11 ᠰᠠᠷ᠎ᠠ ᠶᠢᠨ 1 ᠤ ᠡᠳᠦᠷ ᠠᠴᠠ 2 ᠤ ᠡᠳᠦᠷ ᠪᠣᠯᠲᠠᠯ᠎ᠠ | ᠬᠠᠶᠢᠯᠠᠷ ᠲᠣᠭᠤᠷᠢᠭ ᠶᠡᠭᠡ ᠬᠡᠪᠴᠢᠶ᠎ᠡ ᠪᠠᠷ ᠴᠠᠰᠤ ᠣᠷᠣᠵᠤ᠂ | ᠪᠦᠬᠦ ᠲᠣᠭᠤᠷᠢᠭ ᠤᠨ ᠬᠠᠮᠤᠭ ᠤᠨ ᠶᠡᠭᠡ ᠴᠠᠰᠤ ᠣᠷᠣᠭᠰᠠᠨ | ᠬᠡᠮᠵᠢᠶ᠎ᠡ ᠨᠢ ᠬᠠᠭ ᠪᠠᠯᠭᠠᠰᠤ ᠪᠣᠯᠣᠨ᠎ᠠ᠃ ᠠᠵᠢᠯᠲᠠᠨ | ᠠᠵᠢᠯᠴᠢᠨ ᠤ ᠶᠠᠪᠤᠵᠤ ᠰᠠᠭᠤᠬᠤ ᠪᠠ ᠠᠷᠠᠳ ᠣᠯᠠᠨ ᠤ ᠤᠴᠢᠷ | ᠶᠠᠪᠤᠳᠠᠯ ᠰᠢᠢᠳᠪᠦᠷᠢᠯᠡᠬᠦ ᠳᠤ ᠤᠯᠠᠮ ᠨᠢᠭᠡ ᠠᠯᠬᠤᠮ ᠲᠥᠬᠦᠮ | ᠦᠵᠡᠭᠦᠯᠬᠦ ᠶᠢᠨ ᠲᠥᠯᠥᠭᠡ᠂ ᠣᠶᠢᠷ᠎ᠠ ᠳᠤ᠂ ᠬᠠᠭ ᠪᠠᠯᠭᠠᠰᠤᠨ ᠤ | ᠪᠠᠶᠢᠭᠤᠯᠭ᠎ᠠ ᠠᠷᠭᠠᠴᠠᠬᠤ ᠠᠷᠭ᠎ᠠ ᠬᠡᠮᠵᠢᠶ᠎ᠡ ᠠᠪᠴᠤ᠂ ᠲᠡᠷᠡ | ᠳᠠᠷᠤᠶ ᠳᠤᠨᠢ ᠪᠠᠯᠭᠠᠰᠤᠨ ᠤ ᠵᠠᠰᠠᠭ ᠤᠨ ᠣᠷᠳᠣᠨ ᠤ ᠡᠷᠬᠢᠨ | ᠲᠣᠭᠤᠷᠢᠨ ᠤ ᠬᠤᠷᠠᠭᠰᠠᠨ ᠴᠠᠰᠤ ᠶᠢ ᠲᠥᠪᠯᠡᠷᠡᠭᠦᠯᠦᠨ | ᠴᠡᠪᠡᠷᠯᠡᠵᠦ᠂ ᠪᠥᠬᠦ ᠪᠠᠯᠭᠠᠰᠤᠨ ᠤ 30 ᠭᠠᠷᠤᠶ ᠠᠵᠢᠯᠲᠠᠨ | ᠠᠵᠢᠯᠴᠢᠨ ᠣᠷᠣᠯᠴᠠᠵᠠᠶ᠃ | ᠲᠡᠰᠬᠢᠮ᠎ᠠ ᠬᠦᠢᠲᠡᠨ ᠰᠠᠯᠬᠢᠨ ᠳᠤ ᠣᠯᠠᠨ ᠢᠶᠠᠷ ᠢᠶᠠᠨ ᠣᠳᠣ | ᠪᠠᠶᠢᠭ᠎ᠠ ᠴᠠᠰᠤ ᠠᠷᠢᠯᠭᠠᠬᠤ ᠪᠠᠭᠠᠵᠢ ᠪᠠᠨ ᠠᠰᠢᠭᠯᠠᠨ᠂ | ᠪᠠᠯᠭᠠᠰᠤᠨ ᠤ ᠵᠠᠰᠠᠭ ᠤᠨ ᠣᠷᠳᠣᠨ ᠤ ᠡᠭᠦᠳᠡᠨ ᠡᠮᠦᠨ᠎ᠡ ᠡᠮᠬᠢ | ᠵᠢᠷᠤᠮ ᠲᠠᠢ ᠪᠠᠷ ᠴᠡᠪᠡᠷᠯᠡᠨ᠎ᠡ᠃ ᠣᠯᠠᠨ ᠤ ᠰᠡᠳᠬᠢᠯ | ᠨᠢᠭᠡᠳᠦᠨ ᠬᠦᠴᠦ ᠪᠠᠨ ᠬᠠᠮᠲᠤᠳᠬᠠᠭᠰᠠᠨ ᠴᠡᠪᠡᠷᠯᠡᠯᠲᠡ ᠪᠠᠷ | ᠳᠡᠮᠵᠢᠨ᠂ ᠪᠠᠯᠭᠠᠰᠤᠨ ᠤ ᠵᠠᠰᠠᠭ ᠤᠨ ᠣᠷᠳᠣᠨ ᠤ ᠡᠭᠦᠳᠡᠨ | ᠡᠮᠦᠨᠡᠬᠢ ᠳᠦᠭᠦᠮ ᠵᠠᠮ ᠵᠢᠴᠢ ᠲᠡᠷᠭᠡ ᠵᠣᠭᠰᠣᠬᠤ ᠭᠠᠵᠠᠷ | ᠣᠷᠣᠨ ᠳᠤ ᠬᠤᠷᠠᠭᠰᠠᠨ ᠴᠠᠰᠤ ᠶᠢ ᠪᠦᠬᠦᠨ ᠢ ᠴᠡᠪᠡᠷᠯᠡᠵᠦ᠂ | ᠴᠠᠰᠤ ᠣᠷᠣᠬᠤ ᠠᠴᠠ ᠡᠮᠦᠨᠡᠬᠢ ᠳᠦᠷᠰᠦ ᠪᠠᠶᠢᠳᠠᠯ ᠢ | ᠰᠡᠷᠭᠦᠭᠡᠪᠡ᠃ | ᠲᠣᠰ ᠤᠳᠠᠭᠠᠨ ᠤ ᠠᠵᠢᠯᠯᠠᠭ᠎ᠠ ᠪᠠᠷ ᠳᠡᠮᠵᠢᠨ᠂ ᠪᠥᠬᠦ | ᠪᠠᠯᠭᠠᠰᠤᠨ ᠤ ᠺᠠᠳ᠋ᠷ ᠠᠵᠢᠯᠲᠠᠨ ᠠᠵᠢᠯᠴᠢᠨ ᠤ | ᠬᠠᠷᠢᠭᠤᠴᠠᠯᠭ᠎ᠠ ᠪᠠ ᠡᠭᠦᠷᠭᠡᠯᠡᠯ ᠢ ᠭᠦᠢᠴᠡᠳ ᠢᠯᠡᠷᠡᠭᠦᠯᠵᠦ᠂ | ᠪᠣᠳᠠᠲᠤ ᠠᠵᠢᠯᠯᠠᠭ᠎ᠠ ᠪᠠᠷ ᠢᠶᠠᠨ ᠡᠶ᠎ᠡ ᠵᠣᠬᠢᠴᠠᠩᠭᠤᠶ | ᠰᠠᠶᠢᠨ ᠰᠠᠶᠢᠬᠠᠨ ᠠᠵᠢᠯ ᠤᠨ ᠣᠷᠴᠢᠨ ᠲᠣᠭᠤᠷᠢᠨ ᠢ ᠪᠣᠶ | ᠪᠣᠯᠭᠠᠬᠤ ᠳᠤ ᠥᠪᠡᠷ ᠤᠨ ᠬᠤᠪᠢ ᠨᠡᠮᠡᠷᠢ ᠦᠵᠡᠭᠦᠯᠵᠦ᠂ ᠣᠯᠠᠨ ᠤ | ᠠᠮᠤᠷ ᠲᠦᠪᠰᠢᠨ ᠢᠶᠠᠷ ᠶᠠᠪᠤᠵᠤ ᠰᠠᠭᠤᠬᠤ ᠳᠤ ᠪᠠᠲᠤᠯᠠᠭ᠎ᠠ | ᠬᠠᠩᠭᠠᠭᠰᠠᠨ ᠪᠠᠶᠢᠨ᠎ᠠ᠃ | |