ᠰᠢ ᠶᠢᠨ ᠫᠢᠩ 《 2023 · ᠳᠤᠮᠳᠠᠳᠤ ᠤᠯᠤᠰ ᠤᠨ ᠲᠥᠪᠡᠳ ᠤᠨ ᠬᠥᠭᠵᠢᠯᠲᠡ ᠶᠢᠨ ᠶᠠᠷᠢᠶᠠᠨ ᠤ ᠲᠠᠪᠴᠠᠩ 》 ᠳᠤ ᠪᠠᠶᠠᠷ ᠤᠨ ᠵᠠᠬᠢᠳᠠᠯ ᠢᠯᠡᠭᠡᠪᠡ
  
2023/5/25
        ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 23  ᠴᠠᠭᠢᠯᠭᠠᠨ ᠮᠡᠳᠡᠭᠡ 5 ᠰᠠᠷ᠎ᠠ ᠶᠢᠨ 23  ᠡᠳᠦᠷ ᠂ ᠤᠯᠤᠰ ᠤᠨ ᠲᠡᠷᠢᠭᠦᠯᠡᠭᠴᠢ ᠰᠢ ᠶᠢᠨ ᠫᠢᠩ 《2023 · ᠲᠤᠮᠳᠠᠳᠤ ᠤᠯᠤᠰ ᠤᠨ ᠲᠥᠪᠡᠳ ᠤᠨ ᠬᠥᠭᠵᠢᠯᠲᠡ ᠶᠢᠨ ᠶᠠᠷᠢᠶᠠᠨ ᠤ ᠲᠠᠪᠴᠠᠩ 》 ᠳᠤ ᠪᠠᠶᠠᠷ ᠤᠨ ᠵᠠᠬᠢᠳᠠᠯ ᠢᠯᠡᠭᠡᠪᠡ ᠃       ᠰᠢ ᠶᠢᠨ ᠫᠢᠩ  ᠂ ᠠᠷᠠᠳ ᠲᠦᠮᠡᠨ ᠤ ᠵᠣᠯ ᠵᠢᠷᠭᠠᠯ ᠪᠣᠯ ᠬᠠᠮᠤᠭ ᠤᠨ ᠶᠡᠭᠡ ᠬᠥᠮᠥᠨ ᠤ ᠡᠷᠬᠡ ᠮᠥᠨ ᠂ ᠬᠥᠭᠵᠢᠯᠲᠡ ᠪᠣᠯ ᠠᠷᠠᠳ ᠲᠦᠮᠡᠨ ᠤ ᠵᠣᠯ ᠵᠢᠷᠭᠠᠯ ᠢ ᠪᠡᠶᠡᠯᠡᠭᠦᠯᠬᠦ ᠶᠢᠨ ᠵᠠᠩᠭᠢᠯᠠᠭ᠎ᠠ ᠮᠥᠨ ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠂ ᠲᠥᠪ ᠤᠨ ᠵᠠᠰᠠᠭ ᠤᠨ ᠣᠷᠳᠣᠨ ᠪᠠ ᠪᠦᠭᠦ ᠤᠯᠤᠰ ᠤᠨ ᠠᠷᠠᠳ ᠲᠦᠮᠡᠨ ᠤ ᠬᠦᠴᠦᠲᠡᠢ ᠳᠡᠮᠵᠢᠯᠭᠡ ᠳᠣᠣᠷ᠎ᠠ ᠂ ᠲᠥᠪᠡᠳ ᠤᠨ ᠦᠨᠳᠦᠰᠦᠲᠡᠨ ᠨᠦᠭᠦᠳ  ᠺᠠᠳ᠋ᠷ ᠤᠯᠠᠨ ᠲᠦᠮᠡᠨ ᠲᠡᠰᠪᠦᠷᠢ ᠬᠠᠲᠠᠭᠤᠵᠢᠯᠲᠠᠢ ᠲᠡᠮᠡᠴᠡᠨ ᠂ ᠨᠤᠭᠤᠷᠠᠰᠢ ᠦᠭᠡᠢ ᠴᠢᠷᠮᠠᠶᠢᠵᠤ ᠂ ᠲᠥᠪᠡᠳ ᠢ ᠮᠢᠩᠭ᠎ᠠ ᠲᠦᠮᠡᠨ ᠵᠢᠯ ᠬᠦᠯᠢᠶᠡᠰᠦᠯᠡᠵᠦ ᠪᠠᠶᠢᠭᠰᠠᠨ ᠬᠠᠷᠢᠴᠠᠯᠠᠰᠢ ᠦᠭᠡᠢ ᠶᠠᠳᠠᠭᠤ ᠬᠦᠴᠢᠷᠳᠡᠯ ᠤᠨ ᠠᠰᠠᠭᠤᠳᠠᠯ ᠠᠴᠠ ᠲᠤᠶᠢᠯᠪᠤᠷᠢᠲᠠᠢ ᠠᠩᠭᠢᠵᠢᠷᠠᠭᠤᠯᠵᠤ ᠂ ᠪᠦᠭᠦ ᠤᠯᠤᠰ ᠲᠠᠢ ᠬᠠᠮᠲᠤ ᠪᠠᠷ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠡᠶᠡᠯᠡᠭᠦᠯᠵᠦ ᠂ ᠠᠮᠢᠵᠢᠷᠠᠯ ᠪᠢᠯᠬᠠᠵᠤ ᠴᠡᠴᠡᠭᠯᠡᠨ ᠬᠥᠭᠵᠢᠭᠰᠡᠨ ᠪᠠᠶᠢᠳᠠᠯ ᠢᠯᠡᠷᠡᠭᠰᠡᠨ ᠪᠠᠶᠢᠨ᠎ᠠ ᠭᠡᠵᠦ ᠵᠢᠭᠠᠵᠤ ᠭᠠᠷᠭᠠᠵᠠᠢ ᠃       ᠰᠢ ᠶᠢᠨ ᠫᠢᠩ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠰᠢᠨ᠎ᠡ ᠠᠶᠠᠨ ᠳᠤ ᠂ ᠲᠥᠪᠡᠳ ᠤᠨ ᠬᠢᠨ ᠰᠢᠨ᠎ᠡ ᠬᠥᠭᠵᠢᠯᠲᠡ ᠶᠢᠨᠣᠶᠢᠯᠠᠭᠠᠭᠳᠠᠬᠤᠨ ᠢ ᠪᠦᠷᠢᠨ ᠪᠦᠲᠦᠨ ᠂ ᠵᠥᠪ ᠣᠨᠣᠪᠴᠢᠲᠠᠢ ᠂ ᠪᠦᠭᠦ ᠲᠠᠯ᠎ᠠ ᠪᠠᠷ ᠲᠤᠭᠤᠰᠢᠯᠠᠭᠤᠯᠵᠤ ᠂ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠵᠤ ᠂ ᠪᠦᠯᠬᠦᠮᠳᠡᠯ ᠲᠠᠢ ᠪᠠᠶᠠᠨ ᠴᠢᠨᠡᠭᠡᠯᠢᠭ ᠪᠣᠯᠪᠠᠰᠤᠨ ᠡᠶ᠎ᠡ ᠵᠣᠬᠢᠴᠠᠩᠭᠤᠢ ᠦᠵᠡᠰᠬᠦᠯᠡᠩᠲᠦ ᠰᠠᠶᠢᠬᠠᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠰᠢᠨ᠎ᠡ ᠲᠥᠪᠡᠳ ᠢᠴᠢᠷᠮᠠᠶᠢᠨ ᠪᠦᠲᠦᠭᠡᠨ ᠪᠠᠶᠢᠭᠤᠯᠵᠤ ᠂ ᠠᠷᠠᠳ ᠲᠦᠮᠡᠨ ᠢ ᠨᠡᠩ ᠵᠣᠯ ᠵᠢᠷᠭᠠᠯ ᠲᠠᠢ ᠰᠠᠶᠢᠨ ᠰᠠᠶᠢᠬᠠᠨ ᠠᠮᠢᠳᠤᠷᠠᠭᠤᠯᠬᠤ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ ᠃         《2023 · ᠳᠤᠮᠳᠠᠳᠤ ᠤᠯᠤᠰ ᠤᠨ ᠲᠥᠪᠡᠳ ᠤᠨ ᠬᠥᠭᠵᠢᠯᠲᠡ ᠶᠢᠨ ᠶᠠᠷᠢᠶᠠᠨ ᠤ ᠲᠠᠪᠴᠠᠩ 》 ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠣᠨᠢᠨᠮᠡᠳᠡᠭᠡᠨ ᠤ ᠠᠯᠪᠠᠨ ᠭᠡᠷ ᠪᠣᠯᠣᠨ ᠲᠥᠪᠡᠳ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠬᠠᠮᠲᠤ ᠪᠠᠷ ᠭᠤᠣᠯᠯᠠᠨ ᠡᠷᠭᠢᠯᠡᠵᠦ ᠂ 《 ᠰᠢᠨ᠎ᠡ ᠴᠠᠭ ᠦᠶ᠎ᠡ ᠂ ᠰᠢᠨ᠎ᠡ ᠲᠥᠪᠡᠳ ᠂ ᠰᠢᠨ᠎ᠡ ᠠᠶᠠᠨ — ᠲᠥᠪᠡᠳ ᠤᠨ ᠴᠢᠨᠠᠷ ᠰᠠᠶᠢᠲᠠᠢ ᠬᠥᠭᠵᠢᠯᠲᠡ ᠪᠣᠯᠣᠨ ᠬᠥᠮᠥᠨ ᠤ ᠡᠷᠬᠡ ᠶᠢᠨ ᠪᠠᠲᠤᠯᠠᠭ᠎ᠠ ᠶᠢᠨ ᠰᠢᠨ᠎ᠡ ᠬᠠᠭᠤᠳᠠᠰᠤ 》  ᠪᠠᠷ ᠭᠤᠣᠯ ᠰᠡᠳᠦᠪ ᠪᠤᠯᠭᠠᠵᠤ ᠂ 23 ᠤ ᠡᠳᠦᠷ ᠪᠡᠭᠡᠵᠢᠩ ᠳᠤ ᠡᠬᠢᠯᠡᠪᠡ ᠃       
     