| ᠣᠶᠢᠷ᠎ᠠ ᠳᠤ᠂ ᠬᠠᠶᠢᠯᠠᠷ ᠲᠣᠭᠤᠷᠢᠭ ᠤᠨ ᠤᠯᠤᠰ ᠲᠥᠷᠥ ᠶᠢᠨ | ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ | ᠲᠡᠷᠢᠭᠦᠯᠡᠭᠴᠢ ᠯᠢ ᠶᠠᠨ ᠶᠢᠩ ᠬᠥᠯᠥᠨ ᠵᠡᠭᠡᠯᠢ ᠭᠤᠳᠤᠮᠵᠢ ᠶᠢᠨ | ᠯᠢᠦᠶ ᠶᠤᠸᠠᠨ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠬᠤᠲᠠ | ᠪᠠᠶᠢᠭᠤᠯᠬᠤ ᠠᠵᠢᠯ ᠢ ᠪᠠᠶᠢᠴᠠᠭᠠᠨ ᠰᠤᠳᠤᠯᠵᠤ | ᠱᠠᠯᠠᠪᠳᠠᠭᠤᠯᠤᠨ ᠵᠢᠯᠣᠭᠤᠳᠪᠠ᠃ | ᠯᠢ ᠶᠠᠨ ᠶᠢᠩ ᠨᠡᠷ ᠶᠢᠨ ᠹᠧᠩ ᠪᠠᠭ᠎ᠠ ᠲᠣᠭᠤᠷᠢᠭ᠂ ᠢᠯᠴᠢ ᠶᠢᠨ | ᠬᠦᠴᠦᠨ ᠤ ᠪᠠᠭ᠎ᠠ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ | ᠬᠠᠮᠠᠭᠠᠯᠠᠯ᠂ ᠬᠤᠷᠠᠭᠰᠠᠨ ᠴᠠᠰᠤ ᠶᠢ ᠠᠷᠢᠯᠭᠠᠬᠤ᠂ | ᠲᠥᠬᠦᠭᠡᠷᠦᠮᠵᠢ ᠶᠢ ᠬᠠᠮᠠᠭᠠᠯᠠᠬᠤ᠂ ᠴᠠᠬᠢᠯᠭᠠᠨ | ᠬᠥᠳᠡᠯᠭᠡᠭᠦᠷᠲᠦ ᠲᠡᠷᠭᠡ ᠴᠠᠬᠢᠯᠭᠠᠨ ᠬᠡᠷᠡᠭᠯᠡᠬᠦ ᠠᠮᠤᠷ | ᠲᠦᠪᠰᠢᠨ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ | ᠪᠠᠶᠢᠴᠠᠭᠠᠨ ᠦᠵᠡᠭᠰᠡᠨ ᠪᠥᠭᠡᠳ ᠬᠤᠳᠠ ᠪᠠᠶᠢᠭᠤᠯᠬᠤ ᠠᠵᠢᠯ ᠤᠨ | ᠳᠤᠮᠳᠠ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠢ | ᠲᠤᠬᠠᠢ ᠶᠢᠨ ᠲᠠᠯᠠᠪᠠᠢ ᠳᠤ ᠵᠣᠬᠢᠴᠠᠭᠤᠯᠤᠨ ᠰᠢᠢᠳᠪᠦᠷᠢᠯᠡᠪᠡ᠃ | ᠯᠢ ᠶᠠᠨ ᠶᠢᠩ ᠴᠢᠬᠤᠯᠠᠴᠢᠯᠠᠭᠰᠠᠨ ᠨᠢ᠂ ᠡᠯ᠎ᠡ ᠰᠠᠯᠠᠭ᠎ᠠ | ᠮᠥᠴᠢᠷ ᠨᠢᠭᠡᠴᠡ ᠪᠣᠯᠣᠨ ᠨᠡᠶᠢᠭᠡᠮ ᠲᠣᠭᠤᠷᠢᠭ ᠤᠨ ᠬᠢᠨ | ᠣᠯᠣᠯᠴᠠᠭ᠎ᠠ ᠪᠠᠨ ᠴᠢᠩᠭᠠᠳᠬᠠᠵᠤ᠂ | ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠪᠣᠭᠤᠮᠲᠠ | ᠰᠢᠪᠲᠤᠯᠬᠤ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ | ᠨᠡᠶᠢᠭᠡᠮ ᠲᠣᠭᠤᠷᠢᠭ᠂ ᠵᠢᠵᠢᠭ ᠲᠣᠭᠤᠷᠢᠭ᠂ ᠵᠠᠬ᠎ᠠ | ᠳᠡᠯᠭᠡᠭᠦᠷ ᠤᠨ ᠡᠷᠬᠢᠨ ᠲᠣᠭᠤᠷᠢᠨ ᠵᠡᠷᠭᠡ ᠭᠤᠣᠯᠳᠠᠯᠭ᠎ᠠ ᠲᠠᠢ | ᠣᠷᠣᠨ ᠪᠦᠰᠡ ᠶᠢ ᠴᠢᠩᠭ᠎ᠠ ᠠᠩᠬᠠᠷᠴᠤ᠂ ᠣᠷᠴᠢᠨ ᠲᠣᠭᠤᠷᠢᠨ ᠤ | ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ᠂ ᠲᠡᠷᠭᠡ | ᠵᠣᠭᠰᠣᠵᠤ ᠡᠮᠬᠢ ᠳᠢᠭᠯᠢᠮ ᠢ ᠴᠡᠭᠴᠡᠯᠡᠨ ᠵᠠᠰᠠᠬᠤ᠂ | ᠨᠣᠭᠤᠭᠠᠷᠠᠭᠤᠯᠵᠤ ᠭᠤᠶᠤᠵᠢᠭᠤᠯᠬᠤ ᠵᠡᠷᠭᠡ ᠠᠵᠢᠯ ᠢ ᠬᠦᠴᠦᠯᠡᠨ | ᠰᠠᠶᠢᠲᠤᠷ ᠬᠡᠦᠯᠵᠦ᠂ ᠤᠬᠠᠭᠤᠯᠭ᠎ᠠ ᠶᠢᠨ ᠡᠷᠴᠢᠮ ᠢᠶᠠᠨ | ᠴᠢᠩᠭᠠᠷᠠᠭᠤᠯᠵᠤ᠂ ᠡᠷᠦᠬᠡ ᠳᠤ ᠢᠯᠡᠭᠦᠬᠡᠨ ᠬᠦᠷᠴᠦ᠂ ᠣᠯᠠᠨ | ᠲᠦᠮᠡᠨ ᠤ ᠰᠠᠭᠤᠷᠢ ᠶᠢ ᠰᠠᠶᠢᠲᠤᠷ ᠲᠠᠯᠪᠢᠵᠤ᠂ ᠣᠯᠠᠨ ᠲᠦᠮᠡᠨ ᠤ | ᠣᠶᠢᠯᠠᠭᠠᠬᠤ ᠬᠡᠮᠵᠢᠶ᠎ᠡ᠂ ᠬᠠᠨᠤᠮᠵᠢ ᠶᠢᠨ ᠬᠡᠮᠵᠢᠶ᠎ᠡ᠂ | ᠣᠷᠣᠯᠴᠠᠬᠤ ᠬᠡᠮᠵᠢᠶ᠎ᠡ ᠶᠢ ᠴᠢᠷᠮᠠᠶᠢᠨ ᠳᠡᠭᠡᠭᠰᠢᠯᠡᠭᠦᠯᠵᠦ᠂ | ᠪᠥᠬᠦ ᠠᠷᠠᠳ ᠢᠶᠠᠷ ᠢᠶᠠᠨ ᠬᠤᠲᠠ ᠪᠠᠶᠢᠭᠤᠯᠬᠤ ᠰᠠᠶᠢᠨ | ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃ | | | |