᠨ ᠬᠢᠵᠠᠭᠠᠷᠯᠠᠯ ᠤᠨ | ᠬᠠᠮᠢᠶᠠᠷᠤᠯᠲᠠ ᠶᠢ ᠴᠢᠩᠭ᠎ᠠ ᠬᠡᠷᠡᠭᠵᠢᠭᠦᠯᠦᠨ᠂ ᠡᠭᠦᠷᠭᠡ ᠲᠣᠳᠣᠷᠬᠠᠶ᠂ ᠠᠵᠢᠯ ᠤᠨ ᠬᠤᠪᠢᠶᠠᠷᠢᠯᠠᠯ ᠪᠣᠳᠠᠲᠠᠶ᠂ ᠬᠠᠷᠢᠭᠤᠴᠠᠯᠭ᠎ᠠ ᠶᠢ ᠬᠥᠮᠦᠨ ᠳᠤ ᠨᠠᠶᠢᠳᠠᠪᠤᠷᠢᠵᠢᠭᠤᠯᠵᠤ᠂ | ᠪᠣᠳᠠᠲᠠᠶ ᠶᠢ ᠡᠷᠬᠢᠮᠯᠡᠭᠰᠡᠨ ᠥᠨᠳᠥᠷ ᠪᠦᠲᠦᠮᠵᠢᠲᠡᠶ ᠠᠵᠢᠯ ᠤᠨ ᠪᠠᠶᠢᠳᠠᠯ ᠢ ᠪᠣᠶ ᠪᠣᠯᠭᠠᠨ᠎ᠠ᠃ ᠲᠤᠰᠢᠶᠠᠯ ᠬᠠᠷᠢᠭᠤᠴᠠᠯᠭ᠎ᠠ ᠪᠠᠨ ᠴᠢᠷᠮᠠᠶᠢᠨ ᠭᠦᠢᠴᠡᠳᠬᠡᠵᠦ᠂ | ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ ᠰᠤᠷᠲᠠᠯ ᠪᠠ ︽ᠬᠠᠳᠠᠭᠠᠰᠤ ᠬᠠᠳᠠᠬᠤ︾ ᠵᠣᠷᠢᠭ ᠰᠠᠨᠠᠭ᠎ᠠ ᠪᠠᠷ᠂ | ᠢᠲᠡᠭᠡᠯ ᠵᠣᠷᠢᠭ ᠢᠶᠠᠨ ᠪᠠᠲᠤᠳᠬᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠬᠠᠷᠢᠭᠤᠴᠠᠯᠭ᠎ᠠ ᠡᠭᠦᠷᠭᠡᠯᠡᠵᠦ ᠬᠠᠷᠢᠭᠤᠴᠠᠯᠭ᠎ᠠ ᠪᠠᠨ | ᠭᠦᠢᠴᠡᠳᠬᠡᠬᠦ᠂ ᠠᠵᠢᠯ ᠬᠢᠵᠦ ᠦᠢᠯᠡᠰ ᠪᠤᠰᠬᠠᠬᠤ ᠢᠳᠡᠪᠬᠢ ᠬᠦᠴᠦᠨ ᠢ ᠦᠨᠡᠨᠬᠦ ᠪᠠᠳᠠᠷᠠᠭᠤᠯᠤᠨ᠎ᠠ᠃ ᠱᠠᠭᠠᠷᠳᠠᠨ ᠪᠠᠶᠢᠴᠠᠭᠠᠬᠤ ᠥᠷᠭᠡᠴᠡ ᠭᠦᠨᠴᠡ ᠶᠢ | ᠥᠷᠭᠡᠳᠬᠡᠵᠦ᠂ ᠠᠵᠢᠯ ᠤᠨ ᠦᠷ᠎ᠡ ᠪᠦᠲᠦᠮᠵᠢ ᠶᠢ ᠦᠨᠡᠨᠬᠦ ᠪᠠᠲᠤᠯᠠᠨ᠎ᠠ᠃ | ︵ᠲᠠᠪᠤ︶ ᠠᠷᠢᠭᠤᠨ ᠴᠢᠬᠡᠴᠢ ᠪᠠᠷ ᠵᠠᠰᠠᠭ ᠪᠠᠷᠢᠬᠤ ᠶᠢ ᠪᠠᠷᠢᠮᠲᠠᠯᠠᠨ᠎ᠠ᠃ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ | ᠵᠠᠰᠠᠭ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠲᠥᠪ ᠴᠢᠩᠭ᠎ᠠ ᠪᠣᠯᠭᠠᠵᠤ᠂ | ᠨᠠᠮ ᠤᠨ ᠳᠣᠲᠣᠭᠠᠳᠤ ᠶᠢᠨ ᠬᠢᠨᠠᠯᠲᠠ ᠶᠢ ᠴᠢᠩᠭᠠᠳᠬᠠᠨ᠂ ᠺᠠᠳ᠋ᠷᠴᠤᠳ ᠢ ᠴᠢᠩᠭ᠎ᠠ ᠬᠠᠮᠢᠶᠠᠷᠤᠨ᠎ᠠ᠃ ᠬᠢᠨᠠᠨ ᠪᠤᠳᠤᠯᠳᠡ ᠶᠢᠨ ᠬᠢᠨᠡᠯᠳᠡ ᠶᠢ ᠴᠢᠩᠭᠠᠤᠨᠬᠠᠵᠦ᠂ | ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠵᠠᠩᠭᠢᠯᠠᠭ᠎ᠠ ᠶᠢᠨ ᠠᠵᠢᠯ ᠤᠨ ᠪᠠᠶᠢᠷᠢ ᠶᠢᠨ ᠬᠢᠨᠠᠯᠲᠠ ᠶᠢ ᠴᠢᠩᠭᠠᠳᠬᠠᠨ᠂ ᠡᠷᠬᠡ ᠶᠢᠨ ᠠᠵᠢᠯᠯᠠᠭᠠᠨ ᠢ ᠵᠢᠷᠤᠮᠵᠢᠭᠤᠯᠵᠤ᠂ | ᠲᠦᠷᠢᠮ ᠤᠨ ᠰᠢᠩᠭᠡᠯᠢᠭ ᠢ ᠪᠦᠬᠦ ᠲᠠᠯ᠎ᠠ ᠪᠠᠷ ᠪᠠᠬᠢᠵᠢᠭᠦᠯᠦᠨ᠎ᠡ᠃ ᠲᠥᠪ ᠤᠨ ᠨᠠᠢᠮᠠᠨ ᠵᠤᠷᠪᠤᠰ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ | ᠰᠠᠨᠠᠭ᠎ᠠ ᠶᠢ ᠡᠷᠡᠰ ᠲᠤᠭᠤᠰᠢᠯᠠᠭᠤᠯᠵᠤ᠂ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠬᠤ ᠪᠠᠷ ᠴᠥᠬᠦᠷᠡᠰᠢ ᠦᠭᠡᠢ ᠴᠢᠷᠮᠠᠶᠢᠨ᠎ᠠ᠃ ᠠᠷᠪᠢᠯᠠᠨ | ᠭᠠᠮᠨᠠᠬᠤ ᠶᠢ ᠡᠷᠬᠢᠮᠯᠡᠨ᠂ ᠡᠳ᠋ ᠤᠨ ᠵᠠᠰᠠᠭ ᠤᠨ ᠠᠵᠤ ᠠᠬᠤᠶ ᠶᠢᠨ ᠰᠠᠬᠢᠯᠭ᠎ᠠ ᠪᠠᠲᠤ ᠶᠢ ᠴᠢᠩᠳᠠᠯᠠᠵᠤ᠂ ᠰᠢᠨ᠎ᠡ ᠪᠠᠷ ᠨᠡᠮᠡᠭᠳᠡᠬᠦ ᠣᠷᠣᠨ ᠨᠤᠲᠤᠭ ᠤᠨ ᠵᠠᠰᠠᠭ ᠤᠨ | ᠣᠷᠳᠣᠨ ᠤ ᠲᠠᠯᠳᠠ ᠥᠷᠢ ᠥᠭᠴᠡᠭᠡ ᠶᠢ ᠡᠷᠡᠰ ᠬᠤᠷᠢᠭᠯᠠᠨ᠎ᠠ᠃ ᠴᠢᠬᠡᠴᠢ ᠵᠠᠰᠠᠭ ᠤᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠢᠯᠵᠠᠷᠠᠯ ᠢ | ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠬᠦ ᠠᠵᠢᠯ ᠢ ᠡᠷᠡᠰ ᠭᠤᠶᠢᠪᠢᠰᠢ ᠦᠭᠡᠢ ᠪᠠᠷ ᠲᠦᠯᠬᠢᠨ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ ᠤᠯᠤᠰ | ᠲᠦᠷᠦ ᠶᠢᠨ ᠠᠮᠢ ᠠᠬᠤᠶ ᠶᠢ ᠪᠤᠢ ᠪᠣᠯᠭᠠᠨ᠎ᠠ᠃ | ᠲᠥᠯᠥᠭᠡᠯᠡᠭᠴᠢᠳ ᠡ᠂ ᠰᠢᠨ᠎ᠡ ᠠᠶᠠᠨ ᠨᠢᠭᠡᠨᠲᠡ ᠡᠬᠢᠯᠡᠯ᠎ᠡ᠂ ᠭᠠᠭᠴᠠᠬᠦ ᠴᠢᠷᠮᠠᠶᠢᠨ ᠲᠡᠮᠡᠴᠡᠪᠡᠯ ᠰᠠᠶ᠋ᠢ ᠢᠷᠡᠬᠡᠳᠤᠢ ᠶᠢᠨ ᠠᠮᠵᠢᠯᠳᠡ ᠶᠢ ᠤᠯᠤᠨ᠎ᠠ᠃ ᠪᠢᠳᠡ | ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠬᠤᠲᠠ ᠶᠢᠨ ᠨᠠᠮ ᠤᠨ ᠬᠤᠷᠢᠶ᠎ᠠ | ᠵᠠᠰᠠᠭ ᠤᠨ ᠣᠷᠳᠣᠨ ᠪᠣᠯᠤᠨ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠭᠦ ᠬᠤᠰᠢᠭᠤᠨ ᠤ ᠦᠨᠳᠦᠰᠦᠲᠡᠨ ᠨᠦᠭᠦᠳ ᠤᠨ | ᠤᠯᠠᠨ ᠲᠦᠮᠡᠨ ᠳᠤ ᠲᠦᠰᠢᠭᠯᠡᠨ᠂ ᠴᠠᠭ ᠢ ᠠᠮᠵᠢᠨ ᠰᠢᠢᠤᠨᠪᠤᠷᠢᠳᠤ ᠢᠯᠠᠯᠳᠠ ᠶᠢ ᠤᠯᠬᠤ ᠪᠠᠷ ᠥᠷᠯᠥᠭᠡ ᠦᠳᠡᠰᠢ ᠶᠢ ᠲᠡᠮᠡᠴᠡᠨ ᠡᠷᠡᠯᠬᠡᠭᠯᠡᠨ ᠤᠷᠤᠭᠰᠢᠯᠠᠵᠤ᠂ | ᠦᠵᠡᠰᠬᠦᠯᠡᠩᠲᠦ ᠰᠠᠶᠢᠬᠠᠨ ᠪᠠᠶᠠᠨ ᠲᠠᠩᠰᠤᠭ ᠡᠶ᠎ᠡ ᠵᠤᠬᠢᠴᠠᠩᠭᠤᠢ ᠵᠣᠯ ᠵᠢᠷᠭᠠᠯᠳᠤ ᠬᠠᠭᠤᠴᠢᠨ ᠪᠠᠷᠭᠤ ᠬᠤᠰᠢᠭᠤᠨ ᠤ ᠰᠢᠨ᠎ᠡ ᠬᠠᠭᠤᠳᠠᠰᠤ ᠶᠢ ᠪᠢᠴᠢᠭᠯᠡᠬᠦ ᠪᠠᠷ | ᠴᠢᠷᠮᠠᠶᠢᠨ ᠲᠡᠮᠡᠴᠡᠵᠡᠭᠡᠶ᠎ᠡ︕ | | | | | | | | ᠨᠡᠷᠡᠰ ᠤᠨ ᠲᠠᠶᠢᠯᠪᠤᠷᠢ | 1᠂ ᠵᠢᠷᠭᠤᠭ᠎ᠠ ᠶᠢ ᠲᠤᠭᠳᠠᠪᠤᠷᠢᠵᠢᠭᠤᠯᠬᠤ᠂ ᠵᠢᠷᠭᠤᠭ᠎ᠠ ᠶᠢ ᠪᠠᠳᠤᠯᠠᠬᠤ᠄《ᠵᠢᠷᠭᠤᠭ᠎ᠠ ᠶᠢ ᠲᠤᠭᠳᠠᠪᠤᠷᠢᠵᠢᠭᠤᠯᠬᠤ》ᠭᠡᠳᠡᠭ ᠨᠢ ᠠᠵᠢᠯ ᠣᠯᠭᠤᠯᠲᠠ ᠶᠢ | ᠲᠣᠭᠲᠠᠪᠤᠷᠢᠵᠢᠭᠤᠯᠬᠤ᠂ ᠮᠥᠩᠭᠦᠨ ᠬᠦᠢᠯᠭᠡᠭᠡᠨ ᠢ ᠲᠣᠭᠲᠠᠪᠤᠷᠢᠵᠢᠭᠤᠯᠬᠤ᠂ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠬᠤ᠂ ᠭᠠᠳᠠᠭᠠᠳᠤ ᠪᠡᠯᠡ ᠶᠢ | ᠲᠣᠭᠲᠠᠪᠤᠷᠢᠵᠢᠭᠤᠯᠬᠤ᠂ ᠪᠡᠯᠡ ᠣᠷᠣᠭᠤᠯᠤᠯᠲᠠ ᠶᠢ ᠲᠣᠭᠲᠠᠪᠤᠷᠢᠵᠢᠭᠤᠯᠬᠤ᠂ ᠵᠢᠱᠢᠭᠰᠡᠨ ᠠᠵᠢᠯ ᠢ ᠲᠣᠭᠲᠠᠪᠤᠷᠢᠵᠢᠭᠤᠯᠬᠤ ᠠᠵᠢᠯ ᠢ ᠵᠢᠭᠠᠵᠤ ᠪᠠᠶᠢᠨ᠎ᠠ᠃ ︽ | ᠵᠢᠷᠭᠤᠭ᠎ᠠ ᠶᠢ ᠪᠠᠲᠤᠯᠠᠬᠤ︾ ᠪᠣᠯ ᠲᠤᠰ ᠲᠤᠰ ᠰᠠᠭᠤᠭᠠᠯᠢ ᠠᠷᠠᠳ ᠤᠨ ᠠᠵᠢᠯ ᠣᠯᠭᠤᠯᠲᠠ ᠶᠢ ᠪᠠᠲᠤᠯᠠᠬᠤ᠂ ᠦᠨᠳᠦᠰᠦᠨ ᠠᠷᠠᠳ ᠤᠨ ᠠᠮᠢᠳᠤᠷᠠᠯ ᠢ ᠪᠠᠲᠤᠯᠠᠬᠤ᠂ | ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠠᠲᠤᠯᠠᠬᠤ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ᠂ ᠠᠵᠤ ᠦᠢᠯᠡᠰ ᠬᠡᠯᠬᠢᠶ᠎ᠡ ᠪᠠ ᠬᠠᠩᠭᠠᠯᠭ᠎ᠠ ᠶᠢᠨ | ᠬᠡᠯᠬᠢᠶ᠎ᠡ ᠶᠢᠨ ᠲᠤᠭᠳᠠᠭᠤᠨ ᠢ ᠪᠠᠳᠤᠯᠠᠬᠤ᠂ ᠦᠨᠳᠤᠰᠤᠨ ᠱᠠᠳᠤᠨ ᠤ ᠡᠷᠬᠢᠯᠲᠡ ᠶᠢ ᠪᠠᠲᠤᠯᠠᠬᠤ ᠶᠢ ᠵᠢᠭᠠᠵᠤ ᠪᠠᠶᠢᠨ᠎ᠠ᠃ | 2᠂ ᠭᠤᠷᠪᠠᠨ ᠣᠷᠣᠨ ᠭᠤᠷᠪᠠᠨ ᠱᠤᠭᠤᠮ᠄《ᠭᠤᠷᠪᠠᠨ ᠤᠷᠤᠨ》ᠬᠡᠳᠡᠭ ᠨᠢ᠄ ᠬᠤᠳᠠ ᠪᠠᠯᠭᠠᠰᠤᠨ ᠤ ᠣᠷᠣᠨ ᠵᠠᠶ᠂ ᠲᠠᠷᠢᠶᠠᠯᠠᠩ ᠤᠨ ᠣᠷᠣᠨ ᠵᠠᠶ᠂ | ᠠᠮᠢ ᠠᠬᠤᠶ ᠶᠢᠨ ᠣᠷᠣᠨ ᠵᠠᠶ ᠵᠡᠷᠭᠡ ᠭᠤᠷᠪᠠᠨ ᠲᠥᠷᠥᠯ ᠤᠨ ᠨᠤᠲᠤᠭ ᠳᠡᠪᠢᠰᠬᠡᠷ ᠤᠨ ᠣᠷᠣᠨ ᠵᠠᠶ ᠶᠢ ᠵᠢᠭᠠᠵᠤ ᠪᠠᠶᠢᠨ᠎ᠠ᠃《ᠭᠤᠷᠪᠠᠨ ᠱᠤᠭᠤᠮ》ᠬᠡᠳᠡᠭ ᠨᠢ | ᠲᠤᠰ ᠪᠦᠷᠢ ᠬᠤᠲᠠ ᠪᠠᠯᠭᠠᠰᠤᠨ ᠤ ᠣᠷᠣᠨ ᠵᠠᠶ᠂ ᠲᠠᠷᠢᠶᠠᠯᠠᠩ ᠤᠨ ᠣᠷᠣᠨ ᠵᠠᠶ᠂ ᠠᠮᠢ ᠠᠬᠤᠶ ᠶᠢᠨ ᠣᠷᠣᠨ ᠵᠠᠶ ᠳᠤ ᠬᠤᠪᠢᠶᠠᠷᠢᠯᠠᠨ ᠲᠣᠭᠲᠠᠭᠠᠭᠰᠠᠨ ᠬᠤᠲᠠ | ᠪᠠᠯᠭᠠᠰᠤᠨ ᠤ ᠨᠡᠭᠡᠭᠡᠨ ᠬᠥᠭᠵᠢᠭᠦᠯᠬᠦ ᠵᠠᠭᠠᠭ ᠬᠢᠵᠠᠭᠠᠷ᠂ ᠪᠠᠶᠢᠩᠭᠤ ᠶᠢᠨ ᠦᠨᠳᠦᠰᠦᠨ ᠲᠠᠷᠢᠶᠠᠨ ᠭᠠᠵᠠᠷ᠂ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ | ᠵᠡᠷᠭᠡ ᠭᠤᠷᠪᠠᠨ ᠬᠢᠵᠠᠭᠠᠷᠯᠠᠯ ᠤᠨ ᠱᠤᠭᠤᠮ ᠲᠠᠢ ᠬᠠᠷᠠᠭᠠᠯᠵᠠᠵᠤ ᠪᠠᠶᠢᠨ᠎ᠠ᠃ | 3᠂ ᠮᠦᠩᠬᠡ ᠰᠤᠪᠠᠭ᠂ ᠲᠦᠷᠪᠡ ᠶᠢ ᠬᠦᠢᠴᠡᠤᠨᠬᠡᠬᠦ᠄ ᠨᠢᠭᠡ ᠰᠦᠯᠵᠢᠶᠡᠨ ᠳᠤ ᠬᠦᠢᠴᠡᠤᠨᠬᠡᠬᠦ᠂ ᠭᠠᠷ ᠤᠳᠠᠰᠤ ᠪᠠᠷ ᠬᠦᠢᠴᠡᠤᠨᠬᠡᠬᠦ᠂ ᠨᠢᠭᠡ ᠯᠡ ᠤᠳᠠᠭ᠎ᠠ ᠳᠤ | ᠬᠦᠢᠴᠡᠤᠨᠬᠡᠬᠦ᠂ ᠲᠠᠨ ᠢ ᠬᠠᠪᠰᠤᠷᠤᠨ ᠬᠦᠢᠴᠡᠤᠨᠬᠡᠵᠦ ᠦᠭᠬᠦ ᠶᠢ ᠵᠢᠭᠠᠵᠤ ᠪᠠᠶᠢᠨ᠎ᠠ᠃ | 4᠂ ᠬᠤᠶᠠᠷ ᠰᠢᠨ᠎ᠡ ᠨᠢᠭᠡ ᠴᠢᠬᠤᠯᠠ᠄ ᠰᠢᠨ᠎ᠡ ᠬᠡᠯᠪᠡᠷᠢ ᠶᠢᠨ ᠰᠠᠭᠤᠷᠢ ᠲᠦᠬᠦᠬᠡᠷᠤᠮᠵᠢ ᠶᠢᠨ ᠪᠥᠲᠥᠭᠡᠨ ᠪᠠᠶᠢᠭᠤᠯᠤᠯᠲᠠ᠂ ᠰᠢᠨ᠎ᠡ ᠬᠡᠯᠪᠡᠷᠢ ᠶᠢᠨ ᠬᠤᠲᠠ | ᠪᠠᠯᠭᠠᠰᠤᠵᠢᠯᠲᠠ ᠵᠢᠴᠢ ᠵᠠᠮ ᠬᠠᠷᠢᠯᠴᠠᠭ᠎ᠠ᠂ ᠤᠰᠤᠨ ᠠᠰᠢᠭᠯᠠᠯᠲᠠ ᠵᠡᠷᠭᠡ ᠴᠢᠬᠤᠯᠠ ᠶᠡᠭᠡ ᠢᠨᠵᠧᠨᠧᠷᠢᠩ ᠢ ᠵᠢᠭᠠᠵᠤ ᠪᠠᠶᠢᠨ᠎ᠠ᠃ | 5᠂ DIP ᠵᠠᠷᠤᠳᠠᠯ ᠲᠤᠰᠢᠶᠠᠬᠤ᠄ ᠡᠪᠡᠤᠨᠴᠢᠨ ᠤ ᠲᠦᠷᠤᠯ ᠤᠨ ᠬᠤᠪᠢ ᠶᠢᠨ ᠥᠷᠲᠡᠭ ᠢᠶᠠᠷ ᠵᠠᠷᠤᠳᠠᠯ ᠲᠤᠰᠢᠶᠠᠬᠤ ᠳᠤ᠂ ᠲᠣᠮᠣ ᠳ᠋ᠠᠶᠢᠲ᠋ᠠ ᠪᠠᠷ ᠲᠠᠮᠵᠢᠨ᠂ | ᠡᠪᠡᠤᠨᠴᠢᠨ ᠢ ︽ᠡᠪᠡᠳᠴᠢᠨ ᠢ ᠣᠨᠣᠰᠢᠯᠠᠬᠤ + ᠡᠮᠨᠡᠨ ᠵᠠᠰᠠᠬᠤ ᠠᠷᠭ᠎ᠠ ᠮᠠᠶ᠋ᠢᠭ︾ ᠢᠶᠠᠷ ᠵᠠᠷᠤᠳᠠᠯ ᠲᠤᠰᠢᠶᠠᠬᠤ ᠨᠢᠭᠡᠴᠢ ᠪᠣᠯᠭᠠᠵᠤ᠂ ᠡᠮ ᠡᠮᠨᠡᠯᠭᠡ ᠶᠢᠨ | ᠳᠠᠭᠠᠳᠬᠠᠯ ᠤᠨ ᠰᠠᠯᠠᠭ᠎ᠠ ᠮᠥᠴᠢᠷ ᠵᠢᠯ ᠪᠦᠷᠢ ᠶᠢᠨ ᠲᠤᠰᠢᠶᠠᠬᠤ ᠶᠤᠰᠤᠳᠠᠢ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠶᠡᠷᠦᠩᠬᠡᠶ ᠲᠤᠭ᠎ᠠ ᠶᠢ | ᠦᠨᠳᠦᠰᠦᠯᠡᠨ᠂ ᠡᠪᠡᠳᠴᠢᠨ ᠤ ᠲᠥᠷᠥᠯ ᠨᠢᠭᠡᠪᠦᠷᠢ ᠶᠢᠨ ᠰᠦᠢᠤᠨᠬᠡᠯ ᠲᠤᠰᠢᠶᠠᠬᠤ ᠪᠠᠷᠢᠮᠵᠢᠶ᠎ᠠ ᠶᠢ ᠲᠣᠭᠲᠠᠭᠠᠨ᠎ᠠ᠃ | 6᠂ ᠲᠦᠷᠪᠡᠨ ᠲᠠᠯ᠎ᠠ ᠶᠢᠨ ᠬᠠᠷᠢᠭᠤᠴᠠᠯᠭ᠎ᠠ᠄ ᠬᠠᠷᠢᠶ᠎ᠠ ᠤᠷᠤᠨ ᠤ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠠᠷᠢᠭᠤᠴᠠᠯᠭ᠎ᠠ᠂ ᠨᠢᠭᠡᠴᠢ ᠶᠢᠨ ᠬᠠᠷᠢᠭᠤᠴᠠᠯᠭ᠎ᠠ | ᠂ ᠬᠤᠪᠢ ᠬᠥᠮᠦᠨ ᠤ ᠬᠠᠷᠢᠭᠤᠴᠠᠯᠭ᠎ᠠ ᠶᠢ ᠵᠢᠭᠠᠵᠤ ᠪᠠᠶᠢᠨ᠎ᠠ | 7᠂ ᠲᠦᠷᠪᠡ ᠶᠢ ᠡᠷᠳᠡ ᠠᠴᠠ᠄ ᠡᠷᠲᠡ ᠢᠯᠡᠷᠡᠭᠦᠯᠵᠦ᠂ ᠡᠷᠲᠡ ᠮᠡᠳᠡᠭᠦᠯᠵᠦ᠂ ᠡᠷᠲᠡ ᠲᠤᠰᠠᠭᠠᠷᠯᠠᠵᠤ᠂ ᠡᠷᠲᠡ ᠡᠮᠨᠡᠬᠦᠯᠬᠦ ᠶᠢ ᠵᠢᠭᠠᠵᠤ ᠪᠠᠶᠢᠨ᠎ᠠ᠃ | | | |