| | 6 ᠰᠠᠷ᠎ᠠ ᠶᠢᠨ 7 ᠡᠳᠦᠷ᠂ 2023 ᠣᠨ ᠤ ᠪᠥᠬᠦ ᠤᠯᠤᠰ ᠤᠨ ᠶᠡᠭᠡ | ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠤᠯᠤᠰ ᠤᠨ | ᠨᠢᠭᠡᠳᠦᠯᠲᠡᠶ ᠰᠢᠯᠭᠠᠯᠲᠠ ᠡᠬᠢᠯᠡᠪᠡ᠃ ᠬᠤᠲᠠ ᠶᠢᠨ ᠨᠠᠮ ᠤᠨ | ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ | ᠬᠤᠷᠢᠶᠠᠨ ᠤ ᠱᠦᠵᠢ ᠪᠠᠶ ᠬᠠᠶ ᠯᠢᠨ᠂ ᠬᠤᠲᠠ ᠶᠢᠨ ᠳᠡᠳ᠋ | ᠳᠠᠷᠤᠭ᠎ᠠ ᠮᠠ ᠶᠤᠸᠠᠢ ᠳ᠋ᠦᠩ 2023 ᠣᠨ ᠤ ᠶᠡᠭᠡ ᠳᠡᠭᠡᠳᠦ | ᠰᠤᠷᠭᠠᠭᠤᠯᠢ ᠳᠤ ᠰᠣᠷᠣᠭᠴᠢ ᠡᠯᠰᠡᠬᠦ ᠤᠯᠤᠰ ᠤᠨ ᠨᠢᠭᠡᠳᠦᠯᠲᠡᠶ | ᠰᠢᠯᠭᠠᠯᠲᠠ ᠶᠢᠨᠠᠵᠢᠯ ᠢ ᠲᠤᠬᠠᠶ ᠶᠢᠨ ᠲᠠᠯᠠᠪᠠᠢ ᠳᠤ ᠨᠢ | ᠲᠣᠭᠤᠷᠢᠨ ᠪᠠᠶᠢᠴᠠᠭᠠᠪᠠ᠃ | | | | ᠬᠤᠲᠠ ᠶᠢᠨ ᠰᠤᠷᠭᠠᠨ ᠬᠥᠮᠦᠵᠢᠯ ᠤᠨ ᠰᠣᠷᠣᠭᠴᠢ ᠡᠯᠰᠡᠬᠦ | ᠰᠢᠯᠭᠠᠯᠲᠠ ᠶᠢᠨ ᠲᠥᠪ ᠲᠤ᠂ ᠪᠠᠶ ᠬᠠᠶ ᠯᠢᠨ ᠨᠡᠷ ᠪᠥᠬᠦ | ᠬᠤᠲᠠ ᠶᠢᠨ ᠶᠡᠭᠡ ᠳᠡᠭᠡᠳᠦᠰᠤᠷᠭᠠᠭᠤᠯᠢ ᠳᠤ ᠰᠣᠷᠣᠭᠴᠢ | ᠡᠯᠰᠡᠬᠦ ᠤᠯᠤᠰ ᠤᠨ ᠨᠢᠭᠡᠳᠦᠯᠳᠡᠢ ᠰᠢᠯᠭᠠᠯᠲᠠ ᠶᠢᠨ ᠪᠦᠬᠦᠯᠢ | ᠴᠣᠭᠴᠠ ᠶᠢᠨ ᠪᠠᠶᠢᠳᠠᠯ᠂ ᠦᠢᠯᠡᠴᠢᠯᠡᠭᠡ ᠪᠠᠲᠤᠯᠠᠭ᠎ᠠ ᠵᠢᠴᠢ | ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠵᠡᠷᠭᠡ | ᠠᠵᠢᠯ ᠤᠨ ᠪᠠᠶᠢᠳᠠᠯ ᠢ ᠰᠣᠨᠣᠰᠤᠭᠰᠠᠨ ᠪᠥᠭᠡᠳ ᠬᠢᠨᠠᠨ | ᠡᠵᠡᠮᠳᠡᠬᠦ ᠲᠠᠪᠴᠠᠩ ᠢᠶᠠᠷ ᠳᠠᠮᠵᠢᠭᠤᠯᠤᠨ ᠡᠯ᠎ᠡ | ᠰᠢᠯᠭᠠᠯᠲᠠ ᠶᠢᠨ ᠲᠠᠯᠠᠪᠤᠷ ᠤᠨ ᠪᠠᠶᠢᠳᠠᠯ ᠢ ᠪᠠᠶᠢᠴᠠᠭᠠᠨ | ᠦᠵᠡᠪᠡ᠃ ᠬᠠᠶᠢᠯᠠᠷ ᠤᠨ ᠬᠤᠶᠠᠳᠤᠭᠠᠷ ᠳᠤᠮᠳᠠᠳᠤ ᠰᠤᠷᠭᠠᠭᠤᠯᠢ᠂ | ᠬᠠᠶᠢᠯᠠᠷ ᠤᠨ ᠭᠤᠷᠪᠠᠳᠤᠭᠠᠷ ᠳᠤᠮᠳᠠᠳᠤ ᠰᠤᠷᠭᠠᠭᠤᠯᠢ᠂ | ᠬᠠᠶᠢᠯᠠᠷ ᠲᠠᠬᠢ ᠨᠢᠭᠡᠳᠦᠭᠡᠷ ᠳᠤᠮᠳᠠᠳᠤ ᠰᠤᠷᠭᠠᠭᠤᠯᠢ᠂ | ᠡᠸᠡᠩᠬᠢ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ | ᠴᠡᠭ ᠲᠤ ᠰᠢᠯᠭᠠᠯᠲᠠ ᠶᠢᠨᠴᠡᠭ ᠤᠨ ᠲᠣᠭᠤᠷᠢᠨ ᠳᠠᠬᠢ ᠣᠷᠴᠢᠨ | ᠲᠣᠭᠤᠷᠢᠨ ᠢ ᠶᠡᠷᠦᠩᠬᠡᠶᠢᠯᠡᠨ ᠵᠠᠰᠠᠬᠤ᠂ ᠡᠮᠴᠢᠯᠡᠭᠡᠨ ᠤ | ᠠᠵᠢᠯᠲᠠᠨ ᠢ ᠲᠣᠬᠢᠷᠠᠭᠤᠯᠬᠤ᠂ ᠠᠮᠤᠷ ᠲᠦᠪᠰᠢᠨ ᠢ | ᠬᠠᠮᠠᠭᠠᠯᠠᠬᠤ ᠵᠡᠷᠭᠡ ᠡᠯ᠎ᠡ ᠵᠦᠢᠯ ᠤᠨ ᠠᠵᠢᠯ ᠢ | ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ | ᠣᠶᠢᠯᠠᠭᠠᠪᠠ᠃ | ᠪᠠᠢ ᠬᠠᠢ ᠯᠢᠨ᠂ ᠬᠤᠯᠪᠣᠭᠳᠠᠯ ᠪᠦᠬᠦᠢ ᠭᠠᠵᠠᠷ ᠣᠷᠣᠨ ᠤ | ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠦᠢᠯᠡᠴᠢᠯᠡᠬᠦ | ᠤᠬᠠᠮᠰᠠᠷ ᠢᠶᠠᠨ ᠴᠢᠩᠭᠠᠳᠬᠠᠵᠤ᠂ᠴᠠᠬᠢᠯᠭᠠᠨ ᠬᠦᠴᠦᠨ ᠤ | ᠬᠠᠩᠭᠠᠯᠭ᠎ᠠ᠂ ᠠᠮᠤᠷ ᠢ ᠬᠠᠮᠠᠭᠠᠯᠠᠬᠤ ᠲᠣᠭᠤᠷᠢᠨ | ᠪᠠᠶᠢᠴᠠᠭᠠᠯᠲᠠ ᠵᠡᠷᠭᠡ ᠡᠯ᠎ᠡ ᠵᠦᠢᠯ ᠤᠨ ᠪᠠᠲᠤᠯᠠᠭ᠎ᠠ ᠶᠢᠨ | ᠠᠵᠢᠯ ᠢ ᠨᠠᠷᠢᠨ ᠬᠢᠨᠠᠮᠠᠭᠠᠢᠰᠠᠶᠢᠲᠤᠷ ᠬᠢᠵᠦ᠂ ᠥᠷᠭᠡᠨ ᠤᠯᠠᠨ | ᠰᠢᠯᠭᠠᠭᠤᠯᠤᠭᠴᠢ ᠳᠤ ᠠᠮᠤᠷ ᠲᠦᠪᠰᠢᠨ᠂ ᠲᠠᠭᠠᠯᠠᠮᠵᠢᠲᠠᠢ | ᠰᠢᠯᠭᠠᠯᠲᠠ ᠶᠢᠨ ᠣᠷᠴᠢᠨ ᠲᠣᠭᠤᠷᠢᠨ ᠢ ᠪᠦᠬᠦ | ᠬᠦᠴᠦ ᠪᠠᠷ ᠢᠶᠠᠨᠪᠤᠢ ᠪᠣᠯᠭᠠᠬᠤ ᠬᠡᠷᠡᠭᠲᠡᠢ︔ ᠴᠢᠩᠭ᠎ᠠ | ᠨᠢᠮᠪᠠᠢ ᠵᠣᠬᠢᠶᠠᠨ ᠪᠠᠶᠢᠭᠤᠯᠵᠤ᠂ ᠴᠢᠩᠭ᠎ᠠ ᠬᠠᠮᠢᠶᠠᠷᠤᠨ᠂ | ᠰᠠᠬᠢᠯᠭ᠎ᠠ ᠪᠠᠲᠤ ᠶᠢ ᠴᠢᠩᠳᠠᠯᠠᠵᠤ᠂ ᠲᠤᠰ ᠲᠤᠰ ᠤᠨ ᠲᠤᠰᠢᠶᠠᠯ | ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠨ᠂ | ᠥᠴᠦᠬᠡᠨ ᠴᠦ ᠣᠰᠣᠯᠳᠠᠬᠤ ᠦᠭᠡᠢ᠂ ᠨᠢᠭᠲᠠ ᠠᠴᠠ ᠨᠢᠭᠲᠠ | ᠪᠠᠶᠢᠬᠤ ᠶᠢ ᠪᠡᠶᠡᠯᠡᠭᠦᠯᠵᠦ᠂ ᠥᠷᠭᠡᠨ | ᠤᠯᠠᠨᠰᠢᠯᠭᠠᠭᠤᠯᠤᠭᠰᠠᠳ ᠢ ᠰᠡᠳᠬᠢᠯ ᠠᠮᠤᠷ ᠰᠢᠯᠭᠠᠯᠲᠠ ᠳᠤ | ᠣᠷᠣᠯᠴᠠᠵᠤ᠂ ᠰᠢᠯᠢᠳᠡᠭ ᠬᠢᠷᠢ ᠪᠦᠲᠦᠮᠵᠢ ᠰᠢᠯᠭᠠᠭᠤᠯᠬᠤ ᠶᠢ | ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | | | | | |