ᠠᠷᠠᠳ ᠠᠴᠠ ᠡᠵᠡᠩᠨᠡᠭᠰᠡᠨ ᠵᠠᠭᠤᠨ ᠠᠵᠤ ᠠᠬᠤᠶᠢᠯᠠᠯ  ᠬᠤᠳᠠᠯᠳᠤᠭᠠᠨ    ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠵᠠᠭᠤᠨ ᠲᠣᠰᠬᠤᠨ ᠯᠤᠭ᠎ᠠ ᠬᠤᠯᠪᠣᠭᠠᠰᠤ ᠪᠠᠶᠢᠭᠤᠯᠬᠤ ᠵᠢᠴᠢ ᠪᠡᠭᠡᠵᠢᠩ ᠥᠪᠥᠷ ᠮᠣᠩᠭᠤᠯ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨᠬᠢᠯᠢ ᠬᠢᠵᠠᠭᠠᠷ ᠣᠷᠣᠨ ᠳᠤ ᠣᠷᠣᠬᠤ ᠠᠵᠢᠯᠯᠠᠭ᠎ᠠ ᠡᠬᠢᠯᠡᠪᠡ  ᠳᠠᠶᠢᠴᠢᠨ  ᠠᠨ ᠷᠦᠨ ᠱᠧᠩ ᠣᠷᠣᠯᠴᠠᠵᠠᠢ
  
2023/5/25
      5 ᠳ᠋ᠤᠭᠠᠷ ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠠᠴᠠ ᠦᠴᠦᠸᠠᠨ ᠰᠢᠶᠠᠨ ᠤ ᠶᠠᠨ ᠬᠥ᠋ᠹᠠᠩ ᠪᠦᠯᠦᠭᠯᠡᠯ ᠳᠤ ᠠᠷᠠᠳ ᠠᠴᠠ ᠡᠵᠡᠩᠨᠡᠭᠰᠡᠨ ᠵᠠᠭᠤᠨ ᠠᠵᠤ ᠠᠬᠤᠶᠢᠯᠠᠯ  ᠬᠤᠳᠠᠯᠳᠤᠭᠠᠨ ᠤ ᠨᠡᠶᠢᠭᠡᠮᠯᠢᠭ   ᠤᠨ ᠬᠥᠳᠡᠭᠡ ᠲᠣᠰᠬᠤᠨ ᠢ ᠬᠥᠭᠵᠢᠭᠦᠯᠦᠨᠮᠠᠨᠳᠤᠭᠤᠯᠬᠤ ᠵᠢᠱᠢᠶ᠎ᠡ ᠦᠵᠡᠭᠦᠯᠬᠦ ᠵᠠᠭᠤᠨ ᠲᠣᠰᠬᠤᠨ ᠯᠤᠭ᠎ᠠ ᠬᠤᠯᠪᠣᠭᠠᠰᠤ ᠪᠠᠶᠢᠭᠤᠯᠬᠤ ᠵᠢᠴᠢ ᠪᠡᠭᠡᠵᠢᠩ ᠥᠪᠥᠷ ᠮᠣᠩᠭᠤᠯ ᠤᠨ ᠠᠷᠠᠳ ᠠᠴᠠ ᠡᠵᠡᠩᠨᠡᠭᠰᠡᠨ ᠠᠵᠤᠠᠬᠤᠶᠢᠯᠠᠯ ᠤᠨ ᠬᠢᠯᠢ ᠬᠢᠵᠠᠭᠠᠷ ᠣᠷᠣᠨ ᠳᠤ ᠣᠷᠣᠬᠤ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠢ ᠡᠷᠭᠢᠯᠡᠪᠡ᠃       ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠳᠠᠶᠢᠴᠢᠨ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠲᠡᠷᠢᠭᠦᠯᠡᠭᠴᠢ ᠠᠨ ᠷᠦᠨ ᠱᠧᠩ ᠣᠷᠣᠯᠴᠠᠪᠠ᠃         ᠣᠶᠢᠯᠠᠭᠠᠭᠰᠠᠨ ᠢᠶᠠᠷ᠂  ᠵᠠᠭᠤᠨ ᠠᠵᠤ ᠠᠬᠤᠶᠢᠯᠠᠯ  ᠬᠤᠳᠠᠯᠳᠤᠭᠠᠨ ᠤ ᠨᠡᠶᠢᠭᠡᠮᠯᠢᠭ    ᠵᠣᠬᠢᠶᠠᠨ ᠪᠠᠶᠢᠭᠤᠯᠬᠤ ᠪᠠ ᠬᠥᠲᠥᠯᠥᠨ ᠵᠢᠯᠣᠭᠤᠳᠴᠤ ᠪᠠᠶᠢᠭᠠᠳᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠵᠠᠭᠤᠨ ᠲᠣᠰᠬᠤᠨ ᠯᠤᠭ᠎ᠠ ᠬᠤᠯᠪᠣᠭᠠᠰᠤ ᠪᠠᠶᠢᠭᠤᠯᠬᠤ᠂ ᠪᠡᠭᠡᠵᠢᠩ ᠬᠤᠳᠠ ᠶᠢᠨᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ《  ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ 》 ᠳᠤ ᠣᠷᠣᠯᠴᠠᠬᠤ ᠶᠢ ᠠᠬᠢᠭᠤᠯᠬᠤ ᠪᠠᠷ ᠳᠠᠮᠵᠢᠭᠤᠯᠤᠨ᠂ ᠬᠥᠳᠡᠭᠡ ᠲᠣᠰᠬᠤᠨ ᠤ ᠣᠨᠴᠠᠯᠢᠭᠲᠤ ᠡᠬᠢ ᠪᠠᠶᠠᠯᠢᠭ ᠢ ᠭᠦᠨᠵᠡᠭᠡᠢ ᠠᠭᠤᠳᠠᠯᠵᠤ᠂ ᠲᠣᠰᠬᠤᠨ ᠠᠵᠤ ᠠᠬᠤᠶᠢᠯᠠᠯ ᠬᠠᠮᠲᠤᠷᠠᠯᠴᠠᠨ ᠬᠠᠮᠲᠤ ᠪᠠᠷ ᠠᠰᠢᠭ ᠬᠦᠷᠳᠡᠬᠦ ᠤᠷᠳᠤᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠲᠤᠳᠬᠠᠵᠤ᠂ ᠥᠪᠥᠷ ᠮᠣᠩᠭᠤᠯ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦᠭᠡᠵᠦ ᠪᠣᠢ᠃     
  ᠥᠪᠥᠷ ᠮᠣᠩᠭᠤᠯ ᠤᠨ ᠵᠠᠰᠠᠭ ᠤᠨ ᠣᠷᠳᠣᠨ