ᠴᠠᠩ ᠴᠢᠩ ᠭᠠᠳᠠᠨ᠎ᠠ ᠣᠷᠣᠨ ᠳᠤ ᠬᠦᠷᠴᠦ ᠰᠢᠨᠵᠢᠯᠡᠨ ᠪᠠᠶᠢᠴᠠᠭᠠᠵᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠳᠠᠭᠠᠨ ᠴᠢᠬᠤᠯᠠᠴᠢᠯᠠᠭᠰᠠᠨ ᠨᠢ᠄ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠳᠠᠭᠠᠨ ᠪᠣᠯᠭᠤᠮᠵᠢᠲᠠᠢ ᠪᠠᠶᠢᠵᠤ᠂ ᠬᠠᠮᠲᠤᠷᠠᠯᠴᠠᠭ᠎ᠠ ᠶᠢᠨ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ
  
2023/6/2
          ᠣᠶᠢᠷ᠎ᠠ ᠶᠢᠨ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠴᠠᠩ ᠴᠢᠩ ᠰᠢᠨᠵᠢᠯᠡᠨ ᠪᠠᠶᠢᠴᠠᠭᠠᠬᠤ ᠪᠦᠯᠬᠦᠮ ᠢ ᠳᠠᠭᠠᠭᠤᠯᠤᠨ ᠣᠷᠳᠣᠰ ᠬᠤᠲᠠ ᠳᠤ ᠬᠦᠷᠴᠦ ᠰᠢᠨᠵᠢᠯᠡᠨ ᠪᠠᠶᠢᠴᠠᠭᠠᠵᠤ ᠰᠤᠷᠤᠯᠴᠠᠬᠤ ᠪᠠ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯᠯᠠᠭ᠎ᠠ ᠥᠷᠨᠢᠭᠦᠯᠬᠦ ᠳᠡᠭᠡᠨ ᠴᠢᠬᠤᠯᠠᠴᠢᠯᠠᠭᠰᠠᠨ ᠨᠢ᠄ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠳᠤ ᠡᠬᠢᠨ ᠠᠴᠠ ᠨᠢ ᠳᠠᠭᠤᠰᠲᠠᠯ᠎ᠠ ᠪᠣᠯᠭᠤᠮᠵᠢᠲᠠᠢ ᠪᠠᠶᠢᠵᠤ᠂ ᠬᠠᠮᠲᠤᠷᠠᠯᠴᠠᠭ᠎ᠠ ᠶᠢᠨ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠡᠢ᠃ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠸᠠᠩ ᠰᠢᠶᠣᠣ ᠹᠧᠢ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠪᠠᠷ᠎ᠠ ᠪᠣᠯᠣᠯᠴᠠᠪᠠ᠃       ᠥᠪᠥᠷ ᠮᠣᠩᠭᠤᠯ ᠤᠨ ᠯᠢᠶᠠᠩ ᠢ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠢ ᠴᠤᠭᠯᠠᠭᠤᠯᠬᠤ ᠭᠠᠵᠠᠷ᠂ ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠢ ᠰᠢᠢᠳᠪᠦᠷᠢᠯᠡᠬᠦ ᠦᠢᠯᠡᠳᠪᠦᠷᠢ᠂ ᠲᠡᠵᠢᠭᠡᠯ ᠪᠣᠷᠳᠤᠭ᠎ᠠ ᠶᠢᠨ ᠦᠢᠯᠡᠳᠪᠦᠷᠢ ᠵᠡᠷᠭᠡ ᠭᠠᠵᠠᠷ ᠲᠤ᠂ ᠴᠠᠩ ᠴᠢᠩ ᠵᠡᠷᠭᠡ ᠤᠳᠤᠷᠢᠳᠤᠯᠭ᠎ᠠ ᠠᠮᠢᠳᠤ ᠪᠣᠳᠠᠰ ᠤᠨ ᠮᠡᠷᠭᠡᠵᠢᠯ ᠢ ᠬᠡᠷᠬᠢᠨ ᠠᠰᠢᠭᠯᠠᠵᠤ ᠬᠦᠮᠦᠨ ᠠᠷᠠᠳ ᠤᠨ ᠣᠷᠣᠰᠢᠨ ᠰᠠᠭᠤᠬᠤ ᠣᠷᠴᠢᠨ ᠨᠦᠬᠦᠴᠡᠯ ᠢ ᠰᠠᠶᠢᠵᠢᠷᠠᠭᠤᠯᠬᠤ ᠪᠠᠷ ᠭᠤᠣᠯ ᠰᠢᠪᠲᠤᠯᠤᠯᠲᠠ ᠶᠢᠨ ᠴᠢᠭᠯᠡᠯ ᠪᠣᠯᠭᠠᠵᠤ᠂ ᠠᠵᠤ ᠠᠬᠤᠶᠢᠯᠠᠯ ᠤᠨ ᠠᠮᠢᠳᠤ ᠪᠣᠳᠠᠰ ᠤᠨ ᠮᠡᠷᠭᠡᠵᠢᠯ ᠢᠶᠠᠷ ᠮᠠᠯ ᠠᠵᠤ ᠠᠬᠤᠢ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦ ᠨᠡᠮᠡᠷᠢᠯᠡᠭᠰᠡᠨ ᠲᠡᠷᠢᠭᠦᠨ ᠤ ᠲᠤᠷᠰᠢᠯᠭ᠎ᠠ ᠪᠠ ᠠᠷᠭ᠎ᠠ ᠬᠢᠳᠡᠯ ᠢ ᠨᠠᠷᠢᠯᠢᠭ ᠣᠶᠢᠯᠠᠭᠠᠪᠠ᠃       ᠴᠠᠩ ᠴᠢᠩ᠂ ᠮᠠᠨ ᠤ ᠬᠤᠰᠢᠭᠤ ᠲᠣᠰ ᠤᠳᠠᠭᠠᠨ ᠤ ᠰᠢᠨᠵᠢᠯᠡᠨ ᠪᠠᠶᠢᠴᠠᠭᠠᠵᠤ ᠰᠤᠷᠤᠯᠴᠠᠵᠤ ᠣᠯᠣᠭᠰᠠᠨ ᠰᠠᠶᠢᠨ ᠲᠤᠷᠰᠢᠯᠭ᠎ᠠ᠂ ᠰᠠᠶᠢᠨ ᠠᠷᠭ᠎ᠠ ᠲᠠᠢ ᠪᠠᠨ ᠤᠶᠠᠯᠳᠤᠭᠤᠯᠤᠨ᠂ ᠠᠵᠢᠯ ᠤᠨ ᠰᠡᠳᠬᠢᠴᠡ ᠪᠠᠨ ᠤᠯᠠᠮ ᠴᠢᠨᠠᠭᠰᠢᠳᠠ ᠥᠷᠭᠡᠳᠬᠡᠵᠦ᠂ ᠡᠷᠴᠢᠮ ᠢᠶᠠᠨ ᠴᠢᠩᠭᠠᠷᠠᠭᠤᠯᠤᠨ᠂ ᠮᠠᠨ ᠤ ᠬᠤᠰᠢᠭᠤᠨ ᠳᠤ ᠲᠣᠬᠢᠷᠠᠭᠰᠠᠨ ᠬᠥᠭᠵᠢᠯᠲᠡ ᠶᠢᠨ ᠰᠡᠳᠬᠢᠴᠡ ᠶᠢ ᠨᠠᠷᠢᠨ ᠬᠢᠨᠠᠮᠠᠭᠠᠢ ᠰᠦᠪᠡᠭᠴᠢᠯᠡᠨ᠎ᠡ᠃ ᠡᠭᠦᠨ ᠤ ᠬᠠᠮᠲᠤ᠂ ᠬᠤᠶᠠᠷ ᠭᠠᠵᠠᠷ ᠤᠨ ᠬᠢᠨ ᠶᠠᠪᠤᠯᠴᠠᠭ᠎ᠠ ᠪᠠᠨ ᠤᠯᠠᠮ ᠴᠢᠨᠠᠭᠰᠢᠳᠠ ᠨᠢᠭᠲᠠᠷᠠᠭᠤᠯᠵᠤ᠂ ᠬᠠᠷᠢᠯᠴᠠᠭ᠎ᠠ ᠰᠣᠯᠢᠯᠴᠠᠭ᠎ᠠ ᠪᠠᠨ ᠴᠢᠩᠭᠠᠳᠬᠠᠨ᠂ ᠬᠠᠷᠢᠯᠴᠠᠨ ᠰᠤᠷᠤᠯᠴᠠᠵᠤ᠂ ᠮᠠᠯ ᠠᠵᠤ ᠠᠬᠤᠢ ᠶᠢᠨ ᠪᠣᠬᠢᠷᠲᠤᠯ ᠦᠭᠡᠢ ᠡᠷᠡᠭᠦᠯ ᠢᠶᠠᠷ ᠬᠥᠭᠵᠢᠬᠦ ᠶᠢ ᠬᠠᠮᠲᠤᠪᠠᠷ ᠠᠬᠢᠭᠤᠯᠵᠤ᠂ ᠬᠦᠮᠦᠨ ᠠᠷᠠᠳ ᠤᠨ ᠣᠷᠣᠰᠢᠨ ᠰᠠᠭᠤᠬᠤ ᠣᠷᠴᠢᠨ ᠨᠦᠬᠦᠴᠡᠯ ᠢ ᠤᠯᠠᠮ ᠦᠵᠡᠰᠬᠦᠯᠡᠩᠲᠦ ᠰᠠᠶᠢᠬᠠᠨ ᠪᠣᠯᠭᠠᠬᠤ ᠶᠢ ᠬᠦᠰᠡᠵᠦ ᠪᠠᠶᠢᠨ᠎ᠠ ᠭᠡᠪᠡ᠃       ᠴᠠᠩ ᠴᠢᠩ ᠪᠠᠰᠠ᠂ ᠠᠵᠤ ᠠᠬᠤᠢ ᠶᠢ ᠬᠥᠭᠵᠢᠭᠦᠯᠬᠦ ᠳᠤ᠂ ᠲᠦᠷᠦᠯ ᠵᠦᠢᠯ ᠪᠣᠯ ᠲᠤᠯᠭᠠᠭᠤᠷᠢᠯᠠᠯ᠂ ᠠᠷᠠᠯᠵᠢᠶᠠᠴᠢᠨ ᠤᠷᠢᠬᠤ ᠪᠣᠯ ᠵᠠᠩᠭᠢᠯᠠᠭ᠎ᠠ ᠪᠣᠯᠣᠨ᠎ᠠ᠂ ᠮᠠᠨ ᠤ ᠬᠤᠰᠢᠭᠤ ᠢᠮᠠᠭᠲᠠ ᠪᠣᠳᠠᠲᠠᠢ ᠶᠢ ᠡᠷᠬᠢᠮᠯᠡᠨ ᠥᠨᠳᠥᠷ ᠪᠦᠲᠦᠮᠵᠢᠲᠡᠶ ᠣᠪᠣᠷ ᠢᠶᠠᠷ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠢ ᠥᠷᠨᠢᠭᠦᠯᠵᠦ᠂ ᠲᠦᠷᠦᠯ ᠵᠦᠢᠯ ᠢ ᠠᠳᠬᠤᠬᠤ ᠪᠣᠯ ᠳᠠᠷᠤᠢ ᠬᠥᠭᠵᠢᠯᠲᠡ ᠶᠢ ᠠᠳᠬᠤᠬᠤ ᠣᠶᠢᠯᠠᠭᠠᠭᠳᠠᠬᠤᠨ ᠢ ᠪᠠᠷᠢᠮᠲᠠᠯᠠᠨ᠂ ᠲᠦᠷᠦᠯ ᠵᠦᠢᠯ ᠢ ᠠᠳᠬᠤᠬᠤ ᠳᠤ ᠰᠠᠶᠢᠲᠤᠷ ᠠᠷᠭ᠎ᠠ ᠤᠬᠠᠭᠠᠨ ᠰᠦᠪᠡᠭᠴᠢᠯᠡᠵᠦ᠂ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠶᠢ ᠪᠠᠷᠢᠮᠲᠠᠯᠠᠵᠤ᠂ ᠡᠷᠬᠡᠪᠰᠢ ᠦᠢᠯᠡᠴᠢᠯᠡᠭᠡ ᠶᠢ ᠰᠢᠯᠢᠳᠡᠭᠵᠢᠭᠦᠯᠬᠦ ᠬᠡᠷᠡᠭᠲᠡᠢ᠂ ᠡᠯ᠎ᠡ ᠠᠵᠤ ᠠᠬᠤᠶᠢᠯᠠᠯ ᠤᠨ ᠰᠢᠨ᠎ᠡ ᠪᠠᠷᠭᠤ ᠪᠠᠷᠠᠭᠤᠨ ᠬᠤᠰᠢᠭᠤᠨ ᠳᠤ ᠨᠤᠲᠤᠭᠰᠢᠵᠤ ᠬᠥᠭᠵᠢᠯᠲᠡ ᠶᠢ ᠬᠠᠮᠲᠤᠪᠠᠷ ᠰᠦᠪᠡᠭᠴᠢᠯᠡᠬᠦ ᠶᠢ ᠪᠠᠶᠠᠷᠯᠠᠨ ᠣᠭᠲᠤᠵᠤ ᠪᠠᠶᠢᠨ᠎ᠠ ᠭᠡᠪᠡ᠃   
  ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ