ᠴᠠᠰᠤᠨ ᠱᠤᠭᠤᠮᠠᠯ ᠤᠨ ᠪᠠᠶᠢᠭᠤᠯᠤᠯᠲᠠ ᠶᠢᠨ ᠢᠨᠵᠧᠨᠧᠷᠢᠩ ᠢ ᠡᠮᠬᠢ ᠵᠢᠷᠤᠮ ᠲᠠᠢ ᠠᠬᠢᠭᠤᠯᠵᠤ᠂ ᠬᠠᠶᠢᠯᠠᠷ ᠲᠣᠭᠤᠷᠢᠭ ᠮᠥᠰᠥ ᠴᠠᠰᠤᠨ ᠤ ᠵᠤᠭᠠᠴᠠᠯ ᠤᠨ  ᠤᠯᠠᠷᠢᠯ ᠳᠤ ᠪᠦᠬᠦ ᠬᠦᠴᠦᠨ ᠢᠶᠠᠷ ᠢᠶᠠᠨ ᠪᠡᠯᠡᠳᠬᠡᠵᠦ ᠪᠠᠶᠢᠨ᠎ᠠ
  
2023/12/14
                12 ᠰᠠᠷ᠎ᠠ ᠶᠢᠨ ᠡᠬᠢ ᠪᠠᠷ ᠡᠪᠦᠯ ᠤᠨ ᠤᠯᠠᠷᠢᠯ ᠤᠨ ᠴᠠᠰᠤᠨ ᠱᠤᠭᠤᠮᠠᠯ ᠤᠨ ᠪᠠᠶᠢᠭᠤᠯᠤᠯᠲᠠ ᠶᠢᠨ ᠢᠨᠵᠧᠨᠧᠷᠢᠩ ᠪᠥᠬᠦ ᠲᠠᠯ᠎ᠠ ᠪᠠᠷ ᠡᠬᠢᠯᠡᠵᠦ᠂ ᠬᠠᠶᠢᠯᠠᠷ  ᠲᠣᠭᠤᠷᠢᠭ ᠪᠦᠬᠦ ᠬᠦᠴᠦᠨ ᠢᠶᠠᠷ ᠢᠶᠠᠨ ᠮᠥᠰᠥ ᠴᠠᠰᠤᠨ ᠤ ᠵᠤᠭᠠᠴᠠᠯ ᠤᠨ ᠤᠯᠠᠷᠢᠯ ᠳᠤ ᠣᠷᠣᠯᠴᠠᠬᠤ ᠪᠠᠷ ᠪᠡᠯᠡᠳᠭᠡᠵᠦ ᠪᠠᠢᠨ᠎ᠠ᠃ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ᠂ 3 ᠴᠠᠰᠤ ᠬᠢᠬᠦ ᠮᠠᠰᠢᠨ ᠲᠠᠰᠤᠷᠠᠯᠲᠠ ᠦᠭᠡᠢ ᠥᠳᠭᠡᠨ ᠴᠠᠰᠤ ᠰᠦᠷᠴᠢᠵᠦ᠂ ᠬᠡᠳᠦᠨ ᠪᠠᠷᠢᠯᠭ᠎ᠠ ᠶᠢᠨ ᠲᠡᠷᠭᠡ ᠨᠠᠰᠢ  ᠴᠠᠰᠢ ᠰᠦᠯᠵᠢᠯᠳᠦᠨ᠂ ᠲᠡᠭᠡᠭᠡᠪᠦᠷᠢ ᠶᠢᠨ ᠡᠭᠦᠷᠭᠡ ᠶᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠴᠠᠰᠤᠨ ᠱᠤᠭᠤᠮᠠᠯ ᠤᠨ ᠤᠷᠠᠯᠢᠭᠴᠢᠳ ᠠᠵᠢᠯ ᠤᠨ ᠬᠤᠪᠢᠶᠠᠷᠢᠯᠠᠯ  ᠲᠣᠳᠣᠷᠬᠠᠢ᠂ ᠥᠪᠡᠷ ᠥᠪᠡᠷ ᠤᠨ ᠴᠡᠭ ᠳᠡᠭᠡᠷ᠎ᠡ ᠪᠠᠨ ᠶᠠᠭᠠᠷᠠᠯᠲᠠᠢ ᠠᠵᠢᠯᠯᠠᠵᠤ᠂ ᠬᠠᠶᠢᠯᠠᠷ ᠲᠣᠭᠤᠷᠢᠭ ᠤᠨ ᠵᠡᠭᠡᠯᠢ ᠳᠠᠭᠠᠤ ᠴᠠᠰᠤᠨ ᠱᠤᠭᠤᠮᠠᠯ ᠤᠨ ᠪᠦᠲᠦᠭᠡᠨ  ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ ᠬᠥᠷ ᠬᠥᠭᠵᠢᠶᠡᠨ ᠢᠶᠠᠷ ᠪᠢᠯᠬᠠᠵᠤ᠂ ᠡᠪᠦᠯ ᠤᠨ ᠤᠯᠠᠷᠢᠯ ᠳᠤ ᠥᠪᠡᠷᠮᠢᠴᠡ ᠦᠵᠡᠮᠵᠢ ᠨᠡᠮᠡᠷᠢᠯᠡᠭᠰᠡᠨ ᠪᠠᠶᠢᠨ᠎ᠠ᠃   
  6383797209422115679126631[1].jpg
        ᠴᠠᠰᠤᠨ ᠱᠤᠭᠤᠮᠠᠯ ᠤᠨ ᠪᠦᠲᠦᠭᠡᠯ ᠨᠢ ᠴᠠᠰᠤ ᠣᠪᠣᠭᠠᠯᠠᠬᠤ᠂ ᠪᠠᠭᠠᠨ᠎ᠠ ᠪᠣᠰᠬᠠᠬᠤ᠂ ᠬᠡᠯᠪᠡᠷᠢ ᠲᠣᠭᠲᠠᠭᠠᠬᠤ᠂ ᠰᠡᠶᠢᠯᠬᠦ ᠵᠡᠷᠭᠡ ᠡᠯ᠎ᠡ ᠵᠦᠢᠯ ᠤᠨ ᠠᠵᠢᠯ ᠤᠨ  ᠳᠡᠰ ᠳᠠᠷᠠᠭᠠᠯᠠᠯ ᠢᠶᠠᠷ ᠳᠠᠮᠵᠢᠪᠠᠯ ᠰᠠᠶ᠋ᠢ ᠪᠦᠷᠢᠨ ᠲᠡᠭᠦᠯᠳᠡᠷ ᠦᠷ᠎ᠡ ᠪᠦᠲᠦᠮᠵᠢ ᠣᠯᠵᠤ᠂ ᠴᠠᠰᠤᠨ ᠰᠡᠶᠢᠯᠦᠮᠡᠯᠴᠢᠳ ᠴᠠᠰᠤᠨ ᠬᠡᠷᠡᠮ ᠢᠶᠠᠷ ᠵᠢᠷᠤᠭ ᠪᠣᠯᠭᠠᠵᠤ᠂  ᠴᠠᠰᠤᠨ ᠬᠤᠰᠤᠭᠤᠷ ᠢᠶᠠᠷ ᠪᠢᠷ ᠪᠡᠬᠡᠰ ᠪᠣᠯᠭᠠᠵᠤ᠂ ᠨᠠᠷᠢᠯᠢᠭ ᠤᠷ᠎ᠠ ᠮᠡᠷᠭᠡᠵᠢᠯ ᠢᠶᠠᠷ ᠮᠥᠰᠥ ᠴᠠᠰᠤ ᠶᠢ ᠬᠤᠷᠴᠠᠯᠠᠵᠤ᠂ ᠥᠪᠡᠷᠮᠢᠴᠡ ᠪᠦᠲᠦᠭᠡᠯᠴᠢ ᠴᠠᠰᠤᠨ  ᠱᠤᠭᠤᠮᠠᠯ ᠢ ᠰᠡᠶᠢᠯᠵᠦ ᠪᠣᠯᠤᠨ᠎ᠠ᠃            ᠡᠨᠡ ᠵᠢᠯ ᠬᠠᠶᠢᠯᠠᠷ ᠲᠣᠭᠤᠷᠢᠭ ᠨᠢ ᠴᠢᠩᠭᠢᠰ ᠬᠠᠭᠠᠨ ᠠᠭᠤᠳᠠᠮ ᠲᠠᠯᠠᠪᠠᠢ᠂ ᠨᠢᠰᠭᠡᠯ ᠤᠨ ᠪᠠᠭᠤᠳᠠᠯ ᠤᠨ ᠵᠠᠮ ᠤᠨ ᠡᠷᠭᠢᠯᠲᠡ᠂ ᠨᠢᠰᠭᠡᠯ ᠤᠨ ᠪᠠᠭᠤᠳᠠᠯ ᠤᠨ  ᠵᠠᠮ ᠳᠠᠭᠠᠤ ᠣᠯᠠᠨ ᠭᠠᠵᠠᠷ ᠲᠤ 9 ᠲᠣᠮᠣ ᠬᠡᠯᠪᠡᠷᠢ ᠶᠢᠨ ᠴᠠᠰᠤᠨ ᠱᠤᠭᠤᠮᠠᠯ ᠪᠠᠶᠢᠭᠤᠯᠵᠤ᠂ ᠴᠠᠰᠤᠨ ᠤ ᠬᠡᠮᠵᠢᠶ᠎ᠡ ᠨᠢ ᠵᠢᠱᠢᠯᠲᠡ ᠪᠠᠷ 15000 ᠪᠣᠰᠤᠭ᠎ᠠ  ᠳᠥᠷᠪᠡᠯᠵᠢᠨ ᠮᠧᠲᠷ ᠲᠤ ᠬᠦᠷᠴᠦ᠂ ᠬᠡᠪ ᠨᠠᠮᠪᠠ ᠨᠢ ᠠᠷᠪᠠᠨ ᠳᠦᠷᠪᠡᠳᠦᠭᠡᠷ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ᠂ ᠪᠠᠶᠠᠷ ᠬᠥᠷ ᠲᠠᠢ  ᠯᠤᠤ ᠵᠢᠯ᠂ ᠦᠨᠳᠦᠰᠦᠲᠡᠨ ᠤ ᠪᠦᠯᠬᠦᠮᠳᠡᠯ ᠵᠡᠷᠭᠡ ᠣᠯᠠᠨ ᠭᠤᠣᠯ ᠰᠡᠳᠦᠪ ᠢ ᠬᠠᠮᠤᠷᠤᠭᠰᠠᠨ ᠪᠠᠶᠢᠨ᠎ᠠ᠃ ᠵᠠᠯᠭᠠᠭᠠᠳ ᠬᠠᠶᠢᠯᠠᠷ ᠲᠣᠭᠤᠷᠢᠭ ᠴᠠᠰᠤᠨ ᠱᠤᠭᠤᠮᠠᠯ ᠤᠨ  ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠢ ᠲᠦᠷᠭᠡᠨ ᠪᠥᠭᠡᠳ ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠵᠤ᠂ 12 ᠰᠠᠷ᠎ᠠ ᠶᠢᠨ 15 ᠤ ᠡᠳᠦᠷ ᠠᠴᠠ  ᠡᠮᠦᠨ᠎ᠡ ᠪᠥᠬᠦ ᠲᠠᠯ᠎ᠠ ᠪᠠᠷ ᠪᠠᠷᠢᠯᠭ᠎ᠠ ᠳᠠᠭᠤᠰᠬᠠᠬᠤ ᠪᠠᠷ ᠴᠢᠷᠮᠠᠶᠢᠨ᠎ᠠ᠃                     
  ᠬᠠᠶᠢᠯᠠᠷ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ