| ᠪᠢᠳᠡ ᠠᠮᠢᠳᠤᠷᠠᠯ ᠳᠠᠭᠠᠨ ᠲᠤᠰᠠᠲᠠᠢ ᠶᠡᠷᠦ ᠶᠢᠨ | ᠮᠡᠳᠡᠯᠭᠡ ᠶᠢ ᠪᠠᠭ᠎ᠠ ᠴᠦ ᠭᠡᠰᠡᠨ ᠰᠤᠷᠴᠤ ᠡᠵᠡᠮᠰᠢᠵᠦ ᠪᠠᠶᠢᠪᠠᠯ | ᠰᠠᠶᠢᠨ ᠶᠤᠮ᠃ ᠲᠤᠩ ᠴᠦ ᠬᠢᠯᠪᠠᠷ ᠵᠦᠢᠯ ᠢ ᠡᠪ ᠢ ᠨᠢ ᠣᠯᠬᠤ ᠦᠭᠡᠢ | ᠦᠶ᠎ᠡ ᠳᠤ ᠠᠷᠭ᠎ᠠ ᠪᠠᠨ ᠪᠠᠷᠠᠵᠤ ᠴᠥᠬᠦᠷᠡᠳᠡᠭ᠂ ᠳᠣᠣᠷ᠎ᠠ | ᠠᠮᠢᠳᠤᠷᠠᠯ ᠳᠤᠮᠳᠠ ᠦᠷᠭᠦᠯᠵᠢ ᠬᠡᠷᠡᠭᠰᠡᠬᠦ ᠶᠡᠷᠦ ᠶᠢᠨ | ᠮᠡᠳᠡᠯᠭᠡ ᠠᠴᠠ ᠬᠡᠳᠦ ᠶᠢ ᠃ | 1. ᠠᠪᠠᠷᠠᠶ ᠶᠢᠨ ᠬᠠᠯᠢᠰᠤ ᠶᠢ ᠭᠠᠯ ᠳᠡᠭᠡᠷ᠎ᠡ ᠬᠡᠳᠦ | ᠡᠷᠭᠢᠭᠦᠯᠦᠭᠡᠳ ᠠᠪᠤᠪᠠᠯ ᠬᠠᠯᠢᠰᠤ ᠶᠢ ᠨᠢ | ᠱᠠᠭᠠᠯᠬᠤ ᠳᠤᠠᠮᠠᠷᠬᠠᠨ ᠪᠠᠶᠢᠵᠤ᠂ ᠲᠥᠪᠡᠳ ᠬᠠᠰᠢ ᠶᠢ | ᠬᠠᠯᠠᠭᠤᠨ ᠤᠰᠤᠨ ᠳᠤ ᠬᠢᠪᠡᠯ ᠬᠠᠯᠢᠰᠤ ᠨᠢ ᠠᠮᠠᠷᠬᠠᠨ | ᠱᠠᠭᠠᠷᠠᠳᠠᠭ᠃ | 2. ᠲᠡᠮᠦᠷ ᠲᠣᠭᠤᠭ᠎ᠠ ᠪᠠᠷ ᠶᠠᠭᠤᠮ᠎ᠠ ᠬᠠᠭᠠᠷᠢᠬᠤ ᠦᠶᠡᠰ᠂ | ᠤᠷᠢᠳ ᠢᠶᠠᠷ ᠲᠣᠭᠤᠭ᠎ᠠ ᠪᠠᠨ ᠭᠠᠯ ᠳᠡᠭᠡᠷ᠎ᠡ ᠲᠠᠯᠪᠢᠵᠤ | ᠬᠠᠯᠠᠭᠠᠵᠤ᠂ ᠪᠠᠭ᠎ᠠ ᠬᠡᠮᠵᠢᠶᠡᠨ ᠤ ᠲᠣᠰᠣ ᠬᠢᠵᠦ | ᠬᠠᠯᠠᠭᠠᠭᠰᠠᠨ ᠤ ᠳᠠᠷᠠᠭ᠎ᠠ ᠠᠰᠬᠠᠨ᠎ᠠ᠂ ᠳᠠᠬᠢᠨ ᠬᠦᠢᠲᠡᠨᠲᠣᠰᠣ | ᠬᠢᠪᠡᠯ ᠲᠡᠮᠦᠷ ᠲᠣᠭᠤᠭ᠎ᠠ ᠨᠠᠭᠠᠯᠳᠤᠬᠤ ᠦᠭᠡᠢ ᠪᠤᠯᠳᠠᠭ᠃ | 3. ᠬᠠᠪᠢᠷᠭ᠎ᠠ ᠴᠢᠨᠠᠬᠤ ᠪᠤᠶᠤ ᠱᠥᠯᠥ ᠬᠢᠬᠦ ᠳᠡᠭᠡᠨ ᠪᠠᠭ᠎ᠠ | ᠬᠡᠮᠵᠢᠶᠡᠨ ᠤ ᠼᠤᠤ ᠬᠢᠪᠡᠯ ᠺᠠᠯᠼ ᠰᠢᠩᠭᠡᠭᠡᠬᠦ ᠳᠤᠠᠰᠢᠭᠲᠠᠢ | ᠪᠠᠶᠢᠳᠠᠭ᠃ | 4. ᠪᠤᠳᠠᠭ᠎ᠠ ᠵᠢᠩᠨᠡᠬᠦ ᠳᠡᠭᠡᠨ ᠲᠣᠭᠤᠭᠠᠨ ᠳᠠᠭᠠᠨ ᠬᠡᠳᠦᠨ | ᠳᠤᠰᠤᠯ ᠲᠣᠰᠣ ᠳᠤᠰᠤᠭᠠᠪᠠᠯ ᠵᠢᠩᠨᠡᠵᠦ ᠭᠠᠷᠭᠠᠭᠰᠠᠨ ᠪᠤᠳᠠᠭ᠎ᠠ | ᠠᠮᠲᠠᠲᠠᠢ ᠪᠥᠭᠡᠳ ᠲᠣᠭᠤᠭᠠᠨ ᠳᠤ ᠨᠠᠭᠠᠯᠳᠤᠬᠤ ᠦᠭᠡᠢ᠃ | 5. ᠬᠠᠷ᠎ᠠ ᠳᠡᠯᠳᠡᠦ ᠶᠢ ᠤᠬᠢᠶᠠᠬᠤ ᠳᠠᠭᠠᠨ ᠵᠢᠭᠠᠬᠠᠨ ᠭᠤᠯᠢᠷ | ᠬᠢᠪᠡᠯ᠂ ᠭᠬᠢᠷ ᠪᠤᠷᠲᠠᠭ ᠢ ᠰᠠᠶᠢᠬᠠᠨ ᠤᠬᠢᠶᠠᠵᠤ ᠠᠷᠢᠯᠭᠠᠳᠠᠭ | 6. ᠦᠵᠦᠮ ᠢ ᠤᠬᠢᠶᠠᠬᠤ ᠳᠠᠭᠠᠨ ᠵᠢᠭᠠᠬᠠᠨ ᠴᠠᠷᠳᠠᠭᠤᠯ | ᠬᠢᠪᠡᠯ᠂ ᠭᠦᠯᠳᠡᠭᠡᠨᠡᠵᠦ ᠰᠠᠶᠢᠬᠠᠨ ᠤᠬᠢᠶᠠᠭᠳᠠᠳᠠᠭ᠃ | 7. ᠪᠠᠩᠰᠢ ᠴᠢᠨᠠᠬᠤ ᠦᠶᠡᠰ ᠲᠣᠭᠤᠭᠠᠨ ᠳᠤ ᠬᠡᠳᠦᠨ ᠰᠢᠷᠬᠡᠭ | ᠬᠡᠷᠴᠢᠭᠰᠡᠨ ᠰᠣᠩᠭᠢᠨ᠎ᠠ ᠬᠢᠪᠡᠯ ᠪᠠᠩᠰᠢ ᠲᠣᠭᠤᠭᠠᠨ ᠳᠤ | ᠨᠠᠭᠠᠯᠳᠤᠬᠤ ᠦᠭᠡᠢ ᠪᠤᠯᠳᠠᠭ᠃ 《ᠠᠮᠢᠳᠤᠷᠠᠯ ᠪᠤᠯᠤᠩ 》 | ᠵᠢᠷᠭᠢᠶ᠎ᠡ ᠲᠠᠪᠴᠠᠩ ᠠᠴᠠ | | | | | | | | | |