ᠰᠢ ᠶᠢᠨ ᠫᠢᠩ 2023 ᠣᠨ ᠤ ᠵᠦᠩ ᠭᠤᠸᠠᠨ ᠼᠦᠨ ᠤ ᠶᠠᠷᠢᠶᠠᠨ ᠤ ᠲᠠᠪᠴᠠᠩ ᠳᠤ ᠪᠠᠶᠠᠷ ᠤᠨ ᠵᠠᠬᠢᠳᠠᠯ ᠢᠯᠡᠭᠡᠪᠡ
  
2023/5/29
       5 ᠰᠠᠷ᠎ᠠ ᠶᠢᠨ 25 ᠤ ᠡᠳᠦᠷ ᠂ ᠤᠯᠤᠰ ᠤᠨ ᠲᠡᠷᠢᠭᠦᠯᠡᠭᠴᠢ ᠰᠢ ᠶᠢᠨ ᠫᠢᠩ 2023 ᠣᠨ ᠤ ᠵᠦᠩ ᠭᠤᠸᠠᠨ ᠼᠦᠨ ᠤ ᠶᠠᠷᠢᠶᠠᠨ ᠤ ᠲᠠᠪᠴᠠᠩ ᠳᠤ ᠪᠠᠶᠠᠷ ᠤᠨ ᠵᠠᠬᠢᠳᠠᠯ ᠢᠯᠡᠭᠡᠪᠡ ᠃         ᠰᠢ ᠶᠢᠨ ᠫᠢᠩ ᠂ ᠣᠳᠣᠬᠠᠨ ᠳᠤ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠪᠣᠯᠣᠨ ᠠᠵᠤ ᠦᠢᠯᠡᠰ ᠤᠨ ᠬᠤᠪᠢᠰᠤᠯᠲᠠ ᠭᠦᠨᠵᠡᠭᠡᠶᠢᠷᠡᠨ ᠬᠥᠭᠵᠢᠵᠦ ᠂ ᠬᠥᠮᠥᠨ ᠲᠥᠷᠥᠯᠬᠢᠲᠡᠨ ᠬᠠᠮᠲᠤ ᠪᠠᠷ ᠬᠥᠭᠵᠢᠬᠦ ᠬᠦᠴᠢᠷ ᠠᠰᠠᠭᠤᠳᠠᠯ ᠢ ᠰᠢᠢᠳᠪᠦᠷᠢᠯᠡᠬᠦ ᠳᠤ ᠥᠩᠭᠡᠷᠡᠭᠰᠡᠨ ᠤ ᠠᠯᠢ ᠴᠤᠦᠶ᠎ᠡ ᠠᠴᠠ ᠢᠯᠡᠭᠦᠦ ᠤᠯᠠᠨ ᠤᠯᠤᠰ ᠤᠨ ᠬᠠᠮᠲᠤᠷᠠᠯᠴᠠᠭ᠎ᠠ ᠪᠣᠯᠣᠨ ᠨᠡᠭᠡᠭᠡᠯᠲᠡ ᠬᠢᠵᠦ ᠬᠠᠮᠲᠤ ᠪᠠᠷ ᠡᠳ᠋ᠯᠡᠬᠦ ᠶᠢ ᠱᠠᠭᠠᠷᠳᠠᠵᠤ ᠪᠠᠶᠢᠨ᠎ᠠ ᠃ ᠳᠤᠮᠳᠠᠳᠤ ᠤᠯᠤᠰᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠨᠡᠭᠡᠭᠡᠯᠲᠡᠲᠤ ᠪᠠᠶᠢᠯᠳᠤᠬᠤ ᠪᠣᠳᠣᠯᠭ᠎ᠠ ᠶᠢ ᠡᠷᠡᠰ ᠬᠡᠷᠡᠭᠵᠢᠭᠦᠯᠵᠦ ᠂ ᠳᠤᠷᠠᠲᠠᠶ᠎ᠠ ᠳᠡᠯᠡᠬᠡᠢ ᠶᠢᠨ ᠡᠯ᠎ᠡ ᠤᠯᠤᠰ ᠯᠤᠭ᠎ᠠ ᠬᠠᠮᠲᠤ ᠪᠠᠷ ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠭᠠᠷ ᠬᠤᠯᠪᠣᠨ ᠠᠬᠢᠭᠤᠯᠵᠤ ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠢᠶᠠᠷ ᠡᠯ᠎ᠡ ᠤᠯᠤᠰ ᠤᠨ ᠠᠷᠠᠳ ᠲᠦᠮᠡᠨ ᠳᠤ ᠨᠡᠩ ᠰᠠᠶᠢᠲᠤᠷ ᠪᠤᠶᠠᠨ ᠦᠢᠯᠡᠳᠬᠦ ᠶᠢ ᠠᠬᠢᠭᠤᠯᠤᠨ᠎ᠠ ᠭᠡᠵᠦ ᠵᠢᠭᠠᠵᠤ ᠭᠠᠷᠭᠠᠪᠠ ᠃        ᠰᠢ ᠶᠢᠨ ᠫᠢᠩ ᠂ ᠪᠡᠭᠡᠵᠢᠩ ᠤᠨ ᠬᠢᠨ ᠰᠤᠷᠭᠠᠨ ᠬᠥᠮᠦᠵᠢᠯ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠂ ᠴᠢᠳᠠᠪᠤᠷᠢᠲᠠᠨ ᠤ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠳᠦᠷᠢᠮ ᠤᠨ ᠰᠢᠨ᠎ᠡ ᠶᠢ ᠡᠭᠦᠳᠬᠦ ᠶᠢ ᠬᠠᠮᠵᠢᠯᠴᠠᠨ ᠠᠬᠢᠭᠤᠯᠵᠤ ᠂ ᠵᠥᠩᠭᠤᠸᠠᠨ ᠼᠦᠨ ᠤ ᠤᠷᠢᠳ ᠢᠶᠠᠷ ᠬᠡᠷᠡᠭᠵᠢᠭᠦᠯᠵᠦ ᠤᠷᠢᠳ ᠢᠶᠠᠷ ᠲᠤᠷᠰᠢᠬᠤ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ ᠂ ᠳᠡᠯᠡᠬᠡᠢ ᠶᠢᠨ ᠲᠡᠷᠢᠭᠦᠨ ᠤ ᠰᠢᠨᠵᠢᠯᠡᠬᠦᠤᠬᠠᠭᠠᠨ ᠲᠧᠭᠨᠢᠭ ᠮᠡᠷᠭᠡᠵᠢᠯ ᠤᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠴᠢᠨᠠᠭᠰᠢᠳᠠ ᠲᠦᠷᠭᠡᠳᠬᠡᠵᠦ ᠂ ᠬᠤᠰᠢᠭᠤᠷᠠᠯ ᠮᠡᠷᠭᠡᠵᠢᠯ ᠤᠨ ᠰᠢᠨ᠎ᠡ ᠶᠢᠡᠭᠦᠳᠬᠦ ᠂ ᠳᠡᠭᠡᠳᠦ ᠨᠠᠷᠢᠯᠢᠭ ᠣᠷᠣᠶᠢᠯᠠᠭᠰᠠᠨ ᠠᠵᠤ ᠦᠢᠯᠡᠰ ᠤᠨ ᠬᠥᠭᠵᠢᠯᠲᠡ ᠶᠢᠨ ᠲᠠᠯ᠎ᠠ ᠪᠠᠷ ᠡᠮᠦᠨ᠎ᠡ ᠡᠩᠨᠡᠭᠡᠨ ᠳᠤ ᠬᠤᠰᠢᠭᠤᠷᠠᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ ᠃        2023 ᠣᠨ ᠤ ᠵᠦᠩ ᠭᠤᠸᠠᠨ ᠼᠦᠨ ᠤ ᠶᠠᠷᠢᠶᠠᠨ ᠤ ᠲᠠᠪᠴᠠᠩ ᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠠᠮᠤᠨ ᠂ ᠤᠯᠤᠰ ᠤᠨ ᠬᠥᠭᠵᠢᠭᠦᠯᠦᠯᠲᠡᠪᠠ ᠥᠭᠡᠷᠡᠴᠢᠯᠡᠯᠲᠡ ᠶᠢᠨ ᠵᠥᠪᠯᠡᠯ ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠤᠯᠤᠰ ᠤᠨᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠂ ᠳᠤᠮᠳᠠᠳᠤ ᠤᠯᠤᠰ ᠤᠨᠢᠨᠵᠧᠨᠧᠷᠢᠩ ᠤᠨ ᠬᠦᠷᠢᠶᠡᠯᠡᠩ ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠲᠸᠭᠨ᠋ᠶᠢᠡ ᠮᠡᠷᠭᠡᠵᠢᠯ ᠤᠨ ᠨᠡᠶᠢᠭᠡᠮᠯᠢᠭ ᠂ ᠪᠡᠭᠡᠵᠢᠩ ᠬᠤᠳᠠ ᠶᠢᠨ ᠵᠠᠰᠠᠭ ᠤᠨ ᠣᠷᠳᠣᠨᠬᠠᠮᠲᠤ ᠪᠠᠷ ᠭᠤᠣᠯᠯᠠᠨ ᠡᠷᠭᠢᠯᠡᠵᠦ ᠂ 25 ᠤ ᠡᠳᠦᠷ ᠪᠡᠭᠡᠵᠢᠩ ᠳᠤ ᠡᠬᠢᠯᠡᠵᠦ ᠂  《ᠨᠡᠭᠡᠭᠡᠯᠲᠡ ᠬᠢᠵᠦ ᠬᠠᠮᠲᠤᠷᠠᠯᠴᠠᠨ ᠂ ᠢᠷᠡᠭᠡᠳᠦᠢ ᠪᠠᠨ ᠬᠠᠮᠲᠤ ᠪᠠᠷ ᠡᠳ᠋ᠯᠡᠶ᠎ᠡ 》 ᠪᠠᠷᠭᠤᠣᠯ ᠰᠡᠳᠦᠪ ᠢᠶᠠᠨ ᠪᠣᠯᠭᠠᠪᠠ ᠃          ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 25 ᠤ ᠴᠠᠭᠢᠯᠭᠠᠨ ᠮᠡᠳᠡᠭᠡ    
  ᠥᠪᠥᠷ ᠮᠣᠩᠭᠤᠯ ᠤᠨ ᠡᠳᠦᠷ ᠤᠨ ᠰᠣᠨᠢᠨ