ᠺᠣᠤ ᠱᠠᠨ ᠵᠡᠭᠡᠯᠢ ᠭᠤᠳᠤᠮᠵᠢ ᠶᠢᠨ ᠨᠥᠬᠦᠷᠯᠡᠯ ᠨᠡᠶᠢᠭᠡᠮ ᠲᠣᠭᠤᠷᠢᠭ ᠤᠨ ᠰᠡᠳᠬᠢᠯ ᠢ ᠳᠤᠯᠠᠭᠠᠴᠠᠭᠤᠯᠬᠤ ᠦᠢᠯᠡᠴᠢᠯᠡᠭᠡᠨ ᠤ ᠰᠠᠯᠪᠤᠷᠢ ᠪᠠᠭ᠎ᠠ ᠠᠩᠭᠢ ᠭᠤᠣᠯ ᠤᠷᠤᠰᠬᠠᠯ ᠤᠨ ᠦᠷᠳᠡᠭ ᠢ ᠪᠤᠶᠢᠵᠢᠭᠤᠯᠤᠨ ᠦᠢᠯᠡᠳᠦᠯᠭᠡᠵᠢᠭᠦᠯᠬᠦ 《ᠪᠣᠬᠢᠷᠲᠤᠯ ᠦᠭᠡᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠭ ᠨᠣᠪᠰᠢ ᠶᠢ ᠲᠦᠷᠦᠯ ᠬᠤᠪᠢᠶᠠᠬᠤ》 ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠪᠡ
  
2023/5/24
         ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠣᠷᠴᠢᠨ ᠲᠣᠭᠤᠷᠢᠨ ᠢ ᠬᠠᠮᠠᠭᠠᠯᠠᠬᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠮᠡᠳᠡᠯᠭᠡ ᠶᠢ ᠣᠶᠢᠯᠠᠭᠠᠬᠤ ᠪᠠ ᠬᠤᠭ ᠨᠣᠪᠰᠢ ᠶᠢ ᠲᠥᠷᠥᠯ ᠬᠤᠪᠢᠶᠠᠬᠤ ᠳᠤ ᠣᠷᠣᠯᠴᠠᠬᠤ ᠢᠳᠡᠪᠬᠢᠵᠢᠯ ᠢ ᠦᠷᠭᠦᠯᠵᠢᠯᠡᠨ ᠨᠡᠮᠡᠭᠳᠡᠭᠦᠯᠬᠦ ᠶᠢᠨ ᠲᠥᠯᠥᠭᠡ᠂ ᠣᠶᠢᠷ᠎ᠠ ᠳᠤ᠂ ᠺᠣᠤ ᠱᠠᠨ ᠵᠡᠭᠡᠯᠢ ᠭᠤᠳᠤᠮᠵᠢ ᠶᠢᠨ ᠨᠥᠬᠦᠷᠯᠡᠯ ᠨᠡᠶᠢᠭᠡᠮ ᠲᠣᠭᠤᠷᠢᠭ ᠤᠨ ᠰᠡᠳᠬᠢᠯ ᠢ ᠳᠤᠯᠠᠭᠠᠴᠠᠭᠤᠯᠬᠤ ᠦᠢᠯᠡᠴᠢᠯᠡᠭᠡᠨ ᠤ ᠪᠠᠭ᠎ᠠ ᠠᠩᠭᠢ ᠶᠢᠨ ᠭᠤᠤᠯ ᠤᠷᠤᠰᠬᠠᠯ ᠤᠨ ᠥᠷᠲᠡᠭ ᠢ ᠪᠤᠶᠢᠵᠢᠭᠤᠯᠤᠨ ᠦᠢᠯᠡᠳᠦᠯᠭᠡᠵᠢᠭᠦᠯᠬᠦ 《 ᠪᠣᠬᠢᠷᠲᠤᠯ ᠥᠬᠡᠶ ᠣᠷᠴᠢᠨ ᠲᠣᠭᠤᠷᠢᠨ ᠢ ᠬᠠᠮᠠᠭᠠᠯᠠᠬᠤ ᠬᠤᠭ ᠨᠣᠪᠰᠢ ᠶᠢ ᠲᠥᠷᠥᠯ ᠬᠤᠪᠢᠶᠠᠬᠤ》 ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠵᠦ᠂ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠳᠤ ᠥᠩᠭᠡ ᠬᠡᠷᠡᠯ ᠨᠡᠮᠡᠷᠢᠯᠡᠪᠡ᠃        ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠬᠡᠰᠡᠭ ᠰᠠᠭᠤᠭᠠᠯᠢ ᠠᠷᠠᠳ ᠬᠤᠭ ᠨᠣᠪᠰᠢ ᠶᠢ ᠲᠥᠷᠥᠯ ᠬᠤᠪᠢᠶᠠᠬᠤ ᠲᠤᠬᠠᠶ ᠣᠷᠣᠰᠢᠵᠤ ᠪᠠᠶᠢᠭ᠎ᠠ 《 ᠣᠶᠢᠯᠠᠭᠠᠬᠤ ᠥᠬᠡᠶ᠂ ᠶᠠᠷᠰᠢᠭ ᠲᠦᠪᠡᠭ ᠢ ᠠᠰᠠᠭᠤᠬᠤ》 ᠰᠡᠳᠬᠢᠴᠡ ᠳᠤ ᠴᠢᠭᠯᠡᠭᠦᠯᠦᠨ᠂ ᠰᠡᠳᠬᠢᠯ ᠢ ᠳᠤᠯᠠᠭᠠᠴᠠᠭᠤᠯᠬᠤ ᠦᠢᠯᠡᠴᠢᠯᠡᠭᠡᠨ ᠤ ᠰᠠᠯᠪᠤᠷᠢ ᠪᠠᠭ᠎ᠠ ᠠᠩᠭᠢ ᠶᠢᠨ ᠰᠠᠶᠢᠨ ᠳᠤᠷ᠎ᠠ ᠶᠢᠨ ᠠᠵᠢᠯᠯᠠᠭᠴᠢᠳ ᠰᠠᠭᠤᠭᠠᠯᠢ ᠠᠷᠠᠳ ᠲᠤ ᠬᠤᠭ ᠨᠣᠪᠰᠢ ᠶᠢ ᠲᠥᠷᠥᠯ ᠬᠤᠪᠢᠶᠠᠬᠤ ᠠᠴᠢ ᠬᠤᠯᠪᠣᠭᠳᠠᠯ ᠵᠢᠴᠢ ᠬᠤᠭ ᠨᠣᠪᠰᠢ ᠶᠢ ᠲᠥᠷᠥᠯ ᠬᠤᠪᠢᠶᠠᠬᠤ ᠠᠷᠭ᠎ᠠ ᠵᠡᠷᠭᠡ ᠦᠨᠳᠦᠰᠦᠨ ᠶᠡᠷᠦ ᠶᠢᠨ ᠮᠡᠳᠡᠯᠭᠡ ᠶᠢ ᠬᠦᠯᠢᠴᠡᠩᠭᠦᠶ ᠪᠠᠷ ᠨᠠᠷᠢᠨ ᠨᠢᠮᠪᠠᠶ ᠲᠠᠶᠢᠯᠪᠤᠷᠢᠯᠠᠨ ᠥᠭᠬᠦ ᠶᠢᠨ ᠬᠠᠮᠲᠤ᠂ ᠬᠠᠷᠢᠶ᠎ᠠ ᠣᠷᠣᠨ ᠤ ᠰᠠᠭᠤᠭᠠᠯᠢ ᠠᠷᠠᠳ ᠲᠤ 《ᠬᠤᠭ ᠨᠣᠪᠰᠢ ᠶᠢ ᠲᠥᠷᠥᠯ ᠬᠤᠪᠢᠶᠠᠬᠤ》 ᠦᠰᠦᠭ ᠲᠠᠢ ᠣᠷᠴᠢᠨ ᠲᠣᠭᠤᠷᠢᠨ ᠢ ᠬᠠᠮᠠᠭᠠᠯᠠᠬᠤ ᠭᠠᠷ ᠤᠭᠤᠲᠠ ᠪᠠ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠵᠤ᠂ ᠨᠠᠩ ᠣᠯᠠᠨ ᠰᠠᠭᠤᠭᠠᠯᠢ ᠠᠷᠠᠳ ᠲᠤ ᠬᠤᠭ ᠨᠣᠪᠰᠢ ᠶᠢ ᠲᠥᠷᠥᠯ ᠬᠤᠪᠢᠶᠠᠬᠤ ᠬᠠᠮᠢᠶ᠎ᠠ ᠪᠥᠬᠦᠶ ᠮᠡᠳᠡᠯᠭᠡ ᠶᠢ ᠣᠶᠢᠯᠠᠭᠠᠭᠤᠯᠵᠤ᠂ ᠳᠤᠷ᠎ᠠ ᠪᠠᠷ ᠢᠶᠠᠨ ᠬᠠᠶᠠᠬᠤ ᠡᠷᠡᠭᠦᠯ ᠪᠤᠰᠤ ᠠᠮᠢᠳᠤᠷᠠᠯ ᠤᠨ ᠳᠠᠳᠬᠠᠯ ᠢ ᠵᠠᠯᠠᠷᠠᠭᠤᠯᠪᠠ᠃         ᠲᠣᠰ ᠤᠳᠠᠭᠠᠨ ᠤ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠶᠢᠨ ᠵᠣᠷᠢᠯᠭ᠎ᠠ ᠨᠢ ᠪᠣᠬᠢᠷᠲᠤᠯ ᠥᠬᠡᠶ ᠠᠮᠢ ᠠᠬᠤᠶ᠂ ᠡᠷᠡᠭᠦᠯ ᠮᠡᠨᠳᠦ ᠣᠷᠴᠢᠨ ᠲᠣᠭᠤᠷᠢᠨ ᠢ ᠬᠠᠮᠠᠭᠠᠯᠠᠬᠤ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠵᠤ᠂ ᠬᠤᠭ ᠨᠣᠪᠰᠢ ᠶᠢ ᠲᠥᠷᠥᠯ ᠬᠤᠪᠢᠶᠠᠬᠤ ᠶᠢ ᠰᠠᠭᠤᠭᠠᠯᠢ ᠠᠷᠠᠳ ᠤᠨ ᠠᠮᠢᠳᠤᠷᠠᠯ ᠳᠤ ᠤᠯᠠᠮ ᠨᠢᠭᠡ ᠠᠯᠬᠤᠮ ᠠᠭᠤᠰᠤᠯᠴᠠᠭᠤᠯᠵᠤ᠂ ᠰᠠᠭᠤᠭᠠᠯᠢ ᠠᠷᠠᠳ ᠤᠨ ᠬᠤᠭ ᠨᠣᠪᠰᠢ ᠶᠢ ᠲᠥᠷᠥᠯ ᠬᠤᠪᠢᠶᠠᠬᠤ ᠦᠵᠡᠯ ᠤᠬᠠᠮᠰᠠᠷ ᠢ ᠴᠢᠩᠭᠠᠷᠠᠭᠤᠯᠤᠨ᠂ ᠨᠠᠩ ᠣᠯᠠᠨ ᠰᠠᠭᠤᠭᠠᠯᠢ ᠠᠷᠠᠳ ᠢ ᠬᠥᠲᠥᠯᠦᠨ ᠵᠢᠯᠣᠭᠤᠳᠴᠤ ᠪᠠᠶᠢᠭᠠᠳ ᠬᠥᠳᠡᠯᠦᠯᠴᠡᠵᠦ᠂ ᠰᠠᠶᠢᠨ ᠰᠠᠶᠢᠬᠠᠨ ᠬᠤᠭ ᠨᠣᠪᠰᠢ ᠶᠢ ᠲᠥᠷᠥᠯ ᠬᠤᠪᠢᠶᠠᠬᠤ ᠳᠠᠳᠬᠠᠯ ᠲᠠᠢ ᠪᠣᠯᠭᠠᠵᠤ᠂ 《ᠨᠠᠳᠠ ᠪᠠᠷ ᠲᠥᠷᠥᠯ ᠬᠤᠪᠢᠶᠠᠬᠤ》 ᠤᠬᠠᠮᠰᠠᠷ ᠢ 《ᠪᠢ ᠲᠥᠷᠥᠯ ᠬᠤᠪᠢᠶᠠᠬᠤ》 ᠪᠣᠯᠭᠠᠨ ᠬᠤᠪᠢᠷᠠᠭᠤᠯᠬᠤ ᠶᠢᠨ ᠲᠥᠯᠥᠭᠡ ᠶᠤᠮ᠃         
  ᠬᠠᠶᠢᠯᠠᠷ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ