| | ᠡᠨᠡ ᠵᠢᠯ ᠤᠨ 1 ᠳ᠋ᠦ᠋ᠭᠡᠷ ᠰᠠᠷ᠎ᠠ ᠶᠢᠨ ᠳᠤᠮᠳᠠᠴᠢ ᠪᠠᠷ᠂ | ᠬᠥᠯᠥᠨ ᠪᠤᠶᠢᠷ ᠬᠤᠲᠠ ᠶᠢᠨ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠨᠢ | ᠠᠷᠠᠳ ᠤᠨ ᠶᠠᠪᠤᠳᠠᠯ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠰᠠᠯᠠᠭ᠎ᠠ ᠮᠥᠴᠢᠷ ᠯᠦᠭᠡ ᠬᠠᠮᠲᠤᠷᠠᠨ | ᠡᠯᠡᠬᠤᠰᠢᠭᠤ ᠪᠠ ᠬᠤᠲᠠ ᠶᠢᠨ ᠲᠣᠭᠤᠷᠢᠭ ᠢ ᠵᠣᠬᠢᠶᠠᠨ | ᠪᠠᠶᠢᠭᠤᠯᠵᠤ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ | ᠪᠠᠭᠠᠲᠠᠢ ᠬᠥᠮᠥᠰ ᠵᠡᠷᠭᠡ ᠭᠤᠣᠯᠳᠠᠯᠭ᠎ᠠ ᠲᠠᠢᠡᠲᠡᠭᠡᠳ ᠤᠨ | ᠣᠷᠣᠨ ᠰᠠᠭᠤᠴᠠ ᠶᠢᠨ ᠠᠮᠤᠷ ᠲᠦᠪᠰᠢᠨ ᠤ ᠪᠠᠶᠢᠳᠠᠯ ᠢ | ᠬᠠᠨᠳᠤᠯᠭ᠎ᠠ ᠲᠠᠢ ᠪᠠᠷ ᠪᠠᠶᠢᠴᠠᠭᠠᠨ ᠣᠶᠢᠯᠠᠭᠠᠪᠠ᠃ ᠬᠤᠰᠢᠭᠤ | ᠪᠠ ᠬᠤᠲᠠ ᠶᠢᠨᠲᠣᠭᠤᠷᠢᠭ ᠤᠨ ᠨᠤᠲᠠᠯᠠᠭᠰᠠᠨ ᠢᠶᠠᠷ᠂ ᠪᠥᠬᠦ | ᠬᠤᠲᠠ ᠶᠢᠨ 2023 ᠣᠨ ᠳᠤ ᠮᠠᠯᠵᠢᠬᠤ ᠲᠠᠷᠢᠶᠠᠯᠠᠬᠤ ᠣᠷᠣᠨ ᠳᠤ | ᠨᠤᠷᠠᠬᠤ ᠠᠶᠤᠯᠲᠠᠢ ᠭᠡᠷ ᠪᠠᠶᠢᠰᠢᠩ ᠢᠶᠠᠨ ᠰᠢᠨᠡᠳᠬᠡᠨ ᠵᠠᠰᠠᠬᠤ | ᠬᠡᠷᠡᠭᠴᠡᠭᠡ ᠲᠠᠢ ᠡᠷᠦᠬᠡ 39 ᠪᠠᠶᠢᠨ᠎ᠠ᠃ 2 ᠳ᠋ᠤᠭᠠᠷ | ᠰᠠᠷ᠎ᠠ ᠶᠢᠨ ᠰᠡᠭᠦᠯᠴᠢ ᠪᠠᠷ᠂ ᠬᠤᠲᠠ ᠶᠢᠨ ᠣᠷᠣᠨ ᠰᠠᠭᠤᠴᠠ ᠪᠠ | ᠬᠤᠲᠠ ᠬᠥᠳᠡᠭᠡ ᠶᠢᠨᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ ᠨᠢ ᠠᠷᠠᠳ ᠤᠨ ᠶᠠᠪᠤᠳᠠᠯ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ ᠯᠦᠭᠡ | ᠬᠠᠮᠲᠤᠷᠠᠨ ᠮᠠᠯᠵᠢᠬᠤ ᠲᠠᠷᠢᠶᠠᠯᠠᠬᠤ ᠣᠷᠣᠨ ᠤ ᠨᠤᠷᠠᠬᠤ | ᠠᠶᠤᠯᠲᠠᠢ ᠭᠡᠷ ᠪᠠᠶᠢᠰᠢᠩ ᠢ ᠰᠢᠨᠡᠳᠬᠡᠨ ᠵᠠᠰᠠᠬᠤ | ᠬᠡᠷᠡᠭᠴᠡᠭᠡ ᠶᠢ ᠳᠡᠭᠡᠭᠰᠢ ᠮᠡᠳᠡᠭᠦᠯᠵᠦ᠂ ᠲᠥᠷᠥ ᠶᠢᠨ | ᠪᠣᠳᠣᠯᠭ᠎ᠠ ᠳᠤᠨᠡᠶᠢᠴᠡᠬᠦ ᠬᠥᠳᠡᠯᠦᠩᠭᠦᠢ ᠪᠠᠷ | ᠨᠡᠮᠡᠭᠳᠡᠭᠰᠡᠨ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ | ᠪᠠᠭᠠᠲᠠᠢ ᠬᠥᠮᠥᠰ ᠵᠡᠷᠭᠡ ᠭᠤᠣᠯᠳᠠᠯᠭ᠎ᠠ ᠲᠠᠢ ᠡᠲᠡᠭᠡᠳ ᠢ | ᠴᠠᠭᠲᠤᠬᠠᠢ ᠳᠤ ᠨᠢ 2023 ᠣᠨ ᠤ ᠨᠤᠷᠠᠬᠤ ᠠᠶᠤᠯᠲᠠᠢ ᠭᠡᠷ | ᠪᠠᠶᠢᠰᠢᠩ ᠢ ᠰᠢᠨᠡᠳᠬᠡᠨ ᠵᠠᠰᠠᠬᠤ ᠶᠢ ᠳᠡᠮᠵᠢᠬᠦ | ᠬᠡᠪᠴᠢᠶᠡᠨ ᠳᠤ ᠣᠷᠣᠭᠤᠯᠪᠠ᠃ ᠬᠤᠲᠠ ᠶᠢᠨ ᠣᠷᠣᠨᠰᠠᠭᠤᠴᠠ ᠪᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ 《2023 ᠣᠨ ᠤ ᠬᠥᠯᠥᠨ ᠪᠤᠶᠢᠷ ᠬᠤᠲᠠ ᠶᠢᠨ ᠮᠠᠯᠵᠢᠬᠤ | ᠲᠠᠷᠢᠶᠠᠯᠠᠬᠤᠣᠷᠣᠨ ᠤ ᠭᠡᠷ ᠪᠠᠶᠢᠰᠢᠩ ᠤᠨ ᠶᠠᠰᠤ ᠴᠢᠨᠠᠷ ᠤᠨ | ᠠᠮᠤᠷ ᠲᠦᠪᠰᠢᠨ ᠪᠠ ᠶᠠᠰᠤ ᠴᠢᠨᠠᠷ ᠢ ᠳᠡᠭᠡᠭᠰᠢᠯᠡᠭᠦᠯᠬᠦ | ᠠᠵᠢᠯᠯᠠᠭᠠᠨ ᠤ ᠲᠥᠰᠥᠯ》 ᠲᠣᠭᠲᠠᠭᠠᠨ | ᠳᠠᠷᠤᠮᠠᠯᠯᠠᠨᠲᠠᠷᠬᠠᠭᠠᠵᠤ᠂ ᠮᠠᠯᠵᠢᠬᠤ ᠲᠠᠷᠢᠶᠠᠯᠠᠬᠤ ᠣᠷᠣᠨ ᠤ | ᠨᠤᠷᠠᠬᠤ ᠠᠶᠤᠯᠲᠠᠢ ᠭᠡᠷ ᠪᠠᠶᠢᠰᠢᠩ ᠢ ᠰᠢᠨᠡᠳᠬᠡᠨ ᠵᠠᠰᠠᠬᠤ | ᠠᠵᠢᠯ ᠢ ᠦᠷᠭᠦᠯᠵᠢᠯᠡᠨ ᠠᠬᠢᠭᠤᠯᠪᠠ᠃ | ᠣᠲᠣ ᠪᠣᠯᠲᠠᠯ᠎ᠠ᠂ ᠬᠥᠯᠥᠨ ᠪᠤᠶᠢᠷ ᠬᠤᠲᠠ ᠶᠢᠨ ᠮᠠᠯᠵᠢᠬᠤ | ᠲᠠᠷᠢᠶᠠᠯᠠᠬᠤ ᠣᠷᠣᠨ ᠤ 39 ᠡᠷᠦᠬᠡ ᠶᠢᠨ ᠨᠤᠷᠠᠬᠤ ᠠᠶᠤᠯᠲᠠᠢ ᠭᠡᠷ | ᠪᠠᠶᠢᠰᠢᠩ ᠢ ᠰᠢᠨᠡᠳᠬᠡᠨᠵᠠᠰᠠᠬᠤ ᠠᠵᠢᠯ ᠢ ᠪᠦᠬᠦᠨ ᠢ | ᠡᠬᠢᠯᠡᠭᠦᠯᠵᠦ᠂ ᠠᠵᠢᠯ ᠡᠬᠢᠯᠡᠭᠦᠯᠦᠭᠰᠡᠨ ᠨᠣᠷᠮ᠎ᠠ ᠨᠢ 100% ᠳᠤ | ᠬᠦᠷᠴᠦ᠂ 38 ᠡᠷᠦᠬᠡ ᠶᠢᠨ ᠠᠵᠢᠯ ᠢ ᠳᠠᠭᠤᠰᠬᠠᠵᠤ᠂ ᠠᠵᠢᠯ | ᠳᠠᠭᠤᠰᠬᠠᠭᠰᠠᠨ ᠨᠣᠷᠮ᠎ᠠ ᠨᠢ 97.44% ᠳᠤ ᠬᠥᠷᠪᠡ᠃ 2023 ᠣᠨ ᠤ | ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠢ ᠭᠡᠷ | ᠪᠠᠶᠢᠰᠢᠩ ᠢ ᠰᠢᠨᠡᠳᠬᠡᠨᠵᠠᠰᠠᠬᠤ ᠥᠪᠡᠷᠲᠡᠭᠡᠨ ᠵᠠᠰᠠᠬᠤ | ᠣᠷᠣᠨ ᠤ ᠲᠣᠰ ᠱᠠᠲᠤᠨ ᠤ ᠨᠥᠬᠦᠪᠦᠷᠢ ᠪᠡᠯᠡ ᠮᠥᠩᠭᠦ ᠶᠢ 23.4 | ᠲᠦᠮᠡᠨ ᠲᠥᠭᠦᠷᠢᠭ᠂ ᠬᠤᠲᠠ ᠶᠢᠨ ᠲᠣᠰ ᠱᠠᠲᠤᠨ ᠤ ᠮᠠᠯᠵᠢᠬᠤ | ᠲᠠᠷᠢᠶᠠᠯᠠᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ | ᠰᠢᠨᠡᠳᠬᠡᠨ ᠵᠠᠰᠠᠬᠤ ᠨᠥᠬᠦᠪᠦᠷᠢ ᠪᠡᠯᠡ ᠮᠥᠩᠭᠦ ᠶᠢ 6 ᠲᠦᠮᠡᠨ | ᠲᠥᠭᠦᠷᠢᠭ ᠪᠠᠭᠤᠯᠭᠠᠪᠠ᠃ | | | |