ᠶᠢᠰᠦᠳᠦᠭᠡᠷ ᠬᠤᠭᠤᠴᠠᠭᠠᠨ ᠤ ᠪᠦᠬᠦ ᠤᠯᠤᠰ ᠤᠨ ᠶᠣᠰᠣ ᠮᠣᠷᠠᠯ ᠤᠨ ᠵᠢᠱᠢᠶᠡᠴᠢ ᠶᠢ ᠰᠣᠩᠭᠤᠨ ᠰᠢᠯᠭᠠᠷᠠᠭᠤᠯᠵᠤ ᠰᠠᠶᠢᠰᠢᠶᠠᠨ ᠬᠥᠬᠢᠭᠦᠯᠬᠦ ᠠᠵᠢᠯ ᠢ ᠡᠬᠢᠯᠡᠭᠦᠯᠬᠦ  ᠪᠠᠷ ᠪᠠᠶᠢᠨ᠎ᠠ
  
2023/12/1
                ᠨᠠᠮ ᠤᠨ ᠲᠥᠪ ᠬᠤᠷᠢᠶᠠᠨ ᠤ ᠤᠬᠠᠭᠤᠯᠬᠤ ᠬᠡᠯᠲᠡᠰ᠂ ᠲᠥᠪ ᠤᠨ ᠣᠶᠣᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ ᠵᠡᠷᠭᠡ 6 ᠰᠠᠯᠠᠭ᠎ᠠ ᠮᠥᠴᠢᠷ  ᠣᠶᠢᠷ᠎ᠠ ᠳᠤ ᠬᠠᠮᠲᠤ ᠪᠠᠷ ᠮᠡᠳᠡᠭᠳᠡᠯ ᠪᠣᠯᠣᠨ ᠬᠡᠷᠡᠭᠵᠢᠭᠦᠯᠬᠦ ᠠᠷᠭ᠎ᠠ ᠳᠠᠷᠤᠮᠠᠯᠯᠠᠨ ᠲᠠᠷᠬᠠᠭᠠᠵᠤ᠂ ᠶᠢᠰᠦᠳᠦᠭᠡᠷ ᠬᠤᠭᠤᠴᠠᠭᠠᠨ ᠤ ᠪᠦᠬᠦ ᠤᠯᠤᠰ ᠤᠨ ᠶᠣᠰᠣ ᠮᠣᠷᠠᠯ ᠤᠨ  ᠵᠢᠱᠢᠶᠡᠴᠢ ᠶᠢ ᠰᠣᠩᠭᠤᠨ ᠰᠢᠯᠭᠠᠷᠠᠭᠤᠯᠵᠤ ᠰᠠᠶᠢᠰᠢᠶᠠᠨ ᠬᠥᠬᠢᠭᠦᠯᠬᠦ ᠠᠵᠢᠯ ᠢ ᠡᠬᠢᠯᠡᠭᠦᠯᠬᠦ ᠲᠤᠬᠠᠢ ᠪᠠᠶᠢᠷᠢᠯᠠᠭᠤᠯᠤᠭᠰᠠᠨ ᠪᠠᠶᠢᠨ᠎ᠠ᠃           ᠮᠡᠳᠡᠭᠳᠡᠯ ᠳᠤ ᠴᠢᠬᠤᠯᠠᠴᠢᠯᠠᠬᠤ ᠳᠠᠭᠠᠨ᠂ ᠰᠢᠨ᠎ᠡ ᠴᠠᠭ ᠦᠶ᠎ᠡ ᠰᠢᠨ᠎ᠡ ᠵᠠᠮᠨᠠᠯ ᠳᠠᠬᠢ ᠨᠠᠮ ᠲᠥᠷᠥ ᠶᠢᠨ ᠭᠤᠣᠯ ᠡᠭᠦᠷᠭᠡ ᠪᠣᠯᠣᠨ ᠠᠵᠢᠯ ᠤᠨ ᠶᠡᠭᠡ ᠲᠠᠯ᠎ᠠ ᠳᠤ  ᠰᠠᠭᠤᠷᠢᠯᠠᠵᠤ᠂ ᠣᠶᠣᠨ ᠰᠠᠨᠠᠭᠠᠨ ᠤ ᠲᠦᠰᠢᠭ ᠲᠤᠯᠭᠠᠭᠤᠷᠢ ᠶᠢ  ᠪᠠᠶᠢᠭᠤᠯᠬᠤ᠂ ᠥᠷᠲᠡᠭ ᠤᠨ ᠦᠵᠡᠯᠲᠡ ᠶᠢᠨ ᠪᠠᠷᠢᠮᠵᠢᠶ᠎ᠠ ᠶᠢ ᠲᠣᠭᠲᠠᠭᠠᠬᠤ᠂ ᠴᠠᠭ ᠦᠶ᠎ᠡ ᠶᠢᠨ  ᠰᠢᠨ᠎ᠡ ᠬᠥᠮᠥᠨ ᠢ ᠬᠥᠮᠥᠵᠢᠭᠦᠯᠬᠦ ᠪᠠᠷ ᠭᠤᠣᠯᠳᠠᠭᠤᠯᠵᠤ᠂ ᠢᠲᠡᠭᠡᠯ ᠪᠢᠰᠢᠷᠡᠯ ᠡᠷᠴᠢ ᠵᠣᠷᠢᠭ ᠢᠶᠠᠨ ᠬᠥᠪᠴᠢᠯᠡᠨ᠂ ᠮᠡᠷᠡᠶᠢᠨ ᠤᠷᠤᠭᠰᠢᠯᠠᠬᠤ ᠬᠦᠴᠦᠨ ᠢ ᠳᠠᠶᠢᠴᠢᠯᠠᠬᠤ  ᠳᠤ ᠠᠩᠬᠠᠷᠤᠯ ᠢᠶᠠᠨ ᠲᠥᠪᠯᠡᠷᠡᠭᠦᠯᠵᠦ᠂ ᠦᠢᠯᠡ ᠶᠠᠪᠤᠳᠠᠯ ᠨᠢ ᠲᠣᠪᠣᠶᠢᠮ᠎ᠠ᠂ ᠣᠯᠠᠨ ᠲᠦᠮᠡᠨ ᠳᠤ ᠬᠦᠯᠢᠶᠡᠨ ᠮᠡᠳᠡᠷᠡᠭᠳᠡᠭᠰᠡᠨ᠂ ᠢᠯᠠ ᠲᠣᠳᠣ ᠴᠠᠭ ᠦᠶ᠎ᠡ ᠶᠢᠨ  ᠣᠨᠴᠠᠯᠢᠭ ᠲᠠᠢ᠂ ᠨᠡᠶᠢᠲᠡᠯᠢᠭ ᠴᠢᠨᠠᠷᠲᠠᠢ ᠦᠯᠢᠭᠡᠷ ᠳᠠᠭᠤᠷᠢᠶᠠᠯ ᠦᠵᠡᠭᠦᠯᠬᠦ ᠴᠢᠨᠠᠷ ᠢᠶᠠᠷ ᠴᠢᠩᠭ᠎ᠠ ᠨᠢᠭᠡ ᠪᠦᠯᠦᠭ ᠶᠣᠰᠣ ᠮᠣᠷᠠᠯ ᠤᠨ ᠵᠢᠱᠢᠶᠡᠴᠢ ᠶᠢ ᠰᠣᠩᠭᠤᠨ  ᠰᠢᠯᠭᠠᠷᠠᠭᠤᠯᠵᠤ᠂ ᠰᠢᠨ᠎ᠡ ᠴᠠᠭ ᠦᠶ᠎ᠡ ᠶᠢᠨ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ ᠶᠢᠨ ᠪᠠᠶᠠᠯᠢᠭ ᠦᠷ᠎ᠡ ᠪᠦᠲᠦᠭᠡᠯ ᠢ ᠲᠥᠪᠯᠡᠷᠡᠭᠦᠯᠦᠨ ᠲᠤᠰᠬᠠᠵᠤ᠂  ᠳᠤᠮᠳᠠᠳᠤ ᠶᠢᠨ ᠦᠨᠳᠦᠰᠦᠲᠡᠨ ᠤ ᠴᠢᠷᠮᠠᠶᠢᠨ ᠲᠡᠮᠡᠴᠡᠬᠦ ᠴᠤᠭ ᠵᠢᠪᠬᠤᠭ᠎ᠠ ᠶᠢ ᠭᠦᠢᠴᠡᠳ ᠬᠠᠷᠠᠭᠤᠯᠬᠤ ᠬᠡᠷᠡᠭᠲᠡᠢ︔ ᠶᠢᠰᠦᠳᠦᠭᠡᠷ ᠬᠤᠭᠤᠴᠠᠭᠠᠨ ᠤ ᠪᠦᠬᠦ ᠤᠯᠤᠰ ᠤᠨ  ᠶᠣᠰᠣ ᠮᠣᠷᠠᠯ ᠤᠨ ᠵᠢᠱᠢᠶᠡᠴᠢ ᠶᠢ ᠰᠣᠩᠭᠤᠨ ᠰᠢᠯᠭᠠᠷᠠᠭᠤᠯᠵᠤ ᠰᠠᠶᠢᠰᠢᠶᠠᠨ ᠬᠥᠬᠢᠭᠦᠯᠬᠦ ᠠᠵᠢᠯ ᠢ ᠣᠶᠣᠨ ᠤ ᠪᠣᠯᠪᠠᠰᠤᠨ ᠤ ᠪᠠᠶᠢᠭᠤᠯᠤᠯᠲᠠ ᠪᠠᠨ ᠥᠭᠡᠷᠡᠴᠢᠯᠡᠨ  ᠰᠢᠨᠡᠴᠢᠯᠡᠬᠦ ᠭᠤᠣᠯᠳᠠᠯᠭ᠎ᠠ ᠲᠠᠢ ᠠᠵᠢᠯ ᠢᠶᠠᠨ ᠪᠣᠯᠭᠠᠵᠤ᠂ ᠨᠠᠷᠢᠨ ᠨᠢᠮᠪᠠᠢ ᠪᠠᠶᠢᠷᠢᠯᠠᠭᠤᠯᠤᠨ ᠲᠣᠬᠢᠷᠠᠭᠤᠯᠵᠤ᠂ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂  ᠵᠢᠱᠢᠶᠡᠴᠢ ᠶᠢᠨ ᠦᠢᠯᠡ ᠶᠠᠪᠤᠳᠠᠯ ᠢ ᠤᠬᠠᠭᠤᠯᠬᠤ᠂ ᠵᠢᠱᠢᠶᠡᠴᠢ ᠶᠢᠨ ᠵᠠᠩ ᠴᠢᠨᠠᠷ ᠢ ᠰᠤᠷᠤᠯᠴᠠᠬᠤ᠂ ᠵᠢᠱᠢᠶᠡᠴᠢ ᠶᠢᠨ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠬᠦ ᠶᠢ  ᠰᠣᠩᠭᠤᠨ ᠰᠢᠯᠭᠠᠷᠠᠭᠤᠯᠵᠤ ᠰᠠᠶᠢᠰᠢᠶᠠᠨ ᠬᠥᠬᠢᠭᠦᠯᠬᠦ ᠪᠦᠬᠦ ᠶᠠᠪᠤᠴᠠ ᠳᠤ ᠲᠤᠤᠱᠯᠠᠭᠤᠯᠵᠦ᠂ ᠪᠦᠬᠦ ᠨᠡᠶᠢᠭᠡᠮ ᠨᠡᠶᠢᠲᠡ ᠳᠤ ᠶᠣᠰᠣ ᠮᠣᠷᠠᠯ ᠢ ᠡᠷᠬᠢᠮᠯᠡᠬᠦ᠂ ᠶᠣᠰᠣ ᠮᠣᠷᠠᠯ  ᠢ ᠬᠦᠨᠳᠦᠳᠬᠡᠬᠦ᠂ ᠶᠣᠰᠣ ᠮᠣᠷᠠᠯ ᠢ ᠵᠢᠷᠤᠮᠯᠠᠬᠤ ᠰᠢᠨ᠎ᠡ ᠴᠠᠭ ᠦᠶ᠎ᠡ ᠶᠢᠨ ᠰᠢᠨ᠎ᠡ ᠬᠡᠪ ᠰᠤᠷᠲᠠᠯ ᠢ ᠪᠣᠢ ᠪᠣᠯᠭᠠᠬᠤ ᠬᠡᠷᠡᠭᠲᠡᠢ ᠭᠡᠵᠡᠢ᠃                  
  ᠠᠷᠠᠳ ᠤᠨ ᠮᠣᠩᠭᠤᠯ ᠰᠦᠯᠵᠢᠶ᠎ᠡ