ᠲᠦᠷᠦᠭᠦᠸ 5 ᠰᠠᠷ᠎ᠠ ᠳᠤ ᠥᠪᠥᠷ ᠮᠣᠩᠭᠤᠯ ᠤᠨ ᠵᠠᠮ ᠨᠡᠪᠲᠡᠷᠡᠯᠭᠡ ᠶᠢᠨ ᠰᠦᠢᠳᠬᠡᠯ ᠢ ᠨᠡᠶᠢᠲᠡ 8.53 ᠳ᠋ᠦᠩᠰᠢᠭᠤᠷ ᠲᠥᠭᠦᠷᠢᠭ ᠬᠠᠰᠤᠵᠤ ᠬᠡᠯᠲᠦᠷᠢᠭᠦᠯᠪᠡ
  
2023/6/20
         ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠮᠡᠳᠡᠭᠡ ᠶᠢ ᠦᠨᠳᠦᠰᠦᠯᠡᠪᠡᠯ ᠂ 5 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ ᠂ ᠪᠥᠬᠦ ᠣᠷᠣᠨ ᠤ ᠵᠠᠮ ᠨᠡᠪᠲᠡᠷᠡᠯᠭᠡ ᠶᠢᠨ ᠰᠦᠢᠳᠬᠡᠯ ᠢ ᠨᠡᠶᠢᠲᠡ 8.53 ᠳ᠋ᠦᠩᠰᠢᠭᠤᠷ ᠲᠥᠭᠦᠷᠢᠭ ᠬᠠᠰᠤᠵᠤ ᠬᠡᠯᠲᠦᠷᠢᠭᠦᠯᠦᠨ ᠂ ᠠᠳᠠᠯᠢ ᠬᠤᠭᠤᠴᠠᠭᠠᠨ ᠤ ᠬᠢ ᠠᠴᠠ41.3% ᠪᠠᠷ ᠨᠡᠮᠡᠭᠳᠡᠪᠡ ᠃         ᠡᠨᠡ ᠵᠢᠯ ᠠᠴᠠ ᠨᠠᠭᠠᠰᠢ ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠴᠠ ᠡᠯ᠎ᠡ ᠲᠥᠷᠥᠯ ᠤᠨ ᠵᠠᠮ ᠨᠡᠪᠲᠡᠷᠡᠯᠭᠡ ᠶᠢᠨᠰᠦᠢᠳᠬᠡᠯ ᠢᠶᠠᠷ ᠠᠷᠠᠳ ᠲᠤ ᠠᠰᠢᠭ ᠬᠦᠷᠲᠡᠭᠡᠵᠦ ᠲᠠᠷᠢᠶᠠᠴᠢᠳ ᠲᠤ ᠠᠰᠢᠭ ᠬᠦᠷᠲᠡᠭᠡᠬᠦ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠠᠬᠢᠭᠤᠯᠵᠤ ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯᠲᠤ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠪᠡ ᠃ ᠨᠢᠭᠡ ᠳᠤ ᠂《 ᠠᠮᠢᠳᠤ ᠰᠣᠷᠭᠤᠭᠲᠠᠷᠢᠶᠠᠯᠠᠩ ᠤᠨ ᠪᠦᠲᠦᠭᠡᠭᠳᠡᠬᠦᠨ ᠢ ᠵᠥᠭᠡᠭᠡᠪᠦᠷᠢᠯᠡᠨ ᠬᠦᠷᠭᠡᠬᠦ ᠰᠠᠭᠠᠳ ᠦᠭᠡᠢ ᠨᠡᠪᠲᠡᠷᠡᠬᠦ ᠵᠠᠮ ᠤᠨ ᠲᠦᠷᠦ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠬᠤ ᠲᠤᠬᠠᠢ ᠮᠡᠳᠡᠭᠳᠡᠯ  》  ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ ᠂ 《 ᠬᠤᠯᠢᠰᠢᠨ ᠢᠳᠡᠭᠡᠨ 》ᠤ ᠬᠠᠩᠭᠠᠯᠭ᠎ᠠ ᠶᠢᠪᠠᠲᠤᠯᠠᠨ ᠂ ᠠᠮᠢᠳᠤ ᠰᠣᠷᠭᠤᠭ ᠲᠠᠷᠢᠶᠠᠯᠠᠩ ᠤᠨ ᠪᠦᠲᠦᠭᠡᠭᠳᠡᠬᠦᠨ ᠢ ᠬᠠᠤᠯᠢ ᠶᠣᠰᠣᠭᠠᠷ ᠪᠦᠬᠦᠯᠢ ᠲᠡᠷᠭᠡ ᠪᠠᠷ ᠠᠴᠢᠶᠠᠯᠠᠵᠤ ᠲᠡᠭᠡᠭᠡᠪᠦᠷᠢᠯᠡᠭᠰᠡᠨ ᠲᠡᠷᠭᠡ ᠬᠥᠰᠬᠡ ᠠᠴᠠ ᠬᠤᠷᠢᠶᠠᠬᠤ ᠨᠡᠪᠲᠡᠷᠡᠬᠦ ᠰᠦᠢᠳᠬᠡᠯ ᠢ 17016 ᠲᠦᠮᠡᠨ ᠲᠥᠭᠦᠷᠢᠭ ᠬᠠᠰᠤᠵᠤ ᠬᠡᠯᠲᠦᠷᠢᠭᠦᠯᠪᠡ ᠃ ᠬᠤᠶᠠᠷ ᠲᠤ ᠂ ᠥᠨᠳᠥᠷ ᠬᠤᠷᠳᠤ ᠶᠢᠨ ᠵᠠᠰᠠᠮᠠᠯ ᠵᠠᠮ ᠤᠨᠲᠣᠣᠷ ᠤᠨ ᠨᠡᠪᠲᠡᠷᠡᠬᠦ ᠦᠷ᠎ᠡ ᠪᠦᠲᠦᠮᠵᠢ ᠪᠠ ᠦᠢᠯᠡᠴᠢᠯᠡᠭᠡᠨ ᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ ᠂ ᠪᠥᠬᠦ ᠣᠷᠣᠨ ᠤ ᠪᠣᠶ ᠪᠦᠬᠦᠢᠥᠨᠳᠥᠷ ᠬᠤᠷᠳᠤ ᠶᠢᠨ  ᠵᠠᠰᠠᠮᠠᠯ ᠵᠠᠮ ᠢᠶᠠᠷ ᠨᠡᠪᠲᠡᠷᠡᠬᠦ ᠲᠡᠷᠭᠡ ᠬᠥᠰᠬᠡ ᠶᠢᠨ ETC ᠺᠠᠷᠲ ᠢᠶᠠᠷ ᠥᠨᠳᠥᠷ ᠬᠤᠷᠳᠤ ᠶᠢᠨ ᠵᠠᠰᠠᠮᠠᠯ ᠵᠠᠮ ᠤᠨ ᠨᠡᠪᠲᠡᠷᠡᠬᠦ ᠰᠦᠢᠳᠬᠡᠯ ᠢᠪᠥᠬᠦ ᠲᠤᠭ᠎ᠠ ᠪᠠᠷ ᠲᠤᠰᠢᠶᠠᠬᠤ ᠬᠡᠷᠡᠭᠯᠡᠭᠴᠢ ᠠᠴᠠ 9.5 ᠪᠠᠷ ᠨᠤᠭᠤᠯᠵᠤ ᠰᠦᠢᠳᠬᠡᠯ ᠬᠤᠷᠢᠶᠠᠨ᠂ ᠨᠡᠶᠢᠲᠡ 21716 ᠲᠦᠮᠡᠨ ᠲᠥᠭᠦᠷᠢᠭ ᠢ ᠬᠠᠰᠤᠵᠤᠬᠡᠯᠲᠦᠷᠢᠭᠦᠯᠪᠠ ᠃ ᠭᠤᠷᠪᠠ ᠳᠤ ᠂ ᠴᠢᠬᠤᠯᠠ ᠶᠡᠭᠡ ᠪᠠᠶᠠᠷ ᠳᠤᠷᠠᠰᠬᠠᠯ  ᠤᠨ ᠡᠳᠦᠷ ᠤᠨ ᠰᠦᠢᠳᠬᠡᠯ ᠬᠤᠷᠢᠶᠠᠬᠤ ᠵᠠᠰᠠᠮᠠᠯ ᠵᠠᠮ ᠤᠨ ᠨᠡᠪᠲᠡᠷᠡᠬᠦ ᠦᠷ᠎ᠡ ᠪᠦᠲᠦᠮᠵᠢ ᠪᠠᠦᠢᠯᠡᠴᠢᠯᠡᠭᠡᠨ ᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢ ᠠᠬᠢᠭᠤᠯᠵᠤ ᠂ ᠪᠠᠶᠠᠷ ᠳᠤᠷᠠᠰᠬᠠᠯ ᠤᠨ ᠡᠳᠦᠷ ᠤᠨ ᠬᠤᠭᠤᠴᠠᠭᠠᠨ ᠳᠠᠬᠢ ᠥᠨᠳᠥᠷ ᠬᠤᠷᠳᠤ ᠶᠢᠨ ᠵᠠᠰᠠᠮᠠᠯ ᠵᠠᠮ ᠤᠨ ᠬᠤᠷᠢᠶᠠᠬᠤ ᠰᠦᠢᠳᠬᠡᠯ ᠢ ᠬᠡᠯᠲᠦᠷᠢᠭᠦᠯᠵᠦ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠴᠢᠩᠭ᠎ᠠ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ 7  ᠠᠴᠠ ᠳᠣᠷᠣᠭᠰᠢᠬᠢ ᠰᠠᠭᠤᠳᠠᠯ ᠲᠠᠢ ᠵᠢᠵᠢᠭ ᠬᠡᠯᠪᠡᠷᠢ ᠶᠢᠨ ᠰᠠᠭᠤᠳᠠᠯ ᠤᠨ ᠮᠠᠰᠢᠨ ᠲᠡᠷᠭᠡᠨ ᠤ ᠨᠡᠪᠲᠡᠷᠡᠬᠦ ᠰᠦᠢᠳᠬᠡᠯ ᠢ 33734 ᠲᠦᠮᠡᠨᠲᠥᠭᠦᠷᠢᠭ ᠬᠠᠰᠤᠵᠤ ᠬᠡᠯᠲᠦᠷᠢᠭᠦᠯᠪᠠ ᠃ ᠳᠥᠷᠪᠡ ᠳᠤ ᠂ ᠴᠡᠷᠢᠭ ᠠᠩᠭᠢ ᠪᠠ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠲᠡᠷᠭᠡ ᠬᠥᠰᠬᠡ ᠂ ᠭᠠᠮᠰᠢᠭ ᠠᠴᠠᠠᠪᠤᠷᠠᠬᠤ ᠡᠭᠦᠷᠭᠡ ᠶᠢ ᠭᠦᠢᠴᠡᠳᠬᠡᠵᠦ ᠪᠠᠶᠢᠭ᠎ᠠ ᠲᠡᠷᠭᠡ ᠬᠥᠰᠬᠡ ᠵᠡᠷᠭᠡ ᠵᠠᠮ ᠤᠨ ᠰᠦᠢᠳᠬᠡᠯ ᠢ ᠬᠠᠰᠤᠵᠤ ᠬᠡᠯᠲᠦᠷᠢᠭᠦᠯᠬᠦ ᠲᠦᠷᠦ ᠶᠢᠨ ᠪᠣᠳᠣᠯᠭ᠎ᠠ ᠳᠤ ᠨᠡᠶᠢᠴᠡᠬᠦ ᠲᠡᠷᠭᠡᠬᠥᠰᠬᠡ ᠠᠴᠠ 6790 ᠲᠦᠮᠡᠨ ᠲᠥᠭᠦᠷᠢᠭ ᠤᠨ ᠰᠦᠢᠳᠬᠡᠯ ᠢ ᠬᠠᠰᠤᠵᠤ ᠬᠡᠯᠲᠦᠷᠢᠭᠦᠯᠪᠡ ᠃ ᠲᠠᠪᠤ ᠳᠤ ᠂ ᠥᠨᠳᠥᠷ ᠬᠤᠷᠳᠤ ᠶᠢᠨ ᠵᠠᠰᠠᠮᠠᠯ ᠵᠠᠮ ᠤᠨ ᠵᠦᠷᠢᠶᠡᠴᠢᠯᠡᠭᠰᠡᠨ ᠰᠦᠢᠳᠬᠡᠯ ᠬᠤᠷᠢᠶᠠᠬᠤ ᠲᠥᠷᠥ ᠶᠢᠨ ᠪᠣᠳᠣᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠵᠤ ᠂ ᠡᠳ᠋ ᠪᠠᠷᠠᠭ᠎ᠠ ᠲᠡᠭᠡᠭᠡᠪᠦᠷᠢᠯᠡᠬᠦ ᠥᠪᠡᠷ ᠤᠨ ᠥᠷᠲᠡᠭ ᠢ ᠪᠠᠭᠤᠷᠠᠭᠤᠯᠤᠨ ᠂ ᠨᠡᠶᠢᠲᠡ 6079 ᠲᠦᠮᠡᠨ ᠲᠥᠭᠦᠷᠢᠭ  ᠤᠨ ᠰᠦᠢᠳᠬᠡᠯ ᠢ ᠬᠠᠰᠤᠵᠤ ᠬᠡᠯᠲᠦᠷᠢᠭᠦᠯᠪᠠ ᠃ ᠰᠢᠨ᠎ᠡ ᠡᠨᠧᠷᠭᠢ ᠶᠢᠨ ᠮᠠᠰᠢᠨ ᠲᠡᠷᠭᠡ ᠠᠴᠠ 42 ᠲᠦᠮᠡᠨ ᠲᠥᠭᠦᠷᠢᠭ  ᠤᠨ ᠰᠦᠢᠳᠬᠡᠯ ᠢ ᠵᠦᠷᠢᠶᠡᠵᠢᠬᠦᠯᠦᠨ ᠬᠠᠰᠤᠵᠤ ᠬᠡᠯᠲᠦᠷᠢᠭᠦᠯᠪᠡ ᠃     
  ᠥᠪᠥᠷ ᠮᠣᠩᠭᠤᠯ ᠤᠨ ᠵᠠᠰᠠᠭ ᠤᠨ ᠣᠷᠳᠣᠨ