ᠰᠢ ᠶᠢᠨ ᠫᠢᠩ ᠠᠮᠧᠷᠢᠺᠠ ᠶᠢᠨ ᠪᠢᠯ ᠵᠢᠴᠢ ᠮᠸᠶᠢᠯᠢᠨᠳᠠ · ᠭᠠᠶᠢᠼ ᠰᠠᠭᠤᠷᠢ ᠮᠥᠩᠭᠦᠨ ᠤ ᠨᠡᠶᠢᠭᠡᠮᠯᠢᠭ ᠤᠨ ᠬᠤᠯᠪᠣᠭᠠᠲᠤ ᠬᠤᠷᠠᠯ ᠤᠨ ᠲᠡᠷᠢᠭᠦᠯᠡᠭᠴᠢ  ᠪᠢᠯ · ᠭᠠᠶᠢᠼ ᠲᠠᠢ ᠠᠭᠤᠯᠵᠠᠪᠠ
  
2023/6/20
      6 ᠰᠠᠷ᠎ᠠ ᠶᠢᠨ 16  ᠡᠳᠦᠷ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠳᠤ ᠠᠮᠧᠷᠢᠺᠠ ᠶᠢᠨ ᠪᠢᠯ ᠵᠢᠴᠢ ᠮᠸᠶᠢᠯᠢᠨᠳᠠ · ᠭᠠᠶᠢᠼ ᠰᠠᠭᠤᠷᠢᠮᠥᠩᠭᠦᠨ ᠤ ᠨᠡᠶᠢᠭᠡᠮᠯᠢᠭ ᠤᠨ ᠬᠤᠯᠪᠣᠭᠠᠲᠤ ᠬᠤᠷᠠᠯ ᠤᠨ ᠲᠡᠷᠢᠭᠦᠯᠡᠭᠴᠢ ᠪᠢᠯ · ᠭᠠᠶᠢᠼ ᠲᠠᠢ ᠠᠭᠤᠯᠵᠠᠪᠠ ᠃
5823946876a2ad4fa449f409dd8e5eda_6382278805133591425736473.png
      6 ᠰᠠᠷ᠎ᠠ ᠶᠢᠨ 16  ᠡᠳᠦᠷ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠳᠤ ᠠᠮᠧᠷᠢᠺᠠ ᠶᠢᠨ ᠪᠢᠯ ᠵᠢᠴᠢ ᠮᠸᠶᠢᠯᠢᠨᠳᠠ · ᠭᠠᠶᠢᠼ ᠰᠠᠭᠤᠷᠢᠮᠥᠩᠭᠦᠨ ᠤ ᠨᠡᠶᠢᠭᠡᠮᠯᠢᠭ ᠤᠨ ᠬᠤᠯᠪᠣᠭᠠᠲᠤ ᠬᠤᠷᠠᠯ ᠤᠨ ᠲᠡᠷᠢᠭᠦᠯᠡᠭᠴᠢ ᠪᠢᠯ · ᠭᠠᠶᠢᠼ ᠲᠠᠢ ᠠᠭᠤᠯᠵᠠᠪᠠ ᠃          ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ  ᠫᠠᠩ ᠰᠢᠩ ᠯᠧᠢ ᠰᠡᠭᠦᠳᠡᠷᠯᠡᠪᠡ           ᠰᠢ ᠶᠢᠨ ᠫᠢᠩ ᠭᠠᠶᠢᠼ ᠵᠢᠴᠢ ᠲᠡᠭᠦᠨ ᠤ ᠰᠠᠭᠤᠷᠢ ᠮᠥᠩᠭᠦᠨ ᠤ ᠨᠡᠶᠢᠭᠡᠮᠯᠢᠭ ᠤᠨ ᠤᠷᠳᠤ ᠬᠤᠭᠤᠴᠠᠭᠠᠨ ᠤ ᠲᠤᠷᠰᠢ ᠪᠦᠭᠦ ᠪᠥᠮᠪᠥᠷᠴᠡᠭ ᠤᠨ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠂ ᠡᠷᠡᠭᠦᠯ ᠬᠠᠮᠠᠭᠠᠯᠠᠯ ᠂ ᠬᠥᠭᠵᠢᠯᠲᠡ ᠵᠢᠴᠢ ᠨᠡᠶᠢᠲᠡ ᠶᠢᠨ ᠠᠰᠠᠷᠠᠮᠵᠢ ᠶᠢᠨ ᠨᠢᠭᠦᠯᠡᠰᠦᠩᠭᠦᠢ ᠶᠢᠨ ᠦᠢᠯᠡᠰ ᠢᠠᠬᠢᠭᠤᠯᠬᠤ ᠪᠠᠷ ᠴᠢᠷᠮᠠᠶᠢᠭᠰᠠᠨ ᠢ ᠮᠠᠭᠲᠠᠨ ᠰᠠᠶᠢᠰᠢᠶᠠᠵᠤ ᠪᠠᠶᠢᠬᠤ ᠪᠠᠨ ᠢᠯᠡᠳᠬᠡᠪᠡ ᠃         ᠰᠢ ᠶᠢᠨ ᠫᠢᠩ ᠂ ᠣᠳᠣᠬᠠᠨ ᠳᠤ ᠂ ᠳᠡᠯᠡᠬᠡᠢ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠶᠢᠨ ᠪᠠᠶᠢᠳᠠᠯ ᠲᠦᠷᠭᠡᠰᠴᠦ ᠪᠠᠶᠢᠨ᠎ᠠ ᠂ ᠪᠢ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠳᠤᠷᠠᠳᠤᠭᠰᠠᠨ ᠤ ᠵᠣᠷᠢᠯᠭ᠎ᠠ ᠨᠢ ᠪᠦᠭᠦ ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ ᠰᠢᠢᠳᠪᠦᠷᠢᠯᠡᠬᠦ ᠳᠤ ᠳᠤᠮᠳᠠᠳᠤ ᠤᠯᠤᠰ ᠤᠨ ᠲᠥᠰᠥᠯ ᠢ ᠬᠠᠩᠭᠠᠬᠤ ᠶᠢᠨ ᠲᠥᠯᠥᠭᠡ ᠶᠤᠮ ᠃ ᠳᠤᠮᠳᠠᠳᠤ ᠤᠯᠤᠰ ᠶᠠᠭᠤᠨ ᠤ ᠡᠮᠦᠨ᠎ᠡ ᠥᠪᠡᠷ ᠤᠨ ᠠᠰᠠᠭᠤᠳᠠᠯ ᠢᠶᠠᠨ ᠰᠠᠶᠢᠲᠤᠷ ᠰᠢᠢᠳᠪᠦᠷᠢᠯᠡᠬᠦ ᠳᠤ ᠠᠩᠬᠠᠷᠤᠯ ᠢᠶᠠᠨ ᠬᠠᠨᠳᠤᠭᠤᠯᠤᠨ᠎ᠠ ᠃ ᠳᠤᠮᠳᠠᠳᠤ ᠤᠯᠤᠰ 14 ᠳ᠋ᠦᠩᠰᠢᠭᠤᠷ ᠭᠠᠷᠤᠢ ᠬᠥᠮᠥᠨ ᠠᠮᠠ ᠲᠠᠢ ᠲᠣᠮᠣ ᠤᠯᠤᠰ ᠪᠣᠯᠤᠭᠰᠠᠨ ᠤ ᠬᠤᠪᠢ ᠳᠤ ᠤᠷᠳᠤ ᠬᠤᠭᠤᠴᠠᠭ᠎ᠠ ᠪᠠᠷ ᠲᠣᠭᠲᠠᠭᠤᠨ ᠪᠥᠭᠡᠳ ᠦᠷᠭᠦᠯᠵᠢᠯᠡᠬᠦ ᠬᠥᠭᠵᠢᠯᠲᠡ ᠪᠠᠨ ᠪᠠᠲᠤᠯᠠᠭᠰᠠᠨ ᠨᠢᠳᠠᠷᠤᠢ ᠳᠡᠯᠡᠬᠡᠢ ᠶᠢᠨ ᠡᠩᠬᠡ ᠲᠠᠶᠢᠪᠤᠩ ᠂ ᠲᠣᠭᠲᠠᠭᠤᠨ ᠪᠠᠶᠢᠳᠠᠯ ᠂ ᠴᠡᠴᠡᠭᠯᠡᠯ ᠬᠥᠭᠵᠢᠯ ᠳᠤ ᠴᠢᠬᠤᠯᠠ ᠶᠡᠭᠡ ᠬᠤᠪᠢ ᠨᠡᠮᠡᠷᠢ ᠦᠵᠡᠭᠦᠯᠦᠭᠰᠡᠨ ᠶᠠᠪᠤᠳᠠᠯ ᠪᠤᠯᠬᠤ ᠶᠤᠮ ᠃ ᠪᠢᠳᠡ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢᠶᠠᠨ ᠪᠠᠬᠢᠵᠢᠭᠦᠯᠵᠦ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠡᠶᠡᠯᠡᠭᠦᠯᠵᠦ ᠂ ᠬᠥᠳᠡᠭᠡ ᠲᠣᠰᠬᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ ᠃           ᠰᠢ ᠶᠢᠨ ᠫᠢᠩ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦᠲᠠᠯ᠎ᠠ ᠪᠠᠷ ᠠᠬᠢᠭᠤᠯᠬᠤ ᠪᠠᠷ ᠳᠤᠮᠳᠠᠳᠤ ᠤᠯᠤᠰ ᠴᠢᠷᠮᠠᠶᠢᠵᠤ ᠪᠠᠶᠢᠨ᠎ᠠ ᠂ ᠪᠢᠳᠡ ᠶᠠᠭᠠᠬᠢᠭᠰᠠᠨ ᠴᠤ ᠤᠯᠤᠰ ᠬᠦᠴᠦᠷᠬᠡᠭᠵᠢᠪᠡᠯ ᠵᠠᠪᠠᠯ ᠡᠵᠡᠷᠬᠡᠭᠴᠢ ᠪᠤᠯᠬᠤ ᠬᠠᠭᠤᠴᠢᠨᠵᠠᠮ ᠢᠶᠠᠷ ᠵᠠᠮᠨᠠᠬᠤ ᠦᠭᠡᠢ ᠂ ᠬᠠᠷᠢᠨ ᠪᠤᠰᠤᠳ ᠤᠯᠤᠰ ᠯᠤᠭ᠎ᠠ ᠬᠠᠮᠲᠤ ᠪᠠᠷ ᠬᠠᠮᠲᠤ ᠶᠢᠨ ᠬᠥᠭᠵᠢᠯᠲᠡ ᠶᠢ ᠪᠡᠶᠡᠯᠡᠭᠦᠯᠵᠦ ᠂ ᠬᠥᠮᠥᠨ ᠲᠥᠷᠥᠯᠬᠢᠲᠡᠨ ᠤ ᠬᠤᠪᠢᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠤᠨ᠎ᠠ ᠃ ᠳᠤᠮᠳᠠᠳᠤ ᠤᠯᠤᠰ ᠳᠤᠷᠠᠲᠠᠶ᠎ᠠ ᠳᠡᠯᠡᠬᠡᠢ ᠶᠢᠨ ᠡᠯ᠎ᠡ ᠤᠯᠤᠰ ᠯᠤᠭ᠎ᠠ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠥᠷᠭᠡᠨ ᠳᠡᠯᠭᠡᠷ ᠬᠠᠮᠲᠤᠷᠠᠯᠴᠠᠭ᠎ᠠ ᠥᠷᠨᠢᠭᠦᠯᠵᠦ ᠂ ᠠᠭᠤᠷ ᠠᠮᠢᠰᠬᠤᠯ ᠤᠨ ᠬᠤᠪᠢᠷᠠᠯᠲᠠ ᠂ ᠬᠢᠵᠢᠭ ᠲᠠᠢ ᠲᠡᠮᠡᠴᠡᠬᠦ ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠵᠡᠷᠭᠡ ᠪᠦᠭᠦ ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ ᠠᠷᠭᠠᠴᠠᠭᠠᠬᠤ ᠳᠤ ᠢᠳᠡᠪᠬᠢᠲᠡᠢ ᠣᠷᠣᠯᠴᠠᠵᠤ ᠠᠬᠢᠭᠤᠯᠤᠨ᠎ᠠ ᠃ ᠳᠤᠮᠳᠠᠳᠤ ᠤᠯᠤᠰ ᠳᠤᠷᠠᠲᠠᠶ᠎ᠠ ᠪᠢᠯ ᠵᠢᠴᠢ ᠮᠸᠶᠢᠯᠢᠨᠳᠠ · ᠭᠠᠶᠢᠼ ᠰᠠᠭᠤᠷᠢ ᠮᠥᠩᠭᠦᠨ ᠤ ᠨᠡᠶᠢᠭᠡᠮᠯᠢᠭ ᠯᠦᠭᠡ ᠬᠤᠯᠪᠣᠭᠳᠠᠯ ᠪᠦᠬᠦᠢ ᠬᠦᠷᠢᠶᠡᠨ ᠤ ᠬᠠᠮᠲᠤᠷᠠᠯᠴᠠᠭ᠎ᠠ ᠪᠠᠨ ᠦᠷᠭᠦᠯᠵᠢᠯᠡᠨ ᠴᠢᠩᠭᠠᠳᠬᠠᠬᠤ ᠶᠢᠨ ᠵᠡᠷᠭᠡ ᠪᠠᠷ ᠪᠤᠰᠤᠳ ᠬᠥᠭᠵᠢᠵᠦ ᠪᠠᠶᠢᠭ᠎ᠠ ᠤᠯᠤᠰ ᠤᠳ ᠲᠤ ᠴᠢᠳᠠᠯ ᠤᠨ ᠬᠢᠷᠢ ᠪᠠᠷ ᠢᠶᠠᠨ ᠳᠡᠮᠵᠢᠯᠭᠡ ᠪᠠ ᠬᠠᠪᠰᠤᠷᠤᠯᠭ᠎ᠠᠬᠠᠩᠭᠠᠨ᠎ᠠ ᠭᠡᠵᠦ ᠴᠢᠬᠤᠯᠠᠴᠢᠯᠠᠪᠠ ᠃         ᠰᠢ ᠶᠢᠨ ᠫᠢᠩ ᠭᠠᠶᠢᠼ ᠲᠤ ᠂ ᠲᠠ ᠪᠣᠯ ᠮᠢᠨᠤ ᠡᠨᠡ ᠵᠢᠯ ᠪᠡᠭᠡᠵᠢᠩ ᠳᠤ ᠠᠭᠤᠯᠵᠠᠭᠰᠠᠨ ᠠᠩᠬᠠᠳᠠᠭᠴᠢ ᠠᠮᠧᠷᠢᠺᠠ ᠶᠢᠨ ᠨᠠᠶᠢᠵᠠ ᠮᠥᠨ ᠃ ᠳᠡᠯᠡᠬᠡᠢ ᠳ᠋ᠠᠬᠢᠨ ᠶᠠᠭᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠠᠴᠠ ᠮᠤᠯᠲᠤᠷᠠᠵᠤ ᠪᠠᠶᠢᠭ᠎ᠠ ᠪᠣᠯᠬᠤᠷ ᠬᠥᠮᠥᠰ ᠢᠯᠡᠭᠦᠬᠡᠨ ᠶᠠᠪᠤᠯᠴᠠᠵᠤ ᠂ ᠢᠯᠡᠭᠦᠬᠡᠨᠰᠣᠯᠢᠯᠴᠠᠵᠤ ᠂ ᠣᠶᠢᠯᠠᠭᠠᠯᠴᠠᠭ᠎ᠠ ᠪᠠᠨ ᠨᠡᠮᠡᠭᠳᠡᠭᠦᠯᠪᠡᠯ ᠵᠣᠬᠢᠨ᠎ᠠ ᠃ ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠰᠠᠭᠤᠷᠢ ᠠᠷᠠᠳ ᠤᠨ ᠳᠤᠮᠳᠠ ᠪᠠᠶᠢᠨ᠎ᠠ ᠭᠡᠵᠦ ᠪᠢ ᠪᠠᠶᠢᠩᠭᠤ ᠶᠠᠷᠢᠳᠠᠭ ᠂ ᠪᠢᠳᠡ ᠢᠮᠠᠭᠲᠠ ᠠᠮᠧᠷᠢᠺᠠ ᠶᠢᠨ ᠠᠷᠠᠳ ᠲᠦᠮᠡᠨ ᠳᠤ ᠬᠦ ᠰᠡᠯ ᠨᠠᠶᠢᠳᠠᠯᠭ᠎ᠠ ᠪᠠᠨ ᠲᠠᠯᠪᠢᠭᠰᠠᠭᠠᠷ ᠪᠠᠶᠢᠨ᠎ᠠ ᠂ ᠬᠤᠶᠠᠷ ᠤᠯᠤᠰ ᠤᠨ ᠠᠷᠠᠳ ᠲᠦᠮᠡᠨ ᠤ ᠦᠷᠭᠦᠯᠵᠢᠯᠡᠨ ᠨᠥᠭᠦᠷᠰᠡᠭ ᠶᠠᠪᠤᠯᠴᠠᠬᠤ ᠶᠢ ᠬᠦᠰᠡᠵᠦ ᠪᠠᠶᠢᠨ᠎ᠠ ᠭᠡᠵᠦ ᠬᠡᠯᠡᠪᠡ ᠃           ᠭᠠᠶᠢᠼ ᠳᠤᠮᠳᠠᠳᠤ ᠤᠯᠤᠰ ᠯᠤᠭ᠎ᠠ ᠶᠢᠨ ᠬᠠᠮᠲᠤᠷᠠᠯᠴᠠᠭᠠᠨ ᠤ ᠠᠬᠢᠴᠠ ᠶᠢᠨ ᠪᠠᠶᠢᠳᠠᠯ ᠵᠢᠴᠢ ᠢᠷᠡᠭᠡᠳᠦᠢ ᠶᠢᠨ ᠲᠥᠰᠥᠪ ᠢᠶᠠᠨ ᠲᠠᠨᠢᠯᠴᠠᠭᠤᠯᠵᠤ ᠂ ᠳᠤᠮᠳᠠᠳᠤ ᠤᠯᠤᠰ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠪᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠲᠠᠯ᠎ᠠ ᠪᠠᠷ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ ᠯᠤᠲᠤ ᠶᠡᠭᠡ ᠠᠮᠵᠢᠯᠲᠠ ᠣᠯᠵᠤ ᠂ ᠳᠡᠯᠡᠬᠡᠢ ᠳ᠋ᠠᠬᠢᠨ ᠳᠤ ᠮᠠᠰᠢ ᠰᠠᠶᠢᠨ ᠳᠠᠭᠤᠷᠢᠶᠠᠯ ᠦᠵᠡᠭᠦᠯᠪᠡ ᠃ ᠣᠶᠢᠷ᠎ᠠ ᠶᠢᠨᠵᠢᠯ ᠳᠤ ᠂ ᠪᠢᠯ ᠵᠢᠴᠢ ᠮᠸᠶᠢᠯᠢᠨᠳᠠ · ᠭᠠᠶᠢᠼ ᠰᠠᠭᠤᠷᠢ ᠮᠥᠩᠭᠦᠨ ᠤ ᠨᠡᠶᠢᠭᠡᠮᠯᠢᠭ ᠳᠤᠮᠳᠠᠳᠤ ᠤᠯᠤᠰ ᠯᠤᠭ᠎ᠠ ᠰᠠᠶᠢᠨ ᠰᠠᠶᠢᠬᠠᠨ ᠬᠠᠮᠲᠤᠷᠠᠯᠴᠠᠭ᠎ᠠ ᠥᠷᠨᠢᠭᠦᠯᠵᠦ ᠂ ᠮᠡᠳᠡᠭᠳᠡᠮ᠎ᠡ ᠠᠬᠢᠴᠠ ᠲᠠᠢ ᠪᠣᠯᠵᠠᠢ ᠃ ᠳᠤᠮᠳᠠᠳᠤ ᠤᠯᠤᠰ ᠰᠢᠨ᠎ᠡ ᠶᠢ ᠡᠭᠦᠳᠬᠦ ᠬᠥᠭᠵᠢᠯᠲᠡ ᠪᠠᠨ ᠲᠦᠷᠭᠡᠳᠬᠡᠬᠦ ᠨᠢ ᠳᠤᠮᠳᠠᠳᠤ ᠤᠯᠤᠰ ᠲᠤ ᠠᠰᠢᠭᠲᠠᠢ ᠂ ᠬᠥᠭᠵᠢᠵᠦᠪᠠᠶᠢᠭ᠎ᠠ ᠤᠯᠤᠰ ᠤᠳ ᠲᠤ ᠠᠰᠢᠭᠲᠠᠢ ᠂ ᠳᠡᠯᠡᠬᠡᠢ ᠳ᠋ᠠᠬᠢᠨ ᠳᠤ ᠠᠰᠢᠭᠲᠠᠢ ᠶᠤᠮ ᠃ ᠰᠠᠭᠤᠷᠢ ᠮᠥᠩᠭᠦᠨ ᠤ ᠨᠡᠶᠢᠭᠡᠮᠯᠢᠭ ᠨᠢ ᠳᠤᠮᠳᠠᠳᠤ ᠤᠯᠤᠰ ᠯᠤᠭ᠎ᠠ ᠰᠢᠨ᠎ᠡ ᠶᠢᠡᠭᠦᠳᠬᠦ ᠂ ᠪᠦᠭᠦ ᠪᠥᠮᠪᠥᠷᠴᠡᠭ ᠤᠨ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠂ ᠡᠮ ᠤᠨ ᠵᠦᠢᠯᠡᠰ ᠢᠰᠤᠳᠤᠯᠤᠨ ᠨᠡᠭᠡᠭᠡᠬᠦ ᠂ ᠬᠥᠳᠡᠭᠡ ᠲᠣᠰᠬᠤᠨ ᠬᠥᠳᠡᠭᠡ ᠠᠵᠤ ᠠᠬᠤᠢ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ ᠤᠯᠠᠮ ᠴᠢᠨᠠᠭᠰᠢᠳᠠ ᠴᠢᠩᠭᠠᠳᠬᠠᠬᠤ ᠶᠢᠨ ᠵᠡᠷᠭᠡ ᠪᠠᠷᠠᠮᠵᠢᠯᠲᠠ ᠲᠠᠢ ᠲᠤᠷᠰᠢᠯᠭ᠎ᠠ ᠪᠣᠯᠣᠨ ᠮᠡᠷᠭᠡᠵᠢᠯ ᠢᠶᠠᠨ ᠬᠥᠭᠵᠢᠵᠦ ᠪᠠᠶᠢᠭ᠎ᠠ ᠤᠯᠤᠰ ᠤᠳ ᠲᠤ ᠳᠡᠯᠭᠡᠷᠡᠭᠦᠯᠬᠦ ᠪᠠᠷ ᠴᠢᠷᠮᠠᠶᠢᠨ᠎ᠠ ᠬᠡᠦ ᠢᠯᠡᠳᠬᠡᠪᠡ ᠃         ᠸᠠᠩ ᠢ ᠂ ᠴᠢᠨ ᠭᠠᠩ ᠨᠠᠷ ᠠᠭᠤᠯᠵᠠᠯᠲᠠ ᠳᠤ ᠣᠷᠣᠯᠴᠠᠵᠠᠢ ᠃           ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 16  ᠴᠠᠭᠢᠯᠭᠠᠨ ᠮᠡᠳᠡᠭᠡ              
  ᠥᠪᠥᠷ ᠮᠣᠩᠭᠤᠯ ᠤᠨ ᠡᠳᠦᠷ ᠤᠨ ᠰᠣᠨᠢᠨ