ᠪᠦᠬᠦ ᠣᠷᠣᠨ ᠤ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠳ ᠵᠡᠷᠭᠡ ᠵᠠᠯᠠᠭᠤᠴᠤᠳ ᠲᠤ ᠠᠵᠢᠯ ᠣᠯᠭᠤᠵᠤ ᠦᠢᠯᠡᠰ ᠪᠣᠰᠬᠠᠬᠤ ᠠᠵᠢᠯ ᠤᠨ ᠲᠧᠯᠸᠢᠰ ᠤᠲᠠᠰᠤᠲᠤ ᠬᠤᠷᠠᠯ ᠬᠤᠷᠠᠯᠳᠤᠪᠠ  ᠴᠢ᠊ ᠪᠠᠲᠤ ᠶᠠᠷᠢᠶ᠎ᠠ ᠲᠠᠯᠪᠢᠵᠤ  ᠪᠦᠦ ᠰᠢᠶᠠᠨ ᠬᠤᠸᠠ  ᠶᠠᠩ ᠵᠢᠶᠧ ᠬᠤᠷᠠᠯ ᠳᠤ ᠣᠷᠣᠯᠴᠠᠪᠠ
  
2023/5/25
      5 ᠳ᠋ᠤᠭᠠᠷ ᠰᠠᠷ᠎ᠠ ᠶᠢᠨ 23 ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠪᠥᠬᠦ ᠣᠷᠣᠨ ᠤ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠳ ᠵᠡᠷᠭᠡ ᠵᠠᠯᠠᠭᠤᠴᠤᠳ ᠲᠤ ᠠᠵᠢᠯ ᠣᠯᠭᠤᠵᠤ ᠦᠢᠯᠡᠰ ᠪᠣᠰᠬᠠᠬᠤ ᠠᠵᠢᠯ ᠤᠨ ᠲᠧᠯᠸᠢᠰ ᠤᠲᠠᠰᠤᠲᠤ ᠬᠤᠷᠠᠯ ᠢ ᠬᠤᠷᠠᠯᠳᠤᠭᠤᠯᠪᠠ᠃        ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠴᠢ᠊ ᠪᠠᠲᠤ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠦᠦ ᠰᠢᠶᠠᠨ ᠬᠤᠸᠠ ᠪᠥᠬᠦ ᠤᠯᠤᠰ ᠤᠨ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠳ ᠵᠡᠷᠭᠡ ᠵᠠᠯᠠᠭᠤᠴᠤᠳ ᠲᠤ ᠠᠵᠢᠯ ᠣᠯᠭᠤᠵᠤ ᠦᠢᠯᠡᠰ ᠪᠣᠰᠬᠠᠬᠤ ᠠᠵᠢᠯ ᠤᠨ ᠲᠧᠯᠸᠢᠰ ᠤᠲᠠᠰᠤᠲᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠰᠤᠷᠭᠠᠨ ᠬᠥᠮᠦᠵᠢᠯ ᠤᠨ ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠭᠤᠣᠯ ᠬᠠᠷᠢᠭᠤᠴᠠᠯᠭᠠᠲᠠᠨ ᠨᠥᠬᠦᠳ ᠰᠠᠨᠠᠯ ᠢᠶᠠᠨ ᠰᠣᠯᠢᠯᠴᠠᠪᠠ᠃       ᠬᠤᠷᠠᠯ ᠠᠴᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠡᠯ᠎ᠡ ᠶᠡᠭᠡ ᠳᠡᠭᠡᠳᠦ ᠰᠤᠷᠭᠠᠭᠤᠯᠢ ᠶᠢᠨ ᠬᠢᠨ ᠤᠯᠤᠰ ᠲᠦᠷᠦ ᠶᠢᠨ ᠵᠣᠭᠰᠣᠴᠠ ᠪᠠᠨ ᠦᠨᠡᠨ ᠬᠦᠳᠡᠭᠡᠭᠰᠢᠯᠡᠭᠦᠯᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠠᠵᠢᠯ ᠤᠨ ᠨᠡᠶᠢᠯᠡᠮᠡᠯ ᠤᠨ ᠬᠦᠴᠦᠨ ᠢ ᠥᠷᠭᠡᠨ ᠢᠶᠠᠷ ᠨᠢᠭᠲᠠᠷᠠᠭᠤᠯᠵᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠢᠯ ᠣᠯᠭᠤᠵᠤ ᠦᠢᠯᠡᠰ ᠪᠣᠰᠬᠠᠬᠤ ᠠᠷᠭ᠎ᠠ ᠵᠠᠮ ᠢ ᠢᠳᠡᠪᠬᠢᠲᠡᠢ ᠥᠷᠭᠡᠳᠬᠡᠵᠦ᠂ ᠠᠵᠢᠯ ᠣᠯᠭᠤᠵᠤ ᠦᠢᠯᠡᠰ ᠪᠣᠰᠬᠠᠬᠤ ᠦᠢᠯᠡᠴᠢᠯᠡᠭᠡᠨ ᠤ ᠶᠠᠰᠤ ᠴᠢᠨᠠᠷ ᠦᠷ᠎ᠡ ᠠᠰᠢᠭ ᠢ ᠬᠦᠴᠦᠯᠡᠨ ᠳᠡᠭᠡᠭᠰᠢᠯᠡᠭᠦᠯᠵᠦ᠂ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠳ ᠵᠡᠷᠭᠡ ᠵᠠᠯᠠᠭᠤᠴᠤᠳ ᠲᠤ ᠠᠵᠢᠯ ᠣᠯᠭᠤᠵᠤ ᠦᠢᠯᠡᠰ ᠪᠣᠰᠬᠠᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃     
  ᠥᠪᠥᠷ ᠮᠣᠩᠭᠤᠯ ᠤᠨ ᠵᠠᠰᠠᠭ ᠤᠨ ᠣᠷᠳᠣᠨ