| | 6 ᠰᠠᠷ᠎ᠠ ᠶᠢᠨ 14 ᠤ ᠡᠳᠦᠷ᠂ ᠬᠠᠶᠢᠯᠠᠷ ᠲᠣᠭᠤᠷᠢᠭ ᠲᠠᠯ᠎ᠠ | ᠨᠤᠲᠤᠭ ᠤᠨ ᠮᠢᠳᠢ ᠬᠥᠭᠵᠢᠮ ᠤᠨ ᠨᠠᠶᠢᠷ ᠤᠨ ᠤᠳᠤᠷᠢᠳᠬᠤ | ᠳᠤᠭᠤᠶᠢᠯᠠᠩ ᠤᠨ ᠪᠥᠬᠦᠳᠡ ᠬᠤᠷᠠᠯ ᠬᠤᠷᠠᠯᠳᠤᠭᠤᠯᠪᠠ᠃ | ᠲᠣᠭᠤᠷᠢᠭ ᠤᠨ ᠨᠠᠮ ᠤᠨ ᠬᠤᠷᠢᠶᠠᠨ ᠤ ᠱᠦᠵᠢ ᠶᠠᠩ ᠵᠢᠶᠧ᠂ | ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ | ᠲᠣᠭᠤᠷᠢᠭ ᠤᠨ ᠳᠠᠷᠤᠭ᠎ᠠ ᠢᠦᠢ ᠮᠢᠨ ᠤᠳᠤᠷᠢᠳᠬᠤ | ᠳᠤᠭᠤᠶᠢᠯᠠᠩ ᠤᠨ ᠳᠠᠷᠤᠭ᠎ᠠ ᠶᠢᠨ ᠬᠤᠪᠢ ᠪᠠᠷ ᠣᠷᠣᠯᠴᠠᠪᠠ᠃ | ᠬᠤᠷᠠᠯ ᠠᠴᠠ ᠬᠠᠶᠢᠯᠠᠷ ᠤᠨ ᠲᠠᠯ᠎ᠠ ᠨᠤᠳᠤᠭ ᠤᠨ ᠮᠢᠳᠢ ᠲᠠᠭᠤᠤ | ᠬᠦᠭᠵᠢᠮ ᠤᠨ ᠨᠠᠶᠢᠷ ᠤᠨ ᠡᠯ᠎ᠡ ᠵᠦᠢᠯ ᠤᠨ ᠲᠦᠰᠦᠯ ᠢ ᠰᠤᠳᠤᠯᠤᠨ | ᠬᠢᠨᠠᠨ ᠵᠦᠪᠯᠡᠬᠦ ᠶᠢᠨ ᠬᠠᠮᠳᠤ ᠵᠠᠷᠴᠢᠮ ᠳᠡᠭᠡᠷ᠎ᠡ ᠪᠠᠨ | ᠪᠠᠲᠤᠯᠠᠵᠤ ᠱᠠᠨᠳᠦ᠋ᠩ ᠤᠨ ᠮᠢᠳᠢ ᠺᠤᠮᠫᠠᠨᠢ ᠶᠢᠨ ᠲᠡᠷᠢᠭᠦᠨ | ᠠᠵᠢᠯᠯᠠᠭᠤᠯᠤᠭᠴᠢ ᠶᠢᠨ ᠲᠠᠶᠢᠯᠪᠤᠷᠢᠯᠠᠭᠰᠠᠨ | ᠠᠵᠢᠯᠯᠠᠭ᠎ᠠ ᠶᠢᠨ ᠪᠠᠶᠢᠳᠠᠯ ᠵᠢᠴᠢ ᠬᠠᠶᠢᠯᠠᠷ ᠤᠨ ᠲᠠᠯ᠎ᠠ | ᠨᠤᠳᠤᠭ ᠤᠨ ᠮᠢᠳᠢ ᠲᠠᠭᠤᠤ ᠬᠦᠭᠵᠢᠮ ᠤᠨ ᠨᠠᠶᠢᠷ ᠤᠨ | ᠠᠵᠢᠯᠯᠠᠭ᠎ᠠ ᠶᠢᠨ ᠠᠬᠢᠴᠠ ᠶᠢ ᠰᠤᠨᠤᠰᠪᠠ᠃ | ᠬᠤᠷᠠᠯ ᠠᠴᠠ᠂ ᠪᠦᠬᠦ ᠲᠤᠭᠤᠷᠢᠭ ᠳᠠᠶᠠᠭᠠᠷ ᠢᠶᠠᠨ | ᠵᠣᠭᠰᠣᠴᠠ ᠪᠠᠨ ᠳᠡᠭᠡᠭᠰᠢᠯᠡᠭᠦᠯᠵᠦ᠂ ᠪᠠᠶᠢᠳᠠᠯ ᠢ ᠲᠣᠳᠣᠷᠬᠠᠢ | ᠲᠠᠨᠢᠵᠤ᠂ ᠮᠢᠳᠢ ᠳᠠᠭᠤᠤ ᠬᠥᠭᠵᠢᠮ ᠤᠨ ᠨᠠᠶᠢᠷ ᠢ ᠰᠠᠶᠢᠲᠤᠷ | ᠡᠷᠬᠢᠯᠡᠬᠦ ᠡᠭᠦᠷᠭᠡᠲᠦ ᠪᠤᠳᠤᠯ ᠢᠶᠠᠨ ᠴᠢᠩᠭᠠᠳᠬᠠᠵᠤ᠂ | ᠨᠢᠭᠡᠳᠦᠯᠲᠡᠢ ᠲᠥᠯᠥᠪᠵᠢᠭᠦᠯᠦᠨ ᠬᠠᠮᠵᠢᠯᠴᠠᠵᠤ᠂ ᠬᠠᠮᠲᠤᠷᠠᠯ | ᠬᠦᠴᠦᠨ ᠢ ᠪᠦᠷᠢᠯᠳᠦᠭᠦᠯᠵᠦ᠂ ᠮᠢᠳᠢ ᠳᠠᠭᠤᠤ ᠬᠥᠭᠵᠢᠮ ᠤᠨ | ᠨᠠᠶᠢᠷ ᠢ ᠰᠠᠶᠢᠲᠤᠷ ᠡᠷᠬᠢᠯᠡᠬᠦ ᠡᠯ᠎ᠡ ᠲᠠᠯ᠎ᠠ ᠶᠢᠨ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠠᠷᠠᠯᠲᠠ ᠪᠠᠨ | ᠲᠣᠭᠲᠠᠭᠠᠨ᠂ ᠤᠨᠢᠨ ᠳᠡᠭᠡᠷ᠎ᠡ ᠨᠢ ᠬᠦᠴᠦᠯᠡᠵᠦ᠂ ᠮᠢᠳᠢ ᠳᠠᠭᠤᠤ | ᠬᠥᠭᠵᠢᠮ ᠤᠨ ᠨᠠᠶᠢᠷ ᠤᠨ ᠲᠡᠭᠦᠰ ᠠᠮᠵᠢᠯᠲᠠ ᠤᠯᠬᠤ ᠶᠢ | ᠪᠠᠲᠤᠯᠠᠬᠤ ᠬᠡᠷᠡᠭᠲᠡᠢ᠃ | ᠣᠶᠢᠯᠠᠭᠠᠭᠰᠠᠨ ᠢᠶᠠᠷ᠂ ᠬᠠᠶᠢᠯᠠᠷ ᠲᠣᠭᠤᠷᠢᠭ 7 | ᠰᠠᠷ᠎ᠠ ᠶᠢᠨ 14 - 16 ᠤ ᠡᠳᠦᠷ ᠬᠤᠶᠠᠷ ᠭᠤᠣᠯ ᠠᠷᠢᠭᠤᠨ | ᠠᠭᠤᠯᠠ ᠶᠢᠨ ᠦᠵᠡᠮᠵᠢ ᠶᠢᠨ ᠣᠷᠣᠨ ᠳᠤ ᠲᠠᠯ᠎ᠠ ᠨᠤᠲᠤᠭ ᠤᠨ | ᠮᠢᠳᠢ ᠳᠠᠭᠤᠤ ᠬᠥᠭᠵᠢᠮ ᠤᠨ ᠨᠠᠶᠢᠷ ᠡᠷᠬᠢᠯᠡᠬᠦ ᠪᠠᠷ ᠪᠤᠢ᠃ | ᠳᠠᠭᠤᠤ ᠬᠥᠭᠵᠢᠮ ᠤᠨ ᠨᠠᠶᠢᠷ ᠤᠨ ᠬᠤᠭᠤᠴᠠᠭᠠᠨ ᠳᠤ ᠷᠤᠺ᠂ | ᠮᠧᠲ᠋ᠠᠯ ᠷᠤᠺ᠂ ᠠᠷᠠᠳ ᠤᠨ ᠳᠠᠭᠤᠤ᠂ ᠬᠥᠭᠵᠢᠮᠲᠦ ᠬᠥᠭᠵᠢᠮ᠂ | ᠫᠡᠩᠺ᠂ ᠫᠣᠫ ᠵᠡᠷᠭᠡ ᠣᠯᠠᠨ ᠵᠦᠢᠯ ᠤᠨ ᠬᠡᠪ ᠨᠠᠮᠪᠠ ᠶᠢᠨ ᠳᠠᠭᠤᠤ | ᠬᠥᠭᠵᠢᠮ ᠡᠭᠡᠯᠵᠢᠯᠡᠨ ᠲᠣᠭᠯᠠᠨ᠎ᠠ᠃ ᠬᠠᠶᠢᠯᠠᠷ ᠲᠣᠭᠤᠷᠢᠭ | ᠲᠠᠯ᠎ᠠ ᠨᠤᠲᠤᠭ ᠤᠨ ᠮᠢᠳᠢ ᠳᠠᠭᠤᠤ ᠬᠥᠭᠵᠢᠮ ᠤᠨ ᠨᠠᠶᠢᠷ ᠢᠶᠠᠷ | ᠠᠵᠠ ᠲᠣᠬᠢᠶᠠᠯ ᠪᠣᠯᠭᠠᠵᠤ᠂ ᠵᠢᠭᠤᠯᠴᠢᠯᠠᠯ ᠤᠨ | ᠲᠥᠬᠦᠭᠡᠷᠦᠮᠵᠢ ᠶᠢᠨ 《ᠬᠠᠲᠠᠭᠤ ᠲᠣᠨᠤᠭ 》 ᠤᠯᠠᠮ ᠨᠢᠭᠡ ᠠᠯᠬᠤᠮ | ᠪᠠᠬᠢᠵᠢᠭᠦᠯᠵᠦ᠂ ᠵᠢᠭᠤᠯᠴᠢᠯᠠᠯ ᠤᠨ ᠦᠢᠯᠡᠴᠢᠯᠡᠭᠡᠨ ᠤ | 《ᠵᠥᠭᠡᠯᠡᠨ ᠲᠣᠨᠤᠭ 》 ᠰᠢᠯᠢᠳᠡᠭᠵᠢᠭᠦᠯᠵᠦ᠂ ᠰᠣᠶᠣᠯ | ᠵᠢᠭᠤᠯᠴᠢᠯᠠᠯ ᠤᠨ ᠬᠡᠷᠡᠭᠯᠡᠭᠡ ᠶᠢᠨ ᠪᠥᠬᠦ ᠲᠠᠯ᠎ᠠ ᠪᠠᠷ ᠲᠠᠰ | ᠳᠡᠪᠰᠢᠬᠦ ᠶᠢ ᠠᠬᠢᠭᠤᠯᠵᠤ᠂ ᠬᠤᠲᠠ ᠶᠢᠨ ᠳᠠᠭᠠᠭᠠᠴᠠ᠂ ᠲᠠᠲᠠᠬᠤ | ᠬᠦᠴᠦᠨ ᠢ ᠦᠷᠭᠦᠯᠵᠢᠯᠡᠨ ᠳᠡᠭᠡᠭᠰᠢᠯᠡᠭᠦᠯᠵᠦ᠂ ᠨᠠᠩ ᠣᠯᠠᠨ | ᠵᠢᠭᠤᠯᠴᠢᠯᠠᠭᠰᠠᠳ ᠢ ᠣᠷᠣᠭᠤᠯᠤᠨ ᠠᠪᠴᠢᠷᠠᠵᠤ᠂ ᠦᠯᠡᠳᠡᠭᠡᠵᠦ᠂ | 《 ᠪᠢᠯᠧᠲ ᠤᠨ ᠠᠵᠤ ᠠᠬᠤᠶ 》 ᠠᠵᠤ ᠦᠢᠯᠡᠰ ᠤᠨ ᠠᠵᠤ ᠠᠬᠤᠶ ᠳᠠᠰᠢ | ᠬᠤᠪᠢᠷᠠᠭᠤᠯᠬᠤ ᠶᠢ ᠪᠡᠶᠡᠯᠡᠭᠦᠯᠦᠨ᠎ᠡ᠃ ᠬᠠᠶᠢᠯᠠᠷ ᠤᠨ ᠲᠠᠯ᠎ᠠ | ᠨᠤᠲᠤᠭ ᠤᠨ ᠮᠢᠳᠢ ᠳᠠᠭᠤᠤ ᠬᠦᠭᠵᠢᠮ ᠤᠨ ᠨᠠᠶᠢᠷ ᠢ | ᠡᠷᠬᠢᠯᠡᠬᠦ ᠨᠢ ᠬᠥᠯᠥᠨ ᠪᠤᠶᠢᠷ ᠬᠤᠲᠠ ᠶᠢᠨ ᠰᠣᠶᠣᠯ | ᠵᠢᠭᠤᠯᠴᠢᠯᠠᠯ ᠤᠨ ᠠᠵᠤ ᠠᠬᠤᠶ ᠶᠢᠨ ᠰᠢᠨ᠎ᠡ ᠬᠥᠳᠡᠯᠭᠡᠭᠦᠷ ᠢ | ᠬᠥᠭᠵᠢᠭᠡᠵᠦ᠂ ᠵᠢᠭᠤᠯᠴᠢᠯᠠᠯ ᠤᠨ ᠬᠠᠮᠢᠶ᠎ᠠ ᠪᠥᠬᠦᠶ ᠠᠵᠤ | ᠦᠢᠯᠡᠰ ᠤᠨ ᠠᠵᠤ ᠠᠬᠤᠶ ᠶᠢᠨ ᠠᠮᠢᠵᠢᠷᠠᠯ ᠤᠨ ᠬᠦᠴᠦᠨ ᠢ | ᠬᠥᠭᠵᠢᠭᠡᠵᠦ᠂ ᠬᠤᠲᠠ ᠶᠢᠨ ᠰᠣᠶᠣᠯ ᠵᠢᠭᠤᠯᠴᠢᠯᠠᠯ ᠤᠨ | ᠥᠷᠢᠰᠥᠯᠳᠦᠭᠡᠨ ᠤ ᠵᠥᠭᠡᠯᠡᠨ ᠪᠣᠳᠠᠲᠤ ᠬᠦᠴᠦᠨ ᠢ ᠤᠯᠠᠮ ᠨᠢᠭᠡ | ᠠᠯᠬᠤᠮ ᠳᠡᠭᠡᠭᠰᠢᠯᠡᠭᠦᠯᠬᠦ ᠪᠣᠯᠤᠨ᠎ᠠ᠃ | | | |