| ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠴᠠᠭᠠᠨ | ᠰᠤᠳᠤᠯᠬᠤ ᠳᠤᠭᠤᠶᠢᠯᠠᠩ ᠬᠠᠶᠢᠯᠠᠷ ᠲᠣᠭᠤᠷᠢᠭ ᠲᠤ | ᠭᠦᠨᠵᠡᠭᠡᠶᠢᠷᠡᠵᠦ᠂ 《ᠪᠥᠬᠦ ᠶᠠᠪᠤᠴᠠ ᠶᠢᠨ ᠠᠷᠠᠳ ᠤᠨ | ᠠᠷᠠᠳᠴᠢᠯᠠᠯ ᠤᠨ ᠦᠢᠯᠡᠳᠦᠯᠭᠡ ᠶᠢ ᠦᠢᠯᠡᠳᠦᠯᠭᠡᠵᠢᠭᠦᠯᠬᠦ | ᠳᠤᠮᠳᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠶᠢᠨ ᠦᠢᠯᠡᠳᠦᠯ ᠢ ᠰᠠᠶᠢᠲᠤᠷ ᠪᠠᠳᠠᠷᠠᠭᠤᠯᠬᠤ | 》ᠲᠤᠬᠠᠶ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃ | ᠬᠥᠯᠥᠨ ᠪᠤᠶᠢᠷ ᠬᠤᠲᠠ ᠶᠢᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ | ᠡᠷᠬᠢᠯᠡᠭᠴᠢ ᠶᠢᠨ ᠢ ᠮᠢᠨ᠂ ᠬᠠᠶᠢᠯᠠᠷ ᠲᠣᠭᠤᠷᠢᠭ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠳᠡᠳ᠋ ᠡᠷᠬᠢᠯᠡᠭᠴᠢ ᠴᠢᠶᠠᠨ ᠵᠢᠶ ᠭᠤᠸᠠᠩ ᠪᠠᠷ᠎ᠠ | ᠪᠣᠯᠪᠠ ᠃ | | | | |  ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ | ᠬᠤᠵᠢᠳ ᠬᠠᠭ ᠪᠠᠯᠭᠠᠰᠤ᠂ ᠵᠢᠶᠠᠨ ᠺᠠᠩ ᠵᠡᠭᠡᠯᠢ ᠭᠤᠳᠤᠮᠵᠢ ᠶᠢᠨ | ᠰᠦᠩᠱᠠᠨ ᠨᠡᠶᠢᠭᠡᠮ ᠲᠣᠭᠤᠷᠢᠭ ᠲᠤ ᠬᠦᠷᠴᠦ ᠪᠠᠶᠢᠴᠠᠭᠠᠨ | ᠰᠤᠳᠤᠯᠪᠠ᠃ | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠬᠠᠶᠢᠯᠠᠷ | ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠣᠯᠤᠭᠰᠠᠨ ᠠᠮᠵᠢᠯᠲᠠ ᠪᠣᠯᠤᠨ ᠲᠤᠪᠤᠶᠢᠮ᠎ᠠ ᠬᠢᠯᠠᠰ | ᠴᠡᠭ ᠢ ᠭᠦᠢᠴᠡᠳ ᠨᠤᠲᠠᠯᠠᠬᠤ ᠶᠢᠨ ᠬᠠᠮᠲᠤ ᠡᠯ᠎ᠡ ᠱᠠᠲᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠶᠢᠨ ᠡᠭᠦᠷᠭᠡ ᠲᠤᠰᠢᠶᠠᠯ ᠢᠶᠠᠨ ᠭᠦᠢᠴᠡᠳᠬᠡᠬᠦ | ᠴᠢᠳᠠᠪᠤᠷᠢ ᠪᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ | ᠰᠤᠷᠪᠤᠯᠵᠢᠯᠠᠬᠤ᠂ ᠪᠠᠶᠢᠴᠠᠭᠠᠨ ᠰᠤᠳᠤᠯᠵᠤ᠂ ᠰᠠᠨᠠᠯ | ᠬᠤᠷᠢᠶᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ | ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠨᠢᠵᠤ | ᠬᠦᠰᠡᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠶᠢ | ᠬᠦᠰᠡᠵᠦ ᠪᠠᠶᠢᠨ᠎ᠠ᠂ ᠪᠠᠰᠠ 《ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠥᠯᠥᠭᠡᠯᠡᠭᠴᠢ ᠶᠢᠨ ᠭᠡᠷ》 ᠤᠨ | ᠪᠠᠶᠢᠭᠤᠯᠤᠯᠲᠠ ᠶᠢᠨ ᠲᠦᠪᠰᠢᠨ ᠢ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠤᠯᠠᠨ ᠬᠡᠯᠪᠡᠷᠢ ᠶᠢᠨ ᠠᠵᠢᠯᠯᠠᠭ᠎ᠠ | ᠥᠷᠨᠢᠭᠦᠯᠬᠦ ᠪᠠᠷ ᠳᠠᠮᠵᠢᠭᠤᠯᠤᠨ ᠲᠥᠯᠥᠭᠡᠯᠡᠭᠴᠢᠳ ᠤᠨ | ᠡᠭᠦᠷᠭᠡ ᠲᠤᠰᠢᠶᠠᠯ ᠢᠶᠠᠨ ᠭᠦᠢᠴᠡᠳᠬᠡᠬᠦ ᠬᠠᠯᠠᠭᠤᠨ | ᠰᠡᠳᠬᠢᠯᠭᠡ ᠶᠢ ᠬᠥᠭᠵᠢᠭᠡᠵᠦ᠂ 《ᠲᠥᠯᠥᠭᠡᠯᠡᠭᠴᠢᠳ ᠤᠨ ᠭᠡᠷ | ᠪᠦᠯᠢ》 ᠶᠢ ᠦᠨᠡᠨ ᠬᠦ ᠲᠥᠯᠥᠭᠡᠯᠡᠭᠴᠢᠳ ᠤᠨ ᠬᠡᠪ ᠴᠢᠨᠠᠷ ᠢᠶᠠᠨ | ᠴᠢᠩᠭᠠᠳᠬᠠᠬᠤ᠂ ᠤᠯᠠᠨ ᠲᠦᠮᠡᠨ ᠲᠠᠢ ᠬᠠᠷᠢᠯᠴᠠᠬᠤ᠂ | ᠠᠵᠢᠯᠯᠠᠭ᠎ᠠ ᠥᠷᠨᠢᠭᠦᠯᠬᠦ᠂ ᠬᠢᠨᠠᠯᠲᠠ ᠶᠢ ᠬᠦᠯᠢᠶᠡᠬᠦ | ᠴᠢᠬᠤᠯᠠ ᠲᠠᠪᠴᠠᠩ ᠪᠣᠯᠭᠠᠬᠤ ᠬᠡᠷᠡᠭᠲᠡᠢ ᠭᠡᠵᠡᠢ᠃ | | |