2023 ᠤᠨ ᠤ ᠵᠠᠰᠠᠭ ᠤᠨ ᠤᠷᠳᠤᠨ ᠤ ᠠᠵᠢᠯ ᠤᠨ ᠢᠯᠡᠤᠨᠬᠡᠯ
ᠨᠡᠶᠢᠲᠡᠯᠡᠭᠰᠡᠨ ᠴᠠᠭ᠄
2023/3/7
      ᠬᠤᠶᠠᠷ᠂ 2023 ᠣᠨ ᠤ ᠠᠵᠢᠯ ᠤᠨ ᠲᠣᠬᠢᠷᠠᠭᠤᠯᠤᠯᠲᠠ        2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢ ᠬᠡᠷᠡᠭᠵᠢᠭᠦᠯᠬᠦ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠵᠠᠩᠭᠢᠯᠠᠭ᠎ᠠ ᠶᠢᠨ ᠵᠢᠯ ᠮᠥᠨ᠂ ᠡᠨᠡ ᠵᠢᠯ ᠤᠨ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠳᠤ ᠡᠭᠦᠷᠭᠡ ᠬᠦᠨᠳᠤ ᠪᠥᠭᠡᠳ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ᠂ ᠡᠨᠡ ᠵᠢᠯ ᠤᠨ ᠤᠯᠤᠰ᠂ ᠥᠪᠡᠷᠲᠡᠭᠡᠨ ᠵᠠᠰᠠᠬᠤ ᠣᠷᠣᠨ ᠪᠣᠯᠣᠨ ᠬᠥᠯᠥᠨ ᠪᠤᠶᠢᠷ ᠬᠤᠲᠠ ᠶᠢᠨ ᠨᠡᠶᠢᠳᠡᠯᠡᠭᠰᠡᠨ ᠣᠯᠠᠨ ᠴᠢᠬᠤᠯᠠ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠠᠰᠢᠭᠲᠠᠢ ᠪᠠᠶᠢᠳᠠᠯ ᠳᠤ ᠰᠠᠭᠤᠷᠢᠯᠠᠵᠤ᠂ ᠮᠠᠨ ᠤ ᠬᠤᠰᠢᠭᠤᠨ ᠤ ᠥᠩᠭᠡ ᠦᠵᠡᠮᠵᠢ ᠨᠡᠭᠦᠷᠡᠰᠦ ᠴᠠᠬᠢᠯᠭᠠᠨ ᠪᠠ ᠰᠤᠶᠤᠯ ᠵᠢᠭᠤᠯᠴᠢᠯᠠᠯ ᠤᠨ ᠡᠬᠢ ᠰᠤᠷᠪᠤᠯᠵᠢ ᠶᠢᠨ ᠡᠯᠪᠡᠭ ᠪᠠᠶᠠᠯᠢᠭ ᠪᠠᠶᠢᠭᠠᠯᠢ ᠶᠢᠨ ᠤᠨᠴᠠᠯᠢᠭ ᠲᠤ ᠰᠠᠭᠤᠷᠢᠯᠠᠵᠤ᠂ ᠪᠢᠳᠡᠨ ᠤ ᠣᠶᠢᠷ᠎ᠠ ᠶᠢᠨ ᠵᠢᠯ ᠤᠳ ᠲᠤ ᠬᠦᠴᠢᠷ ᠠᠰᠠᠭᠤᠳᠠᠯ ᠢ ᠦᠷᠭᠦᠯᠵᠢᠯᠡᠨ ᠰᠢᠢᠳᠪᠦᠷᠢᠯᠡᠬᠦ ᠳᠤ ᠲᠠᠯᠪᠢᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠳᠤ ᠰᠠᠭᠤᠷᠢᠯᠠᠵᠤ᠂ ᠥᠷᠭᠡᠨ ᠤᠯᠠᠨ ᠺᠠᠳ᠋ᠷ ᠤᠯᠠᠨ ᠲᠦᠮᠡᠨ ᠤ ᠲᠦᠷᠦ ᠲᠦᠪᠰᠢᠨ ᠲᠦᠮᠡᠨ ᠠᠮᠤᠭᠤᠯᠠᠩ᠂ ᠬᠠᠮᠲᠤᠪᠠᠷ ᠪᠦᠯᠬᠦᠮᠳᠡᠨ ᠲᠡᠮᠡᠴᠡᠬᠦ ᠰᠠᠶᠢᠨ ᠰᠠᠶᠢᠬᠠᠨ ᠴᠤᠭ ᠰᠦᠯᠳᠡ ᠳᠤ ᠰᠠᠭᠤᠷᠢᠯᠠᠵᠤ᠂ ᠬᠠᠭᠤᠴᠢᠨ ᠪᠠᠷᠭᠤ ᠬᠤᠰᠢᠭᠤ ᠮᠥᠨᠬᠦ ᠶᠡᠭᠡ ᠦᠢᠯᠡᠰ ᠪᠦᠲᠦᠭᠡᠬᠦ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯᠳᠤ ᠬᠤᠭᠤᠴᠠᠭ᠎ᠠ᠂ ᠲᠦᠷᠦ ᠶᠢᠨ ᠪᠣᠳᠣᠯᠭ᠎ᠠ ᠶᠢᠨ ᠠᠵᠠ ᠲᠤᠬᠢᠶᠠᠯᠳᠤ ᠬᠤᠭᠤᠴᠠᠭ᠎ᠠ᠂ ᠲᠣᠭᠲᠠᠭᠤᠨ ᠢᠶᠠᠷ ᠳᠡᠭᠡᠭᠰᠢᠯᠡᠬᠦ ᠬᠤᠭᠤᠴᠠᠭᠠᠨ ᠳᠤ ᠣᠷᠣᠰᠢᠵᠤ ᠪᠤᠢ᠂ ᠡᠨᠡ ᠪᠣᠯ ᠪᠢᠳᠡᠨ ᠤ 2023 ᠣᠨ ᠤ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠶᠢᠨ ᠬᠠᠮᠤᠭ ᠤᠨ ᠶᠡᠭᠡ ᠢᠲᠡᠭᠡᠯ ᠵᠣᠷᠢᠭ ᠪᠣᠯᠣᠨ᠎ᠠ᠃ ᠡᠭᠦᠨ ᠤ ᠬᠠᠮᠲᠤ᠂ ᠭᠤᠯᠳᠤ ᠴᠢᠭᠯᠡᠯ ᠠᠴᠠ ᠠᠪᠴᠤ ᠦᠵᠡᠪᠡᠯ᠂ ᠪᠢᠳᠡ ᠡᠯ᠎ᠡ ᠵᠦᠢᠯ ᠤᠨ ᠳᠠᠷᠤᠯᠲᠠ ᠶᠢ ᠲᠤᠯᠵᠤ᠂ ᠣᠳᠣᠬᠠᠨ ᠤ ᠡᠷᠴᠢ ᠵᠣᠷᠢᠭ ᠢᠶᠠᠨ ᠪᠠᠲᠤᠯᠠᠵᠤ ᠳᠡᠶᠢᠯᠬᠦ ᠡᠰᠡᠬᠦ᠂ 2023 ᠣᠨ ᠳᠤ ᠨᠡᠩ ᠰᠠᠶᠢᠨ ᠠᠵᠢᠯ ᠤᠨ ᠠᠮᠵᠢᠯᠲᠠ ᠪᠦᠲᠦᠮᠵᠢ ᠣᠯᠬᠤ ᠳᠤ ᠮᠥᠨᠬᠦ ᠲᠣᠭᠲᠠᠪᠤᠷᠢᠳᠤ ᠪᠤᠰᠤ ᠴᠢᠨᠠᠷ ᠤᠷᠤᠰᠢᠵᠦ ᠪᠠᠶᠢᠨ᠎ᠠ︔ ᠬᠥᠨᠳᠡᠯᠡᠨ ᠴᠢᠭᠯᠡᠯ ᠠᠴᠠ ᠠᠪᠴᠤ ᠦᠵᠡᠪᠡᠯ᠂ ᠠᠬ᠎ᠠ ᠳᠡᠭᠦᠦ ᠬᠤᠰᠢᠭᠤ ᠬᠤᠲᠠ ᠲᠣᠭᠤᠷᠢᠭ ᠨᠢ ᠴᠥᠮ ᠠᠵᠤ ᠦᠢᠯᠡᠰ ᠤᠨ ᠲᠠᠰ ᠳᠡᠪᠰᠢᠬᠦ ᠪᠠ ᠪᠠᠷᠢᠮᠵᠢᠶ᠎ᠠ ᠶᠢ ᠳᠡᠭᠡᠭᠰᠢᠯᠡᠭᠦᠯᠦᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠱᠠᠯᠠᠪᠳᠠᠨ ᠪᠠᠶᠢᠷᠢᠯᠠᠭᠤᠯᠵᠤ ᠪᠠᠶᠢᠨ᠎ᠠ᠂ ᠬᠡᠷᠪᠡ ᠪᠢᠳ᠋ᠨ ᠱᠠᠯᠠᠪᠳᠠᠨ ᠬᠦᠳᠡᠯᠤᠯᠴᠡᠬᠦ ᠦᠬᠡᠢ ᠪᠤᠯ ᠬᠥᠭᠵᠢᠯᠲᠡ ᠶᠢᠨ ᠰᠠᠶᠢᠨ ᠲᠣᠬᠢᠶᠠᠯ ᠢ ᠠᠯᠳᠠᠬᠤ ᠪᠣᠯᠣᠨ᠎ᠠ᠃ ᠰᠢᠨ᠎ᠡ ᠨᠢᠭᠡ ᠵᠢᠯ ᠳᠤ᠂ ᠠᠵᠠ ᠲᠣᠬᠢᠶᠠᠯ ᠪᠣᠯᠣᠨ ᠥᠷᠢᠰᠦᠯᠳᠦᠭᠡᠨ ᠵᠡᠷᠭᠡᠪᠡᠷ ᠣᠷᠣᠰᠢᠵᠤ᠂ ᠢᠷᠠᠭᠤ ᠠᠯᠳᠠᠷ ᠪᠣᠯᠣᠨ ᠬᠠᠷᠢᠭᠤᠴᠠᠯᠭ᠎ᠠ ᠵᠡᠷᠭᠡᠪᠡᠷ ᠤᠷᠤᠰᠢᠵᠦ ᠪᠤᠢ᠃ ᠪᠢᠳᠡ ᠵᠠᠪᠠᠯ ᠵᠣᠷᠢᠭ ᠰᠠᠨᠠᠭ᠎ᠠ ᠪᠠᠨ ᠬᠥᠪᠴᠢᠯᠡᠵᠦ᠂ ᠠᠵᠠ ᠲᠣᠬᠢᠶᠠᠯ ᠢ ᠠᠮᠵᠢᠵᠤ᠂ ᠬᠦᠴᠢᠷ ᠢ ᠲᠤᠭᠤᠯᠤᠨ᠂ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠵᠤ᠂ ᠬᠠᠭᠤᠴᠢᠨ ᠪᠠᠷᠭᠤ ᠬᠤᠰᠢᠭᠤ ᠶᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠵᠠᠮ ᠳᠤ ᠨᠡᠩ ᠶᠡᠭᠡ ᠰᠢᠨ᠎ᠡ ᠢᠯᠠᠯᠲᠠ ᠶᠢ ᠲᠡᠮᠡᠴᠡᠨ ᠣᠯᠬᠤ ᠪᠠᠷ ᠬᠦᠴᠦᠯᠡᠨ ᠴᠢᠷᠮᠠᠶᠢᠨ᠎ᠠ᠃       ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠳᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ  ᠶᠢ ᠪᠦᠬᠦ ᠲᠠᠯ᠎ᠠ ᠪᠠᠷ ᠲᠤᠭᠤᠰᠢᠯᠠᠭᠤᠯᠵᠦ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠲᠥᠪ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠣᠨ ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠪᠠᠨ ᠲᠠᠪᠤᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ᠂ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠪᠣᠯᠣᠨ ᠬᠤᠰᠢᠭᠤ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠦᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ  ᠪᠠᠷ ᠲᠤᠭᠤᠰᠢᠯᠠᠭᠤᠯᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠢ ᠪᠠᠷ ᠦᠢᠯᠡᠴᠢᠯᠡᠬᠦ ᠪᠠ ᠠᠭᠤᠰᠤᠯᠴᠠᠵᠤ᠂ ︽ᠲᠠᠪᠤᠨ ᠶᠡᠭᠡ ᠡᠭᠦᠷᠭᠡ︾ ᠶᠢ ᠴᠢᠨᠠᠷ ᠰᠠᠶᠢᠲᠠᠢ ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ  ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠭᠵᠢᠯᠲᠡ ᠪᠣᠯᠣᠨ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠯᠡᠵᠦ᠂ ᠲᠣᠭᠲᠠᠭᠤᠨ ᠤ ᠲᠤᠮᠳᠠ ᠤᠷᠤᠭᠰᠢᠯᠬᠤ ᠰᠠᠭᠤᠷᠢᠨ ᠳᠡᠭᠡᠷ᠎ᠡ ᠲᠣᠭᠲᠠᠭᠤᠨ ᠪᠠᠶᠢᠯᠭᠠᠬᠤ ᠶᠢᠨ ᠵᠡᠷᠭᠡ ᠳᠤ ᠲᠦᠷᠭᠡᠨ ᠤᠷᠤᠭᠰᠢᠯᠠᠭᠤᠯᠵᠤ᠂ ᠲᠣᠭᠲᠠᠭᠤᠨ ᠤ ᠲᠤᠮᠳᠠ ᠴᠢᠨᠠᠷ ᠢ ᠰᠢᠯᠢᠳᠡᠭᠵᠢᠬᠦᠯᠵᠦ᠂ ᠠᠮᠢ ᠠᠬᠤᠢ ᠶᠢ ᠤᠷᠢᠤᠨ ᠢᠶᠠᠷ ᠪᠤᠳᠤᠯᠬᠢᠯᠠᠬᠤ᠂ ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠵᠤ᠂ ᠬᠦᠭᠵᠢᠯᠳᠡ ᠪᠠ ᠠᠮᠤᠷ ᠲᠦᠪᠰᠢᠨ ᠢ ᠨᠡᠩ ᠰᠠᠶᠢᠨ ᠨᠢᠭᠡᠳᠤᠯᠳᠠᠢ ᠲᠦᠯᠤᠪᠯᠡᠵᠦ᠂ ︽ᠲᠠᠪᠤᠨ ᠶᠡᠭᠡ ᠠᠵᠢᠯᠯᠠᠭᠠᠨ ᠤ ᠲᠥᠯᠥᠪᠯᠡᠭᠡ︾ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠠᠵᠤ ᠠᠬᠤᠢ ᠶᠢᠨ ᠶᠠᠰᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢ ᠵᠣᠬᠢᠰᠲᠠᠢ ᠨᠡᠮᠡᠭᠳᠡᠭᠦᠯᠬᠦ ᠶᠢ ᠪᠡᠶᠡᠯᠡᠭᠦᠯᠦᠨ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠵᠤ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠤᠬᠢᠴᠠᠩᠭᠤᠢ ᠲᠣᠭᠲᠠᠭᠤᠨ ᠢ ᠬᠠᠮᠠᠭᠠᠯᠠᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠤᠨ ᠬᠥᠯᠥᠨ ᠪᠤᠶᠢᠷ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠨᠠᠩ ᠣᠯᠠᠨ ᠬᠠᠭᠤᠴᠢᠨ ᠪᠠᠷᠭᠤ ᠬᠤᠰᠢᠭᠤᠨ ᠤ ᠬᠤᠪᠢ ᠨᠡᠮᠡᠷᠢ ᠪᠠᠨ ᠦᠵᠡᠭᠦᠯᠦᠨ᠎ᠡ᠃       ᠡᠨᠡ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6% ᠣᠷᠴᠢᠮ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠥᠷᠲᠡᠭ ᠢ 8.5%  ᠠᠴᠠ ᠲᠡᠭᠡᠭᠰᠢ ᠨᠡᠮᠡᠭᠳᠡᠬᠦᠯᠵᠦ᠂ ᠬᠢᠵᠠᠭᠠᠷᠯᠠᠯ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 45% ᠨᠡᠮᠡᠭᠳᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 9.1 ᠳ᠋ᠦᠩᠰᠢᠭᠤᠷ ᠲᠥᠭᠦᠷᠢᠭ ᠲᠤ ᠬᠦᠷᠦᠭᠦᠯᠬᠦ ᠪᠠᠷ ᠴᠢᠷᠮᠠᠶᠢᠵᠤ᠂ ᠨᠡᠶᠢᠭᠡᠮ ᠤᠨ ᠬᠡᠷᠡᠭᠯᠡᠭᠡᠨ ᠤ ᠪᠤᠳᠠᠰ ᠤᠨ ᠵᠢᠵᠢᠭᠯᠡᠨ ᠪᠤᠷᠤᠯᠠᠭᠤᠯᠬᠤ ᠶᠡᠷᠦᠩᠬᠡᠢ ᠲᠤᠭ᠎ᠠ ᠶᠢ 4% ᠣᠷᠴᠢᠮ ᠨᠡᠮᠡᠭᠳᠡᠭᠦᠯᠦᠨ᠂ ᠰᠠᠭᠤᠭᠠᠯᠢ  ᠠᠷᠠᠤᠨ ᠮᠠᠯᠴᠢᠳ ᠤᠨ ᠣᠷᠣᠯᠭ᠎ᠠ ᠶᠢᠨ ᠨᠡᠮᠡᠭᠳᠡᠯ ᠪᠠ ᠠᠵᠤ ᠠᠬᠤᠢ ᠶᠢᠨ ᠨᠡᠮᠡᠭᠳᠡᠯ ᠢ ᠦᠨᠳᠦᠰᠦᠨ ᠳᠡᠭᠡᠨ ᠢᠵᠢᠯ ᠠᠯᠬᠤᠮ ᠲᠠᠢ ᠪᠠᠶᠢᠯᠭᠠᠵᠤ᠂ ᠪᠣᠬᠢᠷᠳᠤᠯ ᠦᠭᠡᠢ ᠬᠥᠭᠵᠢᠯᠲᠡ ᠶᠢᠨ ᠭᠦᠢᠴᠡᠳᠬᠡᠯ ᠲᠤᠭ᠎ᠠ ᠶᠢ ᠪᠥᠬᠦ ᠲᠠᠯ᠎ᠠ ᠪᠠᠷ ᠪᠡᠶᠡᠯᠡᠭᠦᠯᠵᠦ᠂ ᠡᠨᠧᠷᠭᠢ ᠶᠢᠨ ᠬᠤᠷᠣᠭᠳᠠᠯ ᠤᠨ ᠬᠦᠴᠦᠯᠡᠴᠡ ᠪᠠ ᠪᠣᠬᠢᠷᠳᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠭᠦᠢᠴᠡᠳᠬᠡᠯ ᠲᠤᠭ᠎ᠠ ᠶᠢ ᠬᠥᠯᠥᠨ ᠪᠤᠶᠢᠷ ᠬᠤᠲᠠ  ᠠᠴᠠ ᠪᠠᠭᠤᠯᠭᠠᠭᠰᠠᠨ ᠡᠭᠦᠷᠭᠡ ᠶᠢ ᠪᠡᠶᠡᠯᠡᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠤᠯᠠᠮ ᠨᠢᠭᠡ ᠠᠯᠬᠤᠮ ᠰᠠᠶᠢᠵᠢᠷᠠᠭᠤᠯᠤᠨ᠂ ᠴᠢᠨᠠᠷ ᠰᠠᠶᠢᠲᠠᠢ ᠬᠥᠭᠵᠢᠯᠲᠡ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃          ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ ᠳᠣᠣᠷᠠᠬᠢ ᠲᠠᠪᠤᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠤᠨᠬᠤᠨ᠎ᠠ         ︵ᠨᠢᠭᠡ︶ ᠬᠦᠴᠦᠨ ᠢᠶᠠᠨ ᠲᠥᠪᠯᠡᠷᠡᠭᠦᠯᠦᠨ ᠲᠦᠷᠦᠯ ᠵᠦᠢᠯ ᠢ ᠠᠳᠬᠤᠵᠤ ᠪᠡᠯᠡ ᠣᠷᠣᠭᠤᠯᠤᠯᠲᠠ ᠶᠢ ᠥᠷᠭᠡᠳᠬᠡᠵᠦ᠂ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠰᠢᠨ᠎ᠡ ᠬᠥᠳᠡᠯᠭᠡᠭᠦᠷ ᠢ ᠬᠦᠭᠵᠢᠶᠡᠨ᠎ᠡ᠃ ᠪᠡᠯᠡ ᠣᠷᠣᠭᠤᠯᠤᠯᠲᠠ ᠶᠢᠨ ᠵᠠᠩᠭᠢᠯᠠᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠲᠥᠷᠥᠯ ᠵᠦᠢᠯ ᠳᠤ ᠲᠦᠰᠢᠭᠯᠡᠨ ᠪᠡᠯᠡ ᠣᠷᠣᠭᠤᠯᠤᠯᠲᠠ ᠶᠢ ᠳᠠᠶᠢᠴᠢᠯᠠᠵᠤ᠂ ᠪᠡᠯᠡ ᠣᠷᠣᠭᠤᠯᠤᠯᠲᠠ ᠳᠤ ᠲᠦᠰᠢᠭᠯᠡᠨ ᠨᠡᠮᠡᠭᠳᠡᠯ ᠤᠨ ᠬᠡᠮᠵᠢᠶ᠎ᠡ ᠶᠢ ᠳᠠᠶᠢᠴᠢᠯᠠᠵᠤ᠂ ᠪᠥᠬᠦ ᠵᠢᠯ ᠳᠤ ᠲᠣᠭᠲᠠᠭᠤᠨ ᠪᠠᠶᠢᠯᠭᠠᠬᠤ ᠪᠠ  ᠨᠡᠮᠡᠭᠳᠡᠬᠦᠯᠬᠦ ᠶᠢ ᠠᠬᠢᠭᠤᠯᠤᠨ᠎ᠠ᠃        ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠤᠨ᠎ᠠ᠃ ᠠᠮᠢ ᠠᠬᠤᠢ ᠶᠢᠨ ᠣᠷᠴᠢᠨ ᠲᠤᠭᠤᠷᠢᠨ ᠤ ᠬᠠᠮᠠᠭᠠᠯᠠᠯᠲᠠ᠂ ᠲᠠᠷᠢᠶᠠᠯᠠᠩ ᠮᠠᠯ ᠠᠵᠤ ᠠᠬᠤᠢ ᠤᠢ ᠰᠢᠭᠤᠢ ᠤᠰᠤ᠂ ᠰᠢᠨ᠎ᠡ ᠡᠨᠧᠷᠭᠢ ᠶᠢᠨ ᠰᠤᠷᠪᠤᠯᠵᠢ ᠵᠡᠷᠭᠡ ᠬᠦᠷᠢᠶ᠎ᠡ ᠶᠢ ᠴᠢᠩᠭ᠎ᠠ ᠠᠩᠬᠠᠷᠴᠤ᠂ ᠠᠷᠠᠳ ᠤᠯᠠᠨ ᠤ ᠬᠡᠷᠡᠭᠴᠡᠭᠡ ᠳᠤ ᠨᠡᠶᠢᠴᠡᠭᠰᠡᠨ᠂ ᠲᠦᠷᠦ ᠶᠢᠨ ᠪᠣᠳᠣᠯᠭ᠎ᠠ ᠳᠤ ᠨᠡᠶᠢᠴᠡᠭᠰᠡᠨ᠂ ᠪᠣᠬᠢᠷᠳᠤᠯ ᠦᠭᠡᠢ ᠲᠤᠤᠷ᠎ᠠ ᠨᠡᠭᠦᠷᠡᠰᠦᠲᠥ᠋ᠷᠥᠭᠴᠢᠳᠤ   ᠲᠦᠷᠤᠯ ᠵᠦᠢᠯ ᠢ ᠰᠦᠪᠡᠭᠴᠢᠯᠡᠨ ᠬᠡᠷᠩᠵᠢᠬᠦᠯᠵᠦ᠂ 76 ᠭᠤᠣᠯᠳᠠᠯᠭ᠎ᠠ ᠲᠠᠢ ᠲᠦᠷᠤᠯ ᠵᠦᠢᠯ ᠢ ᠬᠡᠷᠡᠭᠵᠢᠭᠦᠯᠵᠦ᠂ ᠵᠢᠯ ᠳᠤ 21.28 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠤᠢ᠃ ᠪᠥᠬᠦ ᠶᠠᠪᠤᠴᠠ ᠳᠤ ᠲᠥᠷᠥᠯ ᠵᠦᠢᠯ ᠤᠨ ᠲᠣᠬᠢᠷᠠᠭᠤᠯᠤᠯᠲᠠ ᠶᠢ ᠴᠢᠩᠭᠠᠳᠬᠠᠵᠤ᠂ ︽ᠭᠤᠷᠪᠠ ᠶᠢ ᠨᠠᠪᠲᠠᠷᠡᠭᠦᠯᠵᠦ ᠨᠢᠭᠡ ᠶᠢ ᠲᠡᠭᠰᠢᠯᠡᠬᠦ︾⑧᠂ ᠭᠠᠵᠠᠷ ᠬᠡᠷᠡᠭᠯᠡᠬᠦ ᠶᠢ ᠬᠢᠨᠠᠨ ᠵᠥᠪᠰᠢᠶᠡᠷᠡᠬᠦ ᠵᠡᠷᠭᠡ ᠡᠮᠦᠨᠡᠬᠢ ᠬᠤᠭᠤᠴᠠᠭᠠᠨ ᠤ ᠴᠢᠬᠤᠯᠠ ᠨᠥᠬᠦᠴᠡᠯ ᠢ ᠭᠦᠢᠴᠡᠳᠬᠡᠬᠦ ᠶᠢ ᠲᠦᠷᠭᠡᠳᠬᠡᠨ᠂ ᠮᠥᠷᠳᠡᠨ ᠦᠢᠯᠡᠴᠢᠯᠡᠬᠦ ᠪᠠ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠵᠤ᠂ ᠲᠥᠷᠥᠯ ᠵᠦᠢᠯ ᠤᠨ ᠠᠰᠢᠭᠯᠠᠯᠲᠠ ᠳᠤ ᠣᠷᠣᠵᠤ ᠦᠷ᠎ᠡ ᠪᠦᠲᠦᠮᠵᠢ ᠣᠯᠬᠤ ᠶᠢ ᠴᠢᠩᠭ᠎ᠠ ᠠᠩᠬᠠᠷᠴᠤ᠂ ᠲᠥᠷᠥᠯ ᠵᠦᠢᠯ ᠤᠨ ᠪᠠᠷᠢᠯᠭ᠎ᠠ ᠳᠠᠭᠤᠰᠬᠤ ᠨᠣᠷᠮ᠎ᠠ᠂ ᠠᠰᠢᠭᠯᠠᠯᠲᠠ ᠳᠤ ᠣᠷᠣᠬᠤ ᠨᠣᠷᠮ᠎ᠠ ᠶᠢ ᠳᠡᠭᠡᠭᠰᠢᠯᠡᠭᠦᠯᠦᠨ᠎ᠡ᠃ ᠰᠠᠭᠤᠭ᠎ᠠ ᠠᠵᠤ ᠠᠬᠤᠶᠢᠯᠠᠯ ᠤᠨ ᠲᠥᠷᠥᠯ ᠵᠦᠢᠯ ᠤᠨ ᠲᠣᠬᠢᠷᠠᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠲᠦᠭᠵᠢᠷᠡᠯ ᠪᠠ ᠬᠦᠴᠢᠷᠳᠡᠯ ᠴᠡᠭ ᠢ ᠬᠠᠪᠰᠤᠷᠤᠨ ᠰᠢᠯᠤᠭᠤᠤᠨᠬᠠᠵᠤ᠂ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠦᠶᠡᠯᠡᠯ ᠤᠨ ᠬᠤᠭᠤᠴᠠᠭ᠎ᠠ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ᠎ᠠ᠃        ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠬᠦᠴᠤᠯᠡᠨ ᠴᠢᠷᠮᠠᠶᠢᠨ᠎ᠠ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠡᠨᠡ ᠵᠢᠯ ᠤᠨ ᠠᠵᠤ ᠠᠬᠤᠢ ᠶᠢᠨ ᠠᠵᠢᠯ ᠤᠨ ︽ᠨᠢᠭᠡᠳᠦᠭᠡᠷ ᠨᠣᠮᠧᠷᠲᠤ ᠢᠨᠵᠧᠨᠧᠷᠢᠩ︾ ᠪᠣᠯᠭᠠᠵᠤ᠂ ᠲᠡᠷᠢᠭᠦᠨ ᠤ ᠭᠠᠵᠠᠷ ᠣᠷᠣᠨ᠂ ᠭᠤᠣᠯᠳᠠᠯᠭ᠎ᠠ ᠲᠠᠢ ᠠᠵᠢᠯ ᠲᠥᠷᠥᠯ᠂ ᠬᠡᠯᠬᠢᠶᠡᠵᠢᠭᠰᠡᠨ ᠠᠵᠤ ᠠᠬᠤᠶᠢᠯᠠᠯ ᠳᠤ ᠴᠢᠭᠯᠡᠭᠦᠯᠦᠨ ᠵᠠᠬ᠎ᠠ ᠳᠡᠯᠭᠡᠭᠦᠷ ᠠᠴᠠ ᠵᠣᠭᠤᠰ ᠮᠥᠩᠭᠦ ᠡᠷᠢᠬᠦ᠂ ᠲᠥᠷᠥᠯ ᠵᠦᠢᠯ ᠡᠷᠢᠬᠦ᠂ ᠪᠥᠬᠦ ᠣᠷᠣᠨ ᠪᠦᠰᠡ ᠪᠥᠬᠦ ᠵᠢᠯ ᠳᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠬᠦᠴᠤᠯᠡᠨ ᠲᠦᠯᠬᠢᠨ ᠠᠬᠢᠭᠤᠯᠬᠤ ᠶᠢ ᠪᠠᠷᠢᠮᠲᠠᠯᠠᠨ᠎ᠠ᠃ 2023 ᠣᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠤᠨ ᠲᠥᠯᠥᠪᠯᠡᠭᠡ ᠶᠢ ᠲᠣᠭᠲᠠᠭᠠᠵᠤ᠂ ᠠᠷᠠᠯᠵᠢᠶᠠᠴᠢᠨ ᠤᠷᠢᠬᠤ ᠠᠵᠢᠯ ᠤᠨ ︽ᠵᠢᠷᠭᠤᠭᠠᠨ ᠨᠢᠭᠡ︾ ᠶᠢᠨ ᠠᠬᠢᠭᠤᠯᠬᠤ ᠲᠣᠭᠲᠠᠴᠠ ⑨ ᠶᠢ ᠬᠡᠷᠡᠭᠵᠢᠭᠦᠯᠦᠨ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ ᠢ ᠠᠬᠢᠭᠤᠯᠬᠤ ᠨᠢ ᠤᠳᠠᠭᠠᠨ᠂ ᠨᠠᠶᠢᠳᠠᠪᠤᠷᠢᠵᠢᠭᠤᠯᠬᠤ ᠳᠤ ᠬᠦᠴᠢᠷ ᠵᠡᠷᠭᠡ ᠠᠰᠠᠭᠤᠳᠠᠯ ᠢ ᠭᠤᠣᠯᠳᠠᠯᠭ᠎ᠠ ᠲᠠᠢ ᠰᠢᠢᠳᠪᠦᠷᠢᠯᠡᠵᠦ᠂ ᠠᠷᠠᠯᠵᠢᠶᠠᠴᠢᠨ ᠤᠷᠢᠬᠤ ᠴᠢᠳᠠᠪᠤᠷᠢᠲᠠᠨ ᠤ ᠡᠩᠨᠡᠭᠡ ᠶᠢ ᠰᠣᠩᠭᠤᠨ ᠬᠡᠷᠡᠭᠯᠡᠬᠦ ᠶᠢ ᠴᠢᠩᠭᠠᠳᠬᠠᠨ᠂ ᠵᠠᠷᠤᠳᠠᠯ ᠢ ᠪᠠᠲᠤᠯᠠᠬᠤ ᠪᠠ ᠬᠢᠨᠠᠨ ᠰᠢᠯᠭᠠᠵᠤ ᠲᠣᠬᠢᠷᠠᠭᠤᠯᠬᠤ ᠶᠢ ᠴᠢᠩᠭᠠᠳᠬᠠᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠤᠨ ᠪᠣᠳᠠᠲᠤ ᠦᠷ᠎ᠡ ᠪᠦᠲᠦᠮᠵᠢ ᠶᠢ ᠦᠨᠡᠨᠬᠦ ᠪᠠᠲᠤᠯᠠᠨ᠎ᠠ᠃ ᠭᠤᠣᠯ ᠰᠢᠪᠲᠤᠯᠤᠯᠲᠠ ᠶᠢᠨ ᠲᠠᠪᠴᠠᠩ ᠢᠶᠠᠷ ᠠᠷᠠᠯᠵᠢᠶᠠᠴᠢᠨ ᠤᠷᠢᠵᠦ᠂ ᠮᠡᠷᠭᠡᠯ ᠭᠤᠣᠯ ᠤᠨ ᠦᠵᠡᠮᠵᠢ ᠶᠢᠨ ᠣᠷᠣᠨ᠂ ᠤᠰᠤᠨ ᠤ ᠠᠮᠢ ᠠᠬᠤᠢ ᠶᠢᠨ ᠠᠵᠤ ᠦᠢᠯᠡᠰ ᠤᠨ ᠴᠤᠭᠯᠠᠷᠠᠯ ᠤᠨ ᠣᠷᠣᠨ᠂  ᠪᠤᠷᠤᠰᠢᠯᠢ ᠠᠵᠤ ᠦᠢᠯᠡᠰ ᠤᠨ ᠬᠦᠷᠢᠶᠡᠯᠡᠩ᠂ ᠮᠠᠰᠢᠨ ᠲᠡᠷᠭᠡ ᠶᠢ ᠡᠪᠦᠯ ᠤᠨ ᠤᠯᠠᠷᠢᠯ  ᠳᠤ ᠲᠤᠷᠰᠢᠨ ᠵᠢᠯᠤᠭᠤᠳᠬᠤ ᠰᠠᠭᠤᠷᠢᠨ ᠭᠠᠵᠠᠷ᠂ ᠳᠤᠮᠳᠠᠳᠤ ᠤᠯᠤᠰ ᠤᠨ ᠲᠠᠯ᠎ᠠ ᠨᠤᠲᠤᠭ ᠤᠨ ᠠᠵᠤ ᠦᠢᠯᠡᠰ ᠤᠨ  ᠴᠤᠭᠯᠠᠷᠠᠯ ᠤᠨ ᠣᠷᠣᠨ ᠵᠡᠷᠭᠡ ᠶᠢ ᠪᠣᠶᠢᠵᠢᠭᠤᠯᠬᠤ ᠭᠤᠤᠯᠳᠠᠯᠭ᠎ᠠ ᠶᠢᠨ ᠲᠣᠭᠤᠷᠢᠨ ᠳᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠥᠷᠨᠢᠭᠦᠯᠦᠨ᠎ᠡ᠃ ᠠᠵᠤ ᠦᠢᠯᠡᠰ ᠤᠨ ᠠᠷᠠᠯᠵᠢᠶᠠᠴᠢᠨ ᠤᠷᠢᠬᠤ ᠶᠢ ᠴᠢᠩᠭᠠᠷᠠᠭᠤᠯᠵᠤ᠂ ᠠᠵᠤ ᠦᠢᠯᠡᠰ ᠤᠨ ᠪᠠᠶᠢᠷᠢᠰᠢᠭᠤᠯᠤᠯᠲᠠ ᠳᠤ ᠰᠠᠭᠤᠷᠢᠯᠠᠨ᠂ ᠡᠬᠢ ᠪᠠᠶᠠᠯᠢᠭ ᠡᠳ᠋ ᠬᠥᠷᠥᠩᠭᠡ ᠶᠢᠨ ᠳᠠᠪᠠᠭᠤᠯᠢᠭ ᠬᠦᠷᠢᠶ᠎ᠡ ᠴᠠᠷᠠᠭ᠎ᠠ ᠶᠢᠨ ᠲᠣᠭᠤᠷᠢᠨ ᠳᠤ᠂ ᠭᠤᠤᠯᠳᠠᠭᠤ ᠮᠠᠯ ᠤᠨ ᠠᠰᠢᠭ ᠰᠢᠮ᠎ᠡ ᠶᠢ ᠡᠳ᠋ᠰᠢᠭᠦᠯᠬᠦ᠂ ᠲᠠᠯ᠎ᠠ ᠨᠤᠲᠤᠭ ᠤᠨ ᠠᠮᠢ ᠠᠬᠤᠢ ᠶᠢᠨ ᠰᠣᠶᠣᠯ ᠵᠢᠭᠤᠯᠴᠢᠯᠠᠯ᠂ ᠰᠢᠨ᠎ᠡ ᠡᠨᠧᠷᠭᠢ᠂ ᠡᠪᠡᠰᠦᠨ ᠤ ᠠᠵᠤ ᠦᠢᠯᠡᠰ ᠵᠡᠷᠭᠡ ᠲᠠᠯ᠎ᠠ ᠶᠢᠨ ᠠᠵᠤ ᠠᠬᠤᠶᠢᠯᠠᠯ ᠢ ᠤᠷᠢᠨ ᠠᠪᠴᠢᠷᠠᠵᠤ ᠪᠡᠯᠡ ᠤᠷᠤᠭᠤᠯᠤᠨ ᠠᠵᠤ ᠦᠢᠯᠡᠰ ᠢ ᠬᠥᠭᠵᠢᠭᠦᠯᠦᠨ᠎ᠡ᠃ ᠠᠷᠠᠯᠵᠢᠶ᠎ᠠ ᠢᠶᠠᠷ ᠠᠷᠠᠯᠵᠢᠶᠠᠴᠢᠨ ᠤᠷᠢᠬᠤ ᠶᠢ ᠠᠬᠢᠭᠤᠯᠵᠤ᠂ ᠨᠢᠭᠡᠨᠲᠡ ᠰᠠᠭᠤᠷᠢᠰᠢᠭᠰᠠᠨ ᠲᠥᠷᠥᠯ ᠵᠦᠢᠯ ᠤᠨ ᠺᠣᠮᠫᠠᠨᠢ ᠲᠠᠢ ᠬᠠᠷᠢᠯᠴᠠᠭ᠎ᠠ ᠦᠢᠯᠡᠴᠢᠯᠡᠭᠡ ᠪᠠᠨ ᠴᠢᠩᠭᠠᠳᠬᠠᠨ᠂ ᠲᠡᠳᠡᠨ ᠢ ᠦᠷᠬᠦᠯᠵᠢᠯᠡᠨ ᠪᠡᠯᠡ ᠤᠷᠤᠭᠤᠯᠤᠨ᠂ ᠦᠷᠭᠦᠯᠵᠢᠯᠡᠨ ᠬᠥᠭᠵᠢᠭᠦᠯᠬᠦ ᠶᠢ ᠪᠡᠶᠡᠯᠡᠭᠦᠯᠦᠨ᠎ᠡ᠃         ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠪᠠᠷᠢᠮᠲᠠᠯᠠᠨ᠎ᠠ᠃ ᠬᠦᠴᠦᠲᠡᠢ  ᠲᠡᠮᠵᠢᠯᠭᠡ᠂ ᠰᠠᠭᠤᠷᠢ ᠲᠠᠢ ᠬᠦᠭᠵᠢᠯᠳᠡ ᠳᠤ ᠰᠠᠭᠤᠷᠢᠯᠠᠨ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠪᠠ ᠠᠵᠢᠯ ᠤᠨ ᠶᠠᠪᠤᠴᠠ ᠶᠢ ᠰᠢᠯᠢᠳᠡᠭᠵᠢᠭᠦᠯᠵᠦ᠂ ᠬᠤᠷᠳᠤᠴᠠ ᠪᠠ ᠦᠷ᠎ᠡ ᠪᠦᠲᠦᠮᠵᠢ ᠪᠠᠨ ᠳᠡᠭᠡᠭᠰᠢᠯᠡᠭᠦᠯᠤᠨ ᠠᠵᠤ ᠠᠬᠤᠶᠢᠯᠠᠯ ᠪᠠ ᠤᠯᠠᠨ ᠲᠦᠮᠡᠨ  ᠳᠤ ᠰᠠᠶᠢᠲᠤᠷ ᠦᠢᠯᠡᠴᠢᠯᠡᠨ᠎ᠡ᠃ ᠬᠤᠰᠢᠭᠤᠨ ᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ᠤᠨ ᠠᠰᠢᠭᠯᠠᠯᠲᠠ ᠳᠤ ᠣᠷᠣᠬᠤ ᠶᠢ ᠲᠦᠷᠭᠡᠳᠬᠡᠨ ᠠᠬᠢᠭᠤᠯᠵᠤ᠂ ᠣᠯᠠᠨ ᠲᠦᠮᠡᠨ ᠤ ᠠᠵᠢᠯ ᠭᠦᠢᠴᠡᠳᠬᠡᠬᠦ ᠳᠤ ︽ᠨᠢᠭᠡ ᠯᠡ ᠡᠭᠦᠳᠡ ᠪᠠᠷ ᠣᠷᠣᠬᠤ︾ ᠶᠢ ᠴᠢᠷᠮᠠᠶᠢᠨ ᠪᠡᠶᠡᠯᠡᠭᠦᠯᠦᠨ᠎ᠡ᠃ ︽12345︾ ᠶᠢᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠬᠠᠯᠠᠮᠰᠢᠯ ᠤᠳᠠᠰᠤ ᠪᠠᠷ ᠲᠤᠰᠬᠠᠭᠰᠠᠨ ᠪᠦᠬᠦᠨ ᠢ ᠳᠠᠷᠤᠢ ᠲᠦᠷᠭᠡᠨ ᠰᠢᠢᠳᠪᠦᠷᠢᠯᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ︽ᠰᠢᠢᠳᠪᠦᠷᠢᠯᠡᠬᠦ ᠨᠣᠷᠮ᠎ᠠ︾ ︽ᠬᠠᠨᠤᠮᠵᠢ ᠶᠢᠨ ᠨᠣᠷᠮ᠎ᠠ︾ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠬᠦᠴᠢᠷ ᠠᠰᠠᠭᠤᠳᠠᠯ᠂ ᠬᠠᠯᠠᠮᠰᠢᠯ ᠠᠰᠠᠭᠤᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠡᠮᠬᠢᠯᠡᠨ᠂ ᠣᠯᠠᠨ ᠲᠦᠮᠡᠨ ᠤ  ᠲᠤᠯᠭᠠᠮ᠎ᠠ ᠬᠦᠴᠢᠷᠳᠠᠯᠳᠠᠢ ᠰᠠᠨᠠᠭᠠᠷᠠᠰᠢᠵᠦ ᠪᠠᠶᠢᠭ᠎ᠠ ᠠᠰᠠᠭᠤᠳᠠᠯ ᠢ ᠦᠨᠡᠨᠬᠦ ᠰᠢᠢᠳᠪᠦᠷᠢᠯᠡᠨ᠎ᠡ᠃ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠰᠠᠶᠢᠳᠤᠷ ᠬᠢᠨ᠎ᠡ᠃ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠲᠠᠶᠢᠯᠬᠤ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠠᠵᠤ ᠠᠬᠤᠶᠢᠯᠠᠯ ᠢ ᠨᠠᠷᠢᠯᠢᠭ ᠣᠨᠣᠴᠠᠲᠠᠢ ᠪᠠᠷ ᠬᠠᠪᠰᠤᠷᠤᠨ ᠲᠡᠳᠬᠦᠬᠦ ᠶᠢ ᠴᠢᠩᠭᠠᠳᠬᠠᠵᠤ᠂《ᠪᠤᠴᠠᠭᠠᠬᠤ ᠪᠠᠭᠤᠷᠠᠭᠤᠯᠬᠤ ᠬᠤᠶᠢᠰᠢᠯᠠᠭᠤᠯᠬᠤ ᠬᠡᠯᠳᠤᠷᠢᠬᠦᠯᠬᠦ》ᠭᠠᠶᠢᠯᠢ ᠶᠢᠨ ᠰᠦᠢᠳᠬᠡᠯ ᠤᠨ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ︽ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢᠨ ᠬᠥᠭᠵᠢᠯᠲᠡ ᠶᠢ ᠠᠬᠢᠭᠤᠯᠬᠤ ᠳᠦᠷᠢᠮ︾ ᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠣᠯᠠᠰᠢᠷᠠᠭᠤᠯᠵᠤ᠂ ᠬᠦᠭᠵᠢᠶᠡᠨ ᠲᠠᠢ ᠪᠣᠯᠭᠠᠵᠤ᠂ ᠬᠦᠴᠦᠷᠬᠡᠭᠵᠢᠭᠦᠯᠬᠦ ᠪᠠᠷ ᠴᠢᠷᠮᠠᠶᠢᠨ᠎ᠠ᠃       ︵ᠬᠤᠶᠠᠷ︶ ᠬᠦᠴᠦ ᠪᠠᠨ ᠲᠥᠪᠯᠡᠷᠡᠭᠦᠯᠦᠨ ᠠᠵᠤ ᠦᠢᠯᠡᠰ ᠤᠨ ᠬᠡᠯᠪᠡᠷᠢ ᠬᠤᠪᠢᠷᠠᠭᠤᠯᠬᠤ ᠶᠢ ᠲᠦᠷᠭᠡᠳᠬᠡᠵᠦ᠂ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠷᠢᠰᠢᠯ ᠢ ᠡᠬᠦᠳᠤᠨ᠎ᠡ᠃ ︽ᠲᠠᠪᠤᠨ ᠶᠡᠭᠡ ᠠᠵᠢᠯᠯᠠᠭᠠᠨ ᠤ ᠲᠥᠯᠥᠪᠯᠡᠭᠡ︾ ᠪᠠᠷ ᠵᠢᠯᠣᠭᠤᠳᠤᠯᠭ᠎ᠠ ᠪᠣᠯᠭᠠᠨ᠂ ᠠᠮᠢ ᠠᠬᠤᠢ ᠶᠢ ᠤᠷᠢᠤᠨ ᠢᠶᠠᠷ ᠪᠤᠳᠤᠯᠬᠢᠯᠠᠬᠤ᠂ ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠵᠤ᠂ ᠭᠤᠷᠪᠠᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠤᠯᠪᠣᠭᠳᠠᠬᠤ ᠲᠦᠭᠵᠢᠷᠡᠯ ᠤᠨ ᠴᠢᠨᠠᠷᠲᠠᠢ᠂ ᠬᠢᠵᠠᠭᠠᠷᠯᠠᠯ ᠤᠨ ᠴᠢᠨᠠᠷᠲᠠᠢ ᠠᠰᠠᠭᠤᠳᠠᠯ ᠢ ᠰᠢᠢᠳᠪᠦᠷᠢᠯᠡᠬᠦ ᠪᠠᠷ ᠭᠠᠷᠳᠠᠴᠠ ᠪᠣᠯᠭᠠᠵᠤ᠂ ᠠᠵᠤ ᠦᠢᠯᠡᠰ ᠤᠨ ᠪᠦᠲᠦᠴᠡ ᠶᠢ ᠬᠦᠴᠦᠯᠡᠨ ᠲᠣᠬᠢᠷᠠᠭᠤᠯᠵᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠂ ᠪᠣᠬᠢᠷᠳᠤᠯ ᠦᠭᠡᠢ ᠣᠨᠴᠠᠯᠢᠭᠲᠤ ᠳᠠᠪᠠᠭᠤᠯᠢᠭ ᠣᠲᠣ ᠦᠶ᠎ᠡ ᠶᠢᠨ ᠠᠵᠤ ᠦᠢᠯᠡᠰ ᠤᠨ ᠰᠢᠰᠲ᠋ᠧᠮᠵᠢ ᠶᠢ ᠲᠦᠷᠭᠡᠳᠬᠡᠨ ᠪᠠᠶᠢᠭᠤᠯᠤᠨ᠎ᠠ᠃      ᠲᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠭᠰᠠᠨ ᠠᠵᠤ ᠦᠶᠢᠯᠡᠰᠵᠢᠭᠰᠡᠨ ᠬᠥᠭᠵᠢᠯᠲᠡ ᠶᠢ ᠠᠬᠢᠭᠤᠯᠤᠨ᠎ᠠ᠃ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠶᠢᠨ ᠠᠵᠤ ᠠᠬᠤᠶᠢᠯᠠᠯ ᠲᠠᠢ ᠬᠠᠷᠢᠯᠴᠠᠬᠤ ᠦᠢᠯᠡᠴᠢᠯᠡᠭᠡ ᠪᠠᠨ ᠴᠢᠩᠭᠠᠳᠬᠠᠵᠤ᠂ ᠲᠠᠷᠢᠮᠠᠯ ᠤᠨ ᠲᠠᠯᠠᠪᠠᠶ ᠶᠢ 130 ᠲᠦᠮᠡᠨ ᠮᠦ ᠳᠤ ᠬᠦᠷᠦᠭᠦᠯᠵᠦ᠂ ᠠᠮᠤ ᠲᠣᠰᠣᠨ ᠤ ᠲᠠᠷᠢᠮᠠᠯ ᠤᠨ ᠤᠨᠠᠯᠲᠠ ᠶᠢ ᠲᠣᠭᠲᠠᠪᠤᠷᠢᠵᠢᠭᠤᠯᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠤᠨ᠂ 1.42 ᠲᠦᠮᠡᠨ ᠮᠦ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠦᠨ᠎ᠡ᠃ ᠰᠠᠭᠠᠯᠢ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠤᠯᠠᠮᠵᠢᠯᠠᠯᠲᠤ ᠴᠠᠭᠠᠨ ᠢᠳᠡᠭᠡᠨ ᠤ ᠦᠢᠯᠡᠰ ᠪᠤᠰᠬᠠᠬᠤ ᠬᠦᠷᠢᠶᠡᠯᠡᠩ ᠢᠶᠠᠷ ᠲᠥᠪ ᠪᠣᠯᠭᠠᠭᠰᠠᠨ ᠰᠦ ᠶᠢᠨ ᠢᠷᠡᠯᠲᠡ ᠶᠢᠨ ᠰᠠᠭᠤᠷᠢᠨ ᠭᠠᠵᠠᠷ᠂ ᠲᠤᠷᠰᠢᠯᠲᠠ ᠶᠢᠨ ᠲᠠᠰᠤᠭ ᠵᠡᠷᠭᠡ ᠳᠠᠭᠠᠯᠲᠠ ᠲᠦᠬᠦᠬᠡᠷᠤᠮᠵᠢ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠂ ᠡᠳ᠋ᠰᠢᠭᠦᠯᠬᠦ ᠠᠵᠤ ᠠᠬᠤᠶᠢᠯᠠᠯ ᠤᠨ ᠰᠠᠭᠤᠷᠢᠰᠢᠬᠤ ᠳᠤ  ᠲᠦᠬᠦᠷᠵᠢᠭᠰᠡᠨ ᠦᠢᠯᠡᠴᠢᠯᠡᠭᠡ ᠶᠢ ᠰᠠᠶᠢᠲᠤᠷ ᠬᠢᠨ᠎ᠡ᠃ ᠮᠠᠯ ᠤᠨᠤᠭ᠎ᠠ  ᠶᠢ ᠬᠡᠪᠴᠢᠵᠢᠶᠡᠵᠢᠬᠦᠯᠤᠨ ᠲᠡᠵᠢᠬᠡᠨ ᠦᠷᠡᠵᠢᠬᠦᠯᠬᠦ ᠬᠦᠭᠵᠢᠯᠳᠡ ᠶᠢ ᠠᠬᠢᠭᠤᠯᠵᠤ᠂ ᠱᠧᠩ ᠰᠢᠶᠠᠩ ᠮᠠᠯ ᠠᠵᠤ ᠠᠬᠤᠢ ᠶᠢᠨ ᠮᠢᠬᠠᠨ ᠤ ᠦᠬᠡᠷ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ᠂ ᠸᠠᠨ ᠵᠢᠶᠠ ᠺᠣᠮᠫᠠᠨᠢ ᠶᠢᠨ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠮᠢᠬᠠᠨ ᠤ ᠦᠬᠡᠷ᠂ ᠮᠢᠬᠠᠨ ᠤ ᠬᠤᠨᠢᠨ ᠤ ᠪᠠᠷᠢᠮᠵᠢᠶᠠᠵᠢᠭᠤᠯᠤᠭᠰᠠᠨ ᠵᠢᠱᠢᠶ᠎ᠡ ᠦᠵᠡᠭᠦᠯᠬᠦ  ᠲᠠᠯᠠᠪᠤᠷ ᠢ ᠴᠢᠷᠮᠠᠶᠢᠨ ᠡᠬᠦᠳᠤᠨ᠎ᠡ᠃ ᠡᠪᠡᠰᠦᠨ ᠤ ᠦᠢᠯᠡᠰ ᠤᠨ ᠬᠥᠭᠵᠢᠯᠲᠡ ᠶᠢ ᠠᠬᠢᠭᠤᠯᠵᠤ᠂ 《 ᠬᠠᠭᠤᠴᠢᠨ ᠪᠠᠷᠭᠤ ᠬᠤᠰᠢᠭᠤᠨ ᠤ 〈ᠠᠷᠪᠠᠨ ᠳᠥᠷᠪᠡᠳᠦᠭᠡᠷ ᠲᠠᠪᠤᠨ ᠵᠢᠯ  ᠤᠨ ᠲᠦᠯᠤᠪᠯᠡᠭᠡ〉 ᠶᠢᠨ ᠬᠤᠭᠤᠴᠠᠭ᠎ᠠ ᠳᠠᠬᠢ ᠬᠢᠶᠠᠭ ᠡᠪᠡᠰᠦᠨ ᠤ ᠠᠵᠤ ᠦᠢᠯᠡᠰ ᠤᠨ ᠬᠥᠭᠵᠢᠯᠲᠡ ᠶᠢᠨ ᠬᠡᠷᠡᠭᠵᠢᠭᠦᠯᠬᠦ ᠲᠥᠰᠥᠯ 》 ᠢ ᠲᠣᠭᠲᠠᠭᠠᠨ ᠨᠡᠶᠢᠲᠡᠯᠡᠵᠦ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠠᠯᠠᠩ ᠤᠨ ᠬᠢᠶᠠᠭ ᠡᠪᠡᠰᠦ ᠳᠠᠷᠢᠬᠤ ᠠᠵᠤ ᠠᠬᠤᠶᠢᠯᠠᠯ ᠲᠠᠢ ᠬᠠᠮᠲᠤᠷᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠬᠢᠶᠠᠭ ᠡᠪᠡᠰᠦᠨ ᠤ ᠲᠠᠯᠠᠪᠠᠶ ᠶᠢ 2.8 ᠲᠦᠮᠡᠨ ᠮᠦ ᠪᠤᠯᠭᠠᠨ ᠥᠷᠭᠡᠳᠬᠡᠨ᠂ ᠬᠥᠯᠥᠨ ᠪᠤᠶᠢᠷ ᠬᠤᠲᠠ ᠶᠢᠨ ᠬᠢᠶᠠᠭ ᠡᠪᠡᠰᠦᠨ ᠤ ᠡᠭᠦᠯᠳᠡᠷ ᠰᠠᠶᠢᠵᠢᠷᠠᠭᠤᠯᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠡᠬᠦᠳᠤᠨ᠎ᠡ᠃ ᠬᠡᠯᠬᠢᠶᠡᠵᠢᠯ ᠢ ᠨᠥᠬᠦᠪᠦᠷᠢᠯᠡᠨ ᠬᠡᠯᠬᠢᠶᠡᠵᠢᠯ ᠢ ᠤᠷᠲᠤᠳᠬᠠᠬᠤ ᠶᠢ ᠴᠢᠩᠭᠠᠷᠠᠭᠤᠯᠤᠨ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠢ ᠡᠳ᠋ᠰᠢᠭᠦᠯᠬᠦ ᠶᠢ ᠠᠵᠤ ᠦᠶᠢᠯᠡᠰᠵᠢᠭᠦᠯᠦᠨ ᠬᠥᠭᠵᠢᠭᠦᠯᠬᠦ ᠶᠢ ᠠᠬᠢᠭᠤᠯᠵᠤ᠂ ᠨᠠᠷᠢᠯᠢᠭ ᠭᠦᠨᠵᠡᠭᠡᠢ ᠡᠳ᠋ᠰᠢᠭᠦᠯᠦᠨ ᠪᠣᠯᠪᠠᠰᠤᠷᠠᠭᠤᠯᠬᠤ ᠵᠡᠷᠭᠡ ᠲᠠᠯ᠎ᠠ ᠪᠠᠷ ᠬᠦᠴᠦᠯᠡᠨ᠂ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠲᠠᠭᠠᠯᠲᠡ ᠥᠷᠲᠡᠭ ᠢ ᠨᠡᠮᠡᠭᠳᠡᠬᠦᠯᠦᠨ᠎ᠡ᠃ ᠮᠠᠯ ᠠᠵᠤ ᠠᠬᠤᠢ ᠶᠢᠨ ᠨᠠᠷᠠᠲᠤ ᠲᠡᠮᠳᠡᠭᠲᠦ ᠶᠢ ᠪᠤᠢ ᠪᠤᠯᠭᠠᠨ᠂ ︽ᠬᠠᠭᠤᠴᠢᠨ ᠪᠠᠷᠭᠤ ᠬᠤᠰᠢᠭᠤᠨ ᠤ ᠤᠯᠠᠭᠠᠨ ᠲᠣᠯᠣᠭᠠᠶᠢᠲᠤ ᠬᠤᠨᠢ︾ ᠶᠢᠨ ᠭᠠᠵᠠᠷ ᠵᠦᠢ ᠶᠢᠨ ᠲᠡᠮᠳᠡᠭ ᠤᠨ ᠲᠠᠸᠠᠷ ᠤᠨ ᠲᠡᠮᠳᠡᠭ⑩ ᠢ ᠳᠠᠩᠰᠠᠯᠠᠬᠤ ᠠᠵᠢᠯ ᠢ ᠠᠬᠢᠭᠤᠯᠵᠤ᠂ ︽ᠨᠠᠷᠠᠲᠤ ᠣᠨᠴᠠ ᠰᠢᠯᠢᠳᠡᠭ ᠰᠢᠨ᠎ᠡ︾ ᠲᠠᠷᠢᠶᠠᠯᠠᠩ ᠤᠨ ᠪᠦᠲᠦᠭᠡᠭᠳᠡᠬᠦᠨ ᠤ ᠭᠡᠷᠡᠴᠢᠯᠡᠯ ᠤᠨ ᠠᠵᠤ ᠠᠬᠤᠶᠢᠯᠠᠯ ᠤᠨ ᠬᠥᠭᠵᠢᠨ ᠪᠤᠵᠠᠭᠠᠶᠢᠷᠠᠬᠤ ᠶᠢ ᠳᠡᠮᠵᠢᠵᠦ᠂ ᠤᠯᠠᠭᠠᠨ ᠲᠣᠯᠣᠭᠠᠶᠢᠲᠤ ᠬᠤᠨᠢ ᠶᠢ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠲᠤᠷᠰᠢᠯᠲᠠ ᠶᠢᠨ ᠴᠡᠭ ᠢ ᠡᠬᠦᠳᠤᠨ᠎ᠡ᠃ ︽ᠡᠬᠦᠯᠳᠡᠷ ᠰᠢᠯᠭᠠᠷᠠᠭᠤᠯᠬᠤ ᠬᠤᠷᠠᠯ︾ ᠵᠡᠷᠭᠡ ᠰᠢᠯᠭᠠᠷᠠᠭᠤᠯᠬᠤ ᠠᠵᠢᠯᠯᠠᠭ᠎ᠠ ᠶᠢ ᠡᠷᠭᠢᠯᠡᠵᠦ᠂ ᠴᠢᠨᠠᠷ ᠰᠠᠶᠢᠲᠠᠢ ᠡᠭᠦᠯᠳᠡᠷ ᠤᠨ ᠮᠠᠯ ᠤᠨ ᠦᠵᠡᠬᠦᠯᠤᠯᠭᠡ ᠰᠤᠯᠢᠯᠴᠠᠭᠠᠨ ᠤ ᠲᠠᠪᠴᠠᠩ ᠢ ᠡᠬᠦᠳᠤᠨ᠎ᠡ ᠃ ᠲᠠᠷᠢᠶᠠᠯᠠᠩ ᠮᠠᠯ ᠠᠵᠤ ᠠᠬᠤᠢ ᠶᠢᠨ ᠨᠡᠶᠢᠭᠡᠮᠴᠢᠯᠡᠭᠰᠡᠨ ᠶᠡᠷᠦᠩᠬᠡᠶᠢᠯᠡᠭᠰᠡᠨ ᠦᠢᠯᠡᠴᠢᠯᠡᠭᠡᠨ ᠤ ᠬᠢᠷᠢ ᠲᠦᠪᠰᠢᠨ ᠢ ᠴᠢᠩᠭᠠᠷᠠᠭᠤᠯᠤᠨ᠂ ᠮᠠᠯᠴᠢᠨ ᠲᠠᠷᠢᠶᠠᠴᠢᠳ ᠤᠨ ᠬᠤᠷᠰᠢᠶᠠᠵᠢᠯ ᠤᠨ ᠤᠯᠠᠨ ᠶᠠᠩᠵᠤᠳᠤ ᠡᠵᠡᠩᠨᠡᠯᠲᠡ ᠶᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ᠂ ᠮᠠᠯ ᠤᠨᠤᠭ᠎ᠠ ᠶᠢᠨ ᠲᠡᠵᠢᠭᠡᠪᠦᠷᠢ᠂ ᠠᠮᠢᠲᠠᠨ ᠤ ᠬᠢᠵᠢᠭ ᠢ ᠰᠡᠷᠭᠡᠶᠢᠯᠡᠨ ᠵᠠᠰᠠᠬᠤ᠂ ᠲᠠᠷᠢᠶᠠᠯᠠᠩ ᠤᠨ ᠪᠦᠳᠤᠭᠡᠭᠳᠡᠭᠦᠨ ᠮᠠᠯ ᠤᠨ ᠠᠰᠢᠭ ᠰᠢᠮ᠎ᠡ ᠶᠢ ᠪᠣᠷᠣᠯᠠᠭᠤᠯᠵᠤ ᠡᠳ᠋ᠰᠢᠭᠦᠯᠬᠦ ᠵᠢᠴᠢ ᠲᠠᠷᠢᠶᠠᠯᠠᠩ ᠮᠠᠯ ᠠᠵᠤ ᠠᠬᠤᠢ ᠶᠢ ᠳᠡᠮᠵᠢᠬᠦ ᠪᠤᠰᠤᠳ ᠲᠤᠬᠠᠶᠢᠯᠠᠭᠰᠠᠨ ᠠᠵᠢᠯ ᠤᠨ ᠲᠠᠯ᠎ᠠ ᠪᠠᠷ ᠵᠠᠬ᠎ᠠ ᠳᠡᠯᠭᠡᠭᠦᠷᠴᠢᠯᠡᠭᠰᠡᠨ ᠦᠢᠯᠡᠴᠢᠯᠡᠭᠡᠨ ᠢ ᠥᠷᠨᠢᠭᠦᠯᠵᠦ᠂ ᠠᠵᠤ ᠦᠢᠯᠡᠰ ᠤᠨ ᠬᠡᠯᠬᠢᠶ᠎ᠡ ᠶᠢᠨ ᠲᠠᠯ᠎ᠠ ᠪᠠᠷ ᠵᠦᠢ ᠵᠣᠬᠢᠰᠲᠠᠢ ᠠᠵᠢᠯ  ᠤᠨ ᠬᠤᠪᠢᠶᠠᠷᠢ ᠲᠠᠢ ᠶᠡᠷᠦᠩᠬᠡᠶᠢᠯᠡᠭᠰᠡᠨ ᠲᠦᠬᠦᠷᠵᠢᠭᠰᠡᠨ ᠦᠢᠯᠡᠴᠢᠯᠡᠭᠡᠨ ᠤ ᠰᠢᠰᠲ᠋ᠧᠮᠵᠢ ᠶᠢ  ᠪᠦᠷᠢᠯᠳᠤᠬᠦᠯᠤᠨ᠎ᠡ᠃     ᠠᠵᠤ ᠦᠢᠯᠡᠳᠪᠦᠷᠢ ᠶᠢᠨ ᠰᠢᠨ᠎ᠡ ᠶᠢ ᠡᠭᠦᠳᠴᠦ ᠰᠢᠯᠢᠳᠡᠭ ᠢ ᠡᠭᠦᠳᠬᠦ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠤᠯᠠᠮᠵᠢᠯᠠᠯᠲᠤ ᠡᠨᠧᠷᠭᠢ ᠶᠢᠨ ᠭᠤᠣᠯ ᠴᠣᠭᠴᠠ ᠶᠢᠨ ᠪᠠᠶᠢᠷᠢ ᠰᠠᠭᠤᠷᠢ ᠶᠢ ᠪᠠᠷᠢᠮᠲᠠᠯᠠᠵᠤ᠂ ᠲᠤᠯᠭᠠᠭᠤᠷᠢᠯᠠᠬᠤ ᠦᠢᠯᠡᠳᠦᠯ ᠢ ᠪᠠᠳᠠᠷᠠᠭᠤᠯᠵᠤ᠂ ᠴᠢᠨᠠᠷ ᠰᠠᠶᠢᠲᠠᠢ ᠦᠢᠯᠡᠳᠪᠦᠷᠢᠯᠡᠯ ᠤᠨ ᠴᠢᠳᠠᠪᠤᠷᠢ ᠶᠢ ᠥᠷᠭᠡᠳᠬᠡᠵᠤ᠂ ᠬᠠᠬᠢᠷ ᠬᠦᠢᠲᠡᠨ ᠭᠠᠵᠠᠷ ᠣᠷᠣᠨ ᠤ ᠵᠠᠳᠠᠭᠠᠢ ᠠᠭᠤᠷᠬᠠᠢ ᠶᠢᠨ ᠵᠠᠯᠭᠠᠯᠳᠤᠭ᠎ᠠ ᠪᠠᠷ ᠨᠡᠭᠦᠷᠡᠰᠦ ᠮᠠᠯᠲᠠᠬᠤ ᠰᠢᠰᠲ᠋ᠧᠮ ᠤᠨ ᠰᠤᠳᠤᠯᠤᠯ ᠬᠢᠭᠡᠳ ᠵᠢᠱᠢᠶ᠎ᠡ ᠦᠵᠡᠭᠦᠯᠬᠦ ᠢᠨᠵᠧᠨᠧᠷᠢᠩ᠂ ᠭᠦᠸᠧ ᠬᠤᠸᠠ ᠬᠤ᠋ ᠪᠧᠢ ᠺᠣᠮᠫᠠᠨᠢ ᠶᠢᠨ 1 ᠳ᠋ᠤᠭᠡᠷ ᠨᠣᠮᠧᠷᠲᠤ ᠨᠡᠭᠦᠷᠡᠰᠦ ᠳᠠᠮᠵᠢᠭᠤᠯᠬᠤ ᠪᠦᠰᠡ ᠶᠢ ᠥᠭᠡᠷᠡᠴᠢᠯᠡᠬᠦ ᠢᠨᠵᠧᠨᠧᠷᠢᠩ ᠵᠡᠷᠭᠡ ᠬᠤᠰᠢᠭᠤᠨ ᠤ ᠲᠡᠰ ᠤᠨ ᠡᠨᠧᠷᠭᠢ ᠶᠢᠨ ᠠᠵᠤ ᠦᠢᠯᠡᠳᠪᠦᠷᠢ ᠶᠢᠨ 33 ᠲᠥᠷᠥᠯ ᠵᠦᠢᠯ ᠢ ᠬᠡᠷᠡᠭᠵᠢᠭᠦᠯᠵᠦ᠂ ᠲᠦᠭᠦᠬᠡᠢ ᠨᠡᠭᠦᠷᠡᠰᠦᠨ ᠤ ᠭᠠᠷᠤᠯᠲᠠ ᠶᠢ 3500 ᠲᠦᠮᠡᠨ ᠲᠣᠨ ᠠᠴᠠ ᠳᠡᠭᠡᠭᠰᠢ᠂ ᠴᠠᠬᠢᠯᠭᠠᠨ ᠭᠠᠷᠭᠠᠬᠤ ᠬᠡᠮᠵᠢᠶ᠎ᠡ ᠶᠢ 62.5 ᠳ᠋ᠦᠩᠰᠢᠭᠤᠷ ᠺᠢᠯᠣᠸᠠᠲ ᠴᠠᠭ ᠠᠴᠠ ᠳᠡᠭᠡᠭᠰᠢ ᠲᠤ ᠬᠦᠷᠦᠭᠦᠯᠬᠦ ᠪᠠᠷ ᠴᠢᠷᠮᠠᠶᠢᠵᠤ᠂ ᠨᠡᠭᠦᠷᠡᠰᠦ ᠴᠠᠬᠢᠯᠭᠠᠨ ᠤ ᠭᠠᠷᠤᠯᠲᠠ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠡᠭᠦᠷᠭᠡ ᠶᠢ ᠪᠡᠶᠡᠯᠡᠭᠦᠯᠬᠦ ᠶᠢᠨ ᠬᠠᠮᠳᠤ ᠠᠵᠤ ᠠᠬᠤᠢ ᠶᠢᠨ ᠲᠣᠭᠲᠠᠭᠤᠨ ᠢᠶᠠᠷ ᠨᠡᠮᠡᠭᠳᠡᠬᠦ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠬᠠᠩᠭᠠᠨ᠎ᠠ᠃ ᠤᠯᠠᠮᠵᠢᠯᠠᠯᠲᠤ ᠡᠨᠧᠷᠭᠢ ᠶᠢᠨ ᠠᠵᠤ ᠠᠬᠤᠶᠢᠯᠠᠯ ᠤᠨ ᠪᠥᠬᠦ ᠲᠠᠯ᠎ᠠ ᠪᠠᠷ ᠪᠣᠬᠢᠷᠳᠤᠯ ᠦᠭᠡᠢ ᠪᠠᠷ ᠬᠡᠯᠪᠡᠷᠢ ᠬᠤᠪᠢᠷᠠᠭᠤᠯᠬᠤ ᠶᠢ ᠲᠦᠯᠬᠢᠨ ᠠᠬᠢᠭᠤᠯᠵᠤ᠂ ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠪᠠ ᠲᠥᠬᠦᠭᠡᠷᠦᠮᠵᠢ ᠶᠢᠨ ᠰᠢᠨᠡᠴᠢᠯᠡᠯᠲᠡ ᠶᠢ ᠳᠡᠮᠵᠢᠵᠦ᠂ ᠬᠤᠲᠠ ᠶᠢᠨ ᠲᠠᠰ ᠤᠨ ᠤᠯᠠᠮᠵᠢᠯᠠᠯᠲᠤ ᠠᠵᠤ ᠦᠢᠯᠡᠰ ᠤᠨ ᠰᠢᠨ᠎ᠡ ᠶᠢ ᠡᠭᠦᠳᠦᠨ ᠰᠢᠯᠢᠳᠡᠭ ᠢ ᠡᠭᠦᠳᠬᠦ 13 ᠲᠥᠷᠥᠯ ᠵᠦᠢᠯ ᠢ ᠲᠦᠷᠭᠡᠳᠬᠡᠨ ᠪᠠᠶᠢᠭᠤᠯᠵᠤ᠂ ᠨᠡᠭᠦᠷᠡᠰᠦ ᠵᠡᠷᠭᠡ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠶᠢ ᠨᠠᠩ ᠭᠤᠶᠣ ᠪᠣᠯᠭᠠᠨ᠎ᠠ᠃ ᠰᠢᠨ᠎ᠡ ᠡᠨᠧᠷᠭᠢ ᠶᠢᠨ ᠬᠥᠭᠵᠢᠯᠲᠡ ᠶᠢᠨ ︽ᠠᠵᠡ ᠲᠤᠬᠢᠶᠠᠯᠳᠤ ᠬᠤᠭᠤᠴᠠᠭ᠎ᠠ︾ ᠶᠢ ᠵᠠᠪᠳᠤᠨ ᠠᠳᠬᠤᠵᠤ ᠂ ︽ᠬᠠᠭᠤᠴᠢᠨ ᠪᠠᠷᠭᠤ ᠬᠤᠰᠢᠭᠤᠨ ᠤ ᠬᠡᠷᠡᠯ ᠴᠡᠨᠡᠭ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢᠨ ᠲᠥᠰᠥᠯ ︵2023︱2025︶︾ ᠢ ᠲᠣᠭᠲᠠᠭᠠᠨ ᠬᠡᠷᠡᠭᠵᠢᠭᠦᠯᠵᠦ᠂ ᠰᠢᠨ᠎ᠡ ᠡᠨᠧᠷᠭᠢ ᠶᠢᠨ ︽ ᠴᠠᠬᠢᠯᠭᠠᠨ ᠤ ᠡᠬᠢ᠂  ᠴᠠᠬᠢᠯᠭᠠᠨ ᠲᠣᠣᠷ᠂ ᠲᠠᠭᠠᠭᠠᠴᠠ᠂ ᠨᠦᠬᠡᠴᠡᠯᠡᠬᠦ︾ ⑪ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠵᠢᠯ ᠤᠨ ᠳᠣᠲᠣᠷ᠎ᠠ ᠬᠤ᠋ ᠪᠤᠤ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ ᠶᠢᠨ 74.5 ᠰᠠᠶ᠎ᠠ ᠸᠠᠲ ᠤᠨ ᠬᠡᠷᠡᠯ ᠴᠡᠨᠡᠭ ᠤᠨ ᠲᠥᠷᠥᠯ ᠵᠦᠢᠯ ᠢ ᠠᠰᠢᠭᠯᠠᠯᠲᠠ ᠳᠤ ᠣᠷᠣᠭᠤᠯᠤᠨ  ᠰᠦᠯᠵᠢᠶᠡᠨ ᠳᠤ ᠤᠷᠤᠭᠤᠯᠬᠤ ᠪᠠᠷ ᠴᠢᠷᠮᠠᠶᠢᠵᠤ᠂ 2025 ᠣᠨ ᠪᠣᠯᠬᠤ ᠳᠤ ᠮᠠᠰᠢᠨ ᠴᠣᠭᠴᠠᠯᠠᠪᠤᠷᠢ ᠶᠢᠨ ᠬᠡᠪᠴᠢᠶ᠎ᠡ ᠶᠢ 170 ᠲᠦᠮᠡᠨ ᠺᠢᠯᠣᠸᠠᠲ ᠲᠤ ᠬᠦᠷᠦᠭᠦᠯᠬᠦ ︽ᠵᠠᠭᠤᠨ ᠲᠦᠮᠡᠨ ᠬᠡᠷᠡᠯ ᠴᠡᠨᠡᠭ ᠤᠨ ᠰᠠᠭᠤᠷᠢᠨ ᠭᠠᠵᠠᠷ︾ ᠢ ᠪᠠᠶᠢᠭᠤᠯᠵᠤ᠂ ᠠᠵᠢᠯ ᠲᠥᠷᠥᠯ ᠤᠨ ᠨᠡᠮᠡᠭᠳᠡᠯ ᠤᠨ ᠰᠢᠨ᠎ᠡ ᠣᠷᠣᠨ ᠵᠠᠢ ᠶᠢ ᠥᠷᠭᠡᠳᠬᠡᠨ᠎ᠡ᠃ ᠬᠡᠷᠡᠯ ᠴᠡᠨᠡᠭ ᠤᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠰᠦᠪᠡᠭᠴᠢᠯᠡᠵᠦ᠂ ᠦᠷᠭᠦᠯᠵᠢᠯᠡᠬᠦ ᠬᠥᠭᠵᠢᠯᠲᠡ ᠶᠢ ᠠᠬᠢᠭᠤᠯᠬᠤ ᠳᠤ ᠰᠢᠨ᠎ᠡ ᠠᠷᠭ᠎ᠠ ᠵᠠᠮ ᠬᠠᠩᠭᠠᠨ᠎ᠠ᠃       ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠪᠠᠷᠢᠮᠵᠢᠶ᠎ᠠ ᠶᠢ ᠳᠡᠭᠡᠭᠰᠢᠯᠡᠭᠦᠯᠦᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠤᠯᠠᠮ ᠨᠢᠭᠡ ᠠᠯᠬᠤᠮ ᠯᠠᠪᠳᠠᠭᠤᠨ ᠥᠷᠨᠢᠭᠦᠯᠵᠦ᠂ ᠵᠢᠭᠤᠯᠴᠢᠯᠠᠯ ᠤᠨ ᠦᠢᠯᠡᠴᠢᠯᠡᠭᠡᠨ ᠤ ᠶᠠᠰᠤ ᠴᠢᠨᠠᠷ ᠪᠠ ᠪᠡᠶᠡᠳᠡᠨ ᠣᠶᠢᠯᠠᠭᠠᠬᠤ ᠬᠡᠮᠵᠢᠶ᠎ᠡ ᠶᠢ ᠳᠡᠭᠡᠭᠰᠢᠯᠡᠭᠦᠯᠬᠦ ᠲᠠᠯ᠎ᠠ ᠪᠠᠷ ᠢᠯᠡᠭᠦᠬᠡᠨ ᠬᠦᠴᠦ ᠲᠠᠯᠪᠢᠨ᠎ᠠ᠃ ᠰᠣᠶᠣᠯ ᠵᠢᠭᠤᠯᠴᠢᠯᠠᠯ ᠤᠨ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠠ ᠲᠣᠬᠢᠶᠠᠯ ᠢ ᠠᠳᠬᠤᠨ᠂ ᠵᠢᠭᠤᠯᠴᠢᠯᠠᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠪᠠ ᠨᠢᠭᠡᠳᠦᠯᠲᠡᠢ ᠲᠥᠯᠥᠪᠯᠡᠬᠦ ᠶᠢ ᠴᠢᠩᠭᠠᠷᠠᠭᠤᠯᠵᠤ᠂ ᠪᠥᠬᠦ ᠤᠷᠤᠨ ᠪᠦᠰᠡ ᠶᠢᠨ ᠵᠢᠭᠤᠯᠴᠢᠯᠠᠯ ᠪᠠ ᠲᠠᠯ᠎ᠠ ᠨᠤᠲᠤᠭ ᠤᠨ ᠵᠢᠭᠤᠯᠴᠢᠯᠠᠯ ᠤᠨ ᠲᠥᠯᠦᠪᠵᠢᠭᠦᠯᠭᠡ ᠶᠢ ᠵᠠᠰᠠᠨ ᠨᠠᠶᠢᠷᠠᠭᠤᠯᠵᠤ᠂ ᠬᠠᠶᠢᠯᠠᠷ ᠭᠤᠤᠯ᠂ ᠬᠢᠯᠢ ᠶᠢᠨ ᠬᠠᠮᠠᠭᠠᠯᠠᠯᠳᠠ ᠶᠢᠨ ᠵᠠᠰᠠᠮᠠᠯ ᠵᠠᠮ᠂ ᠮᠡᠷᠭᠡᠯ ᠭᠤᠤᠯ  ᠤᠨ ᠰᠠᠪᠠ ᠭᠠᠵᠠᠷ ᠤᠨ ᠵᠢᠭᠤᠯᠴᠢᠯᠠᠯ ᠤᠨ ᠰᠢᠵᠢᠷ ᠠᠯᠳᠠᠨ ᠱᠤᠭᠤᠮ ᠤᠨ ᠪᠠᠶᠢᠷᠢᠰᠢᠯᠠᠭᠤᠯᠳᠡ ᠶᠢ ᠲᠡᠬᠦᠯᠳᠡᠷᠵᠢᠬᠦᠯᠵᠦ᠂ ᠪᠥᠬᠦ ᠤᠷᠤᠨ ᠪᠦᠰᠡ ᠶᠢᠨ ᠲᠦᠷᠪᠡᠨ ᠤᠯᠠᠷᠢᠯ ᠤᠨ ᠪᠥᠬᠦ ᠠᠵᠢᠯ ᠲᠥᠷᠥᠯ ᠤᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠰᠢᠨ᠎ᠡ ᠪᠠᠶᠢᠷᠢᠰᠢᠯ ᠢ ᠪᠣᠶ ᠪᠣᠯᠭᠠᠨ᠎ᠠ᠃ ᠬᠦᠴᠦ ᠪᠠᠨ ᠲᠥᠪᠯᠡᠷᠡᠭᠦᠯᠦᠨ ᠮᠡᠷᠭᠡᠯ ᠭᠤᠣᠯ ᠤᠨ ᠦᠵᠡᠮᠵᠢ ᠶᠢᠨ ᠣᠷᠣᠨ ᠢᠶᠠᠷ ᠲᠥᠪ ᠪᠣᠯᠭᠠᠭᠰᠠᠨ ᠲᠠᠯ᠎ᠠ ᠨᠤᠲᠤᠭ ᠤᠨ ᠵᠢᠭᠤᠯᠴᠢᠯᠠᠯ ᠤᠨ ᠭᠤᠣᠯ ᠣᠷᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠵᠢᠯ ᠤᠨ ᠳᠣᠲᠣᠷ᠎ᠠ 5A ᠲᠠᠰ ᠤᠨ ᠦᠵᠡᠮᠵᠢ ᠶᠢᠨ ᠣᠷᠣᠨ ᠢ ᠭᠤᠶᠤᠴᠢᠯᠠᠨ ᠮᠡᠳᠡᠭᠦᠯᠬᠦ ᠠᠵᠢᠯ ᠢ ᠪᠡᠶᠡᠯᠡᠭᠦᠯᠦᠨ᠎ᠡ᠃  ︽ᠲᠤᠮᠳᠠᠳᠤ ᠤᠯᠤᠰ ᠤᠨ ᠨᠠᠭᠠᠳᠤᠮ ᠤᠨ ᠰᠣᠶᠣᠯ ᠤᠨ ᠦᠯᠤᠬᠡᠢ︾᠂ ︽ᠨᠡᠭᠦᠳᠡᠯ ᠮᠠᠯᠴᠢᠨ ᠠᠶᠢᠯ︾᠂ ︽ᠤᠭᠠᠯᠵᠠᠨ ᠮᠡᠷᠭᠡᠯ︾ ᠵᠡᠷᠭᠡ ᠰᠣᠶᠣᠯ ᠵᠢᠭᠤᠯᠴᠢᠯᠠᠯ ᠤᠨ ᠨᠡᠷᠡᠳᠤ ᠲᠡᠮᠳᠡᠭᠲᠦ ᠶᠢᠨ ᠢᠯᠭᠠᠨ ᠲᠠᠨᠢᠬᠤ ᠬᠡᠮᠵᠢᠶ᠎ᠡ ᠶᠢ ᠳᠡᠭᠡᠭᠰᠢᠯᠡᠭᠦᠯᠵᠦ᠂ ᠲᠠᠯ᠎ᠠ ᠨᠤᠲᠤᠭ ᠤᠨ ᠨᠠᠭᠠᠳᠤᠮ᠂ ᠮᠦᠩᠬᠦᠨ ᠡᠪᠤᠯ ᠤᠨ ᠨᠠᠭᠠᠳᠤᠮ᠂ ︽ᠲᠦᠮᠡᠨ ᠠᠭᠲᠠ ᠶᠢᠨ ᠲᠦᠪᠡᠷᠭᠡᠨ︾  ᠠᠳᠤᠭᠤᠨ ᠰᠣᠶᠣᠯ ᠤᠨ ᠨᠠᠶᠢᠷ ᠵᠡᠷᠭᠡ ᠵᠢᠭᠤᠯᠴᠢᠯᠠᠯ ᠤᠨ ᠭᠤᠣᠯ ᠰᠡᠳᠦᠪᠲᠦ ᠠᠵᠢᠯᠯᠠᠭ᠎ᠠ᠂ ᠵᠤᠭᠠᠴᠠᠭᠰᠠᠳ ᠢ ᠲᠠᠲᠠᠵᠤ᠂ ᠬᠥᠮᠥᠰ ᠤᠨ ᠪᠠᠭ᠋ᠠᠷᠬᠠᠯ ᠢ ᠲᠠᠲᠠᠭᠰᠠᠨ ᠲᠠᠯ᠎ᠠ ᠨᠤᠲᠤᠭ ᠤᠨ ᠰᠣᠶᠣᠯ ᠤᠨ ᠪᠠᠶᠠᠷ ᠳᠤᠷᠠᠰᠬᠠᠯ ᠤᠨ ᠠᠵᠢᠯᠯᠠᠭ᠎ᠠ ᠪᠣᠯᠣᠨ ᠲᠠᠮᠢᠷ ᠤᠨ ᠤᠷᠤᠯᠳᠤᠭᠠᠨ ᠢ ᠠᠯᠢ ᠤᠯᠠᠨ ᠡᠷᠬᠢᠯᠡᠵᠦ᠂ ᠬᠠᠭᠤᠴᠢᠨ ᠪᠠᠷᠭᠤ ᠬᠤᠰᠢᠭᠤᠨ ᠤ ᠲᠠᠯ᠎ᠠ ᠨᠤᠲᠤᠭ ᠢ ᠬᠦᠷ ᠬᠥᠭᠵᠢᠶᠡᠨ ᠲᠠᠢ ᠪᠣᠯᠭᠠᠨ᠎ᠠ᠃ ᠵᠤᠭᠠᠴᠠᠭᠰᠠᠤᠨ ᠤᠨ ᠬᠡᠷᠡᠭᠴᠡᠭᠡ ᠱᠠᠭᠠᠷᠳᠠᠯᠭ᠎ᠠ ᠳᠤ ᠰᠠᠭᠤᠷᠢᠯᠠᠨ ᠪᠦᠲᠦᠭᠡᠭᠳᠡᠬᠦᠨ ᠢ ᠨᠡᠭᠡᠭᠡᠨ ᠬᠥᠭᠵᠢᠭᠦᠯᠵᠦ᠂ ᠬᠠᠭᠤᠴᠢᠨ ᠪᠠᠷᠭᠤ ᠬᠤᠰᠢᠭᠤᠨ ᠤ ᠰᠣᠶᠣᠯ ᠤᠨ ᠲᠡᠮᠳᠡᠭ ᠢ ᠵᠢᠷᠤᠭᠯᠠᠨ ᠲᠥᠯᠥᠪᠯᠡᠨ ᠡᠬᠦᠳᠤᠨ ᠪᠠᠶᠢᠭᠤᠯᠵᠦ᠂  ᠬᠠᠭᠤᠴᠢᠨ ᠪᠠᠷᠭᠤ ᠬᠤᠰᠢᠭᠤᠨ ᠤ ᠤᠨᠴᠠᠯᠢᠭᠳᠤ ᠰᠤᠶᠤᠯ ᠤᠨ ᠲᠡᠮᠳᠡᠭᠲᠦ ᠵᠢᠭᠤᠯᠴᠢᠯᠠᠯ ᠤᠨ ᠪᠤᠳᠠᠰ ᠢ ᠵᠢᠷᠤᠭᠯᠠᠨ ᠡᠬᠦᠤᠨᠴᠦ᠂ ᠨᠤᠲᠤᠭ ᠤᠨ ᠣᠨᠴᠠ ᠭᠠᠷᠤᠯᠲᠠ ᠶᠢᠨ ᠪᠣᠷᠤᠯᠠᠭᠤᠯᠭ᠎ᠠ ᠶᠢᠨ ᠬᠡᠮᠵᠢᠶ᠎ᠡ ᠶᠢ ᠥᠷᠭᠡᠳᠬᠡᠨ᠎ᠡ᠃ ᠬᠡᠷᠡᠭᠯᠡᠭᠡᠨ ᠤ ᠲᠡᠮᠳᠡᠭᠲᠦ ᠲᠠᠷᠬᠠᠭᠠᠬᠤ ᠵᠡᠷᠭᠡ ᠤᠷᠮᠠᠰᠢᠭᠤᠯᠬᠤ ᠠᠷᠭ᠎ᠠ ᠬᠡᠮᠵᠢᠶ᠎ᠡ ᠶᠢ ᠦᠷᠭᠦᠯᠵᠢᠯᠡᠨ ᠬᠡᠷᠡᠭᠵᠢᠭᠦᠯᠵᠦ᠂ ᠲᠤᠰ ᠭᠠᠵᠠᠷ ᠤᠨ ᠵᠢᠭᠤᠯᠴᠢᠯᠠᠯ᠂ ᠡᠷᠬᠢᠨ ᠲᠣᠭᠤᠷᠢᠨ ᠤ ᠵᠢᠭᠤᠯᠴᠢᠯᠠᠯ᠂ ᠣᠶᠢᠷ᠎ᠠ ᠲᠡᠭᠦᠷᠭᠡ ᠶᠢᠨ ᠵᠢᠭᠤᠯᠴᠢᠯᠠᠯ ᠪᠠ ᠰᠥᠨᠢ ᠶᠢᠨ ᠠᠵᠤ ᠠᠬᠤᠢ᠂ ᠠᠮᠠᠷᠠᠯᠲᠠ ᠶᠢᠨ ᠡᠳᠦᠷ ᠤᠨ ᠠᠵᠤ ᠠᠬᠤᠢ᠂ ᠡᠯᠧᠺᠲᠷᠣᠨ ᠬᠤᠳᠠᠯᠳᠤᠭᠠᠨ ᠤ ᠠᠵᠤ ᠠᠬᠤᠢ ᠶᠢᠨ ᠬᠥᠭᠵᠢᠯᠲᠡ ᠶᠢ ᠲᠦᠷᠭᠡᠳᠬᠡᠵᠦ᠂  ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ᠂ ᠣᠷᠣᠨ ᠰᠠᠭᠤᠴᠠ ᠬᠤᠭᠤᠯᠠ ᠤᠮᠳᠠ᠂ ᠰᠣᠶᠣᠯ ᠵᠢᠭᠤᠯᠴᠢᠯᠠᠯ ᠵᠤᠭ᠎ᠠ ᠴᠡᠩᠭᠡᠯ ᠵᠡᠷᠭᠡ ᠬᠡᠷᠡᠭᠯᠡᠭᠡᠨ ᠤ ᠠᠵᠢᠯ ᠲᠦᠷᠦᠯ ᠤᠨ ᠬᠡᠪ ᠤᠨ ᠪᠠᠶᠢᠳᠠᠯ ᠢ ᠰᠡᠷᠭᠦᠭᠡᠬᠦ ᠶᠢ ᠲᠦᠯᠬᠢᠨ ᠠᠬᠢᠭᠤᠯᠵᠤ᠂ ᠲᠤᠰ ᠭᠠᠵᠠᠷ ᠤᠨ ᠬᠡᠷᠡᠭᠯᠡᠭᠡ ᠶᠢ ᠬᠦᠴᠦᠯᠡᠨ ᠲᠠᠶᠢᠴᠢᠯᠠᠨ᠎ᠠ᠃ ᠰᠢᠨ᠎ᠡ ᠬᠡᠯᠪᠡᠷᠢ ᠶᠢᠨ ᠠᠭᠤᠰᠤᠯᠴᠠᠭᠰᠠᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠣᠶᠢᠵᠢᠭᠤᠯᠤᠨ᠂ ᠮᠥᠰᠥ ᠴᠠᠰᠤᠨ ᠳᠤ ᠮᠠᠰᠢᠨ ᠲᠡᠷᠭᠡ ᠲᠤᠷᠰᠢᠨ ᠵᠢᠯᠤᠭᠤᠳᠬᠤ᠂ ᠤᠷᠠᠯᠢᠭ ᠤᠨ ᠲᠣᠭᠯᠠᠯᠲᠠ ᠂ ᠰᠣᠶᠣᠯ ᠤᠨ ᠥᠪ ᠤᠨ ᠵᠢᠭᠤᠯᠴᠢᠯᠠᠯ  ᠵᠡᠷᠭᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠬᠡᠯᠪᠡᠷᠢ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠵᠤ᠂ ᠬᠤᠪᠢ ᠶᠢᠨ ᠮᠠᠰᠢᠨ ᠲᠡᠷᠭᠡ ᠪᠠᠷ ᠵᠢᠭᠤᠯᠴᠢᠯᠠᠬᠤ᠂ ᠬᠡᠬᠡᠷᠡᠯᠡᠨ ᠪᠠᠭᠤᠳᠠᠯᠯᠠᠵᠦ ᠵᠢᠭᠤᠯᠴᠢᠯᠠᠬᠤ᠂ ᠠᠮᠠᠷᠠᠯᠲᠠ ᠪᠠᠷ ᠵᠠᠪᠠᠯ ᠵᠢᠭᠤᠯᠴᠢᠯᠠᠬᠤ᠂ ᠡᠷᠡᠭᠦᠯᠵᠢᠯ ᠰᠤᠪᠢᠯᠠᠯᠲᠠ ᠬᠢᠬᠦ ᠵᠤᠷᠢᠭᠰᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠪᠥᠬᠦ ᠵᠢᠯ ᠳᠤ ᠵᠢᠭᠤᠯᠴᠢᠯᠠᠭᠴᠢᠤᠨ ᠢ ᠭᠥᠯᠢᠶᠡᠨ ᠠᠪᠤᠭᠰᠠᠨ ᠬᠥᠮᠥᠨ ᠤᠳᠠᠭ᠎ᠠ ᠪᠠ ᠣᠷᠣᠯᠭ᠎ᠠ ᠶᠢ 12% ᠠᠴᠠ ᠳᠡᠭᠡᠭᠰᠢ ᠨᠡᠮᠡᠭᠳᠡᠭᠦᠯᠬᠦ ᠪᠠᠷ ᠴᠢᠷᠮᠠᠶᠢᠵᠤ᠂ ᠵᠢᠭᠤᠯᠴᠢᠯᠠᠯ ᠤᠨ ᠠᠵᠤ ᠦᠢᠯᠡᠰ ᠤᠨ ︽ᠨᠢᠭᠡ ᠠᠵᠢᠯ  ᠲᠦᠷᠤᠯ ᠢ ᠬᠥᠭᠵᠢᠨ ᠮᠠᠨᠳᠤᠭᠤᠯᠬᠤ︾ ᠶᠢ ᠪᠡᠶᠡᠯᠡᠭᠦᠯᠦᠨ ︽ᠠᠯᠢᠪᠠ ᠠᠵᠢᠯ ᠲᠦᠷᠤᠯ ᠤᠨ ᠬᠥᠭᠵᠢᠨ ᠮᠠᠨᠳᠤᠭᠤᠯᠬᠤ︾ ᠶᠢ ᠠᠬᠢᠭᠤᠯᠤᠨ᠎ᠠ᠃         ︵ᠭᠤᠷᠪᠠ︶  ᠬᠦᠴᠦ ᠪᠠᠨ ᠲᠥᠪᠯᠡᠷᠡᠭᠦᠯᠤᠨ ᠠᠮᠢ ᠠᠬᠤᠢ ᠶᠢ ᠬᠠᠮᠠᠭᠠᠯᠠᠨ ᠴᠡᠭᠴᠡᠯᠡᠨ ᠵᠠᠰᠠᠵᠤ᠂ ᠪᠣᠬᠢᠷᠳᠤᠯ ᠦᠭᠡᠢ ᠬᠥᠭᠵᠢᠯᠲᠡ ᠶᠢᠨ ᠰᠢᠨ᠎ᠡ ᠰᠢᠪᠲᠤᠯᠤᠯᠲᠠ ᠶᠢ ᠪᠡᠶᠡᠯᠡᠭᠦᠯᠬᠦ ᠶᠢ ᠠᠬᠢᠭᠤᠯᠤᠨ᠎ᠠ᠃ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠬᠦᠯᠬᠦ ᠤᠯᠤᠰ ᠲᠥᠷᠥ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠮᠠᠨ ᠤ ᠬᠤᠰᠢᠭᠤᠨ ᠤ ᠠᠮᠢ ᠠᠬᠤᠢ ᠶᠢᠨ ᠣᠷᠴᠢᠨ ᠲᠣᠭᠤᠷᠢᠨ ᠢ ᠨᠠᠩ  ᠭᠤᠶᠢᠳᠠ ᠰᠠᠶᠢᠬᠠᠨ ᠪᠣᠯᠭᠠᠨ᠎ᠠ᠃       ᠠᠮᠢ ᠠᠬᠤᠢ ᠶᠢ ᠬᠠᠮᠠᠭᠠᠯᠠᠨ ᠰᠡᠷᠭᠦᠭᠡᠬᠦ ᠠᠵᠢᠯ ᠢ ᠴᠢᠩᠭᠠᠳᠬᠠᠨ᠎ᠠ᠃ ᠠᠭᠤᠯᠠ ᠤᠰᠤ ᠣᠶ ᠰᠢᠭᠤᠢ ᠲᠠᠷᠢᠶᠠᠨ ᠭᠠᠵᠠᠷ ᠨᠠᠭᠤᠷ ᠴᠥᠭᠦᠷᠥᠮ ᠡᠪᠡᠰᠦ ᠡᠯᠡᠰᠦ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ  ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠣᠶ ᠰᠢᠭᠤᠢ ︵ᠡᠪᠡᠰᠦ ᠪᠡᠯᠴᠢᠭᠡᠷ︶ ᠶᠢᠨ ᠲᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠤᠣᠯ ᠮᠥᠷᠡᠨ ︵ᠨᠠᠭᠤᠷ ᠴᠦᠬᠦᠷᠤᠮ︶ ᠤ  ᠲᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠰᠠᠶᠢᠲᠤᠷ ᠨᠠᠶᠢᠳᠠᠪᠤᠷᠢᠵᠢᠭᠤᠯᠵᠤ᠂ 30 ᠲᠦᠮᠡᠨ ᠮᠦ ᠨᠤᠲᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠬᠦ ᠪᠠ ᠡᠯᠡᠰᠤᠷᠭᠡᠭᠵᠢᠯ ᠢ ᠶᠡᠷᠦᠩᠬᠡᠶᠢᠯᠡᠨ ᠵᠠᠰᠠᠬᠤ ᠲᠥᠷᠥᠯ ᠵᠦᠢᠯ ᠢ ᠦᠷᠭᠦᠯᠵᠢᠯᠡᠨ ᠬᠡᠷᠡᠭᠵᠢᠭᠦᠯᠵᠦ᠂ ᠭᠠᠵᠠᠷ ᠰᠢᠷᠣᠢ ᠶᠢᠨ ᠡᠯᠡᠰᠦᠷᠬᠡᠭᠵᠢᠯ ᠲᠠᠴᠢᠷᠳᠠᠯ ᠢ ᠰᠡᠷᠭᠡᠶᠢᠯᠡᠨ ᠵᠠᠰᠠᠬᠤ ᠪᠠ ᠠᠭᠤᠷᠬᠠᠢ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠰᠡᠷᠭᠦᠭᠡᠨ ᠵᠠᠰᠠᠬᠤ ᠶᠢ ᠴᠢᠩᠭᠠᠳᠬᠠᠨ᠂ 160 ᠲᠦᠮᠡᠨ ᠮᠦ  ᠤᠯᠤᠰ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠣᠶ ᠶᠢᠨ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠵᠤ᠂ ᠭᠤᠣᠯ ᠨᠠᠭᠤᠷ ᠨᠤᠭᠤ ᠭᠠᠵᠠᠷ ᠢ ᠬᠠᠮᠠᠭᠠᠯᠠᠨ ᠰᠡᠷᠭᠦᠭᠡᠬᠦ ᠶᠢ ᠴᠢᠩᠭᠠᠳᠬᠠᠨ᠂ ᠬᠥᠷᠥᠰᠥ ᠰᠢᠷᠣᠢ ᠶᠢᠨ ᠢᠳᠡᠭᠳᠡᠯ ᠢ ᠶᠡᠷᠦᠩᠬᠡᠶᠢᠯᠡᠨ ᠵᠠᠰᠠᠬᠤ ᠶᠢ ᠠᠬᠢᠭᠤᠯᠵᠤ᠂ ᠠᠮᠢ ᠠᠬᠤᠢ ᠶᠢᠨ ᠰᠢᠰᠲ᠋ᠧᠮ ᠤᠨ ᠴᠢᠳᠠᠮᠵᠢ ᠶᠢ ᠪᠦᠬᠦᠯᠢ ᠴᠣᠭᠴᠠ ᠪᠠᠷ ᠳᠡᠭᠡᠭᠰᠢᠯᠡᠭᠦᠯᠬᠦ ᠶᠢ ᠠᠬᠢᠭᠤᠯᠤᠨ᠎ᠠ᠃ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠪᠡᠯᠴᠢᠭᠡᠷᠯᠡᠭᠦᠯᠬᠦ ᠶᠢ ᠵᠣᠭᠰᠤᠭᠠᠬᠤ ᠳᠦᠷᠢᠮ ᠢ ᠴᠢᠩᠭ᠎ᠠ ᠬᠡᠷᠡᠭᠵᠢᠭᠦᠯᠵᠦ᠂ ︽ᠬᠠᠭᠤᠴᠢᠨ ᠪᠠᠷᠭᠤ ᠬᠤᠰᠢᠭᠤᠨ ᠤ ᠤᠯᠤᠰ ᠤᠨ ᠥᠮᠴᠢᠯᠡᠯᠲᠦ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠠᠷᠭ᠎ᠠ︾ ︽ᠬᠠᠭᠤᠴᠢᠨ ᠪᠠᠷᠭᠤ ᠬᠤᠰᠢᠭᠤᠨ ᠤ ᠭᠠᠳᠠᠨ᠎ᠠ ᠠᠴᠠ ᠢᠷᠡᠭᠰᠡᠨ ᠮᠠᠯ ᠢ ᠬᠠᠮᠢᠶᠠᠷᠤᠨ ᠡᠵᠡᠮᠳᠡᠬᠦ ᠠᠵᠢᠯ ᠤᠨ ᠬᠡᠷᠡᠭᠵᠢᠭᠦᠯᠬᠦ ᠲᠥᠰᠥᠯ︾ ᠢ ᠲᠦᠷᠭᠡᠳᠬᠡᠨ ᠲᠣᠭᠲᠠᠭᠠᠵᠤ᠂ ᠮᠠᠯ ᠪᠡᠯᠴᠢᠭᠡᠷ ᠤᠨ ᠵᠥᠷᠢᠴᠡᠯ ᠤᠨ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠬᠦ ᠪᠠᠷ ᠴᠢᠷᠮᠠᠶᠢᠨ᠎ᠠ᠃     ᠣᠷᠴᠢᠨ ᠠᠬᠤᠢ ᠶᠢᠨ ᠪᠣᠬᠢᠷᠳᠤᠯ ᠢ ᠰᠡᠷᠭᠡᠶᠢᠯᠡᠨ ᠵᠠᠰᠠᠬᠤ ᠶᠢ ᠲᠦᠯᠬᠢᠨ ᠠᠬᠢᠭᠤᠯᠤᠨ᠎ᠠ᠃ ᠬᠥᠬᠡ ᠣᠭᠲᠠᠷᠭᠤᠢ᠂ ᠲᠤᠩᠭᠠᠯᠠᠭ ᠤᠰᠤ᠂ ᠠᠷᠢᠭᠤᠨ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ ᠤᠨᠢᠨ ᠳᠡᠭᠡᠷ᠎ᠡ ᠨᠢ ᠪᠣᠬᠢᠷᠳᠤᠯ ᠢ ᠵᠠᠰᠠᠬᠤ᠂ ᠰᠢᠨᠵᠢᠯᠡᠬᠦ ᠤᠬᠠᠭᠠᠨᠴᠢ ᠪᠠᠷ ᠪᠤᠬᠢᠷᠳᠤᠯ ᠢ ᠵᠠᠰᠠᠬᠤ᠂ ᠬᠠᠤᠯᠢ ᠶᠣᠰᠣᠭᠠᠷ ᠪᠣᠬᠢᠷᠳᠤᠯ ᠢ ᠵᠠᠰᠠᠬᠤ ᠶᠢ ᠪᠠᠷᠢᠮᠲᠠᠯᠠᠨ᠎ᠠ᠃ ᠠᠭᠠᠷ ᠲᠤᠩᠭᠠᠯᠠᠭ ᠡᠳᠦᠷ ᠤᠨ ᠲᠤᠭ᠎ᠠ ᠶᠢᠨ ᠬᠠᠷᠢᠴᠠᠯ ᠢ ᠲᠣᠭᠲᠠᠭᠤᠨ ᠪᠠᠶᠢᠯᠭᠠᠵᠤ᠂ ᠲᠣᠭᠤᠰᠣ ᠳᠡᠭᠳᠡᠬᠦ᠂ ᠳᠡᠭᠳᠡᠮᠡᠬᠡᠢ ᠴᠢᠨᠠᠷᠲᠠᠢ ᠣᠷᠭᠠᠨᠢᠭ ᠪᠣᠳᠠᠰ ᠵᠡᠷᠭᠡ ᠪᠣᠬᠢᠷᠳᠤᠯ ᠪᠣᠳᠠᠰ ᠢ ᠬᠠᠮᠵᠢᠯᠴᠠᠨ ᠡᠵᠡᠮᠳᠡᠬᠦ ᠶᠢ ᠴᠢᠩᠭᠠᠳᠬᠠᠨ᠎ᠠ᠃ ᠤᠰᠤᠨ ᠤ ᠡᠬᠢ ᠪᠠᠶᠠᠯᠢᠭ᠂ ᠤᠰᠤᠨ ᠤ ᠣᠷᠴᠢᠨ ᠲᠣᠭᠤᠷᠢᠨ᠂ ᠤᠰᠤᠨ ᠤ ᠠᠮᠢ ᠠᠬᠤᠢ ᠶᠢᠨ ᠵᠠᠰᠠᠯᠲᠠ ᠪᠠ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢ ᠴᠢᠩᠭᠠᠳᠬᠠᠵᠤ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠳᠦᠷᠢᠮ ᠢ ᠴᠢᠩᠳᠠᠯᠠᠵᠤ᠂ ᠬᠠᠶᠢᠯᠠᠷ ᠭᠤᠣᠯ ᠤᠨ ᠬᠠᠭᠤᠴᠢᠨ ᠪᠠᠷᠭᠤ ᠬᠤᠰᠢᠭᠤᠨ ᠤ ᠬᠡᠰᠡᠭ ᠤᠨ ᠠᠮᠢ ᠠᠬᠤᠢ ᠶᠢᠨ ᠵᠠᠰᠠᠯᠲᠠ ᠶᠢᠨ ᠢᠨᠵᠧᠨᠧᠷᠢᠩ ᠪᠠ ᠬᠤᠳᠠ ᠲᠤᠬᠤᠢ ᠤᠯᠤᠰ ᠤᠨ ᠨᠤᠭᠤ ᠭᠠᠵᠠᠷ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠲᠡᠦᠬᠡᠨ ᠠᠴᠠ ᠦᠯᠡᠳᠡᠭᠳᠡᠵᠦ ᠢᠷᠡᠭᠰᠡᠨ 27 ᠭᠠᠵᠠᠷ ᠤᠨ ᠬᠠᠶᠠᠭᠳᠠᠮᠠᠯ ᠨᠦᠬᠡ ᠶᠢᠨ ᠣᠷᠴᠢᠨ ᠲᠣᠭᠤᠷᠢᠨ ᠢ ᠵᠠᠰᠠᠬᠤ ᠲᠦᠷᠤᠯ ᠵᠦᠢᠯ ᠪᠠ ᠪᠤᠷᠤᠰᠢᠯᠢ ᠶᠢᠨ ᠪᠢᠳᠡᠬᠦᠮᠵᠢᠯᠡᠭᠰᠡᠨ ᠠᠭᠤᠷᠬᠠᠢ ᠶᠢᠨ ᠣᠷᠣᠨ ︵ᠨᠠᠢᠮᠠᠳᠤᠭᠠᠷ ᠬᠤᠭᠤᠴᠠᠭ᠎ᠠ︶ ᠤ ᠵᠠᠰᠠᠯᠲᠠ ᠶᠢᠨ ᠲᠥᠷᠥᠯ ᠵᠦᠢᠯ ᠤᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠠᠵᠢᠯ ᠢ ᠠᠬᠢᠭᠤᠯᠤᠨ᠎ᠠ᠃     ᠡᠷᠴᠢᠮᠵᠢᠭᠦᠯᠦᠨ ᠠᠷᠪᠢᠯᠠᠬᠤ ᠶᠢ ᠪᠥᠬᠦ ᠲᠠᠯ᠎ᠠ ᠪᠠᠷ ᠠᠬᠢᠭᠤᠯᠤᠨ᠎ᠠ᠃ ︽ᠲᠠᠪᠤ ᠶᠢ ᠲᠦᠢᠯᠪᠤᠷᠢᠳᠠᠢ  ᠰᠢᠢᠤᠨᠪᠤᠷᠢᠯᠡᠬᠦ︾ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠡᠯ᠎ᠡ ᠲᠦᠷᠦᠯ ᠤᠨ ᠡᠬᠢ ᠪᠠᠶᠠᠯᠢᠭ ᠢ ᠡᠷᠴᠢᠮᠯᠢᠭ ᠪᠥᠭᠡᠳ ᠪᠦᠲᠦᠮᠵᠢᠲᠡᠶ ᠪᠠᠷ ᠠᠰᠢᠭᠯᠠᠬᠤ ᠶᠢ ᠲᠦᠯᠬᠢᠨ ᠠᠬᠢᠭᠤᠯᠤᠨ᠎ᠠ᠃ ᠪᠥᠬᠦ ᠬᠤᠰᠢᠭᠤᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠵᠢᠴᠢ ᠡᠯ᠎ᠡ ᠰᠤᠮᠤ ᠪᠠᠯᠭᠠᠰᠤ ᠶᠢᠨ ᠤᠯᠤᠰ ᠤᠨ ᠭᠠᠵᠠᠷ ᠰᠢᠷᠣᠢ ᠶᠢᠨ ᠲᠥᠯᠦᠪᠵᠢᠭᠦᠯᠭᠡ ᠶᠢ ᠨᠠᠶᠢᠷᠠᠭᠤᠯᠬᠤ ᠶᠢ ᠲᠦᠷᠭᠡᠳᠬᠡᠨ ᠠᠬᠢᠭᠤᠯᠵᠤ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢᠨ ᠦᠨᠳᠤᠰᠤᠨ ᠮᠡᠳᠡᠭᠡ ᠵᠠᠩᠭᠢ ᠶᠢᠨ ᠲᠠᠪᠴᠠᠩ ᠵᠢᠴᠢ ︽ᠨᠢᠭᠡ ᠬᠠᠭᠤᠳᠠᠰᠤ ᠵᠢᠷᠤᠭ︾ ᠤᠨ ᠪᠦᠲᠦᠭᠡᠨ ᠪᠠᠶᠢᠭᠤᠯᠤᠯᠲᠠ ⑫ ᠶᠢ ᠲᠡᠭᠦᠯᠳᠡᠷᠵᠢᠭᠦᠯᠦᠨ᠂ ᠬᠡᠷᠡᠭᠴᠡᠭᠡ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠲᠥᠷᠥᠯ ᠪᠦᠷᠢ᠂ ᠣᠷᠣᠨ ᠬᠡᠰᠡᠭ ᠨᠢᠭᠡᠪᠦᠷᠢ ᠶᠢᠨ ᠭᠠᠵᠠᠷ ᠰᠢᠷᠣᠢ ᠶᠢ ᠪᠦᠲᠦᠮᠵᠢᠲᠡᠶ ᠰᠠᠶᠢᠲᠤᠷ ᠠᠰᠢᠭᠯᠠᠨ᠎ᠠ᠃ ᠨᠡᠭᠦᠷᠡᠰᠦᠲᠥ᠋ᠷᠥᠭᠴᠢ ᠶᠢ ᠤᠷᠬᠢᠯ ᠳᠤ ᠬᠦᠷᠭᠡᠬᠦ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂《ᠡᠨᠧᠷᠭᠢ ᠶᠢᠨ ᠬᠤᠷᠣᠭᠳᠠᠭᠤᠯᠤᠯ ᠶᠡᠬᠡᠲᠡᠢ᠂ ᠪᠣᠬᠢᠷᠲᠤᠭᠤᠯᠤᠯ ᠶᠡᠬᠡᠲᠡᠢ》ᠲᠦᠷᠤᠯ ᠵᠦᠢᠯ ⑬ ᠢ ᠰᠣᠬᠤᠷ ᠪᠠᠯᠠᠢ ᠪᠠᠷ ᠬᠦᠭᠵᠢᠬᠦᠯᠬᠦ ᠶᠢ ᠡᠷᠡᠰ ᠬᠤᠷᠢᠭᠯᠠᠵᠤ᠂ ᠡᠨᠧᠷᠭᠢ ᠶᠢ ᠬᠡᠷᠡᠭᠯᠡᠬᠦ ᠲᠥᠰᠥᠪ ᠤᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠡᠨᠧᠷᠭᠢ᠂ ᠠᠵᠤ ᠦᠢᠯᠡᠳᠪᠦᠷᠢ᠂ ᠵᠠᠮ ᠬᠠᠷᠢᠯᠴᠠᠭ᠎ᠠ ᠲᠡᠭᠡᠭᠡᠪᠦᠷᠢ᠂ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠵᠡᠷᠭᠡ ᠬᠦᠷᠢᠶᠡᠨ ᠳᠠᠬᠢ ᠪᠣᠬᠢᠷᠳᠤᠯ ᠦᠭᠡᠢ ᠲᠤᠤᠷ᠎ᠠ ᠨᠡᠭᠦᠷᠡᠰᠦᠲᠥ᠋ᠷᠥᠭᠴᠢ ᠲᠡᠰᠢ ᠬᠡᠯᠪᠡᠷᠢ ᠬᠤᠪᠢᠷᠠᠭᠤᠯᠬᠤ ᠶᠢ ᠲᠦᠷᠭᠡᠳᠬᠡᠨ᠎ᠡ᠃ ᠨᠡᠭᠦᠷᠡᠰᠦᠲᠥ᠋ᠷᠥᠭᠴᠢ ᠬᠤᠷᠠᠭᠤᠯᠬᠤ ᠠᠵᠤ ᠠᠬᠤᠢ ᠶᠢ ᠢᠳᠡᠪᠬᠢᠲᠡᠢ ᠬᠥᠭᠵᠢᠭᠦᠯᠵᠦ᠂ ᠪᠥᠬᠦ ᠬᠤᠰᠢᠭᠤᠨ ᠤ ᠣᠶ ᠰᠢᠭᠤᠢ ᠡᠪᠡᠰᠦ ᠪᠡᠯᠴᠢᠭᠡᠷ ᠨᠤᠭᠤ ᠭᠠᠵᠠᠷ ᠤᠨ ᠨᠡᠭᠦᠷᠡᠰᠦᠲᠥ᠋ᠷᠥᠭᠴᠢ ᠬᠤᠷᠠᠭᠤᠯᠬᠤ ᠬᠠᠳᠠᠭᠠᠯᠠᠭᠳᠠᠴᠠ ᠪᠠ ᠳᠠᠯᠳᠠ ᠬᠦᠴᠦᠨ ᠢ ᠪᠠᠶᠢᠴᠠᠭᠠᠨ ᠦᠨᠡᠯᠡᠬᠦ ᠶᠢ ᠥᠷᠨᠢᠭᠦᠯᠵᠦ᠂ ᠪᠥᠬᠦ ᠬᠤᠰᠢᠭᠤᠨ ᠤ ᠨᠡᠭᠦᠷᠡᠰᠦᠲᠥ᠋ᠷᠥᠭᠴᠢ ᠬᠤᠷᠠᠭᠤᠯᠬᠤ ᠳ᠋ᠠᠶᠢᠲ᠋ᠠ ᠬᠥᠮᠥᠷᠭᠡ ᠶᠢ ᠡᠭᠦᠳᠦᠨ ᠪᠠᠶᠢᠭᠤᠯᠵᠤ᠂ ᠨᠡᠭᠦᠷᠡᠰᠦᠲᠥ᠋ᠷᠥᠭᠴᠢ ᠬᠤᠷᠠᠭᠤᠯᠬᠤ ᠠᠷᠠᠯᠵᠢᠶ᠎ᠠ ᠳᠤ ᠰᠠᠭᠤᠷᠢ ᠲᠠᠯᠪᠢᠨ᠎ᠠ᠃        ︵ᠳᠥᠷᠪᠡ︶ ᠬᠦᠴᠦ ᠪᠠᠨ ᠲᠥᠪᠯᠡᠷᠡᠭᠦᠯᠦᠨ ᠬᠤᠲᠠ ᠬᠥᠳᠡᠭᠡ ᠶᠢᠨ ᠬᠥᠭᠵᠢᠯᠲᠡ ᠶᠢ ᠨᠢᠭᠡᠳᠦᠯᠲᠡᠢ ᠲᠥᠯᠥᠪᠯᠡᠵᠦ᠂ ᠠᠷᠠᠳ ᠣᠯᠠᠨ ᠤ ᠰᠠᠭᠤᠷᠢᠰᠢᠬᠤ ᠳᠤ ᠲᠠᠭᠠᠯᠠᠮᠵᠢᠳᠠᠢ ᠦᠢᠯᠡᠰ ᠪᠤᠰᠬᠠᠬᠤ ᠳᠤ ᠲᠣᠬᠢᠷᠠᠮᠵᠢᠲᠠᠢ ᠰᠢᠨ᠎ᠡ ᠭᠡᠷ ᠣᠷᠣᠨ ᠢ ᠪᠦᠲᠦᠭᠡᠨ ᠪᠠᠶᠢᠭᠤᠯᠤᠨ᠎ᠠ᠃ ᠬᠤᠲᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠬᠢᠭᠡᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠦᠴᠤᠯᠡᠨ ᠵᠣᠬᠢᠴᠠᠯᠳᠤᠭᠤᠯᠵᠦ᠂ ᠨᠢᠭᠡ ᠴᠣᠭᠴᠠᠵᠢᠭᠤᠯᠤᠨ ᠠᠬᠢᠭᠤᠯᠬᠤ ᠶᠢ ᠪᠠᠷᠢᠮᠲᠠᠯᠠᠵᠤ᠂ ᠬᠤᠲᠠ ᠬᠥᠳᠡᠭᠡ ᠶᠢᠨ ᠵᠣᠬᠢᠴᠠᠩᠭᠤᠢ ᠬᠥᠭᠵᠢᠯᠲᠡ ᠶᠢ ᠲᠦᠷᠭᠡᠳᠬᠡᠨ ᠠᠬᠢᠭᠤᠯᠤᠨ᠎ᠠ᠃      ᠰᠢᠨ᠎ᠡ ᠮᠠᠶ᠋ᠢᠭ ᠤᠨ ᠬᠤᠳᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠬᠤᠲᠠ ᠪᠠᠯᠭᠠᠰᠤ ᠶᠢ ᠰᠢᠨᠡᠳᠬᠡᠨ ᠳᠡᠭᠡᠭᠰᠢᠯᠡᠭᠦᠯᠬᠦ ᠶᠢ ᠯᠠᠪᠳᠠᠭᠤᠨ ᠢᠶᠠᠷ ᠠᠬᠢᠭᠤᠯᠵᠤ᠂ ᠬᠤᠲᠠ ᠪᠠᠯᠭᠠᠰᠤ ᠶᠢᠨ ᠴᠢᠳᠠᠮᠵᠢ ᠶᠢᠨ ᠶᠠᠰᠤ ᠴᠢᠨᠠᠷ ᠢ ᠰᠢᠯᠢᠳᠡᠭᠵᠢᠭᠦᠯᠦᠨ᠂ ᠪᠠᠶᠠᠨᠬᠦ᠋ᠷᠢᠶ᠎ᠡ ᠪᠠᠯᠭᠠᠰᠤ ᠶᠢᠨ ᠬᠠᠭᠤᠴᠢᠨ ᠪᠠᠭ᠎ᠠ ᠲᠣᠭᠤᠷᠢᠭ ᠢ ᠥᠭᠡᠷᠡᠴᠢᠯᠡᠨ ᠰᠠᠶᠢᠵᠢᠷᠠᠭᠤᠯᠬᠤ᠂ ᠪᠤᠷᠤᠰᠢᠯᠢ ᠪᠠᠯᠭᠠᠰᠤ  ᠶᠢᠨ ᠰᠠᠭᠤᠷᠢ  ᠲᠦᠬᠦᠬᠡᠷᠤᠮᠵᠢ ᠶᠢ ᠲᠡᠰ ᠲᠡᠪᠰᠢᠭᠦᠯᠦᠨ ᠦᠭᠡᠷᠡᠴᠢᠯᠡᠬᠦ᠂ ᠪᠠᠶᠠᠨᠬᠠᠳᠠ ᠰᠤᠮᠤ ᠶᠢᠨ ᠬᠠᠳᠠᠳᠤ ᠨᠡᠶᠢᠭᠡᠮ ᠲᠤᠭᠤᠷᠢᠭ ᠤᠨ ᠵᠡᠬᠡᠯᠢ ᠭᠤᠳᠤᠮᠵᠢ ᠶᠢᠨ ᠵᠠᠮ ᠤᠨ ᠭᠠᠳᠠᠷᠭᠤ ᠵᠢᠴᠢ ᠲᠠᠭᠠᠯᠳᠠ ᠲᠦᠬᠦᠬᠡᠷᠤᠮᠵᠢ ᠶᠢ ᠰᠡᠯᠪᠢᠨ ᠵᠠᠰᠠᠬᠤ᠂ ᠡᠸᠡᠩᠬᠢ ᠦᠨᠳᠤᠰᠤᠳᠡᠨ ᠤ ᠰᠤᠮᠤ ᠶᠢᠨ ᠪᠦᠬᠦ ᠠᠷᠠᠤᠨ ᠤᠨ ᠪᠡᠶ᠎ᠡ ᠴᠢᠬᠢᠷᠠᠭᠵᠢᠭᠤᠯᠬᠤ ᠲᠦᠪ ᠤᠨ ᠪᠦᠳᠤᠬᠡᠨ ᠪᠠᠶᠢᠭᠤᠯᠤᠯᠳᠠ ᠵᠡᠷᠭᠡ ᠲᠥᠷᠥᠯ ᠵᠦᠢᠯ ᠢ ᠬᠡᠷᠡᠭᠵᠢᠭᠦᠯᠵᠦ᠂ ᠵᠠᠮ ᠤᠨ ᠬᠠᠵᠠᠭᠤ ᠶᠢᠨ ᠵᠡᠬᠡᠯᠢ᠂ ᠢᠯᠴᠢ ᠶᠢᠨ ᠬᠤᠭᠤᠯᠠᠢ ᠲᠤᠤᠷ ᠵᠡᠷᠭᠡ ᠬᠤᠲᠠ ᠶᠢᠨ ᠶᠠᠪᠤᠳᠠᠯ ᠤᠨ ᠲᠦᠬᠦᠬᠡᠷᠤᠮᠵᠢ ᠶᠢ ᠥᠭᠡᠷᠡᠴᠢᠯᠡᠨ ᠲᠠᠰ ᠳᠡᠪᠰᠢᠭᠦᠯᠬᠦ ᠶᠢ ᠠᠬᠢᠭᠤᠯᠵᠦ᠂ ᠦᠨᠳᠤᠰᠤᠳᠡᠨ ᠤ ᠪᠦᠯᠬᠦᠮᠳᠡᠯ ᠲᠠᠪᠰᠢᠯᠳᠡ ᠶᠢᠨ ᠠᠭᠤᠳᠠᠮ ᠲᠠᠯᠠᠪᠠᠢ ᠵᠡᠷᠭᠡ ᠲᠠᠪᠤᠨ ᠰᠡᠯᠡᠬᠦᠴᠡᠯ ᠤᠨ ᠠᠭᠤᠳᠠᠮ ᠲᠠᠯᠠᠪᠠᠢ ᠶᠢ ᠰᠠᠯᠪᠢᠨ ᠵᠠᠰᠠᠨ᠎ᠠ᠃ ᠴᠡᠭ ᠤᠨ ᠬᠡᠯᠪᠡᠷᠢ ᠪᠠᠷ ᠭᠠᠵᠠᠷ ᠬᠠᠩᠭᠠᠬᠤ ᠶᠢ ᠬᠠᠶᠢᠨ ᠰᠦᠪᠡᠭᠴᠢᠯᠡᠵᠦ᠂ ᠳᠥᠭᠦᠮ ᠪᠦᠳᠤᠴᠡᠳᠤ ᠣᠷᠣᠨ ᠰᠠᠭᠤᠴᠠ ᠶᠢ ᠥᠭᠡᠷᠡᠴᠢᠯᠡᠨ ᠨᠤᠷᠠᠭᠠᠭᠰᠠᠨ ᠤ ᠲᠠᠷᠠᠭ᠎ᠠ ᠭᠠᠵᠠᠷ ᠰᠢᠷᠤᠢ ᠶᠢ ᠬᠤᠳᠠᠯᠳᠤᠭ᠎ᠠ ᠠᠵᠤ ᠦᠢᠯᠡᠰ ᠢ ᠬᠦᠭᠵᠢᠬᠦᠯᠬᠦ ᠳᠤ ᠬᠡᠷᠩᠯᠡᠨ᠎ᠡ᠃ ᠬᠤᠲᠠ ᠪᠠᠯᠭᠠᠰᠤ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠴᠢᠩᠭᠠᠷᠠᠭᠤᠯᠤᠨ᠂ ᠬᠤᠳᠠ ᠶᠢᠨ ᠵᠢᠷᠤᠭ ᠲᠥᠯᠥᠪᠯᠡᠭᠡ ᠵᠢᠴᠢ ᠲᠥᠪ ᠬᠤᠳᠠ ᠪᠠᠯᠭᠠᠰᠤᠨ ᠤ ᠨᠡᠭᠡᠭᠡᠨ ᠬᠥᠭᠵᠢᠭᠦᠯᠦᠯᠲᠡ ᠶᠢᠨ ᠵᠠᠭᠠᠭ ᠬᠢᠵᠠᠭᠠᠷ ᠤᠨ ᠳᠣᠲᠣᠷᠠᠬᠢ ᠲᠥᠯᠦᠪᠵᠢᠭᠦᠯᠭᠡ ᠶᠢᠨ ᠵᠢᠷᠤᠭ ᠲᠥᠯᠥᠪᠯᠡᠭᠡ ᠶᠢ ᠡᠬᠢᠯᠡᠭᠦᠯᠵᠦ᠂ ᠪᠠᠶᠠᠨᠬᠦ᠋ᠷᠢᠶ᠎ᠡ ᠪᠠᠯᠭᠠᠰᠤ ᠶᠢᠨ ᠣᠷᠴᠢᠨ ᠲᠣᠭᠤᠷᠢᠨ ᠢ ᠰᠠᠶᠢᠵᠢᠷᠠᠭᠤᠯᠵᠤ᠂ ᠡᠷᠴᠢᠮᠵᠢᠭᠦᠯᠦᠨ ᠲᠣᠬᠢᠷᠠᠮᠵᠢᠲᠠᠢ ᠪᠠᠶᠢᠯᠭᠠᠬᠤ ᠪᠠ ᠨᠠᠷᠢᠯᠢᠭᠵᠢᠭᠤᠯᠤᠨ ᠬᠠᠮᠢᠶᠠᠷᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠨ᠂ ᠪᠠᠯᠭᠠᠰᠤ ᠲᠣᠭᠤᠷᠢᠭ ᠤᠨ ᠬᠠᠤᠯᠢ ᠠᠴᠠ ᠵᠥᠷᠢᠴᠡᠨ ᠪᠦᠲᠦᠭᠡᠨ ᠪᠠᠶᠢᠭᠤᠯᠬᠤ᠂ ᠵᠠᠮ ᠡᠵᠡᠯᠡᠨ ᠡᠵᠡᠩᠨᠡᠬᠦ᠂ ᠳᠤᠷ᠎ᠠ ᠪᠠᠷ ᠢᠶᠠᠨ ᠵᠣᠭᠰᠣᠭᠠᠵᠤ ᠳᠤᠷ᠎ᠠ ᠪᠠᠷ ᠢᠶᠠᠨ ᠲᠠᠯᠪᠢᠬᠤ ᠵᠡᠷᠭᠡ ᠦᠶᠯᠡ ᠠᠵᠢᠯᠯᠠᠭ᠎ᠠ ᠶᠢ ᠴᠡᠭᠴᠡᠯᠡᠨ ᠵᠠᠰᠠᠬᠤ ᠡᠷᠴᠢᠮ ᠢ ᠴᠢᠩᠭᠠᠷᠠᠭᠤᠯᠤᠨ᠎ᠠ᠃       ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ᠃ ᠶᠠᠳᠠᠭᠤ ᠠᠴᠠ ᠠᠩᠭᠢᠵᠢᠷᠠᠭᠤᠯᠬᠤ ᠪᠠᠬᠢᠯᠠᠯᠳᠠ ᠰᠢᠪᠳᠤᠯᠬᠤ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠬᠤ ᠶᠢ ᠪᠠᠬᠢᠵᠢᠭᠦᠯᠵᠦ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠭᠦᠯᠦᠨ᠂ ︽ᠳᠥᠷᠪᠡ ᠶᠢ ᠬᠤᠪᠢᠷᠠᠭᠤᠯᠬᠤ ᠦᠬᠡᠢ︾  ⑭ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠬᠡᠪᠴᠢᠶᠠᠵᠢᠯ ᠤᠨ ᠴᠢᠨᠠᠷᠳᠠᠢ ᠳᠠᠬᠢᠨ ᠶᠠᠳᠠᠭᠤᠷᠠᠬᠤ ᠠᠴᠠ ᠰᠡᠷᠬᠡᠶᠢᠯᠡᠬᠦ ᠬᠤᠷᠢᠭ᠎ᠠ ᠱᠤᠭᠤᠮ ᠢ ᠡᠷᠡᠰ ᠰᠠᠬᠢᠨ᠎ᠠ᠃ ᠡᠬᠢ ᠪᠠᠶᠠᠯᠢᠭ ᠤᠨ ᠳᠠᠪᠠᠭᠤᠯᠢᠭ ᠢ ᠠᠭᠤᠳᠠᠯᠯᠠᠨ᠂ ᠬᠥᠳᠡᠭᠡ ᠲᠣᠰᠬᠤᠨ ᠤ ᠣᠨᠴᠠᠯᠢᠭᠲᠤ ᠠᠵᠤ ᠦᠢᠯᠡᠰ ᠢ ᠰᠦᠪᠡᠭᠴᠢᠯᠡᠨ ᠬᠥᠭᠵᠢᠭᠦᠯᠵᠦ᠂ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠲᠥᠷᠥᠯ ᠵᠦᠢᠯ ᠢ ᠬᠦᠴᠦᠷᠬᠡᠭᠵᠢᠭᠦᠯᠵᠦ᠂ ᠬᠥᠳᠡᠭᠡ ᠲᠣᠰᠬᠤᠨ ᠤ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠂ ᠮᠠᠯᠴᠢᠳ ᠤᠨ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ ᠳᠠᠶᠢᠴᠢᠯᠠᠨ᠎ᠠ᠃ ᠬᠥᠳᠡᠭᠡ ᠲᠣᠰᠬᠤᠨ ᠤ ᠠᠵᠤ ᠦᠢᠯᠡᠰ ᠢ ᠬᠦᠭᠵᠢᠬᠦᠯᠦᠨ ᠮᠠᠨᠳᠤᠭᠤᠯᠬᠤ ᠲᠠᠭᠠᠭᠤᠯᠤᠭᠴᠢ ᠶᠢ ᠬᠦᠮᠤᠵᠢᠬᠦᠯᠵᠦ᠂ ᠰᠢᠨ᠎ᠡ ᠬᠡᠯᠪᠡᠷᠢ ᠶᠢᠨ ᠠᠵᠢᠯ ᠮᠡᠷᠭᠡᠵᠢᠯ ᠤᠨ ᠮᠠᠯᠴᠢᠤᠨ ᠤᠨ ᠪᠤᠯᠪᠠᠰᠤᠷᠠᠯ ᠢ ᠦᠷᠨᠢᠬᠦᠯᠵᠦ᠂ ᠲᠤᠰ ᠭᠠᠵᠠᠷ ᠤᠷᠤᠨ ᠤ ᠨᠤᠲᠤᠭ ᠤᠨ ᠴᠢᠳᠠᠪᠤᠷᠢᠳᠠᠨ ᠢ ᠬᠦᠮᠤᠵᠢᠭᠦᠯᠦᠨ ᠰᠠᠶᠢᠳᠤᠷ ᠬᠡᠷᠩᠯᠡᠨ᠎ᠡ᠃ ᠬᠦᠳᠡᠭᠡ ᠲᠤᠰᠬᠤᠨ ᠤ ᠪᠦᠲᠦᠭᠡᠨ ᠪᠠᠶᠢᠭᠤᠯᠤᠯᠲᠠ ᠶᠢ ᠲᠣᠭᠲᠠᠭᠤᠨ ᠢᠶᠠᠷ ᠠᠬᠢᠭᠤᠯᠵᠤ᠂ ᠰᠠᠭᠤᠷᠢᠰᠢᠯ ᠤᠨ ᠣᠷᠴᠢᠨ ᠲᠣᠭᠤᠷᠢᠨ ᠢ ᠴᠡᠭᠴᠡᠯᠡᠨ ᠰᠠᠶᠢᠵᠢᠷᠠᠭᠤᠯᠬᠤ ᠲᠠᠪᠤᠨ ᠵᠢᠯ ᠤᠨ ᠠᠵᠢᠯᠯᠠᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠠᠶᠢᠯ ᠲᠣᠰᠬᠤᠨ ᠢ ᠴᠡᠪᠡᠷᠯᠡᠬᠦ ᠪᠠ ᠨᠣᠭᠤᠭᠠᠷᠠᠭᠤᠯᠵᠤ ᠭᠤᠶᠣᠵᠢᠭᠤᠯᠬᠤ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠦᠵᠡᠰᠬᠦᠯᠡᠩᠲᠦ ᠰᠠᠶᠢᠬᠠᠨ ᠬᠦᠷᠢᠶ᠎ᠡ ᠬᠠᠰᠢᠶ᠎ᠠ ᠪᠠ ᠣᠷᠴᠢᠨ ᠲᠣᠭᠤᠷᠢᠨ ᠤ ᠠᠷᠢᠭᠤᠨ ᠴᠡᠪᠡᠷ ᠢ ᠰᠢᠯᠭᠠᠷᠠᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠲᠦᠷᠦᠯ ᠬᠤᠪᠢᠶᠠᠨ ︽ᠵᠣᠷᠯᠣᠩ ᠤᠨ ᠬᠤᠪᠢᠰᠬᠠᠯ︾ ᠢ ᠠᠬᠢᠭᠤᠯᠵᠤ᠂ ᠲᠣᠰᠬᠤᠨ ᠤ ᠳᠦᠷᠰᠦ ᠪᠠᠶᠢᠳᠠᠯ ᠴᠡᠪᠡᠷ ᠲᠡᠭᠰᠢ ᠠᠷᠢᠭᠤᠨ ᠴᠡᠪᠡᠷ ᠪᠠᠶᠢᠬᠤ ᠶᠢ ᠪᠠᠲᠤᠯᠠᠨ᠎ᠠ᠃ ᠰᠤᠮᠤ ᠪᠠᠯᠭᠠᠰᠤ ᠶᠢᠨ ᠵᠠᠰᠠᠭ ᠤᠨ ᠣᠷᠳᠣᠨ ᠤ ᠰᠠᠭᠤᠭ᠎ᠠ ᠭᠠᠵᠠᠷ ᠪᠣᠯᠣᠨ ᠭᠤᠣᠯ ᠭᠠᠴᠠᠭ᠎ᠠ ᠪᠠᠷ ᠭᠤᠣᠯᠳᠠᠯᠭ᠎ᠠ ᠪᠣᠯᠭᠠᠨ ᠮᠠᠯᠵᠢᠬᠤ ᠣᠷᠣᠨ ᠤ ᠠᠮᠢᠳᠤᠷᠠᠯ ᠤᠨ ᠬᠤᠭ ᠨᠣᠪᠰᠢ ᠪᠣᠬᠢᠷ ᠤᠰᠤ ᠶᠢ ᠰᠢᠢᠤᠨᠪᠤᠷᠢᠯᠡᠬᠦ ᠶᠢ  ᠱᠠᠳᠤᠴᠢᠯᠠᠨ ᠠᠬᠢᠭᠤᠯᠵᠤ᠂ ᠪᠠᠭ᠎ᠠ ᠬᠡᠯᠪᠡᠷᠢ ᠶᠢᠨ ᠪᠣᠬᠢᠷ ᠤᠰᠤ ᠰᠢᠢᠳᠪᠦᠷᠢᠯᠡᠬᠦ ᠥᠷᠲᠡᠭᠡ ᠪᠠ ᠬᠤᠭ ᠨᠣᠪᠰᠢ ᠳᠠᠮᠵᠢᠭᠤᠯᠤᠨ ᠲᠡᠭᠡᠭᠡᠪᠦᠷᠢᠯᠡᠬᠦ ᠥᠷᠲᠡᠭᠡ ᠶᠢ ᠪᠠᠶᠢᠭᠤᠯᠵᠤ᠂ ᠮᠠᠯᠵᠢᠬᠤ ᠣᠷᠣᠨ ᠤ ᠬᠤᠭ ᠨᠣᠪᠰᠢ ᠪᠣᠬᠢᠷ ᠤᠰᠤ ᠶᠢ ᠰᠢᠢᠤᠨᠪᠤᠷᠢᠯᠡᠬᠦ ᠨᠣᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃      ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠃ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠶᠢᠨ ᠲᠥᠷᠥᠯ ᠵᠦᠢᠯ ᠤᠨ ᠳᠡᠮᠵᠢᠯᠭᠡ ᠶᠢ ᠢᠳᠡᠪᠬᠢᠳᠠᠢ ᠲᠡᠮᠡᠴᠡᠨ ᠤᠯᠵᠦ᠂ ᠭᠤᠣᠯᠳᠠᠯᠭ᠎ᠠ ᠪᠠᠨ ᠵᠠᠮ ᠬᠠᠷᠢᠯᠴᠠᠭ᠎ᠠ ᠲᠡᠭᠡᠭᠡᠪᠦᠷᠢ᠂ ᠮᠠᠯᠵᠢᠬᠤ ᠣᠷᠣᠨ ᠤ ᠰᠠᠭᠤᠷᠢᠰᠢᠯ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠡᠷᠭᠡ ᠬᠦᠷᠢᠶᠡᠨ ᠳᠤ ᠲᠠᠯᠪᠢᠵᠤ᠂ ᠲᠸᠤ ᠵᠠᠨ ᠠᠴᠠ ᠡᠸᠡᠩᠬᠢ ᠦᠨᠳᠦᠰᠦᠲᠡᠨ ᠤ ᠰᠤᠮᠤ ᠬᠦᠷᠬᠦ ᠵᠠᠰᠠᠮᠠᠯ ᠵᠠᠮ᠂ ᠪᠢᠯᠤᠬᠦᠳᠤ ᠬᠥᠭᠦᠷᠭᠡ ᠠᠴᠠ ᠴᠢᠩ ᠭᠧᠨ ᠲᠠᠷᠢᠶᠠᠯᠠᠩ ᠤᠨ ᠲᠠᠯᠠᠪᠠᠢ ᠬᠦᠷᠬᠦ ᠵᠠᠰᠠᠮᠠᠯ ᠵᠠᠮ᠂ ᠴᠢ ᠢ ᠠᠴᠠ ᠡᠸᠡᠩᠬᠢ ᠦᠨᠳᠤᠰᠤᠳᠡᠨ ᠤ ᠰᠤᠮᠤ ᠬᠦᠷᠬᠦ᠂ ᠬᠠᠶᠢᠯᠠᠷ ᠠᠴᠠ ᠲᠡᠨᠢᠬᠡ ᠬᠦᠷᠬᠦ ᠵᠡᠷᠭᠡ ᠵᠠᠰᠠᠮᠠᠯ ᠵᠠᠮ ᠤᠨ ᠪᠠᠶᠢᠭᠤᠯᠤᠯᠳᠡ ᠢ ᠠᠬᠢᠭᠤᠯᠵᠦ᠂ ᠨᠠᠵᠢ ᠤᠢ ᠰᠢᠭᠤᠢ ᠶᠢᠨ ᠲᠠᠯᠠᠪᠠᠢ ᠠᠴᠠ ᠲᠡᠨᠢᠬᠡ ᠤᠢ ᠰᠢᠭᠤᠢ ᠶᠢᠨ ᠲᠠᠯᠠᠪᠠᠢ ᠬᠦᠷᠬᠦ ᠲᠣᠭᠤᠷᠢᠨ ᠪᠠᠶᠢᠴᠠᠭᠠᠬᠤ ᠵᠠᠮ᠂ ᠬᠥᠬᠡᠨᠠᠭᠤᠷ ᠪᠠᠯᠭᠠᠰᠤ ᠶᠢᠨ ᠵᠠᠮ ᠢ ᠰᠡᠯᠪᠢᠨ ᠥᠭᠡᠷᠡᠴᠢᠯᠡᠬᠦ ᠶᠢ ᠪᠡᠶᠡᠯᠡᠬᠦᠯᠵᠦ᠂ ᠮᠤᠵᠢ ᠶᠢᠨ ᠵᠠᠮ 201 ᠱᠤᠭᠤᠮ ᠤᠨ ᠬᠠᠳᠠᠲᠤ ᠠᠴᠠ ᠬᠠᠶᠢᠯᠠᠷ ᠬᠦᠷᠬᠦ ᠨᠢᠭᠡᠳᠦᠭᠡᠷ ᠳᠡᠰ ᠤᠨ ᠵᠠᠰᠠᠮᠠᠯ ᠵᠠᠮ ᠢ ᠬᠤᠪᠢᠷᠠᠭᠤᠯᠬᠤ ᠢᠨᠵᠧᠨᠧᠷᠢᠩ ᠢ  ᠬᠡᠷᠩᠵᠢᠬᠦᠯᠵᠦ᠂ ᠬᠠᠭᠤᠴᠢᠨ ᠪᠠᠷᠭᠤ ᠬᠤᠰᠢᠭᠤᠨ ᠤ ᠬᠤᠲᠠ ᠬᠥᠳᠡᠭᠡ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠢ ᠨᠢᠭᠡ ᠴᠣᠭᠴᠠᠵᠢᠭᠤᠯᠬᠤ ᠵᠡᠷᠭᠡ ᠲᠥᠷᠥᠯ ᠵᠦᠢᠯ ᠢ  ᠪᠡᠶᠡᠯᠡᠬᠦᠯᠤᠨ᠎ᠡ᠃ ᠮᠠᠯᠵᠢᠬᠤ ᠣᠷᠣᠨ ᠤ ᠠᠶᠠᠨᠴᠢᠳ ᠪᠠ ᠪᠠᠷᠠᠭᠠᠨ ᠤ ᠲᠡᠭᠡᠭᠡᠪᠦᠷᠢ ᠶᠢᠨ ᠮᠠᠰᠢᠨ ᠲᠡᠷᠭᠡ ᠶᠢ ᠰᠠᠭᠠᠳ ᠦᠭᠡᠢ ᠨᠠᠪᠲᠠᠷᠡᠭᠦᠯᠵᠦ᠂ ᠣᠷᠣᠨ ᠪᠦᠰᠡ ᠬᠤᠯᠪᠣᠯᠳᠤᠨ ᠨᠡᠪᠲᠡᠷᠡᠯᠴᠡᠬᠦ᠂ ᠬᠤᠳᠠ ᠬᠥᠳᠡᠭᠡ ᠶᠢᠨ ᠨᠡᠪᠲᠡᠷᠡᠯᠴᠡᠬᠦ ᠶᠢ ᠠᠬᠢᠭᠤᠯᠤᠨ᠎ᠠ᠃ ᠵᠢᠯ ᠤᠨ ᠳᠣᠲᠣᠷ᠎ᠠ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠬᠦ ᠶᠢᠨ ᠬᠠᠮᠲᠤ ᠬᠡᠷᠡᠭᠯᠡᠬᠦ ᠵᠥᠪᠰᠢᠶᠡᠷᠡᠯ ᠤᠨ ᠦᠨᠡᠮᠯᠡᠯ ᠣᠯᠬᠤ ᠪᠠᠷ ᠴᠢᠷᠮᠠᠶᠢᠵᠤ᠂ ᠤᠭᠳᠠᠷᠭᠤᠢ ᠳᠠᠬᠢ ᠵᠢᠭᠤᠯᠴᠢᠯᠠᠯ᠂  ᠵᠢᠯᠤᠭᠤᠤᠨᠬᠤ ᠶᠢ ᠪᠡᠶᠡᠴᠢᠯᠡᠨ ᠣᠶᠢᠯᠠᠭᠠᠬᠤ ᠵᠡᠷᠭᠡ ᠵᠢᠭᠤᠯᠴᠢᠯᠠᠯ ᠤᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠨᠢᠰᠦᠯᠲᠡ ᠶᠢᠨ ᠲᠥᠷᠥᠯ ᠵᠦᠢᠯ ᠢ ᠥᠷᠨᠢᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠭᠠᠯ ᠰᠡᠷᠭᠡᠶᠢᠯᠡᠬᠦ ᠭᠠᠮᠰᠢᠭ ᠢ ᠰᠡᠷᠭᠡᠶᠢᠯᠡᠬᠦ ᠨᠢᠰᠦᠯᠲᠡ ᠶᠢᠨ ᠡᠭᠦᠷᠭᠡ ᠶᠢ ᠳᠠᠭᠠᠭᠠᠨ ᠠᠪᠴᠤ᠂ ᠵᠤᠭᠠᠴᠠᠯ ᠤᠨ ︽ᠤᠭᠳᠠᠷᠭᠤᠢ ᠳᠠᠬᠢ ᠦᠵᠡᠮᠵᠢ ᠰᠣᠨᠢᠷᠬᠠᠬᠤ ᠲᠠᠪᠴᠠᠩ︾  ᠢ ᠡᠬᠦᠤᠨᠴᠦ᠂ ᠪᠠᠴᠢᠮ ᠪᠠᠶᠢᠳᠠᠯ ᠢ ᠠᠷᠭᠠᠴᠠᠨ ᠠᠪᠤᠷᠠᠨ ᠲᠤᠰᠠᠯᠠᠬᠤ ︽ᠤᠭᠳᠠᠷᠭᠤᠢ ᠳᠠᠬᠢ ᠠᠪᠤᠷᠠᠯᠳᠠ ᠶᠢᠨ ᠵᠠᠮ︾ ᠢ  ᠡᠬᠦᠳᠤᠨ᠎ᠡ᠃        ︵ᠲᠠᠪᠤ︶ ᠬᠦᠴᠦ ᠪᠠᠨ ᠲᠥᠪᠯᠡᠷᠡᠭᠦᠯᠦᠨ ᠠᠷᠠᠳ ᠤᠨ ᠠᠮᠢᠳᠤᠷᠠᠯ ᠤᠨ ᠵᠤᠯ ᠵᠢᠷᠭᠠᠯ ᠤᠨ ᠬᠢᠷᠢ ᠲᠦᠪᠰᠢᠨ  ᠢ ᠲᠡᠭᠡᠭᠰᠢᠯᠡᠬᠦᠯᠵᠦ᠂ ᠣᠯᠠᠨ ᠲᠦᠮᠡᠨ ᠤ ᠵᠣᠯ ᠵᠢᠷᠭᠠᠯᠲᠤ ᠠᠮᠢᠳᠤᠷᠠᠯ ᠤᠨ ᠰᠢᠨ᠎ᠡ ᠬᠦᠰᠡᠯ ᠡᠷᠡᠮᠡᠯᠵᠡᠯ ᠢ ᠬᠠᠩᠭᠠᠨ᠎ᠠ᠃ ᠠᠷᠠᠳ ᠤᠨ ᠠᠮᠢᠳᠤᠷᠠᠯ ᠤᠨ ᠬᠡᠷᠡᠭᠴᠡᠭᠡ  ᠲᠠᠢ ᠤᠶᠠᠯᠳᠤᠭᠤᠯᠤᠨ᠂ ᠠᠷᠠᠳ ᠤᠨ ᠠᠮᠢᠳᠤᠷᠠᠯ ᠤᠨ ᠳᠤᠲᠠᠭᠤᠳᠠᠯ ᠢ ᠠᠩᠬᠠᠷᠴᠦ᠂ ᠬᠥᠮᠥᠨ ᠤ ᠬᠦᠴᠦᠨ ᠪᠣᠳᠠᠰ ᠤᠨ ᠬᠦᠴᠦᠨ ᠡᠳ᠋ ᠤᠨ ᠬᠦᠴᠦᠨ ᠢ ᠡᠩ ᠲᠡᠷᠢᠭᠦᠨ ᠳᠤ ᠠᠷᠠᠳ ᠤᠨ ᠠᠮᠢᠳᠤᠷᠠᠯ ᠤᠨ ᠬᠦᠷᠢᠶᠡᠨ ᠳᠤ ᠣᠷᠣᠭᠤᠯᠵᠤ᠂ ᠪᠥᠬᠦ ᠬᠤᠰᠢᠭᠤᠨ ᠤ ᠠᠷᠠᠳ ᠲᠦᠮᠡᠨ ᠳᠤ ᠥᠭᠡᠷᠡᠴᠢᠯᠡᠯᠲᠡ ᠬᠥᠭᠵᠢᠯᠲᠡ ᠶᠢᠨ ᠡᠯᠪᠡᠭ ᠪᠠᠶᠠᠯᠢᠭ ᠦᠷ᠎ᠡ ᠪᠦᠲᠦᠭᠡᠯ ᠢ ᠦᠨᠡᠨᠬᠦ ᠡᠳ᠋ᠯᠡᠭᠦᠯᠦᠨ᠎ᠡ᠃        ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠠᠵᠢᠯ ᠣᠯᠭᠤᠯᠲᠠ ᠶᠢ ᠪᠥᠬᠦ ᠬᠦᠴᠦᠨ ᠢᠶᠠᠷ ᠢᠶᠠᠨ ᠲᠣᠭᠲᠠᠪᠤᠷᠢᠵᠢᠭᠤᠯᠤᠨ ᠦᠢᠯᠡᠰ ᠪᠤᠰᠬᠠᠬᠤ ᠶᠢ ᠠᠬᠢᠭᠤᠯᠵᠤ᠂ ᠠᠷᠭ᠎ᠠ ᠪᠦᠬᠦᠨ ᠢ ᠰᠦᠪᠡᠭᠴᠢᠯᠡᠨ ᠨᠠᠩ ᠣᠯᠠᠨ ᠠᠵᠢᠯ ᠣᠯᠭᠤᠬᠤ ᠲᠣᠬᠢᠶᠠᠯ ᠢ ᠡᠭᠦᠳᠴᠦ᠂ ᠭᠤᠯᠢᠷ᠂ ᠴᠠᠭᠠᠨ ᠢᠳᠡᠭᠡᠨ  ᠢ  ᠪᠤᠯᠪᠠᠰᠤᠷᠠᠭᠤᠯᠬᠤ ᠵᠡᠷᠭᠡ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠢ ᠥᠷᠨᠢᠭᠦᠯᠵᠦ᠂ ᠤᠯᠠᠮᠵᠢᠯᠠᠯᠲᠤ ᠴᠠᠭᠠᠨ ᠢᠳᠡᠭᠡᠨ ᠤ ᠦᠢᠯᠡᠰ ᠪᠤᠰᠬᠠᠬᠤ ᠬᠦᠷᠢᠶᠡᠯᠡᠩ᠂ ᠬᠥᠬᠡᠨᠠᠭᠤᠷ ᠪᠠᠯᠭᠠᠰᠤᠨ ᠤ ᠦᠨᠳᠦᠰᠦᠲᠡᠨ ᠤ ᠬᠤᠪᠴᠠᠰᠤ ᠵᠠᠰᠠᠯ ᠪᠠ ᠠᠷᠠᠰᠤᠨ ᠰᠡᠶᠢᠯᠦᠮᠡᠯ ᠤᠨ ᠭᠠᠷ ᠤᠷᠠᠯᠠᠯ ᠤᠨ ᠪᠦᠲᠦᠭᠡᠭᠳᠡᠬᠦᠨ ᠡᠳ᠋ᠰᠢᠭᠦᠯᠬᠦ ᠦᠢᠯᠡᠳᠪᠦᠷᠢ ᠶᠢᠨ ᠲᠠᠰᠤᠭ᠂ ᠡᠸᠡᠩᠬᠢ ᠦᠨᠳᠦᠰᠦᠲᠡᠨ ᠤ ᠰᠤᠮᠤ ᠶᠢᠨ ᠤᠯᠠᠮᠵᠢᠯᠠᠯᠲᠤ ᠠᠮᠲᠠᠲᠤ ᠢᠳᠡᠭᠡᠨ ᠤ ᠣᠨᠴᠠᠯᠢᠭᠲᠤ ᠡᠳ᠋ᠰᠢᠭᠦᠯᠬᠦ ᠦᠢᠯᠡᠳᠬᠡᠯ ᠵᠡᠷᠭᠡ ᠦᠢᠯᠡᠰ ᠪᠤᠰᠬᠠᠬᠤ ᠠᠴᠢᠶᠠᠯᠠᠪᠤᠷᠢ ᠶᠢ ᠪᠣᠶ ᠪᠣᠯᠭᠠᠵᠤ᠂ ᠣᠯᠠᠨ ᠲᠦᠮᠡᠨ ᠤ  ᠦᠢᠯᠡᠰ ᠪᠤᠰᠬᠠᠬᠤ ᠠᠵᠢᠯ ᠣᠯᠭᠤᠬᠤ ᠳᠤ ᠲᠠᠪᠴᠠᠩ ᠬᠠᠩᠭᠠᠨ᠎ᠠ᠃ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠪᠠᠲᠤᠳᠬᠠᠵᠤ᠂ ᠰᠠᠭᠤᠷᠢ ᠴᠢᠨᠠᠷᠲᠠᠢ᠂ ᠲᠦᠭᠡᠮᠡᠯ ᠬᠠᠷᠠᠭᠠᠯᠵᠠᠯ ᠦᠵᠡᠭᠦᠯᠬᠦ ᠬᠡᠯᠪᠡᠷᠢ ᠶᠢᠨ᠂ ᠦᠨᠳᠦᠰᠦᠨ ᠠᠴᠠ ᠨᠢ ᠪᠠᠲᠤᠯᠠᠬᠤ ᠴᠢᠨᠠᠷᠲᠠᠢ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠠᠷᠭ᠎ᠠ ᠠᠪᠴᠠᠯ ᠢ ᠨᠠᠶᠢᠳᠠᠪᠤᠷᠢᠵᠢᠭᠤᠯᠤᠨ᠂ ᠲᠣᠬᠤᠨᠢᠭᠤᠯᠬᠤ᠂ ᠬᠠᠪᠰᠤᠷᠤᠨ ᠲᠡᠳᠬᠦᠵᠦ ᠠᠪᠤᠷᠠᠨ ᠲᠤᠰᠠᠯᠠᠬᠤ ᠵᠡᠷᠭᠡ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠡᠪᠡᠳᠴᠢᠨ ᠤ ᠰᠢᠯᠲᠠᠭᠠᠨ ᠪᠠ ᠭᠠᠮᠰᠢᠭ ᠠᠴᠠ ᠪᠣᠯᠵᠤ ᠬᠦᠴᠢᠷᠳᠡᠯ ᠳᠤ ᠲᠤᠯᠭᠠᠷᠠᠭᠰᠠᠨ ᠤᠯᠠᠨ ᠲᠦᠮᠡᠨ ᠪᠤᠯᠤᠨ ᠬᠥᠭᠰᠢᠨ ᠪᠠᠭᠤᠷᠠᠢ ᠡᠪᠡᠳᠴᠢᠨ ᠲᠠᠢ ᠵᠡᠮᠳᠡᠭ ᠵᠡᠷᠭᠡ ᠣᠨᠴᠠᠭᠠᠶ ᠬᠠᠮᠲᠤᠯᠢᠭ ᠤᠨ ᠦᠨᠳᠦᠰᠦᠨ ᠠᠮᠢᠳᠤᠷᠠᠯ ᠢ ᠰᠠᠶᠢᠲᠤᠷ ᠪᠠᠲᠤᠯᠠᠨ᠎ᠠ᠃ ᠪᠦᠬᠦ ᠠᠷᠠᠳ ᠤᠨ ᠳᠠᠭᠠᠳᠬᠠᠯ ᠳᠤ ᠣᠷᠤᠯᠴᠠᠬᠤ ᠲᠥᠯᠥᠪᠯᠡᠭᠡ ᠶᠢ ᠨᠠᠶᠢᠳᠠᠪᠤᠷᠢᠵᠢᠭᠤᠯᠵᠤ᠂ ᠦᠨᠳᠦᠰᠦᠨ ᠨᠠᠰᠤᠵᠢᠯ ᠤᠨ ᠳᠠᠭᠠᠳᠬᠠᠯ ᠳᠤ ᠣᠷᠤᠯᠴᠠᠬᠤ ᠨᠤᠷᠮ᠎ᠠ ᠶᠢ ᠳᠡᠭᠡᠭᠰᠢᠯᠡᠭᠦᠯᠦᠨ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠤᠯᠴᠠᠬᠤ ᠨᠤᠷᠮ᠎ᠠ ᠶᠢ ᠲᠣᠭᠲᠠᠪᠤᠷᠢᠵᠢᠭᠤᠯᠵᠤ᠂ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡ ᠶᠢ ᠦᠨᠳᠦᠰᠦᠨ ᠱᠠᠲᠤᠨ ᠳᠤ ᠬᠦᠷᠲᠡᠯ᠎ᠡ ᠤᠷᠲᠤᠳᠬᠠᠬᠤ ᠶᠢ ᠲᠦᠯᠬᠢᠨ ᠠᠬᠢᠭᠤᠯᠤᠨ᠎ᠠ᠃《ᠨᠠᠰᠤᠳᠠᠶᠢᠴᠤᠤᠨ ᠵᠠᠯᠠᠭᠤ ᠪᠠᠭᠠᠴᠤᠤᠨ》 ᠶᠢᠨ ᠪᠠᠲᠤᠯᠠᠭ᠎ᠠ ᠶᠢ ᠨᠠᠩ ᠶᠡᠭᠡ ᠡᠷᠴᠢᠮ ᠢᠶᠠᠷ ᠴᠢᠩᠭᠠᠳᠬᠠᠵᠤ᠂ ᠭᠡᠷ ᠪᠦᠯᠢ ᠪᠠ ᠨᠡᠶᠢᠭᠡᠮ ᠲᠣᠭᠤᠷᠢᠭ ᠤᠨ ᠨᠠᠰᠤᠵᠢᠯ ᠠᠰᠠᠷᠠᠮᠵᠢ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠦᠷᠭᠦᠯᠵᠢᠯᠡᠨ ᠠᠬᠢᠭᠤᠯᠵᠤ᠂ ᠰᠤᠮᠤ ᠪᠠᠯᠭᠠᠰᠤ ᠶᠢᠨ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠲᠥᠪ ᠪᠠ ᠨᠠᠰᠤᠵᠢᠯ ᠤᠨ ᠦᠢᠯᠡᠴᠢᠯᠡᠭᠡᠨ ᠤ ᠥᠷᠲᠡᠭᠡ ᠶᠢ ᠰᠢᠨ᠎ᠡ ᠪᠠᠷ ᠪᠠᠶᠢᠭᠤᠯᠤᠨ᠎ᠠ︔ ᠲᠤᠮᠳᠠ ᠪᠠ ᠤᠷᠲᠤ ᠬᠤᠭᠤᠴᠠᠭᠠᠨ ᠤ ᠵᠠᠯᠠᠭᠤᠴᠤᠳ ᠤᠨ ᠬᠥᠭᠵᠢᠯᠲᠡ ᠶᠢᠨ ᠲᠥᠯᠦᠪᠵᠢᠭᠦᠯᠭᠡ ᠶᠢ ᠨᠠᠶᠢᠳᠠᠪᠤᠷᠢᠵᠢᠭᠤᠯᠵᠤ᠂ ᠨᠠᠰᠤᠨ ᠳᠤ ᠦᠯᠦ ᠬᠦᠷᠦᠭᠰᠡᠳ ᠢ  ᠬᠠᠮᠠᠭᠠᠯᠠᠬᠤ ᠶᠢ ᠴᠢᠩᠭᠠᠤᠨᠬᠠᠨ᠎ᠠ᠃ ᠬᠦᠯᠤᠰᠤᠨ ᠠᠵᠢᠯᠴᠢᠨ ᠤ ᠴᠠᠯᠢᠩ ᠢ ᠴᠠᠭ ᠲᠤᠬᠠᠢ ᠳᠤᠨᠢ ᠦᠭᠬᠦ  ᠶᠢ ᠰᠠᠶᠢᠲᠤᠷ ᠪᠠᠲᠤᠯᠠᠨ᠎ᠠ᠃         ᠤᠯᠠᠨ ᠨᠡᠶᠢᠲᠡ ᠶᠢᠨ ᠦᠢᠯᠡᠴᠢᠯᠡᠭᠡ ᠶᠢ ᠴᠢᠩᠭᠠᠳᠬᠠᠨ᠎ᠠ᠃ ᠰᠤᠷᠭᠠᠨ ᠬᠥᠮᠦᠵᠢᠯ ᠤᠨ ᠶᠠᠰᠤ ᠴᠢᠨᠠᠷ ᠢ  ᠬᠦᠴᠤᠯᠡᠨ ᠳᠡᠭᠡᠭᠰᠢᠯᠡᠭᠦᠯᠵᠦ᠂ ᠰᠤᠷᠭᠠᠨ ᠬᠥᠮᠦᠵᠢᠯ ᠤᠨ ᠡᠷᠬᠡ ᠲᠡᠭᠰᠢ ᠪᠠᠶᠢᠬᠤ ᠶᠢ ᠤᠯᠠᠮ ᠨᠢᠭᠡ ᠠᠯᠬᠤᠮ ᠠᠬᠢᠭᠤᠯᠤᠨ᠂ ︽ᠬᠤᠶᠠᠷ ᠢ ᠬᠦᠩᠭᠡᠷᠡᠬᠦᠯᠬᠦ︾ ᠪᠠ ︽ᠲᠠᠪᠤᠨ ᠵᠦᠢᠯ ᠤᠨ ᠬᠠᠮᠢᠶᠠᠷᠤᠯᠲᠠ︾ ⑮ ᠶᠢᠨ ᠠᠵᠢᠯ ᠢ ᠦᠷᠭᠦᠯᠵᠢᠯᠡᠨ ᠠᠬᠢᠭᠤᠯᠵᠤ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ  ᠪᠠ   ᠠᠩᠬ᠎ᠠ ᠵᠡᠷᠭᠡ ᠶᠢᠨ ᠲᠤᠮᠳᠠᠳᠤ ᠰᠤᠷᠭᠠᠭᠤᠯᠢ ᠶᠢᠨ ᠲᠡᠬᠦᠰᠬᠦ ᠰᠢᠯᠭᠠᠯᠲᠠ ᠪᠤᠯᠤᠨ ᠤᠯᠤᠰ ᠤᠨ ᠨᠢᠭᠡᠳᠤᠯᠳᠠᠢ ᠰᠢᠯᠭᠠᠯᠳᠠ ᠶᠢᠨ ᠥᠭᠡᠷᠡᠴᠢᠯᠡᠯᠲᠡ ᠲᠠᠢ ᠰᠠᠶᠢᠳᠤᠷ ᠵᠣᠯᠭᠠᠭᠤᠯᠬᠤ ᠶᠢ ᠠᠬᠢᠭᠤᠯᠤᠨ᠎ᠠ︔ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠠᠭᠤᠷᠢ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠣᠯᠣᠨ ᠲᠤᠰ ᠭᠠᠵᠠᠷ ᠤᠨ ᠳᠠᠪᠠᠭᠤᠯᠢᠭ ᠠᠵᠤ ᠦᠢᠯᠡᠰ ᠤᠨ ᠬᠠᠮᠵᠢᠯᠴᠠᠨ ᠬᠥᠭᠵᠢᠬᠦ ᠶᠢ ᠠᠬᠢᠭᠤᠯᠤᠨ᠎ᠠ︔ ᠬᠡᠪ ᠴᠢᠨᠠᠷ ᠤᠨ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠵᠠᠯᠠᠭᠤᠴᠤᠳ ᠪᠠᠭᠠᠴᠤᠳ ᠤᠨ ᠬᠦᠳᠡᠯᠭᠡᠭᠡᠨ ᠤ ᠲᠥᠪ ᠂ ᠲᠤᠮᠳᠠᠳᠤ ᠪᠠᠭ᠎ᠠ ᠰᠤᠷᠭᠠᠭᠤᠯᠢ ᠶᠢᠨ ᠪᠡᠶ᠎ᠡ ᠴᠢᠬᠢᠷᠠᠭᠵᠢᠭᠤᠯᠬᠤ ᠬᠦᠳᠡᠯᠭᠡᠭᠡᠨ ᠤ ᠲᠦᠬᠦᠬᠡᠷᠤᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠪᠤᠷᠤᠰᠢᠯᠢ ᠳᠤᠮᠳᠠᠳᠤ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠠᠰᠤᠭ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠲᠥᠯᠥᠪᠯᠡᠨ ᠬᠡᠷᠡᠭᠵᠢᠭᠦᠯᠦᠨ᠎ᠡ᠃ ᠰᠢᠨ᠎ᠡ ᠳᠢᠳᠢᠮᠯᠢᠭ ᠠᠭᠤᠰᠬᠢᠨ ᠦᠷᠪᠢᠰᠤᠯ ᠤᠨ ︽ᠬᠥᠬᠡᠭᠴᠢᠨ ᠲᠥᠷᠥᠯ ᠤᠨ ᠬᠥᠬᠡᠭᠴᠢᠨ ᠲᠡᠰ ᠤᠨ ᠬᠠᠮᠢᠶᠠᠷᠤᠯᠲᠠ︾ ᠶᠢ ᠯᠠᠪᠳᠠᠭᠤᠨ ᠪᠥᠭᠡᠳ ᠡᠮᠬᠢ ᠵᠢᠷᠤᠮ ᠲᠠᠢ ᠬᠡᠷᠡᠭᠵᠢᠭᠦᠯᠵᠦ᠂ ᠦᠨᠳᠦᠰᠦᠨ ᠱᠠᠲᠤᠨ ᠤ ᠬᠢᠵᠢᠭ ᠢ ᠰᠡᠷᠭᠡᠶᠢᠯᠡᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠂ ᠡᠮ ᠡᠮᠨᠡᠯᠭᠡ ᠶᠢᠨ ᠡᠳ᠋ ᠪᠣᠳᠠᠰ ᠢ ᠰᠢᠯᠵᠢᠭᠦᠯᠦᠨ ᠲᠡᠭᠡᠭᠡᠪᠦᠷᠢᠯᠡᠵᠦ ᠨᠥᠭᠡᠴᠡᠯᠡᠬᠦ ᠶᠢ ᠴᠢᠩᠭᠠᠳᠬᠠᠵᠤ ᠂ ᠤᠯᠠᠨ ᠲᠦᠮᠡᠨ ᠤ ᠡᠪᠡᠤᠨᠴᠢᠨ ᠢ ᠰᠡᠷᠬᠡᠶᠢᠯᠡᠬᠦ ᠲᠠᠷᠢᠯᠭ᠎ᠠ ᠲᠠᠷᠢᠬᠤ ᠶᠢ ᠠᠬᠢᠭᠤᠯᠵᠦ᠂ ᠨᠠᠰᠤᠲᠠᠶᠢᠴᠤᠳ ᠪᠠ ᠬᠠᠭᠤᠴᠢᠨ ᠠᠷᠬᠠᠭ ᠲᠠᠢ ᠡᠪᠡᠤᠨᠴᠢᠳᠡᠨ ᠤ ᠰᠡᠷᠭᠡᠶᠢᠯᠡᠨ ᠡᠵᠡᠮᠳᠡᠬᠦ ᠶᠢ ᠰᠠᠶᠢᠲᠤᠷ ᠠᠳᠬᠤᠨ᠎ᠠ︔ ᠡᠷᠡᠭᠦᠯ ᠡᠩᠬᠡ ᠬᠠᠭᠤᠴᠢᠨ ᠪᠠᠷᠭᠤ ᠶᠢᠨ ᠠᠵᠢᠯᠯᠠᠭ᠎ᠠ ᠪᠣᠯᠣᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠦᠷᠭᠦᠯᠵᠢᠯᠡᠨ ᠥᠷᠨᠢᠭᠦᠯᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠢᠵᠢᠭ ᠢ ᠰᠡᠷᠭᠡᠶᠢᠯᠡᠬᠦ ᠪᠠ ᠣᠨᠣᠰᠢᠯᠠᠨ ᠡᠮᠨᠡᠬᠦ ᠴᠢᠳᠠᠪᠤᠷᠢ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠪᠠ ᠣᠨᠣᠰᠢᠯᠠᠨ ᠡᠮᠨᠡᠬᠦ ᠴᠢᠳᠠᠪᠤᠷᠢ ᠶᠢ ᠳᠡᠭᠡᠭᠰᠢᠯᠡᠭᠦᠯᠦᠨ᠂ ᠥᠪᠥᠷ ᠮᠣᠩᠭᠤᠯ ᠤᠨ ᠣᠯᠠᠨ ᠤᠯᠤᠰ ᠤᠨ ᠮᠣᠩᠭᠤᠯ ᠡᠮᠨᠡᠯᠭᠡ ᠶᠢᠨ ᠬᠤᠷᠢᠶ᠎ᠠ ᠶᠢᠨ ᠲᠤᠰᠬᠠᠢ ᠮᠡᠷᠭᠡᠵᠢᠯᠲᠡᠨ ᠮᠠᠨ ᠤ ᠬᠤᠰᠢᠭᠤᠨ ᠳᠤ ᠢᠷᠡᠵᠦ ᠪᠠᠶᠢᠩᠭᠤ ᠶᠢᠨ ᠴᠢᠨᠠᠷᠲᠠᠢ ᠪᠠᠷ ᠡᠮᠴᠢᠯᠡᠭᠡᠨ ᠬᠢᠬᠦ ᠶᠢ ᠠᠬᠢᠭᠤᠯᠵᠤ᠂ ᠬᠢᠲᠠᠳ ᠮᠣᠩᠭᠤᠯ ᠡᠮ ᠡᠮᠨᠡᠯᠭᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠂ ᠴᠢᠩᠬᠡᠯᠢᠭᠲᠦ ᠡᠮᠨᠡᠯᠭᠡ ᠶᠢᠨ ᠬᠤᠷᠢᠶ᠎ᠠ ᠶᠢ ᠪᠤᠷᠤᠰᠢᠯᠢ ᠪᠠᠯᠭᠠᠰᠤᠨ ᠤ ᠭᠤᠣᠯ ᠡᠷᠡᠭᠦᠯ ᠬᠠᠮᠠᠭᠠᠯᠠᠯ ᠤᠨ ᠬᠤᠷᠢᠶ᠎ᠠ ᠪᠣᠯᠭᠠᠨ ᠪᠠᠶᠢᠭᠤᠯᠵᠤ᠂ ᠡᠮᠴᠢ ᠰᠤᠪᠢᠯᠠᠭᠴᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠵᠤ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠬᠢᠷᠢ  ᠲᠦᠪᠰᠢᠨ ᠢ ᠳᠡᠭᠡᠭᠰᠢᠯᠡᠭᠦᠯᠦᠨ᠂ ᠤᠯᠠᠭᠠᠨᠮᠥ᠋ᠴᠢᠷ ᠤᠨ ᠰᠢᠨ᠎ᠡ ᠶᠢ ᠡᠭᠦᠳᠦᠨ ᠵᠣᠬᠢᠶᠠᠨ ᠪᠦᠲᠦᠭᠡᠬᠦ ᠠᠮᠢᠵᠢᠷᠠᠯ ᠤᠨ ᠬᠦᠴᠦᠨ ᠢ ᠬᠥᠭᠵᠢᠭᠡᠵᠦ᠂ ᠰᠣᠳᠣᠨ ᠪᠦᠲᠦᠭᠡᠯ ᠡᠭᠦᠳᠦᠨ ᠭᠠᠷᠭᠠᠬᠤ ᠶᠢ ᠵᠣᠷᠢᠭᠵᠢᠭᠤᠯᠤᠨ᠂ ᠠᠷᠠᠳ ᠲᠤ ᠠᠰᠢᠭ ᠬᠦᠷᠲᠡᠭᠡᠬᠦ ᠵᠠᠭᠤᠨ ᠲᠠᠯᠠᠪᠤᠷ ᠲᠣᠭᠯᠠᠯᠲᠠ ᠭᠠᠷᠭᠠᠨ᠂ ᠨᠠᠩ ᠣᠯᠠᠨ ᠰᠢᠯᠢᠳᠡᠭ ᠤᠳᠬ᠎ᠠ ᠤᠷᠠᠯᠢᠭ ᠤᠨ ᠪᠦᠲᠦᠭᠡᠯ ᠢ ᠣᠯᠠᠨ ᠲᠦᠮᠡᠨ ᠳᠤ ᠬᠦᠷᠲᠡᠭᠡᠨ᠎ᠡ᠃ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠨ ᠠᠰᠢᠭᠯᠠᠬᠤ ᠶᠢ ᠴᠢᠩᠭᠠᠳᠬᠠᠵᠤ᠂ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠤᠳᠠᠰ ᠤᠨ ᠪᠤᠰᠤ ᠰᠤᠶᠤᠯ ᠤᠨ ᠦᠪ ᠤᠨ ᠪᠦᠲᠦᠭᠡᠭᠳᠡᠬᠦᠨ ᠢ ᠵᠠᠬ᠎ᠠ ᠳᠡᠯᠭᠡᠭᠦᠷ ᠲᠤ ᠭᠠᠷᠭᠠᠬᠤ ᠶᠢ ᠲᠦᠷᠭᠡᠪᠴᠢᠯᠡᠨ ᠠᠬᠢᠭᠤᠯᠤᠨ᠎ᠠ᠃ ᠴᠢᠳᠠᠪᠤᠷᠢᠲᠠᠨ ᠤ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠵᠤ᠂ ᠴᠢᠳᠠᠪᠤᠷᠢᠲᠠᠨ ᠢ ᠤᠷᠢᠨ ᠡᠯᠰᠡᠬᠦ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ᠴᠢᠳᠠᠪᠤᠷᠢᠲᠠᠨ ᠤ ᠦᠢᠯᠡᠴᠢᠯᠡᠭᠡᠨ ᠤ ᠪᠠᠲᠤᠯᠠᠭ᠎ᠠ ᠪᠠ ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠦᠨᠳᠦᠰᠦᠲᠡᠨ ᠤ ᠪᠦᠯᠬᠦᠮᠳᠡᠯ  ᠲᠠᠪᠰᠢᠯᠲᠡ ᠶᠢᠨ ᠠᠵᠢᠯ ᠢ ᠰᠠᠶᠢᠲᠤᠷ ᠬᠢᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ  ᠶᠢᠨ ᠤᠬᠠᠮᠰᠠᠷ ᠢ ᠪᠠᠬᠢᠵᠢᠬᠦᠯᠬᠦ ᠬᠦᠮᠤᠵᠢᠯ ᠢ ᠭᠦᠨᠵᠡᠭᠡᠶᠢᠷᠡᠭᠦᠯᠵᠦ᠂ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠦᠷᠭᠦᠯᠵᠢᠯᠡᠨ ᠴᠢᠷᠮᠠᠶᠢᠨ ᠡᠬᠦᠳᠤᠨ᠎ᠡ᠃        ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ ᠠᠶᠤᠯᠭᠦᠢ ᠦᠢᠯᠡᠳᠪᠦᠷᠢᠯᠡᠯ ᠢ ᠴᠢᠩᠭᠠᠳᠬᠠᠨ᠂ ᠠᠮᠤᠷ ᠲᠦᠪᠰᠢᠨ ᠤ ᠬᠥᠮᠦᠵᠢᠯ ᠢ ᠴᠢᠩᠭᠠᠳᠬᠠᠵᠤ᠂ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ᠂ ᠵᠠᠮ  ᠬᠠᠷᠢᠯᠴᠠᠭ᠎ᠠ ᠲᠡᠭᠡᠭᠡᠪᠦᠷᠢ᠂ ᠪᠠᠷᠢᠯᠭ᠎ᠠ ᠶᠢᠨ ᠭᠠᠵᠠᠷ᠂ ᠬᠤᠲᠠ ᠪᠠᠯᠭᠠᠰᠤᠨ ᠤ ᠰᠢᠲᠠᠮᠠᠬᠠᠢ ᠬᠡᠢ᠂ ᠥᠪᠡᠰᠦᠪᠡᠨ ᠭᠡᠷ ᠪᠠᠷᠢᠬᠤ ᠵᠡᠷᠭᠡ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶ᠎ᠡ ᠪᠠ ᠲᠠᠯᠠᠪᠤᠷ ᠭᠠᠵᠠᠷ ᠤᠨ ᠠᠶᠤᠯ ᠲᠦᠭᠰᠢᠭᠦᠷᠢ ᠶᠢ ᠪᠠᠶᠢᠴᠠᠭᠠᠨ ᠴᠡᠭᠴᠡᠯᠡᠨ ᠵᠠᠰᠠᠬᠤ ᠶᠢ ᠴᠢᠩᠭᠠᠳᠬᠠᠵᠤ᠂ ᠬᠦᠨᠳᠦ ᠶᠡᠭᠡ ᠣᠨᠴᠠ ᠶᠡᠭᠡ ᠠᠮᠤᠷ ᠲᠦᠪᠰᠢᠨ ᠤ ᠡ᠊ᠨᠳᠡᠯ ᠭᠠᠷᠬᠤ ᠶᠢ ᠴᠢᠩᠭ᠎ᠠ ᠰᠡᠷᠭᠡᠶᠢᠯᠡᠵᠦ᠂ ︽ᠪᠠᠭ᠎ᠠ ᠠᠳᠡᠯ ᠠᠴᠠ ᠪᠤᠯᠵᠦ ᠦᠬᠦᠵᠦ ᠰᠢᠷᠠᠭᠳᠤᠬᠤ︾ ᠪᠠ ᠰᠠᠨᠠᠭᠠᠨ ᠳᠤ ᠦᠭᠡᠢ ᠡ᠊ᠨᠳᠡᠯ ᠭᠠᠷᠬᠤ ᠶᠢ ᠪᠠᠭᠠᠰᠬᠠᠨ᠎ᠠ᠃ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠴᠢᠳᠠᠪᠤᠷᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ᠂ ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠢ ᠰᠠᠶᠢᠲᠤᠷ ᠬᠢᠵᠦ᠂ ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠦᠴᠤᠯᠡᠨ ᠬᠠᠮᠠᠭᠠᠯᠠᠨ᠎ᠠ᠃ ᠬᠠᠷ᠎ᠠ ᠪᠦᠯᠦᠭᠳᠡᠨ ᠬᠠᠷ᠎ᠠ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠵᠦ᠂ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠢ ᠬᠠᠮᠠᠭᠠᠯᠠᠬᠤ ᠡᠷᠴᠢᠮ ᠢ ᠴᠢᠩᠭᠠᠷᠠᠭᠤᠯᠤᠨ᠂ ᠡᠯ᠎ᠡ ᠲᠦᠷᠤᠯ ᠤᠨ ᠬᠠᠤᠯᠢ ᠠᠴᠠ ᠵᠦᠷᠢᠴᠡᠭᠰᠡᠨ ᠶᠠᠯᠠᠳᠤ ᠠᠵᠢᠯᠯᠠᠭ᠎ᠠ ᠳᠤ ᠴᠢᠩᠭ᠎ᠠ ᠴᠤᠬᠢᠯᠳᠡ ᠦᠭᠬᠦᠨ᠎ᠡ᠃ ᠨᠡᠶᠢᠭᠡᠮ ᠤᠨ ᠵᠠᠰᠠᠯᠲᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠵᠠᠬᠢᠳᠠᠯ ᠰᠣᠷᠪᠤᠯᠵᠢᠯᠠᠯ ᠤᠨ ᠳᠠᠯᠳᠠ ᠬᠡᠮ ᠢ ᠪᠠᠶᠢᠴᠠᠭᠠᠬᠤ ᠪᠠ ᠳᠠᠷᠤᠭᠳᠠᠮᠠᠯ ᠬᠡᠷᠡᠭ ᠢ ᠠᠷᠢᠯᠭᠠᠬᠤ ᠶᠢ ᠴᠢᠩᠭᠠᠳᠬᠠᠨ᠂ ᠨᠡᠶᠢᠭᠡᠮ ᠲᠣᠭᠤᠷᠢᠭ ᠤᠨ ᠠᠵᠢᠯᠲᠠᠨ ᠤ ᠠᠵᠢᠯ ᠮᠡᠷᠭᠡᠵᠢᠯ ᠤᠨ ᠰᠢᠰᠲ᠋ᠧᠮᠵᠢ ᠶᠢᠨ ᠪᠠᠶᠢᠭᠤᠯᠤᠯᠳᠡ ᠶᠢ ᠴᠢᠩᠭᠠᠤᠨᠬᠠᠨ᠎ᠠ᠃ ᠰᠢᠨ᠎ᠡ ᠴᠠᠭ ᠦᠶ᠎ᠡ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠬᠤᠶᠠᠷ ᠢ ᠬᠦᠷᠢᠶᠡᠯᠡᠨ ᠬᠠᠮᠲᠤᠪᠠᠷ ᠪᠠᠶᠢᠭᠤᠯᠬᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠵᠢᠯ ᠢ ᠰᠠᠶᠢᠲᠤᠷ ᠬᠢᠵᠦ᠂ ᠴᠡᠷᠢᠭ  ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡ ᠪᠠᠲᠤᠯᠠᠭ᠎ᠠ ᠶᠢ ᠰᠢᠯᠢᠳᠡᠭᠵᠢᠭᠦᠯᠦᠨ᠎ᠡ᠃ ᠡᠳ᠋ ᠤᠨ ᠵᠠᠰᠠᠭ ᠤᠨ ᠠᠵᠢᠯᠯᠠᠭᠠᠨ ᠤ ᠲᠦᠭᠰᠢᠭᠦᠷᠢ ᠶᠢ ᠰᠤᠳᠤᠯᠤᠨ ᠮᠠᠭᠠᠳᠯᠠᠬᠤ ᠪᠠ ᠰᠡᠷᠭᠡᠶᠢᠯᠡᠬᠦ ᠶᠢ ᠴᠢᠩᠭᠠᠳᠬᠠᠵᠤ᠂ ᠵᠠᠰᠠᠭ ᠤᠨ ᠣᠷᠳᠣᠨ ᠤ ᠳᠠᠯᠳᠠ ᠦᠷᠢ ᠥᠭᠴᠡᠭᠡ ᠶᠢᠨ ᠦᠯᠡᠳᠡᠭᠡᠯ ᠬᠡᠮᠵᠢᠶ᠎ᠡ ᠶᠢ ᠠᠷᠢᠯᠭᠠᠬᠤ ᠠᠵᠢᠯ ᠢ ᠪᠣᠳᠠᠲᠠᠢ ᠠᠳᠬᠤᠵᠤ᠂ ᠣᠨ ᠤ ᠥᠷᠢ ᠥᠭᠴᠡᠭᠡ ᠶᠢ ᠠᠷᠢᠯᠭᠠᠬᠤ ᠡᠭᠦᠷᠭᠡ ᠶᠢ ᠰᠠᠶᠢᠳᠤᠷ ᠪᠡᠶᠡᠯᠡᠭᠦᠯᠵᠦ᠂ ᠵᠠᠰᠠᠭ ᠤᠨ ᠣᠷᠳᠣᠨ ᠤ ᠳᠠᠯᠳᠠ  ᠦᠷᠢ ᠥᠭᠴᠡᠭᠡ ᠶᠢᠨ ᠨᠡᠮᠡᠭᠳᠡᠯ ᠤᠨ ᠬᠡᠮᠵᠢᠶ᠎ᠡ ᠶᠢ ᠡᠷᠡᠰ ᠬᠤᠷᠢᠭᠯᠠᠨ᠂ ᠣᠷᠣᠨ ᠪᠦᠰᠡ ᠶᠢᠨ ᠴᠢᠨᠠᠷᠲᠠᠢ ᠰᠢᠰᠲ᠋ᠧᠮ ᠤᠨ ᠴᠢᠨᠠᠷᠲᠠᠢ ᠲᠦᠭᠰᠢᠭᠦᠷᠢ ᠥᠯᠥ  ᠡᠬᠦᠰᠬᠡᠬᠦ  ᠬᠤᠷᠢᠭ᠎ᠠ ᠱᠤᠭᠤᠮ ᠢ ᠪᠠᠲᠤ ᠰᠠᠬᠢᠨ᠎ᠠ᠃           ᠭᠤᠷᠪᠠ᠂  ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠳᠡ ᠶᠢ ᠴᠢᠩᠭᠠᠤᠨᠬᠠᠨ᠎ᠠ          ᠬᠠᠭᠤᠴᠢᠨ ᠪᠠᠷᠭᠤ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠬᠤ ᠳᠤ ᠡᠭᠦᠷᠭᠡ  ᠬᠦᠨᠳᠤ᠂  ᠡᠭᠦᠷᠭᠡ ᠥᠩᠭᠡ ᠭᠡᠷᠡᠯᠲᠡᠢ ᠶᠤᠮ᠃ ᠵᠠᠰᠠᠭ ᠤᠨ ᠣᠷᠳᠣᠨ ᠤ ᠰᠢᠰᠲ᠋ᠧᠮ ᠤᠨ ᠬᠢᠨ ᠡᠷᠬᠡᠪᠰᠢ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠰᠤᠷᠲᠠᠯ ᠢᠶᠠᠨ ᠦᠷᠭᠦᠯᠵᠢᠯᠡᠨ ᠰᠠᠶᠢᠵᠢᠷᠠᠭᠤᠯᠵᠤ᠂ ᠡᠭᠦᠷᠭᠡ ᠴᠢᠳᠠᠪᠬᠢ ᠪᠠᠨ ᠬᠤᠪᠢᠷᠠᠭᠤᠯᠵᠤ᠂ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂              ︽ᠦᠵᠡᠯᠲᠡ ᠪᠠᠨ ᠬᠤᠪᠢᠷᠠᠭᠤᠯᠬᠤ᠂ ᠰᠤᠷᠲᠠᠯ ᠢᠶᠠᠨ ᠴᠢᠩᠭᠠᠳᠬᠠᠬᠤ᠂ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠨᠠᠶᠢᠳᠠᠪᠤᠷᠢᠵᠢᠭᠤᠯᠤᠯᠲᠠ ᠶᠢ ᠴᠢᠬᠤᠯᠠᠴᠢᠯᠠᠬᠤ᠂ ᠳᠦᠷᠢ ᠲᠥᠷᠬᠦ ᠶᠢ ᠱᠤᠭᠤᠬᠤ︾ ᠰᠤᠷᠤᠯᠴᠠᠯᠭ᠎ᠠ ᠦᠢᠯᠡᠳᠦᠯᠭᠡ ᠶᠢᠨ ᠠᠵᠢᠯᠯᠠᠭ᠎ᠠ ᠶᠢ ᠪᠠᠶᠢᠩᠭᠤᠵᠢᠭᠤᠯᠤᠨ ᠭᠦᠨᠵᠡᠭᠡᠢ ᠥᠷᠨᠢᠭᠦᠯᠵᠦ᠂ ᠥᠭᠡᠷᠡᠴᠢᠯᠡᠯᠲᠡ ᠬᠥᠭᠵᠢᠯᠲᠡ ᠶᠢ ᠠᠬᠢᠭᠤᠯᠬᠤ ᠢᠷᠠᠭᠤ ᠠᠯᠳᠠᠷᠲᠤ ᠡᠭᠦᠷᠭᠡ ᠶᠢ ᠨᠡᠩ ᠰᠠᠶᠢᠲᠤᠷ ᠡᠭᠦᠷᠭᠡᠯᠡᠨ᠎ᠠ᠃          ᠦᠨᠡᠨᠴᠢ ᠰᠢᠳᠤᠷᠭᠤ ᠪᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠨ᠎ᠡ᠃ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ︾  ᠢᠶᠠᠨ ᠴᠢᠩᠭᠠᠳᠬᠠᠵᠤ᠂ ︽ᠲᠦᠷᠪᠡᠨ ᠢᠲᠡᠭᠡᠯ︾  ᠢᠶᠠᠨ ᠪᠠᠲᠤᠳᠬᠠᠵᠤ᠂          ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠨᠠᠮ ᠳᠠᠭᠠᠨ ᠦᠨᠡᠨᠴᠢ ᠰᠢᠳᠤᠷᠭᠤ ᠪᠠᠶᠢᠬᠤ ᠶᠢ ᠦᠢᠯᠡᠳᠦᠯᠭᠡᠵᠢᠭᠦᠯᠤᠨ᠎ᠠ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠵᠤ᠂ ᠪᠦᠬᠦ ᠲᠠᠯ᠎ᠠ ᠪᠠᠷ ᠡᠵᠡᠮᠳᠡᠵᠦ᠂  ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ᠎ᠠ᠃ ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠵᠠᠰᠠᠭ ᠤᠨ ᠣᠷᠳᠣᠨ ᠤ ᠨᠢᠭᠡᠳᠦᠭᠡᠷ ᠡᠭᠦᠷᠭᠡ ᠬᠠᠷᠢᠭᠤᠴᠠᠯᠭ᠎ᠠ ᠪᠣᠯᠭᠠᠵᠤ᠂ ᠴᠢᠷᠮᠠᠶᠢᠨ ᠲᠡᠮᠡᠴᠡᠬᠦ ᠡᠷᠴᠢ ᠵᠣᠷᠢᠭ ᠢᠶᠠᠨ ᠪᠠᠷᠢᠮᠲᠠᠯᠠᠵᠤ᠂ ᠡᠬᠢᠯᠡᠮᠡᠭᠴᠡ ᠪᠠᠨ ᠱᠠᠯᠠᠪᠳᠠᠭᠤᠯᠤᠨ ᠬᠢᠬᠦ ᠶᠢ ᠪᠠᠷᠢᠮᠲᠠᠯᠠᠨ᠂ ︽ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭᠠᠨ︾ ᠤ ᠠᠰᠠᠭᠤᠳᠠᠯ ᠢ ᠦᠷᠭᠦᠯᠵᠢᠯᠡᠨ ᠵᠠᠯᠠᠷᠠᠭᠤᠯᠤᠨ ᠵᠠᠰᠠᠵᠤ᠂ ᠡᠬᠦᠷᠭᠡ ᠬᠠᠷᠢᠭᠤᠴᠠᠯᠭ᠎ᠠ  ᠶᠢᠨ ᠤᠬᠠᠮᠰᠠᠷ ᠪᠠ ᠪᠦᠳᠤᠮᠵᠢ ᠶᠢᠨ ᠤᠬᠠᠮᠰᠠᠷ ᠢ ᠴᠢᠩᠭᠠᠳᠬᠠᠨ᠂ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ᠂ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠪᠠ ᠬᠤᠰᠢᠭᠤ ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠠᠵᠢᠯ᠂ ᠭᠤᠣᠯᠳᠠᠯᠭ᠎ᠠ ᠲᠠᠢ ᠡᠭᠦᠷᠭᠡ ᠶᠢ  ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠨ᠎ᠠ᠃       ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠨ᠎ᠠ᠃ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠪᠠᠷ ᠪᠠᠷᠢᠮᠵᠢᠶᠠᠵᠢᠭᠤᠯᠵᠦ᠂ ᠬᠠᠤᠯᠢ ᠶᠣᠰᠣᠭᠠᠷ ᠵᠠᠰᠠᠭ ᠶᠠᠪᠤᠭᠤᠯᠬᠤ ᠬᠢᠷᠢ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠦᠷᠭᠦᠯᠵᠢᠯᠡᠨ ᠲᠦᠯᠬᠢᠨ ᠠᠬᠢᠭᠤᠯᠤᠨ᠎ᠠ᠃ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠭᠦᠨᠵᠡᠭᠡᠢ ᠬᠤᠪᠢᠷᠠᠭᠤᠯᠵᠤ᠂ ᠰᠠᠶᠢᠨ ᠰᠠᠶᠢᠬᠠᠨ ᠬᠥᠭᠵᠢᠯᠲᠡ ᠶᠢᠨ ᠡᠮᠬᠢ ᠵᠢᠷᠤᠮ ᠪᠠ ᠰᠠᠶᠢᠨ ᠰᠠᠶᠢᠬᠠᠨ ᠬᠥᠭᠵᠢᠯᠲᠡ ᠶᠢᠨ ᠲᠣᠭᠲᠠᠴᠠ ᠶᠢ ᠬᠦᠴᠦᠯᠡᠨ ᠪᠠᠶᠢᠭᠤᠯᠵᠤ᠂ ᠵᠠᠰᠠᠭ ᠵᠠᠬᠢᠷᠭᠠᠨ ᠤ ᠦᠷ᠎ᠡ ᠪᠦᠲᠦᠮᠵᠢ ᠪᠠ ᠤᠯᠠᠨ ᠨᠡᠶᠢᠲᠡ ᠶᠢ ᠢᠳᠡᠭᠡᠮᠵᠢ ᠶᠢᠨ ᠬᠦᠴᠦᠨ ᠢ ᠳᠡᠭᠡᠭᠰᠢᠯᠡᠭᠦᠯᠵᠦ᠂ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠵᠢᠱᠢᠯᠲᠡ ᠪᠠᠨ ᠲᠣᠭᠲᠠᠪᠤᠷᠢᠵᠢᠭᠤᠯᠤᠨ᠎ᠠ᠃ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠠᠪᠤᠴᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠵᠢᠷᠤᠮᠵᠢᠭᠤᠯᠤᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠶᠢ ᠴᠢᠩᠭᠠᠳᠬᠠᠵᠤ᠂ ᠵᠠᠰᠠᠭ ᠤᠨ ᠣᠷᠳᠣᠨ ᠤ ᠠᠵᠢᠯᠯᠠᠭ᠎ᠠ ᠶᠢ ᠬᠠᠤᠯᠢᠵᠢᠯ ᠤᠨ ᠵᠠᠮ ᠳᠤ ᠣᠷᠣᠭᠤᠯᠤᠨ᠎ᠠ᠃ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶᠠᠨ ᠤ ᠬᠢᠨᠠᠯᠲᠠ ᠶᠢ ᠬᠠᠤᠯᠢ ᠶᠣᠰᠣᠭᠠᠷ ᠬᠦᠯᠢᠶᠡᠵᠦ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠨᠡᠶᠢᠭᠡᠮ ᠪᠠ ᠶᠠᠷᠢᠶ᠎ᠠ ᠬᠡᠯᠡᠯᠴᠡᠬᠡᠨ ᠤ ᠬᠢᠨᠠᠯᠳᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ᠎ᠡ᠃      ᠠᠷᠢᠭᠤᠨ ᠴᠢᠬᠡᠴᠢ ᠶᠢᠨ ᠬᠤᠷᠢᠭ᠎ᠠ ᠱᠤᠭᠤᠮ ᠢ ᠪᠠᠲᠤ ᠰᠠᠬᠢᠨ᠎ᠠ᠃ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢ ᠪᠠᠲᠤ ᠴᠢᠩᠭ᠎ᠠ ᠡᠭᠦᠷᠭᠡᠯᠡᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠴᠢᠬᠡᠴᠢ ᠵᠠᠰᠠᠭ ᠤᠨ ᠣᠷᠳᠣᠨ ᠢ ᠪᠠᠶᠢᠭᠤᠯᠤᠨ᠎ᠠ᠃ ᠨᠠᠮ ᠤᠨ ᠰᠤᠷᠲᠠᠯ ᠪᠠ  ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠲᠦᠯᠬᠢᠨ ᠠᠬᠢᠭᠤᠯᠵᠤ᠂ ᠬᠢᠨᠠᠨ ᠪᠤᠳᠤᠵᠤ ᠬᠢᠨᠠᠯᠲᠠ ᠲᠠᠯᠪᠢᠬᠤ ᠶᠢ ᠴᠢᠩᠭᠠᠳᠬᠠᠨ᠂ ᠲᠥᠪ ᠪᠤᠰᠤ ᠰᠤᠷᠲᠠᠯ ᠪᠣᠯᠣᠨ ᠢᠯᠵᠠᠷᠠᠯ ᠤᠨ ᠠᠰᠠᠭᠤᠳᠠᠯ ᠢ ᠦᠷᠭᠦᠯᠵᠢᠯᠡᠨ ᠴᠡᠭᠴᠡᠯᠡᠨ ᠵᠠᠰᠠᠨ᠎ᠠ᠃ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ︽ᠲᠦᠷᠪᠡᠨ ᠰᠤᠷᠲᠠᠯ︾ ᠢ ᠵᠠᠯᠠᠷᠠᠭᠤᠯᠤᠨ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠢᠯᠵᠠᠷᠠᠬᠤ ᠵᠣᠷᠢᠭ ᠦᠭᠡᠢ᠂ ᠢᠯᠵᠠᠷᠠᠵᠤ ᠴᠢᠳᠠᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠣᠭᠴᠠᠵᠢᠭᠤᠯᠤᠨ ᠲᠦᠯᠬᠢᠨ ᠠᠬᠢᠭᠤᠯᠬᠤ ᠶᠢ ᠪᠠᠷᠢᠮᠲᠠᠯᠠᠨ᠎ᠠ᠃ ᠡᠳ᠋ ᠤᠨ ᠵᠠᠰᠠᠭ ᠤᠨ ᠠᠵᠤ ᠠᠬᠤᠢ ᠶᠢᠨ ᠰᠠᠬᠢᠯᠭ᠎ᠠ ᠪᠠᠲᠤ ᠶᠢ ᠴᠢᠩᠳᠠᠯᠠᠵᠤ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠵᠦ᠂  ︽ᠠᠷᠪᠢᠯᠠᠨ ᠭᠠᠮᠨᠠᠬᠤ︾ ᠦᠵᠡᠯ ᠰᠠᠨᠠᠭ᠎ᠠ ᠶᠢ ᠪᠠᠷᠢᠮᠲᠠᠯᠠᠨ᠂ ︽ᠭᠤᠷᠪᠠᠨ ᠠᠯᠪᠠᠨ ᠤ ᠵᠠᠷᠤᠳᠠᠯ︾ ᠢ ᠦᠷᠭᠦᠯᠵᠢᠯᠡᠨ ᠪᠠᠭᠠᠰᠬᠠᠵᠤ᠂ ᠲᠠᠯᠳᠠ ᠥᠷᠢ ᠥᠭᠴᠡᠭᠡ ᠶᠢ ᠰᠢᠨ᠎ᠡ ᠪᠠᠷ ᠨᠡᠮᠡᠭᠳᠡᠭᠦᠯᠬᠦ ᠶᠢ ᠡᠷᠡᠰ ᠬᠤᠷᠢᠭᠯᠠᠨ᠎ᠠ᠃       ᠲᠥᠯᠥᠭᠡᠯᠡᠭᠴᠢᠳ ᠠ᠋᠂ ᠡᠷᠴᠢ ᠵᠣᠷᠢᠭ ᠢᠶᠠᠨ ᠬᠥᠪᠴᠢᠯᠡᠨ ᠤᠷᠤᠭᠰᠢᠯᠠᠵᠤ᠂ ᠰᠢᠨ᠎ᠡ ᠬᠠᠭᠤᠳᠠᠰᠤ ᠶᠢ ᠪᠢᠴᠢᠭᠯᠡᠨ᠎ᠡ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠢᠲᠡᠭᠡᠯ ᠵᠣᠷᠢᠭ ᠢᠶᠠᠨ ᠪᠠᠲᠤᠳᠬᠠᠨ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ᠡᠷᠡᠮᠡᠬᠡᠶᠢᠯᠡᠨ ᠤᠷᠤᠭᠰᠢᠯᠠᠵᠤ᠂ ᠦᠵᠡᠰᠬᠦᠯᠡᠩᠲᠦ ᠰᠠᠶᠢᠬᠠᠨ ᠪᠠᠶᠠᠨ ᠲᠠᠩᠰᠤᠭ ᠡᠶ᠎ᠡ ᠵᠣᠬᠢᠴᠠᠯ ᠲᠠᠢ ᠵᠣᠯ ᠵᠢᠷᠭᠠᠯᠲᠤ ᠬᠠᠭᠤᠴᠢᠨ ᠪᠠᠷᠭᠤ ᠬᠤᠰᠢᠭᠤ ᠶᠢ ᠪᠦᠲᠦᠭᠡᠨ ᠪᠠᠶᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠵᠡᠭᠡᠶ᠎ᠡ︕  
ᠢᠷᠡᠯᠲᠡ᠄ ᠬᠠᠭᠤᠴᠢᠨ ᠪᠠᠷᠭᠤ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ