11 ᠰᠠᠷ᠎ᠠ ᠶᠢᠨ 16 ᠤ ᠡᠳᠦᠷ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ | ᠬᠤᠯᠪᠣᠭ᠎ᠠ ᠶᠢᠨ ᠬᠡᠷᠡᠭ ᠡᠷᠬᠢᠯᠡᠭᠴᠢᠳ ᠤᠨ ᠳᠡᠳ᠋ ᠳᠠᠷᠤᠭ᠎ᠠ | ᠯᠢᠦ ᠬᠤᠸᠠ ᠯᠢᠨ᠂ ᠬᠥᠭᠵᠢᠯᠲᠡ ᠶᠢᠨ ᠲᠥᠯᠥᠪᠵᠢᠭᠦᠯᠭᠡ ᠶᠢᠨ | ᠬᠡᠯᠲᠡᠰ ᠤᠨ ᠳᠡᠳ᠋ ᠡᠷᠬᠢᠯᠡᠭᠴᠢ ᠯᠢᠦ ᠬᠠᠶ ᠶᠠᠨ ᠬᠥᠯᠥᠨ ᠪᠤᠶᠢᠷ | ᠬᠤᠲᠠ ᠶᠢᠨ ᠵᠡᠮᠳᠡᠭᠴᠦᠳ ᠤᠨ ᠬᠤᠯᠪᠣᠭ᠎ᠠ ᠶᠢᠨ ᠳᠥᠷᠪᠡᠳᠦᠭᠡᠷ | ᠳᠡᠰ ᠤᠨ ᠪᠠᠶᠢᠴᠠᠭᠠᠨ ᠰᠤᠳᠤᠯᠤᠭᠴᠢ ᠳ᠋ᠦᠩ ᠱᠤ᠋ ᠬᠤᠸᠠ ᠶᠢᠨ | ᠪᠠᠷ᠎ᠠ ᠪᠤᠯᠤᠯᠭ᠎ᠠ ᠲᠠᠢ ᠪᠠᠷ ᠬᠠᠶᠢᠯᠠᠷ ᠲᠣᠭᠤᠷᠢᠭ ᠤᠨ ᠵᠧᠩ | ᠶᠠᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ | ᠬᠠᠷᠢᠶ᠎ᠠ ᠣᠷᠣᠨ ᠤ 3 ᠵᠡᠮᠳᠡᠭᠴᠦᠳ ᠤᠨ ᠭᠡᠷ ᠪᠦᠯᠢ ᠳᠤ | ᠭᠦᠨᠵᠡᠭᠡᠶᠢᠷᠡᠵᠦ᠂ ᠬᠠᠷᠰᠢ ᠰᠠᠭᠠᠳ ᠦᠭᠡᠢ | ᠥᠭᠡᠷᠡᠴᠢᠯᠡᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ᠃ | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ | ᠬᠤᠵᠢᠳ ᠬᠦᠴᠢᠷᠳᠡᠯᠲᠡᠶ ᠬᠦᠨᠳᠦ ᠳᠡᠰ ᠤᠨ ᠵᠡᠮᠳᠡᠭ ᠮᠦ ᠴᠦᠨ | ᠯᠢᠨ᠂ ᠰᠢᠤᠢ ᠯᠢ ᠬᠤᠸᠠ᠂ ᠸᠠᠩ ᠰᠢᠤᠸᠠᠢ ᠶᠢᠩ ᠤᠨ ᠬᠡᠷ ᠲᠤ | ᠬᠦᠷᠴᠦ᠂ ᠬᠠᠷᠰᠢ ᠰᠠᠭᠠᠳ ᠥᠬᠡᠶ ᠥᠭᠡᠷᠡᠴᠢᠯᠡᠯᠲᠡ ᠶᠢᠨ ᠲᠥᠷᠥᠯ | ᠵᠦᠢᠯ ᠤᠨ ᠪᠠᠷᠢᠯᠭ᠎ᠠ ᠶᠢᠨ ᠠᠵᠢᠯ ᠢ ᠲᠤᠬᠠᠶ ᠶᠢᠨ | ᠭᠠᠵᠠᠷ ᠲᠤᠨᠢ ᠪᠠᠶᠢᠴᠠᠭᠠᠨ ᠦᠵᠡᠵᠦ᠂ ᠥᠭᠡᠷᠡᠴᠢᠯᠡᠬᠦ | ᠠᠭᠤᠯᠭ᠎ᠠ ᠨᠢ ᠵᠡᠮᠳᠡᠭᠴᠦᠳ ᠤᠨ ᠪᠣᠳᠠᠲᠠᠶ ᠬᠡᠷᠡᠭᠴᠡᠭᠡ ᠳᠤ | ᠨᠡᠶᠢᠴᠡᠬᠦ ᠡᠰᠡᠬᠦ᠂ ᠵᠡᠮᠳᠡᠭᠴᠦᠳ ᠲᠤ ᠲᠥᠬᠦᠮ ᠦᠵᠡᠭᠦᠯᠦᠭᠰᠡᠨ | ᠡᠰᠡᠬᠦ ᠶᠢ ᠠᠰᠠᠭᠤᠨ ᠯᠠᠪᠯᠠᠪᠠ᠃ ᠡᠭᠦᠨ ᠤ ᠬᠠᠮᠲᠤ ᠬᠠᠷᠰᠢ | ᠰᠠᠭᠠᠳ ᠥᠬᠡᠶ ᠥᠭᠡᠷᠡᠴᠢᠯᠡᠯᠲᠡ ᠶᠢᠨ ᠬᠡᠷ ᠪᠦᠯᠢ ᠶᠢᠨ | ᠬᠠᠨᠤᠮᠵᠢ ᠶᠢᠨ ᠬᠡᠮᠵᠢᠶ᠎ᠡ ᠪᠠ ᠥᠭᠡᠷᠡᠴᠢᠯᠡᠬᠦ ᠠᠵᠢᠯ ᠤᠨ | ᠲᠤᠬᠠᠶ ᠰᠠᠨᠠᠯ ᠰᠠᠨᠠᠭᠤᠯᠭ᠎ᠠ ᠶᠢ ᠣᠶᠢᠯᠠᠭᠠᠪᠠ᠃ ᠥᠪᠡᠷᠲᠡᠭᠡᠨ | ᠵᠠᠰᠠᠬᠤ ᠣᠷᠣᠨ ᠤ ᠵᠡᠮᠳᠡᠭᠴᠦᠳ ᠤᠨ ᠬᠤᠯᠪᠣᠭ᠎ᠠ ᠶᠢᠨ ᠬᠡᠷᠡᠭ | ᠡᠷᠬᠢᠯᠡᠭᠴᠢᠳ ᠤᠨ ᠳᠡᠳ᠋ ᠳᠠᠷᠤᠭ᠎ᠠ ᠯᠢᠦ ᠬᠤᠸᠠ ᠯᠢᠨ | ᠴᠢᠬᠤᠯᠠᠴᠢᠯᠠᠭᠰᠠᠨ ᠨᠢ ᠦᠨᠳᠦᠰᠦᠨ ᠱᠠᠲᠤᠨ ᠤ ᠵᠡᠮᠳᠡᠭᠴᠦᠳ ᠤᠨ | ᠬᠤᠯᠪᠣᠭ᠎ᠠ ᠶᠢᠨ ᠬᠢᠨ ᠵᠡᠮᠳᠡᠭᠴᠦᠳ ᠤᠨ | ᠥᠭᠡᠷᠡᠴᠢᠯᠡᠯᠲᠡ ᠶᠢᠨ ᠬᠡᠷᠡᠭᠴᠡᠭᠡ ᠶᠢ ᠬᠠᠮᠤᠭ ᠤᠨ ᠶᠡᠭᠡ | ᠬᠡᠮᠵᠢᠶ᠎ᠡ ᠪᠠᠷ ᠬᠠᠩᠭᠠᠬᠤ ᠶᠢᠨ ᠬᠠᠮᠲᠤ ᠵᠡᠮᠳᠡᠭᠴᠦᠳ ᠢ | ᠰᠠᠭᠠᠳ ᠦᠭᠡᠢ ᠥᠭᠡᠷᠡᠴᠢᠯᠡᠬᠦ ᠲᠥᠬᠦᠭᠡᠷᠦᠮᠵᠢ ᠶᠢ ᠰᠠᠶᠢᠲᠤᠷ | ᠬᠡᠷᠡᠭᠯᠡᠵᠦ᠂ ᠪᠠᠶᠠᠰᠤᠩᠭᠤᠢ ᠠᠮᠢᠳᠤᠷᠠᠵᠤ᠂ ᠥᠪᠡᠷ ᠢ ᠪᠠᠨ | ᠬᠦᠴᠦᠷᠬᠡᠭᠵᠢᠭᠦᠯᠬᠦ ᠶᠢ ᠵᠣᠷᠢᠭᠵᠢᠭᠤᠯᠬᠤ ᠬᠡᠷᠡᠭᠲᠡᠢ᠃ | ᠰᠤᠷᠪᠤᠯᠵᠢᠯᠠᠭ᠎ᠠ ᠬᠦᠯᠢᠶᠡᠭᠰᠡᠨ ᠵᠡᠮᠳᠡᠭᠴᠦᠳ ᠵᠢᠴᠢ | ᠭᠡᠷ ᠤᠨ ᠬᠥᠮᠦᠰ ᠬᠤᠶᠢᠨ᠎ᠠ ᠬᠤᠶᠢᠨ᠎ᠠ ᠠᠴᠠ ᠪᠠᠨ ᠨᠠᠮ ᠪᠣᠯᠤᠨ | ᠵᠠᠰᠠᠭ ᠤᠨ ᠣᠷᠳᠣᠨ ᠤ ᠬᠠᠯᠠᠮᠵᠢᠯᠠᠯ ᠲᠤᠰᠠᠯᠠᠮᠵᠢ ᠪᠣᠯᠤᠨ | ᠪᠣᠯᠭᠤᠭᠠᠨ ᠲᠣᠬᠤᠨᠢᠭᠤᠯᠤᠭᠰᠠᠨ ᠳᠤ ᠲᠠᠯᠠᠷᠬᠠᠵᠤ | ᠪᠠᠶᠢᠬᠤ ᠪᠠᠨ ᠢᠯᠡᠳᠬᠡᠵᠦ᠂ ᠵᠡᠮᠳᠡᠭᠴᠦᠳ ᠤᠨ ᠬᠤᠯᠪᠣᠭ᠎ᠠ ᠶᠢᠨ | ᠬᠠᠷᠰᠢ ᠰᠠᠭᠠᠳ ᠦᠭᠡᠢ ᠥᠭᠡᠷᠡᠴᠢᠯᠡᠯᠲᠡ ᠶᠢᠨ ᠲᠦᠷᠦᠯ | ᠵᠦᠢᠯ ᠢᠶᠠᠷ ᠳᠠᠮᠵᠢᠭᠤᠯᠤᠨ᠂ ᠵᠡᠮᠳᠡᠭᠴᠦᠳ ᠤᠨ ᠶᠠᠪᠤᠵᠤ | ᠰᠠᠭᠤᠬᠤ ᠳᠤ ᠳᠥᠭᠦᠮ ᠦᠵᠡᠭᠦᠯᠵᠦ᠂ ᠲᠡᠳᠡᠨ ᠤ ᠠᠮᠢᠳᠤᠷᠠᠯ ᠤᠨ | ᠣᠷᠴᠢᠨ ᠲᠣᠭᠤᠷᠢᠨ ᠪᠣᠯᠤᠨ ᠠᠮᠢᠳᠤᠷᠠᠯ ᠤᠨ ᠶᠠᠰᠤ ᠴᠢᠨᠠᠷ ᠢ | ᠲᠦᠢᠯ ᠤᠨ ᠶᠡᠭᠡ ᠪᠠᠷ ᠰᠠᠶᠢᠵᠢᠷᠠᠭᠤᠯᠵᠤ᠂ ᠵᠡᠮᠳᠡᠭᠴᠦᠳ ᠤᠨ | ᠰᠡᠳᠬᠢᠯ ᠢ ᠳᠤᠯᠠᠭᠠᠴᠠᠭᠤᠯᠵᠤ᠂ ᠵᠡᠮᠳᠡᠭᠴᠦᠳ ᠤᠨ | ᠬᠤᠯᠪᠣᠭ᠎ᠠ ᠶᠢᠨ ᠠᠷᠠᠳ ᠢ ᠳᠣᠲᠣᠨᠣᠴᠢᠯᠠᠨ ᠪᠣᠳᠠᠲᠠᠶ ᠶᠢ | ᠡᠷᠬᠢᠮᠯᠡᠬᠦ᠂ ᠵᠡᠮᠳᠡᠭᠴᠦᠳ ᠲᠤ ᠪᠣᠳᠠᠲᠤ ᠶᠠᠪᠤᠳᠠᠯ ᠬᠢᠵᠦ | ᠥᠭᠬᠦ ᠯᠠᠪᠳᠠᠭᠤᠨ ᠪᠠᠲᠤᠲᠠᠶ ᠰᠤᠷᠲᠠᠯ ᠢ ᠢᠯᠡᠷᠡᠭᠦᠯᠪᠡ᠃ | | |