ᠪᠥᠬᠦ ᠣᠷᠣᠨ ᠤ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠵᠢᠴᠢ ᠴᠠᠭ ᠠᠭᠤᠷ ᠤᠨ ᠴᠢᠨᠠᠷ ᠰᠠᠶᠢᠲᠠᠢ ᠬᠥᠭᠵᠢᠯᠲᠡ ᠶᠢᠨ ᠲᠧᠯᠸᠢᠰ ᠤᠲᠠᠰᠤ ᠬᠤᠷᠠᠯ ᠬᠤᠷᠠᠯᠳᠤᠪᠠ
  
2023/6/15
        6 ᠰᠠᠷ᠎ᠠ ᠶᠢᠨ 13 ᠤ ᠡᠳᠦᠷ᠂ 2023 ᠣᠨ ᠤ ᠪᠥᠬᠦ ᠣᠷᠣᠨ ᠤ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠵᠢᠴᠢ ᠴᠠᠭ ᠠᠭᠤᠷ ᠤᠨ ᠴᠢᠨᠠᠷ ᠰᠠᠶᠢᠲᠠᠢᠬᠥᠭᠵᠢᠯᠲᠡ ᠶᠢᠨ ᠲᠧᠯᠸᠢᠰ ᠤᠲᠠᠰᠤ ᠬᠤᠷᠠᠯ ᠬᠥᠬᠡᠬᠤᠲᠠ ᠳᠤ ᠬᠤᠷᠠᠯᠳᠤᠪᠠ᠃       ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠳᠠᠶᠢᠴᠢᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃        ᠬᠤᠷᠠᠯ ᠠᠴᠠ᠂ ᠡᠯ᠎ᠡ ᠱᠠᠲᠤᠨ ᠤ ᠴᠠᠭ ᠠᠭᠤᠷ ᠤᠨ ᠰᠠᠯᠠᠭ᠎ᠠ ᠮᠥᠴᠢᠷ ᠤᠨ ᠬᠢᠨ ᠭᠠᠮᠰᠢᠭ ᠤᠨ ᠴᠢᠨᠠᠷᠲᠠᠢ ᠴᠠᠭ ᠠᠭᠤᠷ ᠢ ᠬᠢᠨᠠᠨ ᠬᠡᠮᠵᠢᠵᠦ ᠤᠷᠢᠳᠴᠢᠯᠠᠨᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠪᠠᠨ ᠴᠢᠩᠭᠠᠳᠬᠠᠵᠤ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠬᠠᠨᠳᠤᠯᠭᠠᠲᠤ ᠴᠢᠨᠠᠷᠲᠠᠢ ᠪᠠᠷ ᠨᠡᠶᠢᠲᠡᠯᠡᠬᠦᠴᠢᠳᠠᠪᠤᠷᠢ ᠪᠠᠨ ᠳᠡᠭᠡᠭᠰᠢᠯᠡᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭ᠎ᠠ ᠶᠢᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠲᠡᠭᠦᠯᠳᠡᠷᠵᠢᠭᠦᠯᠵᠦ᠂ ᠮᠠᠯᠠᠵᠤ ᠠᠬᠤᠢ ᠲᠠᠷᠢᠶᠠᠯᠠᠩ ᠦᠢᠯᠡᠳᠪᠦᠷᠢᠯᠡᠯ ᠤᠨ ᠪᠥᠬᠦ ᠬᠡᠯᠬᠢᠶ᠎ᠡ ᠶᠢᠨ ᠪᠠᠲᠤᠯᠠᠭ᠎ᠠ ᠶᠢᠨ ᠦᠢᠯᠡᠴᠢᠯᠡᠭᠡ ᠶᠢ ᠰᠠᠶᠢᠲᠤᠷ ᠬᠢᠵᠦ᠂ ᠬᠥᠮᠥᠨ ᠤ ᠬᠦᠴᠦ ᠪᠠᠷ ᠴᠠᠭ ᠠᠭᠤᠷ ᠢᠨᠥᠯᠥᠭᠡᠯᠡᠬᠦ ᠠᠵᠢᠯ ᠢ ᠢᠳᠡᠪᠬᠢᠲᠡᠢ ᠥᠷᠨᠢᠭᠦᠯᠵᠦ᠂ ᠪᠥᠬᠦ ᠨᠡᠶᠢᠭᠡᠮ ᠤᠨ ᠠᠶᠤᠯ ᠲᠦᠭᠰᠢᠭᠦᠷᠢ ᠶᠢ ᠰᠡᠷᠭᠡᠶᠢᠯᠡᠬᠦ ᠤᠬᠠᠮᠰᠠᠷ ᠪᠣᠯᠣᠨ ᠴᠢᠳᠠᠪᠤᠷᠢ ᠶᠢ ᠳᠡᠭᠡᠭᠰᠢᠯᠡᠭᠦᠯᠵᠦ᠂ ᠪᠥᠬᠦ ᠣᠷᠣᠨ ᠤ ᠴᠠᠭ ᠠᠭᠤᠷ ᠤᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ 《ᠲᠠᠪᠤᠨ ᠶᠡᠭᠡ ᠡᠭᠦᠷᠭᠡ》 ᠶᠢ ᠨᠠᠶᠢᠳᠠᠪᠤᠷᠢᠵᠢᠭᠤᠯᠬᠤ ᠳᠤ ᠴᠠᠭ ᠠᠭᠤᠷ ᠤᠨ ᠬᠦᠴᠦᠲᠦ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠱᠠᠭᠠᠷᠳᠠᠪᠠ᠃ 
  ᠥᠪᠥᠷ ᠮᠣᠩᠭᠤᠯ ᠤᠨ ᠡᠳᠦᠷ ᠤᠨ ᠰᠣᠨᠢᠨ