ᠭᠤᠤ ᠷᠦᠨ ᠰᠢ ᠬᠤᠲᠠ ᠶᠢᠨ ᠨᠠᠮ ᠤᠨ ᠬᠤᠷᠢᠶᠠᠨ ᠤ ᠰᠦᠯᠵᠢᠶᠡᠨ ᠤ ᠠᠮᠤᠷ ᠲᠦᠪᠰᠢᠨ ᠪᠣᠯᠤᠨ ᠮᠡᠳᠡᠭᠡ ᠵᠠᠩᠭᠢᠵᠢᠯᠲᠠ ᠶᠢᠨ ᠵᠦᠪᠯᠡᠯ ᠤᠨ ᠬᠤᠷᠠᠯ ᠳᠡᠭᠡᠷ᠎ᠡ᠄ᠰᠦᠯᠵᠢᠶᠡᠨ ᠤ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠵᠤ ᠲᠤᠭᠠᠵᠢᠯᠲᠤ ᠠᠵᠤ ᠠᠬᠤᠢ ᠶᠢ ᠪᠤᠶᠢᠵᠢᠭᠤᠯᠤᠨ ᠪᠤᠵᠠᠭᠠᠶᠢᠷᠠᠭᠤᠯᠵᠤ ᠠᠵᠤ ᠠᠬᠤᠢᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠲᠡᠢ ᠦᠢᠯᠡᠴᠢᠯᠡᠭᠡᠨ ᠤ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ
  
2023/6/14
      6 ᠰᠠᠷ᠎ᠠ ᠶᠢᠨ 12 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ᠂ ᠬᠤᠲᠠ ᠶᠢᠨ ᠨᠠᠮ ᠤᠨ ᠬᠤᠷᠢᠶᠠᠨ ᠤ ᠰᠦᠯᠵᠢᠶᠡᠨ ᠤ ᠠᠮᠤᠷ ᠲᠦᠪᠰᠢᠨᠪᠠ ᠮᠡᠳᠡᠭᠡ ᠵᠠᠩᠭᠢᠵᠢᠯᠲᠠ ᠶᠢᠨ ᠵᠦᠪᠯᠡᠯ ᠤᠨ ᠡᠷᠬᠢᠯᠡᠭᠴᠢ ᠭᠤᠤ ᠷᠦᠨ ᠰᠢ ᠬᠤᠲᠠ ᠶᠢᠨ ᠨᠠᠮ ᠤᠨ ᠬᠤᠷᠢᠶᠠᠨ ᠤ ᠰᠦᠯᠵᠢᠶᠡᠨ ᠤ ᠠᠮᠤᠷ ᠲᠦᠪᠰᠢᠨ ᠪᠠ ᠮᠡᠳᠡᠭᠡᠵᠠᠩᠭᠢᠵᠢᠯᠲᠠ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠦᠯᠵᠢᠶᠡᠨ ᠤ ᠠᠮᠤᠷ ᠲᠦᠪᠰᠢᠨᠪᠠ ᠮᠡᠳᠡᠭᠡ ᠵᠠᠩᠭᠢᠵᠢᠯᠲᠠ ᠶᠢᠨ ᠵᠦᠪᠯᠡᠯ ᠤᠨ ᠬᠤᠶᠠᠳᠤᠭᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠠᠵᠢᠯ ᠤᠨ ᠪᠠᠶᠢᠳᠠᠯ ᠤᠨ ᠬᠠᠷᠢᠭᠤᠮᠡᠳᠡᠭᠦᠯᠦᠯᠲᠡ ᠶᠢ ᠲᠤᠰᠬᠠᠶ ᠰᠡᠳᠦᠪ ᠢᠶᠠᠷ ᠰᠣᠨᠣᠰᠴᠤ᠂ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠢ ᠰᠤᠳᠤᠯᠤᠨ ᠬᠢᠨᠠᠨ ᠵᠥᠪᠯᠡᠵᠦ᠂ ᠭᠤᠤᠯᠳᠠᠯᠭ᠎ᠠ ᠲᠠᠢᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠠᠵᠢᠯ ᠢ ᠪᠠᠶᠢᠷᠢᠯᠠᠭᠤᠯᠪᠠ᠃
0e769982026da4b4e9f6896342d60842_6382226667890831638416978.jpg
       ᠬᠤᠲᠠ ᠶᠢᠨ ᠤᠳᠤᠷᠢᠳᠤᠯᠭ᠎ᠠ ᠵᠢᠢ ᠶᠦᠩ ᠴᠢᠶᠠᠨ ᠵᠡᠷᠭᠡ ᠬᠤᠲᠠ ᠶᠢᠨ ᠨᠠᠮ ᠤᠨ ᠬᠤᠷᠢᠶᠠᠨ ᠤ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠵᠦᠪᠯᠡᠯ ᠤᠨ ᠳᠡᠳ᠋ ᠡᠷᠬᠢᠯᠡᠭᠴᠢ᠂ ᠭᠡᠰᠢᠭᠦᠳ ᠬᠤᠷᠠᠯ ᠳᠤ ᠣᠷᠣᠯᠴᠠᠪᠠ᠃    
4247797810f568d86532d56bc85ab6da_6382226672790831266980536.jpg
       ᠬᠤᠷᠠᠯ ᠠᠴᠠ᠂ ᠪᠥᠬᠦ ᠬᠤᠲᠠ ᠶᠢᠨ ᠡᠯ᠎ᠡ ᠱᠠᠲᠤ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ᠰᠦᠯᠵᠢᠶᠡᠨ ᠤ ᠬᠦᠴᠦᠷᠬᠡᠭ ᠤᠯᠤᠰ ᠤᠨ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠬᠢᠴᠢᠯᠠᠯᠳᠠ ᠶᠢᠨ ᠠᠵᠢᠯ ᠢ ᠰᠠᠶᠢᠲᠤᠷ ᠬᠢᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠪᠥᠬᠦ ᠲᠠᠯ᠎ᠠ ᠪᠠ ᠪᠠᠶᠢᠯᠳᠤᠬᠤ ᠪᠣᠳᠣᠯᠭ᠎ᠠ ᠶᠢᠨ ᠦᠨᠳᠦᠷᠴᠡ ᠠᠴᠠ ᠡᠯ᠎ᠡ ᠲᠠᠯ᠎ᠠ ᠶᠢᠨ ᠠᠵᠢᠯ ᠢ ᠨᠢᠭᠡᠳᠦᠯᠲᠡᠶ ᠲᠦᠯᠦᠪᠯᠡᠨ ᠠᠬᠢᠭᠤᠯᠵᠤ᠂ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠪᠠᠲᠤ ᠴᠢᠩᠭ᠎ᠠ ᠦᠢᠯᠡᠴᠢᠯᠡᠭᠡ᠂ ᠲᠤᠯᠭᠠᠭᠤᠷᠢᠯᠠᠯ ᠪᠠ ᠪᠠᠲᠤᠯᠠᠭ᠎ᠠ ᠬᠠᠩᠭᠠᠬᠤ ᠪᠠᠷ ᠴᠢᠷᠮᠠᠶᠢᠬᠤ ᠬᠡᠷᠡᠭᠲᠡᠶ ᠭᠡᠵᠦ ᠵᠢᠭᠠᠵᠤ ᠭᠠᠷᠭᠠᠪᠠ᠃  
f561feac1014ef058935e006db0036b3_6382226670212706451157310.jpg
       ᠬᠤᠷᠠᠯ ᠠᠴᠠ᠂ ᠤᠯᠤᠰ ᠤᠨ ᠶᠡᠷᠦᠩᠬᠡᠢ ᠴᠤᠭᠴᠠ ᠶᠢᠨ ᠠᠮᠤᠷ ᠲᠦᠪᠰᠢᠨ ᠤ ᠦᠵᠡᠯᠲᠡ ᠶᠢ ᠲᠤᠭᠤᠰᠢᠯᠠᠭᠤᠯᠵᠤ᠂ ᠬᠢᠵᠠᠭᠠᠷ ᠱᠤᠭᠤᠮ ᠤᠨ ᠰᠡᠳᠬᠢᠬᠦᠢ ᠶᠢᠪᠠᠲᠤ ᠪᠤᠢ ᠪᠣᠯᠭᠠᠵᠤ᠂ ᠰᠦᠯᠵᠢᠶᠡᠨ ᠤ ᠠᠮᠤᠷ ᠲᠦᠪᠰᠢᠨ ᠤ ᠠᠵᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠪᠠᠶᠢᠷᠢᠯᠠᠭᠤᠯᠵᠤ᠂ ᠰᠦᠯᠵᠢᠶᠡᠨ ᠤ ᠮᠡᠳᠡᠭᠡᠵᠠᠩᠭᠢ ᠶᠢᠨ ᠠᠭᠤᠯᠭ᠎ᠠ ᠶᠢᠨ ᠠᠮᠢ ᠠᠬᠤᠢ ᠶᠢᠨ ᠵᠠᠰᠠᠯᠲᠠ ᠶᠢ ᠭᠦᠨᠵᠡᠭᠡᠶᠢᠷᠡᠭᠦᠯᠵᠦ᠂ ᠵᠠᠩᠭᠢᠯᠠᠭ᠎ᠠ ᠶᠢᠨ ᠮᠡᠳᠡᠭᠡ ᠵᠠᠩᠭᠢ ᠶᠢᠨ ᠰᠠᠭᠤᠷᠢ ᠲᠥᠬᠦᠭᠡᠷᠦᠮᠵᠢ ᠶᠢᠨ ᠠᠮᠤᠷᠲᠦᠪᠰᠢᠨ ᠤ ᠬᠠᠮᠠᠭᠠᠯᠠᠯᠲᠠ ᠶᠢ ᠴᠢᠩᠭᠠᠳᠬᠠᠵᠤ᠂ ᠰᠦᠯᠵᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠨᠢᠭᠲᠠ ᠪᠠᠬᠢᠯᠡᠬᠦ ᠶᠢ ᠪᠠᠲᠤᠯᠠᠬᠤ ᠬᠡᠷᠡᠭᠲᠡᠢ︔ᠰᠦᠯᠵᠢᠶᠡᠨ ᠳᠡᠭᠡᠷᠡᠬᠢ ᠤᠬᠠᠭᠤᠯᠭ᠎ᠠ ᠪᠠ ᠶᠠᠷᠢᠶ᠎ᠠ ᠬᠡᠯᠡᠯᠴᠡᠭᠡᠨ ᠤ ᠵᠢᠯᠤᠭᠤᠳᠤᠯᠭ᠎ᠠ ᠶᠢ ᠰᠤᠷᠲᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠤᠨ ᠴᠢᠬᠤᠯᠠ ᠠᠴᠠᠴᠢᠬᠤᠯᠠ ᠵᠦᠢᠯ ᠪᠣᠯᠭᠠᠨ ᠠᠳᠬᠤᠵᠤ᠂ ᠭᠤᠣᠯ ᠤᠷᠤᠰᠬᠠᠯ ᠤᠨ ᠳᠠᠭᠤ ᠬᠤᠭᠤᠯᠠᠢ ᠶᠢ ᠳᠠᠮᠵᠢᠭᠤᠯᠵᠤ᠂ ᠡᠷᠡᠯᠬᠡᠭᠯᠡᠨ ᠤᠷᠤᠭᠰᠢᠯᠠᠬᠤ ᠬᠦᠴᠦᠨ ᠢ ᠬᠥᠭᠵᠢᠭᠡᠵᠦ᠂ᠪᠦᠯᠬᠦᠮᠳᠡᠨ ᠲᠡᠮᠡᠴᠡᠬᠦ ᠬᠠᠮᠲᠤ ᠶᠢᠨ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠬᠦ ᠬᠡᠷᠡᠭᠲᠡᠢ︔ ᠶᠡᠷᠦᠩᠬᠡᠶᠢᠯᠡᠭᠰᠡᠨ ᠦᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠪᠠᠷᠭᠤᠣᠯ ᠰᠢᠵᠢᠮ ᠪᠣᠯᠭᠠᠵᠤ᠂ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ ᠳᠤᠲᠠᠭᠤᠳᠠᠯ ᠪᠠᠭᠤᠷᠠᠢ ᠲᠠᠯ᠎ᠠ ᠪᠠᠨ ᠨᠥᠬᠦᠪᠥᠷᠢᠯᠡᠵᠦ᠂ ᠥᠭᠡᠷᠡᠴᠢᠯᠡᠯᠲᠡ ᠶᠢᠦᠷᠭᠦᠯᠵᠢᠯᠡᠨ ᠭᠦᠨᠵᠡᠭᠡᠶᠢᠷᠡᠭᠦᠯᠵᠦ᠂ ᠮᠡᠳᠡᠭᠡ ᠵᠠᠩᠭᠢᠵᠢᠯᠲᠠ ᠶᠢᠨ ᠲᠣᠭᠠᠴᠢᠯᠠᠭᠰᠠᠨ ᠬᠥᠭᠵᠢᠯᠲᠡ ᠳᠤ ᠰᠠᠭᠤᠷᠢ ᠲᠤᠯᠭᠠᠭᠤᠷᠢᠯᠠᠯ ᠬᠠᠩᠭᠠᠬᠤ ᠬᠡᠷᠡᠭᠲᠡᠢ︔ ᠰᠢᠨ᠎ᠡ ᠶᠢᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠪᠠᠷᠢᠮᠲᠠᠯᠠᠵᠤ᠂ ᠲᠤᠭᠠᠵᠢᠯᠲᠤ ᠠᠵᠤ ᠠᠬᠤᠢ ᠶᠢ ᠪᠤᠶᠢᠵᠢᠭᠤᠯᠤᠨ ᠪᠤᠵᠠᠭᠠᠶᠢᠷᠠᠭᠤᠯᠵᠤ᠂ ᠲᠣᠭᠠᠴᠢᠯᠠᠭᠰᠠᠨ ᠮᠡᠷᠭᠡᠵᠢᠯ ᠢᠶᠠᠷᠡᠨᠧᠷᠭᠢ ᠣᠯᠭᠤᠬᠤ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠵᠦ᠂ ᠬᠥᠯᠥᠨ ᠪᠤᠶᠢᠷ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨᠰᠢᠨ᠎ᠡ ᠳᠠᠪᠠᠭᠤᠯᠢᠭ ᠢ ᠲᠦᠷᠭᠡᠳᠬᠡᠨ ᠪᠤᠶᠢᠵᠢᠭᠤᠯᠬᠤ ᠬᠡᠷᠡᠭᠲᠡᠢ︔ 《ᠨᠢᠭᠡ ᠬᠥᠯᠭᠡ ᠰᠢᠲᠠᠷ᠎ᠠ》  ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠨᠠᠮ ᠤᠨᠤᠳᠤᠷᠢᠳᠤᠯᠭ᠎ᠠ ᠶᠢ ᠴᠢᠩᠭᠠᠳᠬᠠᠨ᠂ ᠬᠠᠷᠢᠭᠤᠴᠠᠯᠭ᠎ᠠ ᠶᠢᠨ ᠬᠡᠯᠬᠢᠶ᠎ᠡ ᠶᠢ ᠴᠢᠩᠭᠠᠯᠠᠵᠤ᠂ ᠴᠢᠳᠠᠪᠤᠷᠢᠲᠠᠨ ᠤ ᠡᠩᠨᠡᠭᠡ ᠶᠢ ᠪᠠᠶᠢᠭᠤᠯᠤᠨ ᠬᠦᠴᠦᠷᠬᠡᠭᠵᠢᠭᠦᠯᠵᠦ᠂ᠨᠠᠶᠢᠳᠠᠪᠤᠷᠢᠵᠢᠭᠤᠯᠤᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠰᠦᠯᠵᠢᠶᠡᠨ ᠤ ᠬᠦᠴᠦᠷᠬᠡᠭ ᠤᠯᠤᠰ᠂ ᠲᠤᠭᠠᠵᠢᠯᠲᠤ ᠳᠤᠮᠳᠠᠳᠤ ᠤᠯᠤᠰ ᠢᠪᠦᠲᠦᠭᠡᠨ ᠪᠠᠶᠢᠭᠤᠯᠬᠤ ᠳᠤ ᠬᠥᠯᠥᠨ ᠪᠤᠶᠢᠷ ᠤᠨ ᠬᠤᠪᠢ ᠨᠡᠮᠡᠷᠢ ᠶᠢ ᠦᠵᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃       
  ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ