ᠰᠢ ᠶᠢᠨ ᠫᠢᠩ ᠠᠷᠪᠠᠨ ᠲᠠᠪᠤᠳᠤᠭᠠᠷ ᠬᠤᠭᠤᠴᠠᠭᠠᠨ ᠤ ᠲᠠᠶᠢᠸᠠᠨ ᠬᠤᠭᠤᠯᠠᠢ ᠶᠢᠨ ᠶᠠᠷᠢᠶᠠᠨ ᠤ ᠲᠠᠪᠴᠠᠩ ᠳᠤ ᠪᠠᠶᠠᠷ ᠤᠨ ᠵᠠᠬᠢᠳᠠᠯ ​
  
2023/6/20
     6 ᠰᠠᠷ᠎ᠠ ᠶᠢᠨ 17  ᠡᠳᠦᠷ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠷᠪᠠᠨ ᠲᠠᠪᠤᠳᠤᠭᠠᠷᠬᠤᠭᠤᠴᠠᠭᠠᠨ ᠤ ᠲᠠᠶᠢᠸᠠᠨ ᠬᠤᠭᠤᠯᠠᠢ ᠶᠢᠨ ᠶᠠᠷᠢᠶᠠᠨ ᠤ ᠲᠠᠪᠴᠠᠩ ᠳᠤ ᠪᠠᠶᠠᠷ ᠤᠨ ᠵᠠᠬᠢᠳᠠᠯ ᠢᠯᠡᠭᠡᠪᠡ  ᠃          ᠰᠢ ᠶᠢᠨ ᠫᠢᠩ᠂ ᠲᠠᠶᠢᠸᠠᠨ ᠬᠤᠭᠤᠯᠠᠢ ᠶᠢᠨ ᠶᠠᠷᠢᠶᠠᠨ ᠤ ᠲᠠᠪᠴᠠᠩ ᠪᠣᠯ ᠬᠤᠶᠠᠷ ᠬᠥᠪᠡᠭᠡᠨ ᠤ ᠡᠯ᠎ᠡ ᠡᠲᠡᠭᠡᠳ ᠤᠨ ᠥᠷᠭᠡᠨ ᠳᠡᠯᠭᠡᠷ ᠶᠠᠪᠤᠯᠴᠠᠭ᠎ᠠ ᠶᠢᠠᠬᠢᠭᠤᠯᠬᠤ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠷᠠᠳ ᠤᠨ ᠬᠤᠭᠤᠷᠣᠨᠳᠣᠭᠢ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠬᠤ ᠴᠢᠬᠤᠯᠠ ᠲᠠᠪᠴᠠᠩᠪᠣᠯᠣᠨ᠎ᠠ᠃ ᠲᠠᠶᠢᠸᠠᠨ ᠬᠤᠭᠤᠯᠠᠢ ᠶᠢᠨ ᠬᠤᠶᠠᠷ ᠭᠦᠪᠡᠭᠡ ᠶᠢᠨ ᠠᠬ᠎ᠠ ᠳᠡᠭᠦᠦ ᠨᠠᠷ ᠲᠠᠶᠢᠸᠠᠨ ᠬᠤᠭᠤᠯᠠᠢ ᠶᠢᠨ ᠶᠠᠷᠢᠶᠠᠨ ᠤ ᠲᠠᠪᠴᠠᠩ ᠢᠶᠠᠷ ᠳᠠᠮᠵᠢᠨ ᠰᠠᠨᠠᠯ ᠢᠶᠠᠨᠰᠣᠯᠢᠯᠴᠠᠨ ᠨᠠᠶᠢᠵᠠᠯᠠᠵᠤ ᠨᠥᠬᠦᠷᠯᠡᠨ᠂ ᠨᠥᠬᠦᠷᠯᠡᠯ ᠢᠶᠠᠨ ᠵᠤᠵᠠᠭᠠᠳᠬᠠᠨ᠂ ᠠᠵᠠ ᠵᠢᠷᠭᠠᠯ ᠢᠶᠠᠨ ᠨᠡᠮᠡᠭᠳᠡᠭᠦᠯᠵᠦ᠂ ᠶᠠᠪᠤᠬᠤ ᠲᠤᠳᠤᠮ ᠣᠶᠢᠷᠠᠳᠴᠤ᠂ ᠶᠠᠪᠤᠬᠤ ᠲᠤᠳᠤᠮᠳᠣᠲᠣᠨᠣ ᠪᠣᠯᠵᠤ ᠪᠠᠶᠢᠨ᠎ᠠ᠃ ᠲᠠᠶᠢᠸᠠᠨ ᠬᠤᠭᠤᠯᠠᠢ ᠶᠢᠨ ᠶᠠᠷᠢᠶᠠᠨ ᠤ ᠲᠠᠪᠴᠠᠩ ᠨᠢ ᠲᠠᠶᠢᠸᠠᠨ ᠬᠤᠭᠤᠯᠠᠢ ᠶᠢᠨ ᠬᠤᠶᠠᠷ ᠭᠦᠪᠡᠭᠡ ᠶᠢᠨ ᠠᠷᠠᠳ ᠤᠨ ᠬᠤᠭᠤᠷᠤᠨᠳᠤᠭᠢ ᠰᠣᠯᠢᠯᠴᠠᠭ᠎ᠠ ᠶᠢ ᠥᠷᠭᠡᠳᠬᠡᠵᠦ᠂ ᠲᠠᠶᠢᠸᠠᠨ ᠬᠤᠭᠤᠯᠠᠢ ᠶᠢᠨ ᠬᠤᠶᠠᠷ ᠭᠦᠪᠡᠭᠡ ᠶᠢᠨ ᠠᠭᠤᠰᠤᠯᠴᠠᠨ ᠬᠥᠭᠵᠢᠬᠦ ᠶᠢ ᠭᠦᠨᠵᠡᠭᠡᠶᠢᠷᠡᠭᠦᠯᠬᠦ ᠳᠤ ᠲᠠᠰᠤᠷᠠᠯᠲᠠ ᠦᠭᠡᠢ ᠠᠮᠢᠵᠢᠷᠠᠯ ᠤᠨ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃         ᠰᠢ ᠶᠢᠨ ᠫᠢᠩ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠠᠶᠠᠨ ᠭᠡᠭᠡᠨ ᠰᠠᠷᠠᠭᠤᠯ ᠢᠷᠡᠭᠡᠳᠦᠢ ᠲᠠᠢ᠂ ᠤᠯᠤᠰ ᠰᠠᠶᠢᠨᠦᠨᠳᠦᠰᠦᠲᠡᠨ ᠰᠠᠶᠢᠨ ᠪᠠᠶᠢᠪᠠᠯ ᠬᠤᠶᠠᠷ ᠬᠥᠪᠡᠭᠡᠨ ᠤ ᠠᠬ᠎ᠠ ᠳᠡᠭᠦᠦ ᠨᠠᠷ ᠰᠠᠶ᠋ᠢ ᠰᠠᠶᠢᠨ ᠪᠠᠶᠢᠵᠤ ᠴᠢᠳᠠᠨ᠎ᠠ᠃ ᠪᠢᠳᠠ ᠥᠩᠭᠡᠷᠡᠭᠰᠡᠨ ᠲᠠᠢ ᠪᠠᠨ ᠠᠳᠠᠯᠢ ᠪᠠᠷ ᠲᠠᠶᠢᠸᠠᠨ ᠤᠠᠬ᠎ᠠ ᠳᠡᠭᠦᠦ ᠨᠠᠷ ᠢ ᠭᠦᠨᠳᠦᠳᠭᠡᠵᠦ᠂ ᠬᠠᠶᠢᠷᠠᠯᠠᠨ ᠬᠠᠯᠠᠮᠵᠢᠯᠠᠵᠤ᠂ ᠪᠤᠶᠠᠨ ᠦᠢᠯᠡᠳᠴᠦ᠂ ᠲᠠᠶᠢᠸᠠᠨ ᠬᠤᠭᠤᠯᠠᠢ ᠶᠢᠨ ᠬᠤᠶᠠᠷ ᠭᠦᠪᠡᠭᠡ ᠶᠢᠨ ᠠᠵᠤ ᠠᠬᠤᠢ ᠰᠣᠶᠣᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠦᠷᠭᠦᠯᠵᠢᠯᠡᠨ ᠠᠬᠢᠭᠤᠯᠵᠤ᠂ ᠲᠠᠶᠢᠸᠠᠨ ᠬᠤᠭᠤᠯᠠᠢ ᠶᠢᠨ ᠬᠤᠶᠠᠷ ᠭᠦᠪᠡᠭᠡ ᠶᠢᠨ ᠡᠯ᠎ᠡ ᠬᠦᠷᠢᠶᠡᠨ ᠳᠠᠬᠢ ᠠᠭᠤᠰᠤᠯᠴᠠᠨ ᠬᠥᠭᠵᠢᠬᠦ ᠶᠢ ᠭᠦᠨᠵᠡᠭᠡᠶᠢᠷᠡᠭᠦᠯᠵᠦ᠂ ᠳᠤᠮᠳᠠᠳᠤ ᠶᠢᠨ ᠰᠣᠶᠣᠯ ᠢ   ᠪᠠᠷ ᠪᠠᠳᠠᠷᠠᠭᠤᠯᠵᠤ᠂ ᠲᠠᠶᠢᠸᠠᠨ ᠬᠤᠭᠤᠯᠠᠢ ᠶᠢᠨ ᠬᠤᠶᠠᠷ ᠭᠦᠪᠡᠭᠡ ᠶᠢᠨ ᠠᠬ᠎ᠠ ᠳᠡᠭᠦᠦ ᠨᠠᠷ ᠤᠨ ᠰᠡᠳᠬᠢᠯ ᠰᠠᠨᠠᠭ᠎ᠠ ᠪᠠᠨ ᠣᠯᠣᠯᠴᠠᠬᠤ ᠶᠢ ᠠᠬᠢᠭᠤᠯᠤᠨ᠎ᠠ᠃ ᠲᠠᠶᠢᠸᠠᠨ ᠬᠤᠭᠤᠯᠠᠢ ᠶᠢᠨ ᠬᠤᠶᠠᠷ ᠭᠦᠪᠡᠭᠡ ᠶᠢᠨ ᠠᠬ᠎ᠠ ᠳᠡᠭᠦᠦ ᠨᠠᠷ ᠲᠡᠦᠬᠡ ᠶᠢᠨ ᠶᠡᠭᠡ ᠬᠠᠨᠳᠤᠰᠢ ᠶᠢᠬᠠᠮᠲᠤ ᠪᠠᠷ ᠡᠵᠡᠮᠳᠡᠵᠦ᠂ ᠦᠨᠳᠦᠰᠦᠲᠡᠨ ᠤ ᠶᠡᠭᠡ ᠵᠢᠷᠤᠮ ᠢ ᠪᠠᠲᠤ ᠰᠠᠬᠢᠵᠤ᠂ ᠲᠠᠶᠢᠸᠠᠨ ᠬᠤᠭᠤᠯᠠᠢ ᠶᠢᠨ ᠬᠤᠶᠠᠷ ᠭᠦᠪᠡᠭᠡ ᠶᠢᠨ ᠬᠠᠷᠢᠴᠠᠭ᠎ᠠ ᠶᠢᠨ ᠨᠠᠶᠢᠷᠠᠮᠳᠠᠯ ᠢᠶᠠᠷᠬᠥᠭᠵᠢᠬᠦ ᠶᠢ ᠠᠬᠢᠭᠤᠯᠵᠤ᠂ ᠡᠬᠡ ᠣᠷᠣᠨ ᠢᠶᠠᠨ ᠨᠢᠭᠡᠳᠬᠡᠬᠦ ᠶᠡᠭᠡ ᠦᠢᠯᠡᠰ ᠢ ᠠᠬᠢᠭᠤᠯᠬᠤ ᠳᠤ ᠬᠤᠪᠢ ᠨᠡᠮᠡᠷᠢ ᠦᠵᠡᠭᠦᠯᠵᠦ᠂ ᠳᠤᠮᠳᠠᠳᠤ ᠶᠢᠨ ᠦᠨᠳᠦᠰᠦᠲᠡᠨ ᠤ ᠥᠨᠢᠤᠳᠠᠭᠠᠨ ᠤ ᠠᠵᠠ ᠵᠢᠷᠭᠠᠯ ᠢ ᠬᠠᠮᠲᠤ ᠪᠠᠷ ᠴᠣᠭᠴᠠᠯᠠᠵᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠶᠡᠭᠡ ᠢᠷᠠᠭᠤ ᠠᠯᠳᠠᠷ ᠢ ᠬᠠᠮᠲᠤ ᠪᠠᠷ ᠡᠳ᠋ᠯᠡᠬᠦ ᠶᠢᠬᠦᠰᠡᠵᠦ ᠪᠠᠶᠢᠨ᠎ᠠ︕ ᠭᠡᠵᠦ ᠴᠢᠬᠤᠯᠠᠴᠢᠯᠠᠪᠠ᠃         ᠠᠷᠪᠠᠨ ᠲᠠᠪᠤᠳᠤᠭᠠᠷ ᠬᠤᠭᠤᠴᠠᠭᠠᠨ ᠤ ᠲᠠᠶᠢᠸᠠᠨ ᠬᠤᠭᠤᠯᠠᠢ ᠶᠢᠨ ᠶᠠᠷᠢᠶᠠᠨ ᠤ ᠲᠠᠪᠴᠠᠩ ᠢ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠲᠠᠶᠢᠸᠠᠨ ᠤ ᠬᠡᠷᠡᠭᠡᠷᠭᠢᠯᠡᠭᠦ ᠠᠯᠪᠠᠨ ᠭᠡᠷ ᠪᠣᠯᠣᠨ ᠹᠦᠵᠢᠶᠠᠨ ᠮᠤᠵᠢ ᠶᠢᠨ ᠠᠷᠠᠳ ᠤᠨ ᠵᠠᠰᠠᠭ ᠤᠨ ᠣᠷᠳᠣᠨ ᠠᠴᠠ ᠲᠠᠶᠢᠸᠠᠨ ᠬᠤᠭᠤᠯᠠᠢ ᠶᠢᠨ ᠬᠤᠶᠠᠷ ᠭᠦᠪᠡᠭᠡ ᠶᠢᠨ 82 ᠪᠠᠶᠢᠭᠤᠯᠤᠮᠵᠢ ᠪᠠ ᠵᠣᠬᠢᠶᠠᠨ ᠪᠠᠶᠢᠭᠤᠯᠤᠯᠲᠠ ᠲᠠᠢ ᠬᠠᠮᠲᠤᠷᠠᠨ ᠡᠷᠭᠢᠯᠡᠵᠦ᠂ 《ᠠᠷᠠᠳ ᠤᠨ ᠬᠤᠭᠤᠷᠤᠨᠳᠤᠭᠢ ᠰᠣᠯᠢᠯᠴᠠᠭ᠎ᠠ ᠶᠢ ᠥᠷᠭᠡᠳᠬᠡᠨ᠂ ᠠᠭᠤᠰᠤᠯᠴᠠᠨ ᠬᠥᠭᠵᠢᠬᠦ ᠶᠢ ᠭᠦᠨᠵᠡᠭᠡᠶᠢᠷᠡᠭᠦᠯᠬᠦ》 ᠪᠠᠷ ᠭᠤᠣᠯ ᠰᠡᠳᠦᠪ ᠪᠣᠯᠭᠠᠨ᠂ 17 ᠤ ᠡᠳᠦᠷ ᠰᠢᠶᠠᠮᠧᠨ ᠳᠤ ᠶᠠᠷᠢᠶᠠᠨ ᠤ ᠲᠠᠪᠴᠠᠩ ᠤᠨ ᠶᠡᠭᠡ ᠬᠤᠷᠠᠯ ᠢ ᠡᠷᠭᠢᠯᠡᠪᠡ᠃         ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 17 ᠤ ᠴᠠᠭᠢᠯᠭᠠᠨ ᠮᠡᠳᠡᠭᠡ  
  ᠥᠪᠥᠷ ᠮᠣᠩᠭᠤᠯ ᠤᠨ ᠡᠳᠦᠷ ᠤᠨ ᠰᠣᠨᠢᠨ