ᠠᠵᠢᠯ ᠢ ᠨᠢᠭᠤᠷᠲᠠᠨ ᠪᠠᠶᠢᠷᠢᠯᠠᠭᠤᠯᠵᠤ ᠨᠢᠭᠡᠳ ᠨᠢᠭᠡ ᠪᠠᠷ ᠨᠠᠶᠢᠳᠠᠪᠤᠷᠢᠵᠢᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠨᠠᠶᠢᠳᠠᠭᠰᠠᠨᠶᠠᠪᠤᠳᠠᠯ ᠢ ᠪᠣᠳᠠᠲᠠᠢ ᠰᠠᠶᠢᠲᠤᠷ ᠬᠢᠨ᠎ᠡ  ᠸᠠᠩ ᠯᠢ ᠰᠢᠶᠠ ᠤᠰᠤᠨ ᠠᠰᠢᠭᠯᠠᠯᠲᠠ ᠤᠢ ᠰᠢᠭᠤᠢ ᠪᠠ ᠨᠤᠲᠤᠭ ᠪᠡᠯᠴᠢᠭᠡᠷ ᠲᠠᠷᠢᠶᠠᠯᠠᠩ ᠮᠠᠯ ᠠᠵᠤ ᠠᠬᠤᠢ ᠶᠢᠨᠠᠵᠢᠯ ᠢ ᠪᠠᠶᠢᠴᠠᠭᠠᠨ ᠰᠤᠳᠤᠯᠪᠠ ​
  
2023/6/20
     6 ᠰᠠᠷ᠎ᠠ ᠶᠢᠨ 16 ᠤ ᠡᠳᠦᠷ ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠂ ᠤᠢ ᠰᠢᠭᠤᠢ ᠪᠠ ᠨᠤᠲᠤᠭᠪᠡᠯᠴᠢᠭᠡᠷ ᠤᠨ ᠲᠣᠪᠴᠢᠶ᠎ᠠ ᠪᠣᠯᠣᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠳᠤ ᠬᠦᠷᠴᠦ ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ ᠠᠵᠢᠯ ᠢ ᠨᠢᠭᠤᠷᠳᠠᠨ ᠂ ᠨᠢᠭᠡᠳ ᠨᠢᠭᠡ ᠪᠠᠷ ᠠᠩᠬᠠᠷᠴᠤ ᠨᠠᠶᠢᠳᠠᠪᠤᠷᠢᠵᠢᠭᠤᠯᠪᠠ ᠃        ᠥᠪᠡᠷᠲᠡᠭᠡᠨ ᠵᠠᠰᠠᠬᠤ ᠣᠷᠣᠨ ᠤ ᠤᠢ ᠰᠢᠭᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠳᠤ ᠂ ᠸᠠᠩ ᠯᠢ ᠰᠢᠶᠠ ᠤᠢ ᠰᠢᠭᠤᠢ ᠪᠠ ᠨᠤᠲᠤᠭ ᠪᠡᠯᠴᠢᠭᠡᠷ ᠤᠨᠠᠮᠢ ᠠᠬᠤᠢ ᠶᠢᠨ ᠬᠠᠮᠠᠭᠠᠯᠠᠯᠲᠠ ᠂ ᠵᠠᠰᠠᠨ ᠰᠡᠷᠭᠦᠭᠡᠯᠲᠡ ᠪᠠ ᠬᠡᠷᠡᠭᠯᠡᠭᠡᠨ ᠤ ᠮᠡᠷᠭᠡᠵᠢᠯ ᠤᠨ ᠰᠤᠳᠤᠯᠭᠠᠨ ᠤ ᠦᠷ᠎ᠡ ᠪᠦᠲᠦᠭᠡᠯ ᠢ ᠨᠠᠷᠢᠨ ᠣᠶᠢᠯᠠᠭᠠᠵᠤ ᠂ ᠡᠯᠡᠰᠦ ᠶᠢᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠳᠤ ᠡᠯ᠎ᠡ ᠲᠠᠯ᠎ᠠ ᠶᠢᠨ ᠬᠦᠴᠦᠨ ᠢ ᠲᠠᠶᠢᠴᠢᠯᠠᠵᠤ ᠂ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠬᠡᠷᠡᠭᠯᠡᠯᠲᠡ ᠶᠢᠨ《 ᠲᠣᠣᠷ 》 ᠢ ᠪᠦᠷᠢᠯᠳᠦᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃ ᠲᠡᠷᠡ ᠪᠠᠰᠠ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠢ ᠢᠲᠡᠭᠡᠯ ᠵᠣᠷᠢᠭ ᠢᠶᠠᠨ ᠨᠡᠮᠡᠭᠳᠡᠭᠦᠯᠵᠦ ᠂ ᠰᠠᠨᠠᠭᠠᠴᠢᠯᠠᠭ᠎ᠠ ᠠᠴᠠ ᠪᠠᠨ ᠵᠠᠬ᠎ᠠ ᠳᠡᠯᠭᠡᠭᠦᠷ ᠲᠤ ᠭᠠᠷᠴᠤ ᠂ ᠵᠠᠬᠢᠶᠠᠯᠠᠭ᠎ᠠ ᠡᠷᠢᠵᠦ ᠂ ᠦᠷ᠎ᠡ ᠪᠦᠲᠦᠭᠡᠯ ᠤᠨ ᠤᠨᠳᠤᠤᠰᠢᠭᠤᠯᠤᠯᠳᠠ ᠶᠢ ᠲᠦᠷᠭᠡᠳᠬᠡᠵᠦ ᠂ ᠰᠤᠳᠤᠯᠭᠠᠨ ᠤ ᠦᠷ᠎ᠡ ᠪᠦᠲᠦᠭᠡᠯ ᠢᠶᠠᠨ ᠡᠬᠡ ᠭᠠᠵᠠᠷ ᠳᠡᠭᠡᠷ᠎ᠡ ᠬᠡᠷᠡᠭᠯᠡᠰᠦᠭᠡᠢ ᠭᠡᠵᠦ ᠵᠣᠷᠢᠭᠵᠢᠭᠤᠯᠪᠠ ᠃ ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠪᠣᠯᠣᠨᠤᠰᠤᠨ ᠠᠰᠢᠭᠯᠠᠯᠲᠠ ᠶᠢᠨ ᠲᠢᠩᠬᠢᠮ ᠳᠤ ᠂ ᠲᠡᠷᠡ ᠮᠠᠯ ᠪᠡᠯᠴᠢᠭᠡᠷ ᠤᠨ ᠲᠡᠩᠴᠡᠭᠦᠷᠢ ᠂ ᠭᠠᠵᠠᠷ ᠰᠢᠷᠣᠢ ᠶᠢᠨ ᠡᠯᠡᠰᠦᠷᠬᠡᠭᠵᠢᠯ ᠵᠡᠷᠭᠡ ᠬᠢᠨᠠᠨ ᠬᠡᠮᠵᠢᠯᠲᠡ ᠶᠢᠨ ᠦᠷ᠎ᠡ ᠪᠦᠲᠦᠭᠡᠯ ᠤᠨ ᠦᠵᠡᠭᠦᠯᠭᠡ ᠶᠢ ᠨᠠᠷᠢᠨ ᠬᠢᠨᠠᠮᠠᠭᠠᠢ ᠦᠵᠡᠵᠦ ᠂ ᠪᠦᠭᠦ ᠣᠷᠣᠨ ᠤ ᠤᠰᠤᠨ ᠵᠦᠢ ᠶᠢᠨ ᠵᠢᠷᠤᠭ ᠂ ᠭᠠᠵᠠᠷ ᠳᠣᠣᠷᠠᠬᠢ ᠤᠰᠤᠨ ᠤ ᠡᠬᠢ ᠪᠠᠶᠠᠯᠢᠭ ᠤᠨᠮᠡᠳᠡᠭᠡ ᠵᠠᠩᠭᠢ ᠂ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠤᠰᠤᠨ ᠤ ᠬᠡᠮᠵᠢᠶᠡᠨ ᠤ ᠲᠣᠬᠢᠷᠠᠭᠤᠯᠤᠯᠲᠠ ᠶᠢ ᠲᠤᠬᠠᠢ ᠶᠢᠨ ᠲᠠᠯᠠᠪᠠᠢ ᠳᠤ ᠲᠣᠭᠤᠷᠢᠨ ᠦᠵᠡᠪᠡ ᠃ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠲᠠᠷᠢᠶᠠᠯᠠᠩ ᠤᠨ ᠲᠤᠷᠰᠢᠯᠲᠠ ᠶᠢᠨ ᠰᠠᠭᠤᠷᠢᠨ ᠳᠤ ᠂ ᠸᠠᠩ ᠯᠢ ᠰᠢᠶᠠᠦᠷ᠎ᠡ ᠰᠣᠩᠭᠤᠨ ᠦᠷ᠎ᠡ ᠪᠣᠶᠢᠵᠢᠭᠤᠯᠬᠤ ᠂ ᠤᠰᠤ ᠠᠷᠪᠢᠯᠠᠬᠤ ᠳᠤᠰᠤᠯᠭᠠᠨ ᠤᠰᠤᠯᠠᠬᠤ ᠪᠠᠶᠢᠳᠠᠯ ᠂ ᠤᠰᠤ ᠠᠷᠪᠢᠯᠠᠬᠤ ᠦᠷ᠎ᠡ ᠪᠦᠲᠦᠮᠵᠢ ᠶᠠᠮᠠᠷ ᠪᠠᠶᠢᠬᠤ ᠂ ᠬᠡᠷᠡᠭᠯᠡᠬᠦᠥᠪᠡᠷ ᠤᠨ ᠥᠷᠲᠡᠭ ᠥᠨᠳᠥᠷ ᠪᠠᠶᠢᠬᠤ ᠡᠰᠡᠬᠦ ᠂ ᠲᠠᠷᠢᠶᠠᠴᠢᠳ ᠤᠨ ᠭᠥᠯᠢᠶᠡᠨ ᠠᠪᠬᠤ ᠬᠡᠮᠵᠢᠶ᠎ᠡ ᠶᠠᠮᠠᠷ ᠪᠠᠶᠢᠬᠤ ᠵᠡᠷᠭᠡ ᠶᠢ ᠨᠠᠷᠢᠨ ᠣᠶᠢᠯᠠᠭᠠᠪᠠ ᠃ ᠳᠤᠰᠤᠯᠭᠠᠨᠤᠰᠤᠯᠠᠬᠤ ᠲᠥᠬᠦᠭᠡᠷᠦᠮᠵᠢ ᠶᠢᠨ ᠤᠰᠤ ᠠᠷᠪᠢᠯᠠᠬᠤ ᠮᠥᠷᠲᠡᠭᠡᠨ ᠤᠨᠠᠯᠲᠠ ᠶᠢ ᠨᠡᠮᠡᠭᠳᠡᠭᠦᠯᠦᠭᠰᠡᠨ ᠢ ᠦᠵᠡᠭᠡᠳ ᠲᠡᠷᠡ ᠮᠠᠰᠢ ᠪᠠᠶᠠᠷᠯᠠᠵᠤ ᠂ ᠲᠤᠷᠰᠢᠯᠲᠠ ᠬᠢᠵᠦᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠵᠤ ᠂ ᠤᠰᠤ ᠠᠷᠪᠢᠯᠠᠬᠤ ᠲᠠᠷᠢᠶᠠᠯᠠᠩ ᠢ ᠰᠠᠶᠢᠲᠤᠷ ᠪᠣᠶᠢᠵᠢᠭᠤᠯᠤᠨ ᠬᠥᠭᠵᠢᠭᠦᠯᠬᠦ ᠬᠡᠷᠡᠭᠲᠡᠢ ᠭᠡᠵᠦ ᠱᠠᠭᠠᠷᠳᠠᠪᠠ ᠃         ᠲᠤᠬᠠᠢ ᠶᠢᠨ ᠡᠳᠦᠷ ᠂ ᠸᠠᠩ ᠯᠢ ᠰᠢᠶᠠ ᠶᠠᠷᠢᠯᠴᠠᠬᠤ ᠬᠤᠷᠠᠯ ᠡᠷᠭᠢᠯᠡᠨ ᠬᠤᠷᠠᠯᠳᠤᠭᠤᠯᠵᠤ ᠂ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤᠴᠣᠭᠴᠠᠯᠠᠬᠤ ᠡᠨᠡ ᠬᠦ 《 ᠤᠯᠤᠰ ᠤᠨ ᠲᠣᠮᠣ ᠶᠠᠪᠤᠳᠠᠯ 》 ᠢ ᠪᠠᠲᠤ ᠴᠡᠭᠡᠵᠢᠯᠡᠵᠦ ᠂ ᠡᠯᠡᠰᠦ ᠶᠢ ᠰᠡᠷᠭᠡᠶᠢᠯᠡᠵᠦ ᠡᠯᠡᠰᠦᠷᠬᠡᠭᠵᠢᠯ ᠢ ᠵᠠᠰᠠᠬᠤ ᠭᠤᠷᠪᠠᠨ ᠶᠡᠭᠡ ᠪᠡᠯᠭᠡᠲᠡᠮᠳᠡᠭ ᠤᠨ ᠴᠢᠨᠠᠷᠲᠠᠢ ᠳᠠᠶᠢᠯᠠᠯᠳᠤᠭᠠᠨ ᠢ ᠰᠠᠶᠢᠲᠤᠷ ᠬᠢᠵᠦ ᠂ 《 ᠬᠥᠯᠥᠨ ᠨᠠᠭᠤᠷ ᠂ ᠤᠯᠠᠭᠠᠨᠰᠤᠬᠠᠢ ᠂ ᠲᠠᠭ᠎ᠠ ᠶᠢᠨ ᠨᠠᠭᠤᠷ 》ᠢ ᠵᠠᠰᠠᠬᠤ ᠠᠵᠢᠯ ᠢ ᠰᠠᠶᠢᠲᠤᠷ ᠬᠢᠵᠦ ᠂ ᠨᠡᠯᠦᠶᠢᠯᠭᠡᠨ ᠤᠰᠤᠯᠠᠬᠤ ᠂ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠂ ᠬᠤᠵᠢᠷᠯᠢᠭ ᠭᠠᠵᠠᠷ ᠢ ᠰᠠᠶᠢᠵᠢᠷᠠᠭᠤᠯᠬᠤ ᠵᠡᠷᠭᠡ ᠬᠦᠴᠢᠷᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ ᠃ ᠣᠲᠣ ᠦᠶ᠎ᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠣᠲᠣ ᠦᠶ᠎ᠡ ᠶᠢᠨ ᠲᠠᠷᠢᠶᠠᠯᠠᠩ ᠮᠠᠯ ᠠᠵᠤᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ ᠂ ᠭᠠᠵᠠᠷ ᠰᠢᠷᠣᠢ ᠂ ᠦᠷ᠎ᠡ ᠂ ᠬᠦᠷᠢᠶᠡᠯᠡᠩ ᠲᠣᠭᠤᠷᠢᠭ ᠂ ᠲᠥᠬᠦᠭᠡᠷᠦᠮᠵᠢ ᠂ ᠴᠢᠳᠠᠪᠤᠷᠢᠲᠠᠨ ᠵᠡᠷᠭᠡ ᠲᠣᠪᠣᠶᠢᠮ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠵᠦ ᠂ ᠳᠤᠮᠳᠠᠳᠤ ᠤᠯᠤᠰ ᠤᠨ ᠠᠮᠤ ᠶᠢᠨ ᠰᠠᠩ ᠳᠤ ᠥᠪᠥᠷ ᠮᠣᠩᠭᠤᠯ ᠤᠨ ᠠᠮᠤ ᠪᠤᠳᠠᠭ᠎ᠠ ᠂ ᠮᠢᠬ᠎ᠠ ᠂ ᠰᠦ ᠶᠢ ᠢᠯᠡᠭᠦᠬᠡᠨ ᠰᠠᠪᠠᠯᠠᠬᠤ ᠬᠡᠷᠡᠭᠲᠡᠢ ᠃ ᠲᠠᠷᠢᠶᠠᠯᠠᠩ ᠮᠠᠯ ᠠᠵᠤ ᠠᠬᠤᠢ ᠂ ᠤᠰᠤᠨ ᠠᠰᠢᠭᠯᠠᠯᠲᠠ ᠂ ᠣᠶ ᠰᠢᠭᠤᠢ ᠪᠠ ᠡᠪᠡᠰᠦ ᠪᠡᠯᠴᠢᠭᠡᠷ ᠵᠡᠷᠭᠡ ᠰᠠᠯᠠᠭ᠎ᠠᠮᠥᠴᠢᠷ ᠤᠳ ᠰᠠᠶᠢᠨ ᠲᠦᠷᠦᠭᠦᠴᠢ ᠭᠠᠯᠠᠭᠤ ᠪᠣᠯᠵᠤ ᠂ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠵᠤ ᠂ ᠱᠠᠯᠠᠪᠳᠠᠨ ᠲᠦᠷᠭᠡᠨ ᠰᠢᠢᠳᠪᠦᠷᠢᠯᠡᠵᠦ ᠂ ᠶᠡᠷᠦᠩᠬᠡᠢ ᠱᠦᠵᠢ ᠶᠢᠨ ᠲᠤᠰᠢᠶᠠᠭᠰᠠᠨ ᠶᠠᠪᠤᠳᠠᠯ ᠢ ᠪᠦᠭᠦ ᠬᠦᠴᠦᠨ ᠢᠶᠠᠷ ᠢᠶᠠᠨ ᠰᠠᠶᠢᠲᠤᠷ ᠲᠤᠭᠤᠰᠢᠯᠠᠭᠤᠯᠵᠤ ᠂ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ ᠭᠡᠵᠦᠴᠢᠬᠤᠯᠠᠴᠢᠯᠠᠪᠠ ᠃           ᠳᠠᠶᠢᠴᠢᠨ ᠠᠵᠢᠯᠯᠠᠭ᠎ᠠ ᠳᠤ ᠣᠷᠣᠯᠴᠠᠵᠠᠢ ᠃ 
  ᠥᠪᠥᠷ ᠮᠣᠩᠭᠤᠯ ᠤᠨ ᠡᠳᠦᠷ ᠤᠨ ᠰᠣᠨᠢᠨ