ᠠᠮᠲᠠᠲᠤ ᠲᠥᠮᠥᠰᠥ ᠶᠢ ᠢᠩᠬᠢᠵᠦ ᠢᠳᠡᠪᠡᠯ ᠪᠡᠶ᠎ᠡ ᠳᠤ ᠪᠦᠷ ᠰᠠᠶᠢᠨ
  
2023/12/4
     ᠠᠮᠲᠠᠲᠤ ᠲᠥᠮᠥᠰᠥ ᠢᠳᠡᠬᠦ ᠳᠤᠷᠠᠲᠠᠶ ᠬᠦᠮᠦᠰ ᠲᠤ ᠰᠠᠨᠠᠭᠤᠯᠬᠤ ᠨᠢ᠂ ᠠᠮᠳᠠᠳᠤ ᠲᠦᠮᠦᠰᠤ ᠨᠢ ᠬᠥᠮᠦᠨ ᠪᠣᠯᠭᠠᠨ ᠳᠤ ᠳᠣᠭᠢᠷᠠᠬᠤ ᠢᠳᠡᠭᠡᠨ ᠪᠢᠰᠢ ᠰᠢᠦ ᠳ᠋ᠠ ᠵᠠᠷᠢᠮ ᠬᠥᠮᠥᠨ ᠤ ᠬᠤᠳᠣᠭᠤᠳᠣ ᠭᠡᠳᠡᠰᠦ ᠪᠠ ᠤᠨᠲᠠᠯᠭ᠎ᠠ ᠶᠢ ᠴᠢᠨᠢ ᠨᠥᠯᠦᠭᠡᠯᠡᠵᠦ ᠮᠡᠳᠡᠨ᠎ᠡ᠃ ᠠᠮᠳᠠᠳᠤ ᠲᠦᠮᠦᠰᠤ ᠶᠢ ᠰᠢᠷᠠᠭᠰᠠᠨ ᠴᠤ ᠲᠡᠷᠡ᠂ ᠵᠢᠩᠨᠡᠵᠦ ᠴᠢᠨᠠᠭᠰᠠᠨ ᠴᠤ ᠲᠡᠷᠡ᠂ ᠢᠳᠡᠬᠦ ᠦᠶ᠎ᠡ ᠳᠤ ᠪᠠᠰᠠ ᠬᠡᠳᠦᠨ ᠵᠦᠢᠯ ᠢ ᠠᠩᠬᠠᠷᠬᠤ ᠬᠡᠷᠡᠭᠲᠡᠶ᠄ ① ᠳᠡᠯᠢᠭᠦᠦ ᠬᠤᠳᠣᠭᠤᠳᠣ ᠮᠠᠭᠤ ᠪᠣᠯ ᠪᠠᠭ᠎ᠠ ᠢᠳᠡᠬᠦ ᠪᠤᠶᠤ ᠢᠳᠡᠬᠦ ᠦᠭᠡᠢ ᠪᠠᠶᠢᠪᠠᠯ ᠵᠤᠬᠢᠨ᠎ᠠ᠂ ᠡᠶᠢᠮᠤ ᠪᠠᠶᠢᠳᠠᠯ ᠳᠤ ᠢᠳᠡᠪᠡᠯ ᠬᠤᠳᠣᠭᠤᠳᠣᠨ ᠤ ᠳᠠᠷᠤᠯᠲᠠ ᠶᠢ ᠠᠮᠠᠷᠬᠠᠨ ᠨᠡᠮᠡᠭᠳᠡᠭᠦᠯᠵᠦ᠂ ᠬᠤᠳᠤᠭᠤᠳᠤ ᠶᠢ ᠡᠪ ᠦᠭᠡᠢ ᠪᠣᠯᠭᠠᠨ᠎ᠠ᠃ ② ᠤᠨᠲᠠᠬᠤ ᠠᠴᠠ ᠪᠠᠨ ᠡᠮᠦᠨ᠎ᠡ ᠢᠳᠡᠬᠦ ᠦᠬᠡᠢ ᠪᠠᠶᠢᠪᠠᠯ ᠵᠤᠬᠢᠨ᠎ᠠ᠂ ᠬᠡᠷᠪᠡ ᠤᠨᠳᠠᠬᠤ ᠠᠴᠠ ᠪᠠᠨ ᠡᠮᠦᠨ᠎ᠡ ᠢᠳᠡᠪᠡᠯ ᠭᠡᠳᠡᠰᠦ ᠬᠥᠭᠡᠭᠡᠵᠦ᠂ ᠢᠰᠬᠦᠯᠡᠩ ᠠᠮᠳᠠᠭᠳᠠᠨ᠂ ᠬᠡᠪ ᠤᠨ ᠤᠨᠲᠠᠯᠭ᠎ᠠ ᠶᠢ ᠬᠠᠷᠰᠢᠯᠠᠨ᠎ᠠ᠃ ③ ᠰᠢᠬᠢᠷᠯᠢᠭ ᠢᠳᠡᠭᠡᠨ ᠲᠠᠢ ᠬᠠᠮᠲᠤ ᠢᠳᠡᠵᠦ ᠪᠣᠯᠬᠤ ᠦᠭᠡᠢ᠂ ᠢᠩᠭᠢᠪᠡᠯ ᠬᠤᠳᠣᠭᠤᠳᠣ ᠤᠯᠠᠭᠠᠨ ᠬᠤᠭᠤᠯᠠᠶ ᠳᠤ ᠰᠡᠳᠦᠯᠲᠡ ᠥᠭᠴᠦ ᠤᠯᠠᠮ ᠢᠶᠠᠷ ᠣᠭᠰᠢᠭᠤᠯᠬᠤ ᠪᠣᠯᠣᠨ᠎ᠠ᠃     
  ᠲᠣᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ