ᠬᠠᠭ ᠪᠠᠯᠭᠠᠰᠤᠨ ᠤ ᠰᠢᠷᠠᠳᠠᠯ᠎ᠠ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ  ᠦᠢᠯᠡᠳᠦᠯᠭᠡ ᠶᠢᠨ ᠥᠷᠲᠡᠭᠡ 《ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ》 ᠶᠢᠨ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ
  
2023/5/24
         ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠬᠥᠮᠦᠵᠢᠯ ᠢ ᠭᠦᠨᠵᠡᠭᠡᠶ ᠥᠷᠨᠢᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠤᠨ ᠭᠦᠨ ᠵᠤᠵᠠᠭᠠᠨ ᠠᠭᠤᠷ ᠠᠮᠢᠰᠬᠤᠯ ᠢ ᠢᠳᠡᠪᠬᠢᠲᠡᠶ ᠪᠣᠶ ᠪᠣᠯᠭᠠᠬᠤ ᠶᠢᠨ ᠲᠥᠯᠥᠭᠡ᠂ 5 ᠰᠠᠷ᠎ᠠ ᠶᠢᠨ 9 ᠤ ᠡᠳᠦᠷ᠂ ᠰᠢᠷᠠᠳᠠᠯ᠎ᠠ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠶᠢᠨ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ᠃          ᠠᠵᠢᠯᠯᠠᠭ᠎ᠠ ᠨᠢ 《ᠳᠤᠮᠳᠠᠳᠤ ᠶᠢᠨ ᠦᠨᠳᠦᠰᠦᠲᠡᠨ ᠨᠢᠭᠡ ᠬᠡᠷ ᠤᠨ ᠬᠥᠮᠦᠨ ᠮᠡᠲᠦ ᠳᠣᠲᠣᠨᠣ ᠪᠠᠶᠢᠵᠤ᠂ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ》 ᠪᠠᠷ ᠭᠤᠤᠯ ᠰᠡᠳᠦᠪ ᠪᠣᠯᠭᠠᠵᠤ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠡᠯᠧᠺᠲᠷᠣᠨ ᠳᠡᠯᠭᠡᠴᠡ ᠪᠠᠷ ᠤᠬᠠᠭᠤᠯᠭ᠎ᠠ ᠶᠢᠨ ᠤᠷᠢᠶ᠎ᠠ ᠯᠣᠽᠦ᠋ᠩ ᠨᠡᠪᠲᠡᠷᠡᠭᠦᠯᠬᠦ ᠪᠠᠷ ᠳᠠᠮᠵᠢᠭᠤᠯᠤᠨ᠂ ᠨᠡᠶᠢᠭᠡᠮ ᠲᠣᠭᠤᠷᠢᠭ ᠤᠨ ᠣᠯᠠᠨ   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠲᠦᠷᠢᠮ》 ᠵᠡᠷᠭᠡ ᠦᠨᠳᠦᠰᠦᠲᠡᠨ ᠤ ᠲᠥᠷᠥ ᠶᠢᠨ ᠪᠣᠳᠣᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ ᠲᠠᠶᠢᠯᠪᠤᠷᠢᠯᠠᠪᠠ᠃ ᠣᠶᠢᠯᠠᠭᠠᠮᠵᠢᠲᠠᠶ ᠦᠭᠡ ᠬᠡᠯᠡ ᠪᠠᠷ ᠣᠯᠠᠨ ᠲᠦᠮᠡᠨ ᠳᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠮᠡᠳᠡᠯᠭᠡ ᠵᠢᠴᠢ ᠦᠨᠳᠦᠰᠦᠲᠡᠨ ᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠰᠤᠷᠤᠯᠴᠠᠬᠤ ᠶᠢᠨ ᠴᠢᠬᠤᠯᠠ ᠴᠢᠨᠠᠷ ᠢ ᠲᠠᠶᠢᠯᠪᠤᠷᠢᠯᠠᠨ ᠥᠭᠬᠦ ᠶᠢᠨ ᠬᠠᠮᠲᠤ᠂ ᠲᠥᠷᠥ ᠶᠢᠨ ᠪᠣᠳᠣᠯᠭ᠎ᠠ ᠶᠢᠨ ᠵᠥᠪᠯᠡᠯᠭᠡ ᠥᠭᠬᠦ ᠦᠢᠯᠡᠴᠢᠯᠡᠭᠡ ᠬᠠᠩᠭᠠᠵᠤ ᠣᠯᠠᠨ ᠲᠦᠮᠡᠨ ᠤ ᠲᠤᠬᠠᠶ ᠶᠢᠨ ᠲᠠᠯᠠᠪᠤᠷ ᠲᠤ ᠮᠠᠳᠠᠭ ᠲᠠᠢ ᠠᠰᠠᠭᠤᠳᠠᠯ ᠢ ᠲᠠᠶᠢᠯᠪᠤᠷᠢᠯᠠᠨ ᠥᠭᠴᠦ᠂ ᠣᠯᠠᠨ ᠲᠦᠮᠡᠨ ᠢ ᠳᠠᠶᠢᠴᠢᠯᠠᠨ ᠦᠨᠳᠦᠰᠦᠲᠡᠨ ᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠮᠡᠳᠡᠯᠭᠡ ᠶᠢᠨ ᠰᠤᠷᠤᠯᠴᠠᠯᠭ᠎ᠠ ᠳᠤ ᠢᠳᠡᠪᠬᠢᠲᠡᠶ ᠣᠷᠣᠯᠴᠠᠭᠤᠯᠪᠠ᠃         ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠥᠷᠭᠡᠨ ᠣᠯᠠᠨ ᠺᠠᠳ᠋ᠷ ᠣᠯᠠᠨ ᠲᠦᠮᠡᠨ ᠤ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠮᠡᠳᠡᠯᠭᠡ ᠶᠢᠨ ᠲᠤᠬᠠᠶ ᠣᠶᠢᠯᠠᠭᠠᠯᠲᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠥᠷᠭᠡᠨ ᠣᠯᠠᠨ ᠲᠦᠮᠡᠨ ᠢ ᠪᠦᠲᠦᠮᠵᠢᠲᠡᠶ ᠪᠠᠷ ᠳᠠᠶᠢᠴᠢᠯᠠᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠮᠡᠳᠡᠯᠭᠡ ᠶᠢᠨ ᠰᠤᠷᠤᠯᠴᠠᠯᠭ᠎ᠠ ᠳᠤ ᠢᠳᠡᠪᠬᠢᠲᠡᠶ ᠣᠷᠣᠯᠴᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠠᠰᠤᠷᠠᠯᠲᠠ ᠥᠬᠡᠶ ᠪᠠᠲᠤ ᠪᠠᠬᠢ ᠪᠣᠶ ᠪᠣᠯᠭᠠᠵᠤ᠂ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠨᠠᠩ ᠰᠠᠶᠢᠲᠤᠷ ᠣᠶᠢᠯᠠᠭᠠᠭᠤᠯᠵᠤ᠂ ᠦᠨᠳᠦᠰᠦᠲᠡᠨ ᠤ ᠪᠦᠯᠬᠦᠮᠳᠡᠯ ᠤᠨ ᠦᠵᠡᠯᠲᠡ ᠶᠢ ᠰᠡᠳᠬᠢᠯ ᠵᠢᠷᠦᠬᠡᠨ ᠳᠤ ᠭᠦᠨ ᠬᠠᠳᠠᠩᠰᠢᠭᠤᠯᠵᠤ᠂ ᠦᠨᠳᠦᠰᠦᠲᠡᠨ ᠤ ᠪᠦᠯᠬᠦᠮᠳᠡᠯ᠂ ᠠᠵᠤ ᠠᠬᠤᠶ ᠶᠢᠨ ᠬᠥᠭᠵᠢᠯᠲᠡ᠂ ᠨᠡᠶᠢᠭᠡᠮ ᠤᠨ ᠲᠣᠭᠲᠠᠭᠤᠨ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠪᠡ᠃    
  ​ ᠬᠠᠶᠢᠯᠠᠷ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ