ᠰᠢ ᠶᠢᠨ ᠫᠢᠩ ᠮᠢᠺᠷᠤᠨᠧᠰᠢᠶ᠎ᠠ ᠶᠢᠨ ᠬᠤᠯᠪᠣᠭᠠᠨ ᠤ ᠰᠢᠨ᠎ᠡ ᠪᠠᠷ ᠲᠤᠰᠢᠶᠠᠯ ᠳᠤ ᠭᠠᠷᠤᠭᠰᠠᠨ ᠶᠡᠷᠦᠩᠬᠡᠶᠢᠯᠡᠭᠴᠢ ᠰᠢᠮᠢᠨᠠ ᠳᠤ ᠪᠠᠶᠠᠷ ᠤᠨ ᠴᠠᠭᠢᠯᠭᠠᠨ ᠴᠢᠮᠡᠭᠡ 
  
2023/5/24
    5 ᠰᠠᠷ᠎ᠠ ᠶᠢᠨ 18 ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠸᠧᠢᠢᠰᠯᠢ · ᠰᠢᠮᠢᠨᠠ ᠳᠤ ᠴᠠᠭᠢᠯᠭᠠᠨ ᠴᠢᠮᠡᠭᠡ ᠶᠠᠪᠤᠭᠤᠯᠵᠤ᠂ ᠲᠡᠭᠦᠨ ᠤᠮᠢᠺᠷᠤᠨᠧᠰᠢᠶ᠎ᠠ ᠶᠢᠨ ᠬᠤᠯᠪᠣᠭᠠᠨ ᠤ ᠶᠡᠷᠦᠩᠬᠡᠶᠢᠯᠡᠭᠴᠢ ᠶᠢᠨ ᠲᠤᠰᠢᠶᠠᠯ ᠳᠤ ᠭᠠᠷᠤᠭᠰᠠᠨ ᠳᠤ ᠪᠠᠶᠠᠷ ᠬᠦᠷᠭᠡᠪᠡ᠃        ᠰᠢ ᠶᠢᠨ ᠫᠢᠩ᠂ ᠳᠤᠮᠳᠠᠳᠤ ᠮᠢᠺᠷᠤᠨᠧᠰᠢᠶ᠎ᠠ ᠬᠠᠷᠢᠯᠴᠠᠭ᠎ᠠ ᠪᠠᠶᠢᠭᠤᠯᠤᠭᠰᠠᠨ 34 ᠵᠢᠯ ᠤᠨ ᠲᠤᠷᠰᠢ᠂ ᠬᠤᠶᠠᠷ ᠤᠯᠤᠰ ᠤᠨ ᠬᠠᠷᠢᠯᠴᠠᠭ᠎ᠠ ᠬᠠᠷᠢᠯᠴᠠᠨᠬᠦᠨᠳᠦᠳᠬᠡᠬᠦ᠂ ᠬᠠᠷᠢᠯᠴᠠᠨ ᠡᠷᠬᠡ ᠲᠡᠭᠰᠢ ᠬᠠᠨᠳᠤᠭᠰᠠᠨ ᠰᠠᠭᠤᠷᠢᠨ ᠳᠡᠭᠡᠷ᠎ᠡ ᠲᠦᠷᠭᠡᠨ ᠢᠶᠠᠷ ᠬᠥᠭᠵᠢᠵᠦ᠂ ᠬᠤᠶᠠᠷ ᠲᠠᠯ᠎ᠠ ᠶᠢᠨ ᠠᠷᠠᠳ ᠲᠦᠮᠡᠨ ᠳᠤ ᠦᠨᠡᠨ ᠪᠣᠳᠠᠲᠠᠢᠪᠤᠶᠠᠨ ᠵᠢᠷᠭᠠᠯ ᠣᠯᠭᠤᠭᠰᠠᠨ ᠪᠠᠶᠢᠨ᠎ᠠ᠃        ᠶᠡᠷᠦᠩᠬᠡᠶᠢᠯᠡᠭᠴᠢ ᠰᠢᠮᠢᠨᠠ ᠤᠷᠳᠤ ᠬᠤᠭᠤᠴᠠᠭ᠎ᠠ ᠪᠠᠷ ᠳᠤᠮᠳᠠᠳᠤ ᠮᠢᠺᠷᠤᠨᠧᠰᠢᠶ᠎ᠠ ᠶᠢᠨ ᠨᠥᠬᠦᠷᠯᠡᠯ ᠢ ᠠᠬᠢᠭᠤᠯᠬᠤ ᠪᠠᠷ ᠴᠢᠷᠮᠠᠶᠢᠪᠠ᠂ ᠪᠢ ᠡᠭᠦᠨ ᠢ ᠮᠠᠭᠲᠠᠨᠰᠠᠶᠢᠰᠢᠶᠠᠵᠤ ᠪᠠᠶᠢᠨ᠎ᠠ᠃ ᠪᠢ ᠳᠤᠮᠳᠠᠳᠤ ᠮᠢᠺᠷᠤᠨᠧᠰᠢᠶ᠎ᠠ ᠶᠢᠨ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠤᠷᠠᠲᠠᠶ᠎ᠠ ᠶᠡᠷᠦᠩᠬᠡᠶᠢᠯᠡᠭᠴᠢ ᠰᠢᠮᠢᠨᠠ ᠲᠠᠢ ᠭᠠᠷ ᠬᠤᠯᠪᠣᠨ ᠴᠢᠷᠮᠠᠶᠢᠵᠤ᠂ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠳᠤ ᠬᠤᠯᠪᠣᠭᠳᠠᠭᠰᠠᠨ ᠠᠰᠠᠭᠤᠳᠠᠯ ᠤᠨ ᠲᠠᠯ᠎ᠠ ᠪᠠᠷᠬᠠᠷᠢᠯᠴᠠᠨ ᠲᠡᠮᠵᠢᠵᠤ᠂ ᠡᠯ᠎ᠡ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠳᠤᠮᠳᠠᠳᠤ ᠮᠢᠺᠷᠤᠨᠧᠰᠢᠶ᠎ᠠ ᠶᠢᠨ ᠪᠦᠭᠦ ᠲᠠᠯ᠎ᠠ ᠶᠢᠨᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠲᠠᠰᠤᠷᠠᠯᠳᠠ ᠦᠭᠡᠢ ᠬᠥᠭᠵᠢᠬᠦ ᠶᠢ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠨᠪᠤᠶᠠᠨ ᠦᠢᠯᠡᠳᠦᠨ᠎ᠡ ᠭᠡᠵᠦ ᠵᠢᠭᠠᠵᠤ ᠭᠠᠷᠭᠠᠪᠠ᠃     
  ᠥᠪᠥᠷ ᠮᠣᠩᠭᠤᠯ ᠤᠨ ᠡᠳᠦᠷ ᠤᠨ ᠰᠣᠨᠢᠨ