8 ᠡᠳᠦᠷ 8 . 6 ᠲᠦᠮᠡᠨ ᠬᠥᠮᠦᠨ ᠠᠷᠤᠨ ᠬᠤᠰᠢᠭᠤᠨ ᠳᠤ ᠵᠤᠭᠠᠴᠠᠪᠠ
  
2023/11/9
            ᠨᠠᠢᠮᠠᠨ ᠰᠠᠷ᠎ᠠ ᠶᠢᠨ ᠲᠡᠷᠭᠡᠯ ᠪᠠᠶᠠᠷ᠂ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ᠂ ᠠᠷᠤᠨ ᠬᠤᠰᠢᠭᠤ ᠥᠪᠡᠷᠮᠢᠴᠡ ᠪᠠᠶᠢᠭᠠᠯᠢ ᠶᠢᠨ ᠡᠬᠢ ᠪᠠᠶᠠᠯᠢᠭ ᠤᠨ ᠦᠵᠡᠮᠵᠢ᠂ ᠭᠤᠶᠢᠳᠠ ᠰᠠᠶᠢᠬᠠᠨ ᠰᠣᠶᠣᠯ ᠢᠷᠭᠡᠨᠰᠢᠯ ᠤᠨ ᠠᠮᠢ ᠠᠬᠤᠢ ᠣᠷᠴᠢᠨ ᠲᠣᠭᠤᠷᠢᠨ ᠪᠣᠯᠤᠨ ᠴᠢᠨᠠᠷ ᠰᠠᠶᠢᠲᠠᠢ ᠬᠤᠳᠠ ᠶᠢᠨ ᠪᠠᠷᠢᠯᠭ᠎ᠠ ᠶᠢᠨ ᠬᠡᠪ ᠨᠠᠮᠪᠠ ᠪᠠᠷ ᠴᠢᠴᠢᠬᠠᠷ᠂ ᠳ᠋ᠠᠴᠢᠩ᠂ ᠬᠠᠶᠢᠯᠠᠷ᠂ ᠮᠤᠷᠢᠨᠳᠠᠪᠠᠭ᠎ᠠ ᠂ ᠵᠠᠯᠠᠨ ᠠᠶᠢᠯ ᠵᠡᠷᠭᠡ ᠡᠷᠬᠢᠨ ᠲᠣᠭᠤᠷᠢᠨ ᠤ ᠭᠠᠵᠠᠷ ᠣᠷᠣᠨ ᠤ ᠵᠤᠭᠠᠴᠠᠭᠰᠠᠳ ᠢ ᠲᠠᠲᠠᠨ᠎ᠠ᠃ ᠢᠯᠠᠩᠭᠤᠶ᠎ᠠ ᠠᠷᠤᠨ ᠬᠤᠰᠢᠭᠤᠨ ᠤ ᠰᠢᠨ ᠹᠠ ᠰᠣᠯᠣᠩᠭᠤᠰ ᠦᠨᠳᠦᠰᠦᠲᠡᠨ ᠤ ᠰᠢᠶᠠᠩ ᠤᠨ ᠳ᠋ᠦᠩ ᠭᠤᠸᠠᠩ ᠲᠣᠰᠬᠤᠨ᠂ ᠶᠠᠫᠣᠨ ᠢ ᠡᠰᠡᠷᠭᠦᠴᠡᠬᠦ ᠬᠤᠯᠪᠣᠭᠠᠲᠤ ᠴᠡᠷᠢᠭ ᠤᠨ ᠪᠠᠭᠠᠲᠤᠷᠴᠤᠳ ᠤᠨ ᠬᠦᠷᠢᠶᠡᠯᠡᠩ ᠵᠡᠷᠭᠡ A ᠲᠡᠰ ᠤᠨ ᠦᠵᠡᠮᠵᠢ ᠶᠢᠨ ᠣᠷᠣᠨ ᠪᠠ ᠥᠪᠥᠷ ᠮᠣᠩᠭᠤᠯ ᠤᠨ ᠲᠦᠪᠤᠯ ᠤᠯᠤᠰ ᠤᠨ ᠤᠢ ᠰᠢᠭᠤᠢ ᠶᠢᠨ ᠴᠡᠴᠡᠷᠯᠢᠭ᠂ ᠥᠪᠥᠷ ᠮᠣᠩᠭᠤᠯ ᠤᠨ ᠰᠤᠷᠴᠢ ᠤᠯᠤᠰ ᠤᠨ ᠨᠤᠭᠤ ᠭᠠᠵᠠᠷ ᠤᠨ ᠴᠡᠴᠡᠷᠯᠢᠭ ᠵᠡᠷᠭᠡ ᠭᠤᠣᠯᠳᠠᠯᠭ᠎ᠠ ᠲᠠᠢ ᠦᠵᠡᠮᠵᠢ ᠶᠢᠨ ᠣᠷᠣᠨ ᠳᠤ ᠵᠤᠭᠠᠴᠠᠭᠰᠠᠳ ᠨᠡᠯᠢᠶᠡᠳ ᠤᠯᠠᠨ ᠪᠠᠶᠢᠨ᠎ᠠ᠃
       ᠠᠷᠤᠨ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠶᠢᠨ ᠪᠦᠷᠢᠨ ᠪᠤᠰᠤ ᠲᠤᠭ᠎ᠠ ᠪᠠᠷᠢᠮᠲᠠ ᠶᠢᠨ ᠪᠦᠷᠢᠳᠬᠡᠯ ᠠᠴᠠ ᠦᠵᠡᠪᠡᠯ᠂ ᠠᠮᠠᠷᠠᠯᠲᠠ ᠶᠢᠨ 8 ᠡᠳᠦᠷ ᠲᠤ᠂ ᠪᠥᠬᠦ ᠤᠯᠤᠰ ᠤᠨ ᠭᠥᠯᠢᠶᠡᠨ ᠠᠪᠤᠭᠰᠠᠨ ᠵᠢᠭᠤᠯᠴᠢᠯᠠᠯ ᠤᠨ ᠬᠥᠮᠦᠨ ᠤ ᠲᠤᠭ᠎ᠠ 8 . 6 ᠲᠦᠮᠡ ᠭᠠᠷᠤᠶ ᠬᠥᠮᠦᠨ ᠤᠳᠠᠭ᠎ᠠ ᠳᠤ ᠬᠦᠷᠴᠦ᠂ ᠵᠢᠭᠤᠯᠴᠢᠯᠠᠯ ᠤᠨ ᠣᠷᠣᠯᠭ᠎ᠠ 1540 ᠲᠦᠮᠡᠨ ᠲᠥᠭᠦᠷᠢᠭ ᠲᠤ ᠬᠦᠷᠴᠡᠶ᠃     
  ᠠᠷᠤᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ