︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠬᠤᠯᠪᠣᠭᠳᠠᠯ ᠪᠦᠬᠦᠢ ᠨᠡᠷᠡᠰ ᠤᠨ ᠲᠠᠶᠢᠯᠪᠤᠷᠢ
ᠨᠡᠶᠢᠲᠡᠯᠡᠭᠰᠡᠨ ᠴᠠᠭ᠄
2023/3/7
        1᠂  ︽ᠲᠠᠪᠤ ᠶᠢ ᠲᠦᠢᠯᠪᠤᠷᠢᠳᠠᠢ ᠰᠢᠢᠤᠨᠪᠤᠷᠢᠯᠡᠬᠦ︾ ᠠᠵᠢᠯᠯᠠᠭ᠎ᠠ᠄ ᠦᠪᠡᠷᠳᠡᠭᠡᠨ ᠵᠠᠰᠠᠬᠤ ᠤᠷᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠶᠠᠷᠢᠯᠴᠠᠬᠤ ᠬᠤᠷᠠᠯ ᠠᠴᠠ ᠴᠤᠬᠤᠯᠠᠪᠤᠷᠢᠯᠠᠬᠤ  ᠪᠠᠷ ᠪᠠᠶᠢᠭ᠎ᠠ ᠲᠥᠷᠥᠯ ᠵᠦᠢᠯ᠂ ᠰᠤᠯᠠ ᠪᠠᠶᠢᠬᠤ ᠭᠠᠵᠠᠷ ᠰᠢᠷᠣᠢ᠂ ᠳᠠᠷᠤᠭᠳᠠᠮᠠᠯ ᠪᠡᠯᠡ ᠮᠥᠩᠭᠦ᠂ ︽ᠬᠠᠭᠠᠰ ᠳᠤᠲᠠᠭᠤ︾ ᠢᠨᠵᠧᠨᠧᠷᠢᠩ᠂ ᠨᠡᠭᠡᠭᠡᠯᠲᠡ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠵᠡᠷᠭᠡ ᠲᠠᠪᠤᠨ ᠲᠠᠯ᠎ᠠ ᠶᠢᠨ  ᠠᠵᠢᠯ ᠢ  ᠲᠦᠢᠯᠪᠤᠷᠢᠳᠠᠢ ᠰᠢᠢᠤᠨᠪᠤᠷᠢᠯᠡᠨ᠎ᠡ ᠭᠡᠵᠦ ᠳᠤᠷᠠᠳᠤᠨ ᠭᠠᠷᠭᠠᠪᠠ᠃       2᠂ ᠲᠠᠪᠤᠨ ᠶᠡᠭᠡ ᠠᠵᠢᠯᠯᠠᠭᠠᠨ ᠤ ᠲᠥᠯᠥᠪᠯᠡᠭᠡ᠄ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ ᠶᠢᠨ ᠲᠠᠪᠤᠳᠤᠭᠠᠷ ᠬᠤᠭᠤᠴᠠᠭᠠᠨ ᠤ ᠬᠤᠶᠠᠳᠤᠭᠠᠷ ᠪᠥᠬᠦᠳᠡ ᠬᠤᠷᠠᠯ ᠵᠢᠴᠢ ᠪᠥᠬᠦ ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯᠳᠤᠭᠠᠨ ᠠᠴᠠ᠄ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠪᠠᠷᠢᠮᠵᠢᠶ᠎ᠠ ᠶᠢ ᠳᠡᠭᠡᠭᠰᠢᠯᠡᠭᠦᠯᠦᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠥᠭᠵᠢᠯᠲᠡ ᠶᠢᠨ ᠠᠵᠢᠯᠯᠠᠭᠠᠨ ᠤ ᠲᠥᠯᠥᠪᠯᠡᠭᠡ᠂ ᠲᠠᠷᠢᠶᠠᠯᠠᠩ ᠮᠠᠯ ᠠᠵᠤ ᠠᠬᠤᠢ ᠶᠢᠨ ᠲᠤᠭ᠎ᠠ ᠬᠡᠮᠵᠢᠶ᠎ᠡ ᠶᠢ ᠨᠡᠮᠡᠭᠳᠡᠭᠦᠯᠦᠨ ᠴᠢᠨᠠᠷ ᠢ ᠲᠡᠭᠡᠭᠰᠢᠯᠡᠬᠦᠯᠬᠦ ᠬᠥᠭᠵᠢᠯᠲᠡ ᠶᠢᠨ ᠠᠵᠢᠯᠯᠠᠭᠠᠨ ᠤ ᠲᠥᠯᠥᠪᠯᠡᠭᠡ᠂ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠡᠷᠴᠢᠮᠵᠢᠭᠦᠯᠦᠨ ᠲᠥᠪᠯᠡᠷᠡᠭᠦᠯᠦᠨ ᠬᠥᠭᠵᠢᠭᠦᠯᠬᠦ ᠠᠵᠢᠯᠯᠠᠭᠠᠨ ᠤ ᠲᠥᠯᠥᠪᠯᠡᠭᠡ᠂ ᠠᠮᠢ ᠠᠬᠤᠢ ᠶᠢᠨ ᠠᠵᠤ ᠦᠢᠯᠡᠰ ᠢ ᠴᠠᠭ ᠤᠨ ᠪᠠᠶᠢᠳᠠᠯ ᠢ ᠠᠮᠵᠢᠨ ᠬᠥᠭᠵᠢᠭᠦᠯᠬᠦ ᠠᠵᠢᠯᠯᠠᠭᠠᠨ ᠤ ᠲᠥᠯᠥᠪᠯᠡᠭᠡ᠂ ᠤᠯᠠᠮᠵᠢᠯᠠᠯᠲᠤ ᠠᠵᠤ ᠦᠢᠯᠡᠰ ᠤᠨ ᠰᠢᠨ᠎ᠡ ᠶᠢ ᠡᠭᠦᠳᠦᠨ ᠰᠢᠯᠢᠳᠡᠭ ᠢ ᠡᠭᠦᠳᠬᠦ ᠬᠥᠭᠵᠢᠯᠲᠡ ᠶᠢᠨ ᠠᠵᠢᠯᠯᠠᠭᠠᠨ ᠤ ᠲᠥᠯᠥᠪᠯᠡᠭᠡ ᠶᠢ ᠲᠤᠷᠠᠳᠤᠨ ᠭᠠᠷᠭᠠᠪᠠ᠃       3᠂ ᠪᠦᠬᠦ ᠤᠯᠤᠰ ᠤᠨ ︽ᠨᠡᠷᠡᠳᠦ ᠣᠨᠴᠠ ᠰᠢᠯᠢᠳᠡᠭ ᠰᠢᠨ᠎ᠡ︾ ᠲᠠᠷᠢᠶᠠᠯᠠᠩ ᠤᠨ ᠪᠦᠲᠦᠭᠡᠭᠳᠡᠬᠦᠨ᠄ᠰᠢᠶᠠᠨ ᠤ ᠱᠠᠲᠤᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠭᠤᠶᠤᠴᠢᠯᠠᠬᠤ ᠪᠠᠷ ᠲᠠᠮᠵᠢᠨ᠂ ᠬᠤᠳᠠ ᠶᠢᠨ  ᠲᠡᠰ᠂ ᠮᠤᠵᠢ ᠶᠢᠨ ᠱᠠᠳᠤᠨ ᠤ ᠲᠠᠷᠢᠶᠠᠯᠠᠩ ᠬᠥᠳᠡᠭᠡ ᠲᠣᠰᠬᠤᠨ ᠤ ᠰᠠᠯᠠᠭ᠎ᠠ ᠮᠥᠴᠢᠷ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠪᠠ ᠴᠢᠨᠠᠷᠵᠢᠭᠤᠯᠬᠤ ᠲᠤᠬᠠᠶᠢᠯᠠᠭᠰᠠᠨ ᠠᠵᠢᠯ ᠤᠨ ᠮᠡᠷᠭᠡᠵᠢᠯ ᠤᠨ ᠠᠵᠢᠯ ᠤᠨ ᠪᠠᠶᠢᠭᠤᠯᠤᠮᠵᠢ ᠪᠠᠷ ᠬᠢᠨᠠᠨ ᠬᠠᠷᠭᠤᠭᠤᠯᠤᠭᠤᠯᠤᠭᠠᠳ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ᠠᠴᠠ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠮᠡᠷᠭᠡᠵᠢᠯ ᠤᠨ ᠬᠢᠨᠠᠨ ᠲᠣᠭᠲᠠᠭᠠᠯᠲᠠ ᠬᠢᠯᠭᠡᠭᠰᠡᠨ ᠲᠠᠷᠢᠶᠠᠯᠠᠩ ᠤᠨ ᠪᠦᠲᠦᠭᠡᠭᠳᠡᠬᠦᠨ  ᠢ ᠵᠢᠭᠠᠵᠤ ᠪᠠᠶᠢᠨ᠎ᠠ᠃       4᠂  ᠭᠤᠷᠪᠠᠨ ᠣᠷᠣᠨ ᠭᠤᠷᠪᠠᠨ ᠱᠤᠭᠤᠮ᠄ ︽ᠭᠤᠷᠪᠠᠨ ᠣᠷᠣᠨ︾ ᠭᠡᠳᠡᠭ ᠨᠢ ᠬᠤᠲᠠ ᠪᠠᠯᠭᠠᠰᠤ ᠶᠢᠨ ᠣᠷᠣᠨ ᠵᠠᠢ᠂ ᠲᠠᠷᠢᠶᠠᠯᠠᠩ ᠤᠨ ᠣᠷᠣᠨ ᠵᠠᠢ᠂ ᠠᠮᠢ ᠠᠬᠤᠢ ᠶᠢᠨ ᠣᠷᠣᠨ ᠵᠠᠢ ᠵᠡᠷᠭᠡ ᠭᠤᠷᠪᠠᠨ ᠵᠦᠢᠯ ᠤᠨ ᠲᠥᠷᠥᠯ ᠬᠡᠯᠪᠡᠷᠢ ᠶᠢᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢ ᠵᠢᠭᠠᠵᠤ ᠪᠣᠶ᠃ ︽ᠭᠤᠷᠪᠠᠨ ᠱᠤᠭᠤᠮ︾  ᠨᠢ ᠲᠣᠰ ᠲᠣᠰ ᠬᠤᠲᠠ ᠪᠠᠯᠭᠠᠰᠤ ᠶᠢᠨ ᠣᠷᠣᠨ ᠵᠠᠢ᠂ ᠲᠠᠷᠢᠶᠠᠯᠠᠩ ᠤᠨ ᠣᠷᠣᠨ ᠵᠠᠢ᠂ ᠠᠮᠢ ᠠᠬᠤᠢ ᠶᠢᠨ ᠣᠷᠣᠨ ᠵᠠᠢ  ᠲᠠᠢ ᠬᠠᠷᠠᠭᠠᠯᠵᠠᠭᠰᠠᠨ ᠬᠤᠲᠠ ᠪᠠᠯᠭᠠᠰᠤ ᠶᠢᠨ ᠨᠡᠭᠡᠭᠡᠨ ᠬᠥᠭᠵᠢᠭᠦᠯᠬᠦ ᠵᠠᠭᠠᠭ ᠬᠢᠵᠠᠭᠠᠷ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ  ᠢ ᠵᠢᠭᠠᠵᠤ ᠪᠠᠶᠢᠨ᠎ᠠ᠃       5᠂《ᠵᠠᠭᠤᠨ ᠡᠳᠤᠷ ᠤᠨ ᠠᠵᠢᠯᠯᠠᠭ᠎ᠠ》᠂ ︽ᠭᠤᠷᠪᠠ ᠶᠢ ᠪᠠᠶᠢᠴᠠᠭᠠᠵᠤ ᠨᠢᠭᠡ ᠶᠢ ᠡᠵᠡᠮᠳᠡᠬᠦ︾᠂  ᠢᠳᠡᠭᠡᠨ ᠤᠮᠳᠠᠭᠠᠨ ᠤ ᠠᠮᠤᠷ ᠲᠦᠪᠰᠢᠨ《 ᠰᠠᠬᠢᠬᠤ᠂ ᠪᠠᠶᠢᠴᠠᠭᠠᠬᠤ᠂  ᠪᠠᠳᠤᠯᠠᠬᠤ》᠂ ︽ᠣᠯᠠᠨ ᠲᠦᠮᠡᠨᠴᠢ ᠴᠢᠨᠠᠷᠲᠠᠢ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠢᠨᠵᠧᠨᠧᠷᠢᠩ︾  ᠄《ᠵᠠᠭᠤᠨ ᠡᠳᠤᠷ ᠤᠨ ᠠᠵᠢᠯᠯᠠᠭ᠎ᠠ》 ᠭᠡᠳᠡᠭ ᠨᠢ  ᠵᠤᠨ ᠤ ᠤᠯᠠᠷᠢᠯ ᠤᠨ ᠠᠮᠤᠷ ᠢ ᠬᠠᠮᠠᠭᠠᠯᠠᠬᠤ ᠴᠤᠬᠢᠯᠳᠠ ᠦᠭᠬᠦ 《ᠵᠠᠭᠤᠨ ᠡᠳᠤᠷ ᠤᠨ ᠠᠵᠢᠯᠯᠠᠭ᠎ᠠ》 ᠶᠢ ᠵᠢᠭᠠᠵᠤ ᠪᠠᠶᠢᠨ᠎ᠠ ᠃ ︽ᠭᠤᠷᠪᠠ ᠶᠢ ᠪᠠᠶᠢᠴᠠᠭᠠᠵᠤ ᠨᠢᠭᠡ ᠶᠢ ᠡᠵᠡᠮᠳᠡᠬᠦ︾ ᠭᠡᠳᠡᠭ ᠨᠢ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠠᠮᠤᠷ ᠲᠦᠪᠰᠢᠨ ᠡᠶ᠎ᠡ ᠵᠣᠬᠢᠴᠠᠯ ᠲᠠᠢ ᠨᠡᠶᠢᠭᠡᠮ ᠤᠨ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠥᠯᠥᠭᠡ ᠥᠷᠨᠢᠭᠦᠯᠦᠭᠰᠡᠨ ︽ᠪᠣᠳᠠᠲᠠᠢ ᠪᠠᠶᠢᠭ᠎ᠠ ᠬᠥᠮᠥᠨ ᠠᠮᠠ ᠶᠢ ᠶᠡᠬᠡᠪᠡᠷ ᠬᠠᠷᠭᠤᠭᠤᠯᠤᠨ ᠪᠠᠶᠢᠴᠠᠭᠠᠬᠤ ᠂ ᠲᠦᠷᠢᠶᠡᠰᠦᠨ ᠭᠡᠷ ᠪᠠᠶᠢᠰᠢᠩ ᠢ ᠶᠡᠬᠡᠪᠡᠷ ᠢᠯᠭᠠᠷᠠᠭᠤᠯᠤᠨ ᠪᠠᠶᠢᠴᠠᠭᠠᠬᠤ᠂ ᠵᠥᠷᠢᠴᠡᠯ ᠵᠢᠭᠤᠷᠠᠯᠳᠤᠭᠠᠨ ᠢ ᠶᠡᠬᠡᠪᠡᠷ ᠵᠢᠭᠰᠠᠭᠠᠨ ᠪᠠᠶᠢᠴᠠᠭᠠᠬᠤ᠂ ᠭᠤᠣᠯᠳᠠᠯᠭ᠎ᠠ ᠲᠠᠢ ᠬᠥᠮᠥᠨ ᠠᠮᠠ ᠶᠢ ᠶᠡᠬᠡᠪᠡᠷ ᠬᠠᠮᠢᠶᠠᠷᠤᠨ ᠡᠵᠡᠮᠳᠡᠬᠦ︾ ᠠᠵᠢᠯ ᠢ ᠵᠢᠭᠠᠵᠤ ᠪᠠᠶᠢᠨ᠎ᠠ᠃《 ᠰᠠᠬᠢᠬᠤ᠂ ᠪᠠᠶᠢᠴᠠᠭᠠᠬᠤ᠂  ᠪᠠᠳᠤᠯᠠᠬᠤ》ᠭᠡᠳᠡᠭ ᠨᠢ ᠢᠳᠡᠭᠡᠨ ᠤᠮᠳᠠᠭᠠᠨ ᠤ ᠠᠮᠤᠷ ᠲᠦᠪᠰᠢᠨ ᠤ《ᠬᠤᠷᠢᠭ᠎ᠠ ᠱᠤᠭᠤᠮ ᠢ ᠰᠠᠬᠢᠬᠤ᠂ ᠲᠠᠯᠳᠡ ᠭᠡᠮ ᠢ ᠪᠠᠶᠢᠴᠠᠭᠠᠬᠤ᠂ ᠠᠮᠤᠷ ᠢ ᠬᠠᠮᠠᠭᠠᠯᠠᠬᠤ》ᠲᠤᠰᠬᠠᠢ ᠠᠵᠢᠯᠯᠠᠭ᠎ᠠ ᠶᠢ ᠵᠢᠭᠠᠵᠤ ᠪᠠᠶᠢᠨ᠎ᠠ᠃      ︽ᠣᠯᠠᠨ ᠲᠦᠮᠡᠨᠴᠢ ᠴᠢᠨᠠᠷᠲᠠᠢ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠢᠨᠵᠧᠨᠧᠷᠢᠩ︾ ᠭᠡᠳᠡᠭ ᠨᠢ ᠰᠢᠶᠠᠨ᠂ ᠰᠢᠶᠠᠩ᠂ ᠲᠣᠰᠬᠤᠨ ᠭᠤᠷᠪᠠᠨ ᠱᠠᠲᠤᠨ ᠤ ᠶᠡᠷᠦᠩᠬᠡᠶᠢᠯᠡᠨ ᠵᠠᠰᠠᠬᠤ ᠲᠥᠪ ᠢᠶᠠᠷ ᠵᠢᠯᠤᠭᠤᠳᠬᠤ ᠲᠠᠪᠴᠠᠩ ᠪᠣᠯᠭᠠᠵᠤ᠂ ᠶᠡᠷᠦᠩᠬᠡᠶᠢᠯᠡᠨ ᠵᠠᠰᠠᠬᠤ ᠮᠡᠳᠡᠭᠡ ᠵᠠᠩᠭᠢᠵᠢᠯᠲᠠ ᠪᠠᠷ ᠲᠤᠯᠭᠠᠭᠤᠷᠢᠯᠠᠯ ᠪᠣᠯᠭᠠᠵᠤ᠂ ᠲᠣᠥᠷᠵᠢᠭᠤᠯᠤᠭᠰᠠᠨ ᠬᠠᠮᠢᠶᠠᠷᠤᠯᠲᠠ ᠪᠠᠷ ᠰᠠᠭᠤᠷᠢ ᠪᠣᠯᠭᠠᠵᠤ᠂ ᠣᠯᠠᠨ ᠨᠡᠶᠢᠲᠡ ᠶᠢᠨ ᠠᠮᠤᠷ ᠲᠦᠪᠰᠢᠨ ᠤ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠰᠦᠯᠵᠢᠶᠡᠨ ᠤ ᠬᠡᠷᠡᠭᠯᠡᠯᠲᠡ ᠪᠠᠷ ᠭᠤᠣᠯᠳᠠᠯᠭ᠎ᠠ ᠪᠣᠯᠭᠠᠭᠰᠠᠨ ︽ᠣᠯᠠᠨ ᠲᠦᠮᠡᠨᠴᠢ ᠴᠢᠨᠠᠷᠲᠠᠢ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠢᠨᠵᠧᠨᠧᠷᠢᠩ︾  ᠢ ᠵᠢᠭᠠᠵᠤ ᠪᠠᠶᠢᠨ᠎ᠠ᠃       6᠂ ︽ᠭᠤᠷᠪᠠᠨ ᠠᠷᠪᠢᠨ ᠭᠤᠷᠪᠠᠨ ᠴᠥᠭᠡᠨ ᠭᠤᠷᠪᠠᠨ ᠤᠳᠠᠭᠠᠨ︾᠄ ᠬᠤᠷᠠᠯ ᠠᠷᠪᠢᠨ᠂ ᠬᠦᠳᠡᠯᠭᠡᠭᠡᠨ ᠠᠷᠪᠢᠨ᠂ ᠭᠠᠳᠠᠭᠰᠢ ᠭᠠᠷᠬᠤ ᠠᠷᠪᠢᠨ︔ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠴᠥᠭᠡᠨ᠂ ᠠᠵᠢᠯ ᠤᠨ ᠰᠡᠳᠬᠢᠮᠵᠢ ᠴᠥᠭᠡᠨ᠂ ᠪᠣᠳᠠᠲᠠᠢ ᠠᠰᠠᠭᠤᠳᠠᠯ ᠢ ᠰᠢᠢᠳᠪᠦᠷᠢᠯᠡᠭᠰᠡᠨ ᠨᠢ ᠴᠥᠭᠡᠨ︔ ᠰᠢᠢᠤᠨᠪᠤᠷᠢᠳᠤ ᠪᠤᠳᠤᠯᠭ᠎ᠠ ᠭᠠᠷᠭᠠᠬᠤ ᠨᠢ ᠤᠳᠠᠭᠠᠨ᠂ ᠬᠢᠬᠦ   ᠨᠢ ᠤᠳᠠᠭᠠᠨ᠂ ᠦᠷ᠎ᠠ ᠳ᠋ᠦᠩ ᠨᠢ ᠤᠳᠠᠭᠠᠨ ᠪᠠᠶᠢᠬᠤ ᠶᠢ ᠵᠢᠭᠠᠵᠤ ᠪᠠᠶᠢᠨ᠎ᠠ᠃       7᠂ 《ᠬᠠᠤᠯᠢ  ᠴᠠᠭᠠᠵᠨ ᠶᠢᠨ ᠮᠡᠷᠭᠡᠨ ᠬᠦᠮᠤᠨ》᠄  ᠨᠡᠯᠢᠶᠡᠤᠨ ᠰᠠᠶᠢᠨ ᠬᠠᠤᠯᠢ ᠴᠠᠭᠠᠵᠨ ᠶᠢᠨ ᠬᠡᠪ ᠪᠤᠯᠪᠠᠰᠤᠷᠠᠯ ᠪᠠ ᠵᠤᠬᠢᠬᠤ ᠬᠠᠤᠯᠢ ᠴᠠᠭᠠᠵᠨ ᠶᠢᠨ ᠮᠡᠳᠡᠯᠭᠡ ᠲᠠᠢ᠂ ᠬᠠᠤᠯᠢᠵᠢᠯ ᠤᠨ ᠦᠢᠯᠡᠳᠤᠯᠭᠡ ᠳᠤ ᠢᠳᠡᠪᠬᠢᠳᠠᠢ ᠤᠷᠤᠯᠴᠠᠵᠤ᠂ ᠵᠢᠱᠢᠶᠡᠴᠢ ᠲᠠᠭᠠᠭᠤᠯᠤᠭᠴᠢ ᠦᠢᠯᠡᠳᠤᠯ ᠢᠶᠠᠨ ᠪᠠᠳᠠᠷᠠᠭᠤᠯᠳᠠᠭ ᠭᠠᠴᠠᠭ᠎ᠠ ᠨᠡᠶᠢᠭᠡᠮ ᠲᠤᠭᠤᠷᠢᠭ ᠤᠨ ᠰᠠᠭᠤᠭᠠᠯᠢ ᠠᠷᠠᠤᠨ ᠪᠠ ᠮᠠᠯᠴᠢᠤᠨ ᠢ ᠵᠢᠭᠠᠵᠦ ᠪᠠᠶᠢᠨ᠎ᠠ᠃       8᠂ ᠭᠤᠷᠪᠠ ᠶᠢ ᠨᠠᠪᠲᠠᠷᠡᠭᠦᠯᠵᠦ ᠨᠢᠭᠡ ᠶᠢ ᠲᠡᠭᠰᠢᠯᠡᠬᠦ᠄  ᠪᠦᠲᠦᠭᠡᠨ ᠪᠠᠶᠢᠭᠤᠯᠤᠯᠲᠠ ᠶᠢᠨ ᠵᠦᠢᠯᠡᠰ ᠢ ᠡᠬᠢᠯᠡᠬᠦᠯᠬᠦ ᠠᠴᠠ ᠡᠮᠦᠨ᠎ᠡ᠂ ᠪᠠᠷᠢᠯᠭ᠎ᠠ ᠶᠢᠨ ᠠᠵᠢᠯ ᠤᠨ ᠲᠤᠬᠠᠢ ᠶᠢᠨ ᠭᠠᠵᠠᠷ ᠲᠤ ᠤᠰᠤ ᠨᠡᠪᠲᠡᠷᠡᠭᠦᠯᠬᠦ᠂ ᠴᠠᠬᠢᠯᠭᠠᠨ ᠨᠡᠪᠲᠡᠷᠡᠭᠦᠯᠬᠦ᠂ ᠵᠠᠮ ᠨᠡᠪᠲᠡᠷᠡᠭᠦᠯᠬᠦ ᠪᠠ ᠲᠠᠯᠠᠪᠤᠷ ᠭᠠᠵᠠᠷ ᠢ ᠲᠡᠭᠰᠢᠯᠡᠬᠦ ᠵᠡᠷᠭᠡ ᠨᠥᠬᠦᠴᠡᠯ ᠪᠦᠷᠢᠯᠳᠤᠬᠦᠯᠬᠦ ᠶᠢ ᠵᠢᠭᠠᠵᠤ ᠪᠠᠶᠢᠨ᠎ᠠ᠃       9᠂ ︽ᠵᠢᠷᠭᠤᠭᠠᠨ ᠨᠢᠭᠡ︾ ᠶᠢᠨ ᠠᠬᠢᠭᠤᠯᠬᠤ ᠲᠣᠭᠲᠠᠴᠠ᠄ ᠨᠢᠭᠡ ᠭᠤᠣᠯᠳᠠᠯᠭ᠎ᠠ ᠲᠠᠢ ᠲᠥᠷᠥᠯ ᠵᠦᠢᠯ᠂ ᠨᠢᠭᠡ ᠳᠠᠭᠠᠭᠠᠴᠢᠯᠠᠨ ᠬᠠᠷᠢᠴᠠᠬᠤ ᠤᠳᠤᠷᠢᠳᠤᠯᠭ᠎ᠠ᠂ ᠨᠢᠭᠡ ᠬᠠᠷᠢᠭᠤᠴᠠᠯᠭᠠᠲᠤ  ᠨᠢᠭᠡᠴᠢ᠂ ᠨᠢᠭᠡ ᠠᠵᠢᠯ ᠤᠨ ᠪᠠᠭ᠂ ᠨᠢᠭᠡ ᠠᠵᠢᠯ ᠤᠨ ᠬᠤᠭᠤᠴᠠᠭᠠᠨ ᠤ ᠲᠥᠯᠥᠪᠯᠡᠭᠡ᠂ ᠡᠴᠦᠰ ᠲᠤᠨᠢ ᠲᠤᠯᠲᠠᠯ᠎ᠠ ᠠᠬᠢᠭᠤᠯᠬᠤ ᠶᠢ ᠵᠢᠭᠠᠵᠤ ᠪᠠᠶᠢᠨ᠎ᠠ᠃       10᠂ ᠭᠠᠵᠠᠷ ᠵᠦᠢ ᠶᠢᠨ ᠪᠡᠯᠭᠡ ᠲᠡᠮᠳᠡᠭ ᠤᠨ ᠲᠠᠸᠠᠷ ᠤᠨ ᠲᠡᠮᠳᠡᠭᠲᠦ ᠶᠢ ᠳᠠᠩᠰᠠᠯᠬᠤ᠄ ᠲᠠᠸᠠᠷ ᠤᠨ ᠲᠡᠮᠳᠡᠭᠲᠦ ᠶᠢᠨ ᠬᠠᠤᠯᠢ ᠲᠣᠭᠲᠠᠭᠠᠯ ᠢ ᠦᠨᠳᠦᠰᠦᠯᠡᠨ ᠂ ᠭᠠᠵᠠᠷ ᠵᠦᠢ ᠶᠢᠨ ᠪᠡᠯᠭᠡ ᠲᠡᠮᠳᠡᠭ ᠪᠣᠯ ᠶᠠᠮᠠᠷ ᠨᠢᠭᠡᠨ ᠲᠠᠸᠠᠷ ᠨᠢ ᠶᠠᠮᠠᠷ ᠨᠢᠭᠡᠨ ᠭᠠᠵᠠᠷ ᠣᠷᠣᠨ ᠠᠴᠠ ᠢᠷᠡᠯᠲᠡ ᠲᠠᠢ᠂ ᠲᠤᠰ ᠲᠠᠸᠠᠷ ᠤᠨ ᠣᠨᠴᠠ ᠲᠣᠭᠲᠠᠭᠰᠠᠨ ᠶᠠᠰᠤ ᠴᠢᠨᠠᠷ᠂ ᠢᠲᠡᠭᠡᠯ ᠬᠦᠨᠳᠦ ᠪᠤᠶᠤ ᠪᠤᠰᠤᠳ ᠣᠨᠴᠠᠯᠢᠭ ᠰᠢᠨᠵᠢ᠂ ᠭᠤᠣᠯᠳᠠᠭᠤ ᠲᠤᠰ ᠭᠠᠵᠠᠷ ᠣᠷᠣᠨ ᠤ ᠪᠠᠶᠢᠭᠠᠯᠢ ᠶᠢᠨ ᠬᠦᠴᠦᠨ ᠵᠦᠢᠯ ᠪᠤᠶᠤ ᠬᠥᠮᠥᠨ ᠨᠡᠶᠢᠭᠡᠮ ᠤᠨ ᠬᠦᠴᠦᠨ ᠵᠦᠢᠯ ᠢᠶᠠᠷ ᠲᠣᠭᠲᠠᠭᠠᠭᠳᠠᠭᠰᠠᠨ ᠪᠡᠯᠭᠡ ᠲᠡᠮᠳᠡᠭ ᠢ ᠢᠯᠡᠷᠬᠡᠶᠢᠯᠡᠵᠦ᠂ ᠲᠠᠸᠠᠷ ᠤᠨ ᠲᠡᠮᠳᠡᠭᠲᠦ ᠶᠢ ᠬᠡᠷᠡᠴᠢᠯᠡᠬᠦ ᠪᠤᠶᠤ ᠬᠠᠮᠲᠤ ᠶᠢᠨ ᠲᠠᠸᠠᠷ ᠤᠨ ᠲᠡᠮᠳᠡᠭᠲᠦ ᠪᠣᠯᠭᠠᠨ ᠳᠠᠩᠰᠠᠯᠠᠭᠤᠯᠬᠤ ᠪᠠᠷ ᠭᠤᠶᠤᠴᠢᠯᠠᠵᠤ  ᠪᠤᠯᠤᠨ᠎ᠠ᠃       11᠂ ᠰᠢᠨ᠎ᠡ ᠡᠨᠧᠷᠭᠢ ᠶᠢᠨ ︽ ᠴᠠᠬᠢᠯᠭᠠᠨ ᠤ ᠡᠬᠢ᠂ ᠴᠠᠬᠢᠯᠭᠠᠨ ᠲᠣᠣᠷ᠂ ᠲᠠᠭᠠᠭᠠᠴᠠ᠂ ᠨᠦᠬᠡᠴᠡᠯᠡᠬᠦ︾᠄  ︽ᠴᠠᠬᠢᠯᠭᠠᠨ ᠤ ᠡᠬᠢ᠂ ᠴᠠᠬᠢᠯᠭᠠᠨ ᠲᠣᠣᠷ ᠂ ᠲᠠᠭᠠᠭᠠᠴᠠ᠂ ᠨᠦᠬᠡᠴᠡᠯᠡᠬᠦ︾  ᠪᠠᠷ ᠪᠦᠬᠦᠯᠢ ᠴᠣᠭᠴᠠ ᠶᠢᠨ ᠲᠥᠯᠦᠪᠵᠢᠭᠦᠯᠭᠡ ᠪᠣᠯᠭᠠᠭᠰᠠᠨ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠠᠵᠢᠯᠯᠠᠭᠠᠨ ᠤ ᠵᠠᠭᠪᠤᠷ ᠢ ᠵᠢᠭᠠᠵᠤ ᠪᠠᠶᠢᠨ᠎ᠠ᠃       12᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢᠨ ᠦᠨᠳᠤᠰᠤᠨ ᠮᠡᠳᠡᠭᠡ  ᠵᠠᠩᠭᠢ ᠶᠢᠨ ᠲᠠᠪᠴᠠᠩ ᠵᠢᠴᠢ ︽ᠨᠢᠭᠡ ᠬᠠᠭᠤᠳᠠᠰᠤ ᠵᠢᠷᠤᠭ︾  ᠤᠨ ᠪᠦᠲᠦᠭᠡᠨ ᠪᠠᠶᠢᠭᠤᠯᠤᠯᠲᠠ᠄ ᠨᠢᠭᠡ ᠬᠠᠭᠤᠳᠠᠰᠤ ᠵᠢᠷᠤᠭ ᠢᠶᠠᠷ ᠰᠠᠭᠤᠷᠢ ᠪᠣᠯᠭᠠᠵᠤ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢᠨ ︽ᠲᠠᠪᠤᠨ ᠲᠠᠰ ᠭᠤᠷᠪᠠᠨ ᠲᠥᠷᠥᠯ︾ ᠤᠨ ᠲᠥᠯᠦᠪᠵᠢᠭᠦᠯᠭᠡ ᠶᠢᠨ ᠰᠢᠰᠲ᠋ᠧᠮᠵᠢ ᠶᠢᠨ ᠦᠷ᠎ᠡ ᠪᠦᠲᠦᠭᠡᠯ ᠢ ᠬᠠᠮᠤᠷᠴᠤ᠂  ᠲᠡᠰ ᠲᠡᠰ ᠪᠠᠷ ᠨᠡᠭᠡᠭᠡᠵᠦ ᠪᠣᠯᠬᠤ ︽ᠨᠢᠭᠡ ᠬᠠᠭᠤᠳᠠᠰᠤ ᠵᠢᠷᠤᠭ︾ ᠢ ᠪᠣᠶ ᠪᠣᠯᠭᠠᠵᠤ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠬᠡᠷᠡᠭᠯᠡᠯᠲᠡ ᠶᠢᠨ ᠵᠠᠬᠢᠷᠤᠨ ᠬᠠᠮᠢᠶᠠᠷᠤᠯᠲᠠ ᠶᠢ ᠨᠢᠭᠡᠳᠬᠡᠬᠦ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠥᠯᠦᠪᠵᠢᠭᠦᠯᠭᠡ ᠶᠢᠨ ᠵᠥᠪᠰᠢᠶᠡᠷᠡᠯ ᠢ ᠬᠡᠷᠡᠭᠵᠢᠭᠦᠯᠬᠦ᠂ ᠲᠥᠯᠦᠪᠵᠢᠭᠦᠯᠭᠡ ᠶᠢᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠴᠢᠩᠭᠠᠳᠬᠠᠬᠤ ᠳᠤ ᠦᠨᠳᠦᠰᠦᠯᠡᠯ ᠪᠠ ᠲᠤᠯᠭᠠᠭᠤᠷᠢᠯᠠᠯ ᠬᠠᠩᠭᠠᠨ᠎ᠠ᠃        13᠂ 《 ᠬᠤᠶᠡᠷ ᠶᠡᠬᠡᠳᠠᠢ》ᠲᠦᠷᠤᠯ ᠵᠦᠢᠯ᠄ ᠲᠠᠷᠤᠢ ᠡᠨᠧᠷᠭᠢ ᠶᠢᠨ ᠬᠤᠷᠣᠭᠳᠠᠭᠤᠯᠤᠯ ᠶᠡᠬᠡᠲᠡᠢ᠂ ᠪᠣᠬᠢᠷᠲᠤᠭᠤᠯᠤᠯ ᠶᠡᠬᠡᠲᠡᠢ ᠵᠦᠢᠯᠡᠰ ᠢ ᠵᠢᠭᠠᠵᠤ ᠪᠠᠶᠢᠨ᠎ᠠ᠃       14᠂ ︽ᠳᠥᠷᠪᠡ ᠶᠢ ᠬᠤᠪᠢᠷᠠᠭᠤᠯᠬᠤ ᠦᠭᠡᠢ︾᠄ ᠮᠠᠯᠠᠭᠠᠢ ᠶᠢ ᠨᠢ ᠠᠪᠤᠭᠰᠠᠨ ᠴᠦ ᠬᠠᠷᠢᠭᠤᠴᠠᠯᠭ᠎ᠠ  ᠶᠢ ᠬᠤᠪᠢᠷᠠᠭᠤᠯᠬᠤ ᠦᠬᠡᠢ᠂ ᠮᠠᠯᠠᠭᠠᠢ ᠶᠢ ᠨᠢ ᠠᠪᠤᠭᠰᠠᠨ ᠴᠦ ᠲᠥᠷᠥ ᠶᠢᠨ ᠪᠣᠳᠣᠯᠭ᠎ᠠ ᠶᠢ ᠬᠤᠪᠢᠷᠠᠭᠤᠯᠬᠤ ᠦᠭᠡᠢ᠂ ᠮᠠᠯᠠᠭᠠᠢ ᠶᠢ ᠨᠢ  ᠠᠪᠤᠭᠰᠠᠨ ᠴᠦ ᠬᠠᠪᠰᠤᠷᠤᠨ ᠲᠡᠳᠬᠦᠬᠦ  ᠪᠠᠨ ᠬᠤᠪᠢᠷᠠᠭᠤᠯᠬᠤ ᠦᠭᠡᠢ᠂ ᠮᠠᠯᠠᠭᠠᠢ ᠶᠢ ᠨᠢ  ᠠᠪᠤᠭᠰᠠᠨ ᠴᠦ ᠬᠢᠨᠠᠨ ᠬᠠᠮᠢᠶᠠᠷᠤᠯᠳᠠ ᠪᠠᠨ ᠬᠤᠪᠢᠷᠠᠭᠤᠯᠬᠤ ᠦᠭᠡᠢ᠃       15᠂  ︽ᠬᠤᠶᠠᠷ ᠢ ᠬᠦᠩᠭᠡᠷᠡᠬᠦᠯᠬᠦ︾ ᠪᠠ ︽ᠲᠠᠪᠤᠨ ᠵᠦᠢᠯ ᠤᠨ ᠬᠠᠮᠢᠶᠠᠷᠤᠯᠲᠠ︾  ᠄  ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠠᠬᠢ ᠰᠤᠷᠤᠭᠴᠢᠳ ᠤᠨ ᠳᠠᠰᠬᠠᠯ ᠤᠨ ᠳᠠᠷᠤᠭᠠᠰᠤ ᠪᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠳᠠᠷᠤᠭᠠᠰᠤ ᠶᠢ ᠤᠯᠠᠮ ᠨᠢᠭᠡ ᠠᠯᠬᠤᠮ ᠬᠥᠩᠭᠡᠷᠡᠭᠦᠯᠵᠦ᠂ ᠭᠠᠷ ᠤᠲᠠᠰᠤᠨ ᠤ ᠬᠠᠮᠢᠶᠠᠷᠤᠯᠲᠠ᠂ ᠤᠨᠲᠠᠯᠭ᠎ᠠ ᠶᠢᠨ ᠬᠠᠮᠢᠶᠠᠷᠤᠯᠲᠠ᠂ ᠤᠩᠰᠢᠯᠭ᠎ᠠ ᠶᠢᠨ ᠬᠠᠮᠢᠶᠠᠷᠤᠯᠲᠠ᠂ ᠳᠠᠰᠬᠠᠯ ᠤᠨ ᠬᠠᠮᠢᠶᠠᠷᠤᠯᠲᠠ᠂ ᠪᠡᠶ᠎ᠡ ᠮᠠᠬᠠᠪᠤᠳ ᠤᠨ ᠬᠠᠮᠢᠶᠠᠷᠤᠯᠲᠠ ᠬᠢᠬᠦ ᠶᠢ ᠵᠢᠭᠠᠵᠤ ᠪᠠᠶᠢᠨ᠎ᠠ᠃
ᠢᠷᠡᠯᠲᠡ᠄ ᠬᠠᠭᠤᠴᠢᠨ ᠪᠠᠷᠭᠤ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ