ᠭᠡᠭᠡᠨ ᠭᠤᠣᠯ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠪᠤᠷᠢ ᠶᠢᠨ ᠲᠣᠪᠴᠢᠶ᠎ᠠ᠄ ᠵᠠᠯᠠᠭᠤ ᠬᠥᠨᠳᠡᠯᠡᠨ ᠠᠴᠠᠲᠠᠰᠤᠯᠤᠭᠴᠢ ᠶᠢᠨ ᠰᠠᠶᠢᠨ ᠳᠤᠷ᠎ᠠ ᠶᠢᠨ ᠦᠢᠯᠡᠴᠢᠯᠡᠭᠴᠢ ᠶᠢᠨ ᠠᠵᠤ ᠠᠬᠤᠶᠢᠯᠠᠯ ᠳᠤ  ᠦᠢᠯᠡᠴᠢᠯᠡᠬᠦ  ᠤᠷᠲᠤ  ᠬᠤᠭᠤᠴᠠᠭᠠᠨ ᠤ  ᠲᠤᠭᠲᠠᠴᠠ ᠶᠢ ᠪᠠᠶᠢᠭᠤᠯᠤᠨ᠎ᠠ
  
2023/5/17
       ᠬᠥᠳᠡᠯᠮᠦᠷᠢ ᠶᠢᠨ ᠬᠠᠷᠢᠴᠠᠭ᠎ᠠ ᠶᠢ ᠵᠥᠪᠳᠡᠯᠴᠡᠨ ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠬᠥᠳᠡᠯᠮᠦᠷᠢᠴᠢᠳ ᠤᠨ ᠡᠷᠬᠡ ᠠᠰᠢᠭ ᠢ ᠪᠠᠲᠤᠯᠠᠬᠤᠳᠦᠷᠢᠮ ᠢ  ᠲᠡᠭᠦᠯᠳᠡᠷᠵᠢᠭᠦᠯᠦᠨ᠂ ᠡᠭᠦᠨ ᠤ ᠬᠠᠮᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠯᠠᠭᠤ ᠬᠥᠨᠳᠡᠯᠡᠨ ᠠᠴᠠ ᠲᠠᠰᠤᠯᠤᠭᠴᠢ ᠶᠢᠨ ᠰᠠᠶᠢᠨᠳᠤᠷ᠎ᠠ ᠶᠢᠨ ᠦᠢᠯᠡᠴᠢᠯᠡᠭᠴᠢ ᠶᠢᠨ ᠠᠵᠤ ᠠᠬᠤᠶᠢᠯᠠᠯ ᠳᠤ  ᠦᠢᠯᠡᠴᠢᠯᠡᠬᠦ  ᠤᠷᠲᠤ  ᠬᠤᠭᠤᠴᠠᠭᠠᠨ ᠤ  ᠲᠤᠭᠲᠠᠴᠠ ᠶᠢ  ᠪᠠᠶᠢᠭᠤᠯᠬᠤ  ᠶᠢᠨ  ᠲᠦᠯᠦᠭᠡ᠂ ᠭᠡᠭᠡᠨᠭᠤᠣᠯ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠪᠤᠷᠢ ᠶᠢᠨ ᠲᠣᠪᠴᠢᠶ᠎ᠠ ᠤᠬᠠᠭᠤᠯᠤᠨ ᠳᠠᠶᠢᠴᠢᠯᠠᠬᠤ ᠪᠠ ᠪᠠᠶᠢᠷᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠦᠷᠭᠡᠨ ᠰᠠᠶᠢᠲᠤᠷ ᠬᠢᠵᠦ᠂ ᠭᠡᠭᠡᠨ ᠭᠤᠣᠯ ᠬᠤᠲᠠ ᠶᠢᠨ ᠵᠠᠯᠠᠭᠤ ᠬᠥᠨᠳᠡᠯᠡᠨ ᠠᠴᠠ ᠲᠠᠰᠤᠯᠤᠭᠴᠢ ᠶᠢ ᠬᠦᠳᠦᠯᠦᠨ ᠳᠠᠭᠠᠭᠤᠯᠬᠤ ᠪᠠᠳᠠᠶᠢᠴᠢᠯᠠᠵᠤ ᠪᠠᠶᠢᠭᠠᠳ ᠬᠥᠳᠡᠯᠮᠦᠷᠢ ᠶᠢᠨ ᠮᠠᠷᠭᠤᠯᠳᠤᠭᠠᠨ ᠤ ᠡᠬᠢ ᠡᠭᠦᠰᠦᠯ ᠢ ᠤᠷᠢᠳᠴᠢᠯᠠᠨ ᠰᠡᠷᠭᠡᠶᠢᠯᠡᠬᠦ ᠪᠠ ᠡᠮᠦᠨ᠎ᠡ ᠦᠵᠦᠭᠦᠷ ᠢ ᠠᠷᠢᠯᠭᠠᠬᠤ ᠠᠵᠢᠯ ᠳᠤ ᠣᠷᠣᠯᠴᠠᠭᠤᠯᠵᠤ᠂ ᠠᠵᠢᠯ ᠣᠯᠭᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠬᠥᠳᠡᠯᠮᠦᠷᠢ ᠶᠢᠨ ᠬᠠᠷᠢᠴᠠᠭ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠢ ᠬᠠᠮᠠᠭᠠᠯᠠᠬᠤ ᠳᠤᠮᠳᠠᠬᠢ ᠡᠶᠡᠳᠡᠭᠦᠯᠬᠦ ᠪᠠ ᠬᠥᠨᠳᠡᠯᠡᠨ ᠠᠴᠠ ᠲᠠᠰᠤᠯᠬᠤ ᠶᠢᠨ ᠴᠢᠬᠤᠯᠠᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠣᠳᠣᠬᠠᠨ ᠳᠤ ᠭᠡᠭᠡᠨ ᠭᠤᠣᠯ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨᠪᠠᠲᠤᠯᠠᠪᠤᠷᠢ ᠶᠢᠨ ᠲᠣᠪᠴᠢᠶ᠎ᠠ  ᠡᠩᠨᠡᠭᠡ ᠶᠢ ᠵᠣᠬᠢᠶᠠᠨ ᠪᠠᠶᠢᠭᠤᠯᠬᠤ ᠠᠵᠢᠯ ᠢ ᠨᠢᠭᠡᠨᠲᠡ  ᠪᠡᠶᠡᠯᠠᠭᠦᠯᠵᠠᠢ᠃         ᠳᠠᠷᠠᠭ᠎ᠠ ᠠᠯᠬᠤᠮ ᠳᠤ᠂ ᠭᠡᠭᠡᠨ ᠭᠤᠣᠯ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠵᠢᠯ ᠤᠨ ᠵᠢᠯᠣᠭᠤᠳᠣᠯᠭ᠎ᠠ ᠪᠠᠨ ᠪᠥᠬᠦ ᠬᠤᠲᠠ ᠶᠢᠨ ᠬᠥᠨᠳᠡᠯᠡᠨ ᠠᠴᠠ ᠲᠠᠰᠤᠯᠬᠤ ᠪᠠᠶᠢᠭᠤᠯᠤᠮᠵᠢ ᠶᠢ ᠵᠣᠬᠢᠶᠠᠨ ᠪᠠᠶᠢᠭᠤᠯᠤᠨ ᠵᠣᠷᠢᠭ ᠵᠢᠭᠤᠯᠵᠤ ᠪᠠᠶᠢᠭᠠᠳ ᠬᠥᠨᠳᠡᠯᠡᠨ ᠠᠴᠠ ᠲᠠᠰᠤᠯᠬᠤ ᠰᠠᠶᠢᠨ ᠳᠤᠷ᠎ᠠ ᠶᠢᠨ ᠠᠵᠢᠯᠯᠠᠭ᠎ᠠ ᠶᠢ ᠨᠠᠩ ᠢᠯᠡᠭᠦᠤ ᠥᠷᠨᠢᠭᠦᠯᠵᠦ᠂ ᠯᠸᠢ  ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠤᠨ᠂ ᠰᠠᠶᠢᠨ ᠳᠤᠷ᠎ᠠ ᠶᠢᠨ ᠦᠢᠯᠡᠴᠢᠯᠡᠭᠡ ᠶᠢ  ᠦᠢᠯᠡᠳᠦᠯᠭᠡᠵᠢᠭᠦᠯᠵᠦ᠂ ᠬᠥᠮᠦᠨ ᠬᠡᠷᠡᠭᠯᠡᠬᠦ ᠨᠢᠭᠡᠴᠡ ᠶᠢ ᠬᠠᠪᠰᠤᠷᠤᠨ ᠬᠥᠳᠡᠯᠮᠦᠷᠢ ᠶᠢᠨ ᠮᠠᠷᠭᠤᠯᠳᠤᠭᠠᠨ ᠵᠢᠭᠤᠷᠠᠯᠳᠤᠭᠠᠨ ᠢ ᠪᠡᠶ᠎ᠡ ᠪᠠᠨ ᠳᠠᠭᠠᠭᠠᠵᠤ ᠰᠡᠷᠭᠡᠶᠢᠯᠡᠨ ᠰᠢᠢᠳᠪᠦᠷᠢᠯᠡᠬᠦ ᠴᠢᠳᠠᠪᠤᠷᠢ ᠬᠦᠷᠦᠯᠴᠡᠬᠦ ᠥᠬᠡᠶ ᠵᠡᠷᠭᠡ ᠠᠰᠠᠭᠤᠳᠠᠯ ᠢ ᠰᠢᠢᠳᠪᠦᠷᠢᠯᠡᠵᠦ᠂ ᠡᠶᠡᠳᠡᠭᠦᠯᠬᠦ ᠠᠵᠢᠯ ᠤᠨ ᠨᠡᠶᠢᠭᠡᠮ ᠤᠨ ᠨᠥᠯᠥᠭᠡᠯᠡᠬᠦᠬᠦᠴᠦᠨ ᠢ ᠥᠷᠭᠡᠳᠬᠡᠨ᠂ ᠪᠥᠬᠦ ᠬᠤᠲᠠ ᠶᠢᠨ ᠬᠥᠳᠡᠯᠮᠦᠷᠢ ᠶᠢᠨ ᠬᠠᠷᠢᠴᠠᠭ᠎ᠠ ᠶᠢᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠢᠯᠡᠭᠦᠬᠡᠨ ᠬᠠᠮᠠᠭᠠᠯᠠᠵᠤ᠂ ᠬᠤᠳᠠᠯᠳᠤᠭ᠎ᠠ ᠡᠷᠭᠢᠯᠡᠬᠦ ᠣᠷᠴᠢᠨ  ᠲᠤᠭᠤᠷᠢᠨ ᠳᠤ  ᠬᠦᠴᠦᠨ  ᠨᠡᠮᠡᠷᠢᠯᠡᠨ᠎ᠠ᠃   
  ​ᠭᠡᠭᠡᠨ ᠭᠤᠤᠯ ᠬᠤᠲᠠ ᠶᠢᠨ ᠠᠷᠠᠳ  ᠤᠨ ᠵᠠᠰᠠᠭ  ᠤᠨ ᠤᠷᠳᠤᠨ