| | ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ | 26 ᠤ ᠦᠳᠡ ᠶᠢᠨ ᠬᠤᠶᠢᠨ᠎ᠠ ᠵᠦᠩ ᠨᠠᠨ ᠬᠠᠢ ᠳᠤ ᠡᠪ ᠬᠠᠮᠲᠤ | ᠵᠠᠯᠠᠭᠤᠴᠤᠳ ᠤᠨ ᠡᠪᠯᠡᠯ ᠤᠨ ᠲᠥᠪ ᠬᠤᠷᠢᠶ᠎ᠠ ᠶᠢᠨ ᠰᠢᠨ᠎ᠡ | ᠨᠢᠭᠡ ᠬᠤᠭᠤᠴᠠᠭᠠᠨ ᠤᠤᠳᠤᠷᠢᠳᠬᠤ ᠪᠠᠭ ᠤᠨ ᠪᠦᠷᠢᠯᠳᠦᠭᠦᠨ ᠲᠠᠢ | ᠬᠠᠮᠲᠤ ᠶᠢᠨ ᠶᠠᠷᠢᠯᠴᠠᠭ᠎ᠠ ᠬᠢᠬᠦ ᠶᠢᠨ ᠬᠠᠮᠲᠤ ᠴᠢᠬᠤᠯᠠ | ᠶᠠᠷᠢᠶ᠎ᠠ ᠲᠠᠯᠪᠢᠪᠠ᠃ ᠲᠡᠷᠡ᠂ ᠨᠠᠮ ᠪᠣᠯᠣᠨ ᠤᠯᠤᠰ ᠤᠨ ᠠᠵᠢᠯ | ᠦᠢᠯᠡᠰ ᠤᠨ ᠬᠦᠰᠡᠯ ᠡᠷᠡᠮᠡᠯᠵᠡᠯ ᠢ ᠵᠠᠯᠠᠭᠤᠴᠤᠳ ᠤᠨ ᠪᠡᠶ᠎ᠡ | ᠳᠡᠭᠡᠷ᠎ᠡ ᠨᠠᠶᠢᠳᠠᠵᠤ ᠪᠠᠶᠢᠨ᠎ᠠ᠃ ᠡᠪ ᠬᠠᠮᠲᠤ ᠵᠠᠯᠠᠭᠤᠴᠤᠳ ᠤᠨ | ᠡᠪᠯᠡᠯ ᠤᠨ ᠲᠥᠪ ᠬᠤᠷᠢᠶ᠎ᠠ ᠨᠠᠮ ᠤᠨᠲᠥᠪ ᠬᠤᠷᠢᠶ᠎ᠠ ᠶᠢᠨ | ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠵᠤ᠂ ᠰᠢᠨ᠎ᠡ | ᠴᠠᠭ ᠦᠶ᠎ᠡ ᠰᠢᠨ᠎ᠡ ᠠᠶᠠᠨ ᠳᠤ ᠨᠠᠮ ᠠᠴᠠ ᠳᠠᠭᠠᠭᠠᠯᠭᠠᠭᠰᠠᠨ | ᠡᠭᠦᠷᠭᠡᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ | ᠰᠢᠯᠢᠳᠡᠭ ᠤᠯᠠᠮᠵᠢᠯᠠᠯ ᠢ ᠵᠠᠯᠭᠠᠮᠵᠢᠯᠠᠨ ᠪᠠᠳᠠᠷᠠᠭᠤᠯᠵᠤ᠂ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ | ᠪᠠᠷᠢᠮᠲᠠᠯᠠᠵᠤ᠂ᠵᠠᠯᠠᠭᠤ ᠨᠢᠭᠡ ᠦᠶ᠎ᠡ ᠶᠢᠨ ᠬᠢᠨ ᠢ ᠨᠠᠮ ᠤᠨ | ᠲᠣᠭᠤᠷᠢᠨ ᠳᠤ ᠨᠡᠩ ᠰᠠᠶᠢᠲᠤᠷ ᠪᠦᠯᠬᠦᠮᠳᠡᠭᠦᠯᠦᠨ | ᠨᠢᠭᠲᠠᠷᠠᠭᠤᠯᠵᠤ᠂ ᠤᠯᠤᠰ ᠢᠶᠠᠨ ᠬᠦᠴᠦᠷᠬᠡᠭᠵᠢᠭᠦᠯᠬᠦ | ᠪᠦᠲᠦᠭᠡᠨᠪᠠᠶᠢᠭᠤᠯᠤᠯᠲᠠ᠂ ᠦᠨᠳᠦᠰᠦᠲᠡᠨ ᠤ ᠰᠡᠷᠭᠦᠨ | ᠮᠠᠨᠳᠤᠯᠲᠠ ᠶᠢᠨ ᠠᠭᠤᠤ ᠦᠢᠯᠡᠰ ᠢ ᠠᠬᠢᠭᠤᠯᠬᠤ ᠶᠢᠨ ᠲᠥᠯᠥᠭᠡ | ᠦᠷᠭᠦᠯᠵᠢᠯᠡᠨ ᠲᠡᠮᠡᠴᠡᠬᠦ ᠶᠢ ᠬᠦᠰᠡᠵᠦ ᠪᠠᠶᠢᠨ᠎ᠠ ᠭᠡᠵᠦ | ᠴᠢᠬᠤᠯᠠᠴᠢᠯᠠᠪᠠ᠃ | | | | | | 6 ᠰᠠᠷ᠎ᠠ ᠶᠢᠨ 26 ᠤ ᠡᠳᠦᠷ᠂ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ | ᠴᠡᠷᠢᠭ ᠤᠨ ᠶᠠᠪᠤᠳᠠᠯ ᠤᠨᠬᠤᠷᠢᠶ᠎ᠠ ᠶᠢᠨ ᠲᠡᠷᠢᠭᠦᠯᠡᠭᠴᠢ | ᠰᠢ ᠶᠢᠨ ᠫᠢᠩ ᠵᠦᠩ ᠨᠠᠨ ᠬᠠᠢ ᠳᠤ ᠡᠪ ᠬᠠᠮᠲᠤ ᠵᠠᠯᠠᠭᠤᠴᠤᠳ ᠤᠨ | ᠡᠪᠯᠡᠯ ᠤᠨ ᠲᠥᠪ ᠬᠤᠷᠢᠶ᠎ᠠ ᠶᠢᠨ ᠰᠢᠨ᠎ᠡ ᠨᠢᠭᠡ ᠬᠤᠭᠤᠴᠠᠭᠠᠨ ᠤ | ᠤᠳᠤᠷᠢᠳᠬᠤ ᠪᠠᠭ ᠤᠨ ᠪᠦᠷᠢᠯᠳᠦᠭᠦᠨ ᠲᠠᠢ ᠬᠠᠮᠲᠤ ᠶᠢᠨ | ᠶᠠᠷᠢᠯᠴᠠᠭ᠎ᠠ ᠬᠢᠬᠦ ᠶᠢᠨ ᠬᠠᠮᠲᠤ ᠴᠢᠬᠤᠯᠠ ᠶᠠᠷᠢᠶ᠎ᠠ | ᠲᠠᠯᠪᠢᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠵᠢᠦᠢ ᠫᠧᠩ | ᠰᠡᠭᠦᠳᠡᠷᠯᠡᠪᠡ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ | ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠥᠪ ᠤᠨ ᠱᠦᠵᠢ | ᠨᠠᠷ ᠤᠨ ᠭᠠᠵᠠᠷ ᠤᠨ ᠱᠦᠵᠢ ᠼᠠᠢ ᠴᠢᠬᠠᠮᠲᠤ ᠶᠢᠨ | ᠶᠠᠷᠢᠯᠴᠠᠭ᠎ᠠ ᠳᠤ ᠣᠷᠣᠯᠴᠠᠵᠠᠢ᠃ | ᠰᠢ ᠶᠢᠨ ᠫᠢᠩ ᠡᠩ ᠲᠡᠷᠢᠭᠦᠨ ᠳᠤ᠂ ᠨᠠᠮ ᠤᠨ ᠠᠷᠪᠠᠨ | ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ | ᠵᠠᠯᠠᠭᠤᠴᠤᠳ ᠤᠨ ᠠᠵᠢᠯ ᠴᠢᠬᠤᠯᠠ ᠶᠡᠭᠡᠠᠮᠵᠢᠯᠲᠠ ᠣᠯᠵᠤ᠂ | ᠭᠦᠨᠵᠡᠭᠡᠢ ᠬᠤᠪᠢᠰᠤᠯᠲᠠ ᠭᠠᠷᠴᠤ᠂ ᠡᠪ ᠬᠠᠮᠲᠤ ᠵᠠᠯᠠᠭᠤᠴᠤᠳ ᠤᠨ | ᠡᠪᠯᠡᠯ ᠪᠣᠯᠣᠨ ᠵᠠᠯᠠᠭᠤᠴᠤᠳ ᠤᠨ ᠠᠵᠢᠯ ᠳᠠᠬᠢ ᠨᠠᠮ ᠤᠨ | ᠤᠳᠤᠷᠢᠳᠤᠯᠭ᠎ᠠ ᠪᠦᠭᠦ ᠲᠠᠯ᠎ᠠ ᠪᠠᠷ ᠴᠢᠩᠭᠠᠷᠠᠵᠤ᠂ ᠡᠪᠯᠡᠯ ᠤᠨ | ᠣᠷᠣᠰᠢᠨ ᠲᠣᠭᠲᠠᠨᠢᠬᠤ ᠦᠨᠳᠦᠰᠦ ᠪᠣᠯᠣᠨ ᠤᠯᠤᠰ ᠲᠦᠷᠦ ᠶᠢᠨ ᠰᠦᠭ | ᠰᠦᠨᠡᠰᠦ ᠨᠡᠩ ᠪᠠᠬᠢᠵᠢᠵᠦ᠂ ᠡᠪ ᠬᠠᠮᠲᠤᠵᠠᠯᠠᠭᠤᠴᠤᠳ ᠤᠨ | ᠡᠪᠯᠡᠯ ᠤᠨ ᠠᠵᠢᠯ ᠤᠨ ᠴᠢᠭᠯᠡᠯ ᠪᠠ ᠡᠭᠦᠷᠭᠡ ᠨᠡᠩ ᠲᠣᠳᠣᠷᠬᠠᠢ | ᠪᠣᠯᠵᠤ᠂ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠤᠯᠤᠰ | ᠲᠥᠷᠥᠴᠢ ᠴᠢᠨᠠᠷ᠂ᠲᠡᠷᠢᠭᠦᠨ ᠤ ᠴᠢᠨᠠᠷ᠂ ᠤᠯᠠᠨ ᠲᠦᠮᠡᠨᠴᠢ | ᠴᠢᠨᠠᠷ ᠨᠡᠩ ᠢᠯᠡ ᠲᠣᠳᠣ ᠪᠣᠯᠵᠤ᠂ ᠡᠪᠯᠡᠯ ᠤᠨ ᠺᠠᠳ᠋ᠷ ᠤᠨ ᠦᠵᠡᠯ | ᠰᠠᠨᠠᠭ᠎ᠠ ᠣᠪᠣᠷ ᠰᠤᠷᠲᠠᠯ᠂ ᠠᠵᠢᠯ ᠤᠨ ᠰᠤᠷᠲᠠᠯ᠂ | ᠠᠮᠢᠳᠤᠷᠠᠯ ᠤᠨ ᠰᠤᠷᠲᠠᠯ ᠨᠡᠩ ᠢᠳᠡᠪᠬᠢᠲᠡᠢ ᠡᠷᠡᠭᠦᠯ | ᠥᠭᠡᠳᠡᠷᠬᠡᠭ ᠪᠣᠯᠵᠤ᠂ ᠥᠷᠭᠡᠨ ᠤᠯᠠᠨ ᠵᠠᠯᠠᠭᠤᠴᠤᠳ ᠤᠨ ᠳᠤᠮᠳᠠ | ᠴᠣ ᠰᠢᠨ᠎ᠡ ᠳᠦᠷᠢ ᠲᠥᠷᠬᠦ ᠶᠢ ᠢᠯᠡᠷᠡᠭᠦᠯᠪᠡ᠃ᠥᠩᠭᠡᠷᠡᠭᠰᠡᠨ 5 | ᠵᠢᠯ ᠳᠤ᠂ ᠡᠪ ᠬᠠᠮᠲᠤ ᠵᠠᠯᠠᠭᠤᠴᠤᠳ ᠤᠨ ᠡᠪᠯᠡᠯ ᠰᠢᠨ᠎ᠡ | ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ᠂ ᠴᠢᠨᠠᠷ | ᠰᠠᠶᠢᠲᠠᠢ ᠬᠥᠭᠵᠢᠯᠲᠡ ᠶᠢᠠᠬᠢᠭᠤᠯᠬᠤ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ | ᠢᠯᠠᠯᠲᠠ ᠶᠢ ᠣᠯᠬᠤ᠂ ᠰᠢᠨ᠎ᠡ ᠲᠢᠲᠢᠮᠯᠢᠭ ᠸᠢᠷᠦ᠋ᠰ ᠤᠨ | ᠬᠢᠵᠢᠭ ᠤᠨᠪᠠᠶᠢᠳᠠᠯ ᠲᠠᠢ ᠲᠡᠮᠡᠴᠡᠬᠦ ᠵᠡᠷᠭᠡ ᠴᠢᠬᠤᠯᠠ ᠶᠡᠭᠡ | ᠡᠭᠦᠷᠭᠡ ᠶᠢᠨ ᠲᠣᠭᠤᠷᠢᠨ ᠳᠤ᠂ ᠥᠷᠭᠡᠨ ᠣᠯᠠᠨ ᠡᠪᠯᠡᠯ ᠤᠨ | ᠭᠡᠰᠢᠭᠦᠳ ᠪᠣᠯᠣᠨ ᠵᠠᠯᠠᠭᠤᠴᠤᠳ ᠢ ᠵᠣᠬᠢᠶᠠᠨ | ᠪᠠᠶᠢᠭᠤᠯᠤᠨᠢᠳᠡᠪᠬᠢᠲᠡᠢ ᠣᠷᠣᠯᠴᠠᠭᠤᠯᠵᠤ᠂ ᠬᠦᠨᠳᠦ | ᠡᠭᠦᠷᠭᠡ ᠶᠢ ᠵᠣᠷᠢᠭᠲᠠᠢ ᠡᠭᠦᠷᠭᠡᠯᠡᠨ᠂ ᠡᠮᠦᠨ᠎ᠡ ᠨᠢ | ᠭᠠᠪᠰᠢᠭᠠᠶᠢᠯᠠᠵᠤ᠂ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨᠵᠠᠯᠠᠭᠤᠴᠤᠳ ᠤᠨ ᠰᠥᠰᠥ ᠵᠣᠷᠢᠭ ᠪᠠ ᠡᠭᠦᠷᠭᠡᠯᠡᠯ ᠢ | ᠢᠯᠡᠷᠡᠭᠦᠯᠪᠡ᠃ ᠨᠠᠮ ᠤᠨ ᠲᠥᠪ ᠬᠤᠷᠢᠶ᠎ᠠ ᠡᠪ ᠬᠠᠮᠲᠤ | ᠵᠠᠯᠠᠭᠤᠴᠤᠳ ᠤᠨ ᠡᠪᠯᠡᠯ ᠪᠣᠯᠣᠨ ᠥᠷᠭᠡᠨ ᠤᠯᠠᠨᠵᠠᠯᠠᠭᠤᠴᠤᠳ ᠢ | ᠭᠦᠢᠴᠡᠳ ᠢᠲᠡᠭᠡᠵᠦ ᠪᠠᠶᠢᠨ᠎ᠠ ᠭᠡᠵᠦ ᠢᠯᠡᠳᠬᠡᠪᠡ᠃ | ᠰᠢ ᠶᠢᠨ ᠫᠢᠩ᠂ ᠨᠠᠮ ᠤᠨ ᠲᠥᠪ ᠬᠤᠷᠢᠶ᠎ᠠ ᠠᠴᠠ ᠡᠪ ᠬᠠᠮᠲᠤ | ᠵᠠᠯᠠᠭᠤᠴᠤᠳ ᠤᠨ ᠡᠪᠯᠡᠯ ᠤᠨ ᠲᠥᠪ ᠬᠤᠷᠢᠶ᠎ᠠ ᠶᠢᠨ ᠰᠢᠨ᠎ᠡ | ᠨᠢᠭᠡ ᠬᠤᠭᠤᠴᠠᠭᠠᠨ ᠤᠤᠳᠤᠷᠢᠳᠬᠤ ᠪᠠᠭ ᠲᠤ ᠬᠦᠨᠳᠦ ᠬᠦᠰᠡᠯ | ᠨᠠᠶᠢᠳᠠᠯᠭ᠎ᠠ ᠲᠠᠯᠪᠢᠵᠤ ᠪᠠᠶᠢᠨ᠎ᠠ᠃ ᠲᠠᠨᠠᠷ ᠲᠤᠰ ᠪᠡᠶ᠎ᠡ ᠶᠢᠨ | ᠪᠠᠶᠢᠭᠤᠯᠤᠯᠲᠠ ᠪᠠᠨ ᠴᠢᠩᠭᠠᠳᠬᠠᠵᠤ᠂ ᠵᠢᠱᠢᠶ᠎ᠡ | ᠦᠵᠡᠭᠦᠯᠵᠦᠬᠥᠲᠥᠯᠥᠨ ᠳᠠᠭᠠᠭᠤᠯᠬᠤ ᠦᠢᠯᠡᠳᠦᠯ ᠢᠶᠠᠨ ᠰᠠᠶᠢᠲᠤᠷ | ᠪᠠᠳᠠᠷᠠᠭᠤᠯᠵᠤ᠂ ᠡᠪ ᠬᠠᠮᠲᠤ ᠵᠠᠯᠠᠭᠤᠴᠤᠳ ᠤᠨ ᠡᠪᠯᠡᠯ ᠤᠨ | ᠦᠢᠯᠡᠰ ᠪᠣᠯᠣᠨ ᠵᠠᠯᠠᠭᠤᠴᠤᠳ ᠤᠨ ᠠᠵᠢᠯ ᠤᠨᠨᠡᠩ ᠶᠡᠭᠡ ᠰᠢᠨ᠎ᠡ | ᠬᠥᠭᠵᠢᠯᠲᠡ ᠲᠠᠢ ᠪᠤᠯᠬᠤ ᠶᠢ ᠠᠬᠢᠭᠤᠯᠬᠤ ᠶᠢ ᠬᠦᠰᠡᠵᠦ | ᠪᠠᠶᠢᠨ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠨᠠᠮ ᠤᠨ ᠭᠤᠣᠯ ᠡᠭᠦᠷᠭᠡ ᠶᠢ ᠳᠤᠮᠳᠠᠳᠤ | ᠤᠯᠤᠰ ᠤᠨ ᠵᠠᠯᠠᠭᠤᠴᠤᠳ ᠤᠨ ᠬᠥᠳᠡᠯᠭᠡᠭᠡᠨ ᠪᠣᠯᠣᠨ | ᠵᠠᠯᠠᠭᠤᠴᠤᠳ ᠤᠨ ᠠᠵᠢᠯ ᠤᠨ ᠭᠤᠣᠯᠰᠡᠳᠦᠪ ᠪᠠ ᠴᠢᠭᠯᠡᠯ | ᠪᠤᠯᠭᠠᠬᠤ ᠪᠣᠯ ᠵᠠᠭᠤ ᠭᠠᠷᠤᠢ ᠵᠢᠯ ᠤᠨ ᠲᠤᠷᠰᠢᠬᠢ ᠳᠤᠮᠳᠠᠳᠤ | ᠤᠯᠤᠰ ᠤᠨ ᠵᠠᠯᠠᠭᠤᠴᠤᠳ ᠤᠨ ᠬᠥᠳᠡᠯᠭᠡᠭᠡᠨ ᠪᠣᠯᠣᠨ | ᠵᠠᠯᠠᠭᠤᠴᠤᠳ ᠤᠨ ᠠᠵᠢᠯ ᠤᠨᠨᠢᠭᠡᠨ ᠦᠨᠳᠦᠰᠦᠨ ᠲᠤᠷᠰᠢᠯᠭ᠎ᠠ | ᠪᠣᠯᠣᠨ᠎ᠠ᠃ ᠡᠪ ᠬᠠᠮᠲᠤ ᠵᠠᠯᠠᠭᠤᠴᠤᠳ ᠤᠨ ᠡᠪᠯᠡᠯ ᠨᠢ ᠨᠠᠮ ᠤᠨ | ᠬᠠᠪᠰᠤᠷᠤᠭᠴᠢ ᠪᠠ ᠪᠡᠯᠡᠳᠬᠡᠯ ᠴᠡᠷᠢᠭ ᠪᠣᠯᠤᠭᠰᠠᠨ ᠤ | ᠬᠤᠪᠢ ᠳᠤ᠂ ᠡᠷᠬᠡᠪᠰᠢ ᠨᠠᠮ ᠤᠨ ᠬᠤᠷᠢᠳᠤᠭᠠᠷ ᠶᠡᠭᠡ | ᠬᠤᠷᠠᠯ ᠠᠴᠠ ᠲᠣᠭᠲᠠᠭᠠᠭᠰᠠᠨ ᠰᠢᠨ᠎ᠡ ᠴᠠᠭ ᠦᠶ᠎ᠡ ᠰᠢᠨ᠎ᠡ | ᠠᠶᠠᠨ ᠳᠠᠬᠢ ᠨᠠᠮ ᠤᠨ ᠭᠤᠣᠯ ᠡᠭᠦᠷᠭᠡ ᠲᠠᠢ | ᠨᠢᠭᠲᠠᠤᠶᠠᠯᠳᠤᠭᠤᠯᠤᠨ ᠠᠵᠢᠯ ᠢᠶᠠᠨ ᠥᠷᠨᠢᠭᠦᠯᠵᠦ᠂ | ᠴᠢᠭᠯᠡᠯ ᠢᠶᠠᠨ ᠡᠵᠡᠮᠳᠡᠵᠦ᠂ ᠬᠦᠴᠦᠯᠡᠨ ᠴᠢᠷᠮᠠᠶᠢᠵᠤ ᠵᠢᠳᠬᠦᠯ | ᠴᠢᠷᠮᠠᠶᠢᠯᠭ᠎ᠠ ᠭᠠᠷᠭᠠᠬᠤ ᠬᠡᠷᠡᠭᠲᠡᠢ᠃ | ᠤᠯᠤᠰ ᠢᠶᠠᠨᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ | ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠤᠭ᠎ᠠ | ᠬᠠᠷᠠᠯᠲᠠ ᠶᠢ ᠪᠡᠶᠡᠯᠡᠭᠦᠯᠬᠦ ᠳᠤ ᠥᠷᠭᠡᠨ ᠤᠯᠠᠨ | ᠵᠠᠯᠠᠭᠤᠴᠤᠳ ᠢᠪᠠᠭᠲᠠᠭᠠᠭᠰᠠᠨ ᠪᠦᠭᠦ ᠨᠠᠮ ᠪᠦᠭᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠪᠦᠯᠬᠦᠮᠳᠡᠨ | ᠨᠢᠭᠡᠳᠴᠦ᠂ ᠪᠦᠭᠦ ᠬᠦᠴᠦᠨ ᠢᠶᠠᠷ ᠢᠶᠠᠨ | ᠴᠢᠷᠮᠠᠶᠢᠵᠤ᠂ᠦᠷᠭᠦᠯᠵᠢᠯᠡᠨ ᠬᠦᠴᠢᠷ ᠢ ᠲᠤᠭᠤᠯᠤᠨ ᠪᠡᠷᠬᠡ ᠶᠢ | ᠳᠠᠪᠠᠭ᠋ᠤ ᠶᠢ ᠱᠠᠭᠠᠷᠳᠠᠵᠤ ᠪᠠᠶᠢᠨ᠎ᠠ᠃ ᠡᠪ ᠬᠠᠮᠲᠤ | ᠵᠠᠯᠠᠭᠤᠴᠤᠳ ᠤᠨ ᠡᠪᠯᠡᠯ ᠰᠢᠨ᠎ᠡ ᠴᠠᠭ | ᠦᠶ᠎ᠡ ᠶᠢᠨᠵᠠᠯᠠᠭᠤᠴᠤᠳ ᠤᠨ ᠠᠵᠢᠯ ᠤᠨ ᠭᠤᠣᠯ ᠰᠡᠳᠦᠪ ᠢ ᠪᠠᠲᠤ | ᠡᠵᠡᠮᠳᠡᠵᠦ᠂ ᠵᠠᠯᠠᠭᠤᠴᠤᠳ ᠢ ᠬᠠᠮᠤᠭ ᠤᠨ ᠥᠷᠭᠡᠨ | ᠳᠡᠯᠭᠡᠷ ᠢᠶᠠᠷ ᠪᠦᠯᠬᠦᠮᠳᠡᠭᠦᠯᠵᠦ᠂ ᠵᠣᠬᠢᠶᠠᠨ | ᠪᠠᠶᠢᠭᠤᠯᠵᠤ᠂ᠲᠠᠶᠢᠴᠢᠯᠠᠵᠥ᠂ ᠥᠷᠭᠡᠨ ᠤᠯᠠᠨ ᠵᠠᠯᠠᠭᠤᠴᠤᠳ ᠤᠨ | ᠲᠡᠦᠬᠡ ᠶᠢᠨ ᠬᠠᠷᠢᠭᠤᠴᠠᠯᠭᠠᠲᠤ ᠰᠡᠳᠬᠢᠯᠭᠡ ᠪᠣᠯᠣᠨ | ᠡᠭᠦᠷᠭᠡᠲᠦ ᠪᠤᠳᠤᠯ ᠢᠶᠠᠨ ᠴᠢᠩᠭᠠᠳᠬᠠᠬᠤ ᠶᠢ | ᠵᠣᠷᠢᠭᠵᠢᠭᠤᠯᠵᠤ᠂ᠤᠯᠤᠰ ᠢᠶᠠᠨ ᠬᠦᠴᠦᠷᠬᠡᠭᠵᠢᠭᠦᠯᠬᠦ ᠳᠤ | ᠪᠢᠳᠡ ᠪᠠᠶᠢᠨ᠎ᠠ ᠭᠡᠬᠦ ᠵᠠᠯᠠᠭᠤ ᠨᠠᠰᠤᠨ ᠤ ᠣᠷᠭᠢᠯᠤᠮ᠎ᠠ | ᠰᠡᠳᠬᠢᠯᠭᠡ ᠶᠢ ᠨᠢ ᠬᠥᠭᠵᠢᠭᠡᠵᠦ᠂ ᠤᠯᠤᠰ ᠢᠶᠠᠨ | ᠬᠦᠴᠦᠷᠬᠡᠭᠵᠢᠭᠦᠯᠬᠦᠪᠦᠲᠦᠭᠡᠨ ᠪᠠᠶᠢᠭᠤᠯᠤᠯᠲᠠ᠂ | ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠤᠨ | ᠳᠤᠮᠳᠠ ᠵᠣᠷᠢᠭᠲᠠᠢ ᠪᠠᠷ ᠬᠤᠰᠢᠭᠤᠴᠢ ᠠᠩᠭᠢ᠂ ᠭᠠᠪᠰᠢᠭᠠᠢ | ᠠᠩᠭᠢᠪᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠰᠢ ᠶᠢᠨ | ᠫᠢᠩ᠂ ᠥᠷᠭᠡᠨ ᠤᠯᠠᠨ ᠵᠠᠯᠠᠭᠤᠴᠤᠳ ᠤᠨ ᠤᠯᠤᠰ ᠲᠦᠷᠦ ᠶᠢᠨ | ᠵᠢᠯᠣᠭᠤᠳᠤᠯᠭ᠎ᠠ ᠶᠢ ᠬᠦᠴᠦᠯᠡᠨ ᠴᠢᠩᠭᠠᠳᠬᠠᠬᠤ ᠬᠡᠷᠡᠭᠲᠡᠢ᠃ | ᠵᠠᠯᠠᠭᠤᠴᠤᠳᠬᠦᠰᠡᠯᠡᠩ ᠲᠠᠢ᠂ ᠵᠣᠷᠢᠭᠲᠠᠢ ᠪᠠᠷ | ᠬᠠᠷᠢᠭᠤᠴᠠᠯᠭ᠎ᠠ ᠡᠭᠦᠷᠭᠡᠯᠡᠵᠦ᠂ ᠬᠦᠴᠢᠷ ᠢ ᠳᠠᠭᠠᠭᠠᠵᠤ᠂ | ᠵᠣᠷᠢᠭᠲᠠᠢ ᠪᠠᠷ ᠲᠡᠮᠡᠴᠡᠪᠡᠯ᠂ ᠳᠤᠮᠳᠠᠳᠤ ᠤᠯᠤᠰ ᠤᠨ | ᠵᠠᠯᠠᠭᠤᠴᠤᠳ ᠰᠠᠶ᠋ᠢ ᠬᠦᠴᠦᠨ ᠴᠢᠳᠠᠯ ᠲᠠᠢ ᠪᠣᠯᠵᠤ᠂ ᠨᠠᠮ ᠪᠠ | ᠤᠯᠤᠰ ᠤᠨ ᠠᠵᠢᠯ ᠦᠢᠯᠡᠰ ᠤᠨ ᠬᠥᠭᠵᠢᠯᠲᠡ ᠰᠠᠶ᠋ᠢ ᠬᠦᠰᠡᠯ | ᠡᠷᠡᠮᠡᠯᠵᠡᠯ ᠢᠶᠠᠷ ᠪᠢᠯᠬᠠᠨ᠎ᠠ᠃ ᠥᠷᠭᠡᠨ | ᠤᠯᠠᠨᠵᠠᠯᠠᠭᠤᠴᠤᠳ ᠲᠤ ᠬᠦᠰᠡᠯᠡᠩ ᠢᠲᠡᠭᠡᠯ ᠵᠣᠷᠢᠭ ᠤᠨ ᠲᠤᠬᠠᠢ | ᠬᠥᠮᠦᠵᠢᠯ ᠬᠢᠬᠦ ᠶᠢ ᠴᠢᠩᠭᠠᠳᠬᠠᠵᠤ᠂ ᠥᠷᠭᠡᠨ ᠤᠯᠠᠨ | ᠵᠠᠯᠠᠭᠤᠴᠤᠳ ᠢ ᠬᠥᠲᠥᠯᠥᠨ ᠵᠢᠯᠤᠭᠤᠳᠴᠤ ᠡᠪᠬᠠᠮᠲᠤ ᠶᠣᠰᠣᠨ ᠤ | ᠠᠯᠤᠰ ᠤᠨ ᠬᠦᠰᠡᠯᠡᠩ ᠢ ᠪᠤᠢ ᠪᠤᠯᠭᠠᠵᠤ᠂ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠬᠠᠮᠲᠤ ᠶᠢᠨ | ᠬᠦᠰᠡᠯᠡᠩ ᠢ ᠪᠠᠲᠤᠳᠬᠠᠵᠤ᠂ᠨᠠᠮ ᠤᠨ ᠦᠭᠡ ᠶᠢ ᠰᠣᠨᠣᠰᠬᠤ᠂ | ᠨᠠᠮ ᠢᠶᠠᠨ ᠳᠠᠭᠠᠬᠤ ᠤᠯᠤᠰ ᠲᠦᠷᠦ ᠶᠢᠨ ᠢᠲᠡᠭᠡᠯ ᠵᠣᠷᠢᠭ ᠢ ᠨᠢ | ᠪᠠᠲᠤᠳᠬᠠᠵᠤ᠂ ᠤᠯᠤᠰ ᠢᠶᠠᠨ ᠬᠦᠴᠦᠷᠬᠡᠭᠵᠢᠭᠦᠯᠬᠦ | ᠪᠦᠲᠦᠭᠡᠨᠪᠠᠶᠢᠭᠤᠯᠤᠯᠲᠠ᠂ ᠦᠨᠳᠦᠰᠦᠲᠡᠨ ᠤ ᠰᠡᠷᠭᠦᠨ | ᠮᠠᠨᠳᠤᠯᠲᠠ ᠶᠢᠨ ᠲᠡᠦᠬᠡᠨ ᠤᠷᠤᠰᠬᠠᠯ ᠳᠤᠮᠳᠠ ᠵᠥᠪ | ᠠᠮᠢᠳᠤᠷᠠᠬᠤᠢ ᠶᠢᠨ ᠬᠠᠷᠠᠯᠲᠠ ᠶᠢ ᠲᠣᠭᠲᠠᠭᠠᠵᠤ᠂ ᠨᠢᠭᠡ | ᠨᠠᠰᠤᠨ ᠤᠲᠡᠮᠡᠴᠡᠯ ᠳᠡᠭᠡᠨ ᠰᠠᠭᠤᠷᠢ ᠶᠢ ᠲᠠᠯᠪᠢᠬᠤ | ᠬᠡᠷᠡᠭᠲᠡᠢ᠃ ᠡᠪ ᠬᠠᠮᠲᠤ ᠵᠠᠯᠠᠭᠤᠴᠤᠳ ᠤᠨ ᠡᠪᠯᠡᠯ ᠥᠷᠭᠡᠨ ᠤᠯᠠᠨ | ᠡᠪᠯᠡᠯ ᠤᠨ ᠭᠡᠰᠢᠭᠦᠨ ᠪᠣᠯᠣᠨ ᠵᠠᠯᠠᠭᠤᠴᠤᠳ ᠤᠨ | ᠤᠯᠤᠰᠲᠦᠷᠦ ᠶᠢᠨ ᠵᠢᠯᠣᠭᠤᠳᠤᠯᠭ᠎ᠠ ᠶᠢ ᠴᠢᠩᠭᠠᠳᠬᠠᠬᠤ ᠶᠢ | ᠲᠡᠷᠢᠭᠦᠨ ᠳᠤ ᠲᠠᠯᠪᠢᠵᠤ᠂ ᠨᠡᠶᠢᠭᠡᠮ ᠵᠢᠷᠤᠮ ᠤᠨ ᠪᠦᠲᠦᠭᠡᠨ | ᠪᠠᠶᠢᠭᠤᠯᠤᠭᠴᠢ ᠪᠣᠯᠣᠨ ᠵᠠᠯᠭᠠᠮᠵᠢᠯᠠᠭᠴᠢ ᠶᠢᠴᠢᠷᠮᠠᠶᠢᠨ | ᠬᠥᠮᠥᠵᠢᠭᠦᠯᠵᠦ᠂ ᠨᠠᠮ ᠳᠤ ᠲᠠᠰᠤᠷᠠᠯᠲᠠ ᠦᠭᠡᠢ ᠡᠷᠡᠭᠦᠯ | ᠰᠠᠷᠠᠭᠤᠯ ᠠᠮᠢᠵᠢᠷᠠᠯ ᠤᠨ ᠬᠦᠴᠦᠨ ᠲᠠᠢ ᠰᠢᠨ᠎ᠡ ᠰᠣᠷᠭᠤᠭ | ᠴᠢᠰᠤ ᠶᠢ ᠪᠦᠲᠦᠭᠡᠵᠦ ᠥᠭᠬᠦᠬᠡᠷᠡᠭᠲᠡᠢ᠃ ᠥᠷᠭᠡᠨ ᠤᠯᠠᠨ | ᠡᠪᠯᠡᠯ ᠤᠨ ᠭᠡᠰᠢᠭᠦᠨ ᠪᠣᠯᠣᠨ ᠵᠠᠯᠠᠭᠤᠴᠤᠳ ᠲᠤ | ᠬᠠᠨᠳᠤᠭᠤᠯᠤᠭᠰᠠᠨ ᠭᠤᠣᠯ ᠰᠡᠳᠦᠪᠲᠦ ᠬᠥᠮᠦᠵᠢᠯ ᠢ ᠰᠠᠶᠢᠲᠤᠷ | ᠠᠳᠬᠤᠵᠤ᠂ᠡᠪᠯᠡᠯ ᠤᠨ ᠭᠡᠰᠢᠭᠦᠨ ᠪᠣᠯᠣᠨ ᠵᠠᠯᠠᠭᠤᠴᠤᠳ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠶᠢ | ᠨᠠᠷᠢᠨᠬᠢᠨᠠᠮᠠᠭᠠᠢ ᠰᠤᠷᠤᠯᠴᠠᠨ ᠣᠶᠢᠯᠠᠭᠠᠬᠤ᠂ ᠡᠨᠡ ᠬᠦ | ᠰᠢᠨᠵᠢᠯᠡᠬᠦ ᠤᠬᠠᠭᠠᠨᠴᠢ ᠦᠵᠡᠯ ᠰᠠᠨᠠᠭᠠᠨ ᠤ ᠶᠢᠷᠲᠢᠨᠴᠦ ᠶᠢᠨ | ᠦᠵᠡᠯᠲᠡ ᠪᠣᠯᠣᠨ ᠠᠷᠭ᠎ᠠ ᠶᠢᠨ ᠤᠨᠤᠯ ᠢ | ᠴᠢᠷᠮᠠᠶᠢᠨᠡᠵᠡᠮᠰᠢᠬᠦ ᠶᠢ ᠬᠥᠲᠥᠯᠥᠨ ᠵᠢᠯᠤᠭᠤᠳᠴᠤ᠂ ᠡᠭᠦᠨ ᠳᠤ | ᠲᠤᠭᠤᠰᠢᠯᠠᠭᠳᠠᠵᠤ ᠪᠠᠶᠢᠭ᠎ᠠ ᠵᠣᠭᠰᠣᠯᠲᠠ ᠦᠵᠡᠯᠲᠡ | ᠠᠷᠭ᠎ᠠ ᠪᠠᠷ ᠠᠰᠠᠭᠤᠳᠠᠯ ᠢ ᠵᠠᠳᠠᠯᠬᠤ ᠳᠠᠭᠠᠨ | ᠴᠢᠳᠠᠮᠠᠭᠠᠢᠪᠠᠶᠢᠵᠤ᠂ ᠨᠠᠮ ᠤᠨ ᠦᠨᠳᠦᠰᠦᠨ ᠤᠨᠤᠯ᠂ ᠦᠨᠳᠦᠰᠦᠨ | ᠱᠤᠭᠤᠮ᠂ ᠦᠨᠳᠦᠰᠦᠨ ᠠᠷᠭ᠎ᠠ ᠪᠣᠳᠣᠯᠭ᠎ᠠ ᠶᠢ ᠣᠶᠢᠯᠠᠭᠠᠬᠤ | ᠴᠢᠳᠠᠪᠤᠷᠢ ᠪᠠᠨ ᠳᠡᠭᠡᠭᠰᠢᠯᠡᠭᠦᠯᠭᠦ ᠬᠡᠷᠡᠭᠲᠡᠢᠭᠡᠵᠦ | ᠵᠢᠭᠠᠵᠤ ᠭᠠᠷᠭᠠᠪᠠ᠃ | ᠰᠢ ᠶᠢᠨ ᠫᠢᠩ᠂ ᠡᠪ ᠬᠠᠮᠲᠤ ᠵᠠᠯᠠᠭᠤᠴᠤᠳ ᠤᠨ ᠡᠪᠯᠡᠯ | ᠭᠤᠣᠯᠳᠠᠯᠭ᠎ᠠ ᠶᠢᠨ ᠲᠣᠭᠤᠷᠢᠨ ᠳᠤ᠂ ᠶᠡᠭᠡ ᠲᠠᠯ᠎ᠠ ᠳᠤ | ᠦᠢᠯᠡᠴᠢᠯᠡᠬᠦ ᠶᠢ ᠪᠠᠷᠢᠮᠲᠠᠯᠠᠵᠤ᠂ ᠤᠯᠤᠰ ᠤᠨᠴᠢᠬᠤᠯᠠ ᠶᠡᠭᠡ | ᠪᠠᠶᠢᠯᠳᠤᠬᠤ ᠪᠣᠳᠣᠯᠭ᠎ᠠ ᠪᠠ ᠴᠢᠬᠤᠯᠠ ᠶᠡᠭᠡ ᠡᠭᠦᠷᠭᠡ ᠲᠠᠢ | ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠥᠷᠭᠡᠨ ᠤᠯᠠᠨ | ᠵᠠᠯᠠᠭᠤᠴᠤᠳ ᠢ ᠵᠣᠬᠢᠶᠠᠨ ᠪᠠᠶᠢᠭᠤᠯᠤᠨ ᠲᠠᠶᠢᠴᠢᠯᠠᠵᠥ | ᠲᠤᠬᠠᠶᠢᠯᠠᠭᠰᠠᠨ ᠠᠵᠢᠯ ᠤᠨ ᠪᠠᠶᠢᠷᠢᠨ ᠳᠠᠭᠠᠨ ᠰᠠᠭᠤᠷᠢᠯᠠᠵᠤ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ | ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ | ᠪᠣᠬᠢᠷᠳᠤᠯ ᠦᠭᠡᠢ ᠬᠥᠭᠵᠢᠯᠲᠡ᠂ ᠨᠡᠶᠢᠭᠡᠮ ᠤᠨ ᠦᠢᠯᠡᠴᠢᠯᠡᠭᠡ᠂ | ᠤᠯᠤᠰ ᠢᠶᠠᠨ ᠬᠠᠮᠠᠭᠠᠯᠠᠵᠤ ᠬᠢᠯᠢ ᠬᠢᠵᠠᠭᠠᠷ ᠢᠶᠠᠨ | ᠪᠠᠲᠤᠳᠬᠠᠬᠤ ᠵᠡᠷᠭᠡ ᠡᠯ᠎ᠡ ᠬᠦᠷᠢᠶ᠎ᠡ ᠴᠠᠷᠠᠭ᠎ᠠ ᠡᠯ᠎ᠡ | ᠲᠠᠯ᠎ᠠ ᠶᠢᠨ ᠠᠵᠢᠯ ᠳᠤᠮᠳᠠ ᠬᠤᠰᠢᠭᠤᠴᠢ ᠴᠡᠷᠢᠭ ᠪᠠ ᠰᠢᠨ᠎ᠡ | ᠬᠦᠴᠦᠨ ᠪᠤᠯᠬᠤ ᠪᠠᠷ ᠴᠢᠷᠮᠠᠶᠢᠵᠤ᠂ ᠵᠠᠯᠠᠭᠤ ᠨᠠᠰᠤᠨ ᠤ ᠴᠤᠬ | ᠵᠢᠪᠬᠤᠭ᠎ᠠ ᠪᠠᠨᠢᠯᠡᠷᠡᠭᠦᠯᠬᠦ ᠬᠡᠷᠡᠭᠲᠡᠢ ᠭᠡᠵᠦ | ᠴᠢᠬᠤᠯᠠᠴᠢᠯᠠᠪᠠ᠃ | | | | | ᠰᠢ ᠶᠢᠨ ᠫᠢᠩ᠂ ᠪᠦᠭᠦ ᠲᠠᠯ᠎ᠠ ᠪᠠᠷ ᠨᠠᠮ ᠢ ᠴᠢᠩᠭ᠎ᠠ | ᠵᠠᠰᠠᠬᠤ ᠱᠠᠭᠠᠷᠳᠠᠯᠭ᠎ᠠ ᠳᠤ ᠵᠣᠬᠢᠴᠠᠵᠤ᠂ ᠠᠰᠠᠭᠤᠳᠠᠯ ᠢᠶᠠᠷ | ᠤᠳᠤᠷᠢᠳᠤᠮᠵᠢ ᠪᠤᠯᠭᠠᠬᠤ ᠶᠢ ᠪᠠᠷᠢᠮᠲᠠᠯᠠᠵᠤ᠂ | ᠵᠣᠷᠢᠭᠲᠠᠢ ᠪᠠᠷ ᠭᠢᠲᠤᠭ᠎ᠠ ᠶᠢᠨ ᠢᠷ ᠢ ᠳᠣᠲᠣᠭᠰᠢ ᠪᠠᠨ | ᠬᠠᠨᠳᠤᠭᠤᠯᠵᠤ᠂ ᠡᠪᠯᠡᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ ᠠᠬᠢᠭᠤᠯᠵᠤ᠂ ᠡᠪᠯᠡᠯ ᠢ | ᠪᠦᠭᠦᠲᠠᠯ᠎ᠠ ᠪᠠᠷ ᠴᠢᠩᠭ᠎ᠠ ᠬᠠᠮᠢᠶᠠᠷᠴᠤ ᠴᠢᠩᠭ᠎ᠠ ᠵᠠᠰᠠᠵᠤ᠂ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠤᠯᠠᠨ ᠲᠦᠮᠡᠨ ᠤ ᠪᠦᠯᠭᠦᠮ ᠤᠨ ᠬᠥᠭᠵᠢᠯᠲᠡ ᠶᠢᠨᠵᠠᠮ ᠢᠶᠠᠷ | ᠡᠷᠡᠰ ᠭᠤᠶᠢᠪᠢᠰᠢ ᠦᠭᠡᠢ ᠰᠠᠶᠢᠲᠤᠷ ᠵᠠᠮᠨᠠᠵᠤ᠂ ᠤᠯᠤᠰ ᠲᠥᠷᠥᠴᠢ | ᠴᠢᠨᠠᠷ᠂ ᠲᠡᠷᠢᠭᠦᠨ ᠤ ᠴᠢᠨᠠᠷ᠂ ᠤᠯᠠᠨ ᠲᠦᠮᠡᠨᠴᠢ ᠴᠢᠨᠠᠷ ᠢ | ᠲᠠᠰᠤᠷᠠᠯᠲᠠ ᠦᠭᠡᠢᠪᠠᠲᠤᠯᠠᠨ ᠴᠢᠩᠭᠠᠳᠬᠠᠵᠤ᠂ ᠡᠪᠯᠡᠯ ᠤᠨ | ᠵᠣᠬᠢᠶᠠᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ | ᠬᠦᠴᠦᠨ᠂ ᠵᠣᠬᠢᠶᠠᠨ ᠪᠠᠶᠢᠭᠤᠯᠬᠤ ᠬᠦᠴᠦᠨ᠂ | ᠦᠢᠯᠡᠴᠢᠯᠡᠬᠦᠬᠦᠴᠦᠨ ᠢ ᠲᠠᠰᠤᠷᠠᠯᠲᠠ ᠦᠭᠡᠢ | ᠳᠡᠭᠡᠭᠰᠢᠯᠡᠭᠦᠯᠭᠦ ᠬᠡᠷᠡᠭᠲᠡᠢ᠃ ᠦᠨᠳᠦᠰᠦᠨ ᠱᠠᠲᠤᠨ ᠤ ᠢᠯᠡ | ᠲᠣᠳᠣ ᠤᠳᠤᠷᠢᠳᠤᠮᠵᠢ ᠶᠢ ᠪᠠᠲᠤᠳᠬᠠᠬᠤ ᠶᠢ | ᠪᠠᠷᠢᠮᠲᠠᠯᠠᠵᠤ᠂ᠡᠪᠯᠡᠯ ᠤᠨ ᠵᠣᠬᠢᠶᠠᠨ ᠪᠠᠶᠢᠭᠤᠯᠤᠯᠲᠠ ᠶᠢᠨ | ᠪᠦᠷᠬᠦᠴᠡ ᠶᠢ ᠲᠠᠰᠤᠷᠠᠯᠳᠠ ᠦᠭᠡᠢ ᠥᠷᠭᠡᠳᠬᠡᠵᠦ᠂ ᠵᠠᠯᠠᠭᠤᠴᠤᠳ | ᠤᠯᠠᠨ ᠲᠦᠮᠡᠨ ᠤ ᠠᠵᠢᠯ ᠤᠨ ᠴᠢᠳᠠᠪᠤᠷᠢ ᠶᠢ | ᠳᠡᠭᠡᠭᠰᠢᠯᠡᠭᠦᠯᠭᠦ ᠬᠡᠷᠡᠭᠲᠡᠢ᠃ ᠥᠷᠭᠡᠨ ᠤᠯᠠᠨ ᠡᠪᠯᠡᠯ ᠤᠨ | ᠺᠠᠳ᠋ᠷ ᠨᠠᠮ ᠤᠨ ᠲᠥᠯᠥᠭᠡ ᠵᠠᠯᠠᠭᠤᠴᠤᠳ ᠤᠨ ᠠᠵᠢᠯ ᠬᠢᠬᠦ ᠡᠷᠬᠢᠮ | ᠨᠠᠨᠳᠢᠨ ᠠᠵᠠ ᠲᠣᠭᠢᠶᠠᠯ ᠢ ᠬᠤᠪᠢᠲᠠᠭᠢᠨ ᠨᠠᠨᠳᠢᠩᠨᠠᠵᠤ᠂ ᠤᠯᠤᠰ | ᠲᠦᠷᠦ ᠶᠢᠨ ᠴᠢᠳᠠᠪᠤᠷᠢ᠂ ᠤᠨᠤᠯ ᠤᠨ ᠬᠡᠪ ᠪᠣᠯᠪᠠᠰᠤᠷᠠᠯ᠂ ᠤᠯᠠᠨ | ᠲᠦᠮᠡᠨ ᠤ ᠠᠵᠢᠯ ᠤᠨ ᠴᠢᠳᠠᠪᠤᠷᠢ ᠪᠠᠨ ᠲᠠᠰᠤᠷᠠᠯᠳᠠ ᠦᠭᠡᠢ | ᠳᠡᠭᠡᠭᠰᠢᠯᠡᠭᠦᠯᠵᠦ᠂ ᠨᠢᠭᠡ ᠰᠡᠳᠬᠢᠯ ᠨᠢᠭᠡ ᠵᠣᠷᠢᠭ ᠢᠶᠠᠷ | ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠵᠦ᠂ ᠪᠣᠳᠠᠲᠠᠢ | ᠠᠵᠢᠯ ᠤᠨ ᠠᠮᠵᠢᠯᠲᠠ ᠪᠦᠳᠦᠮᠵᠢ ᠪᠠᠷ ᠢᠶᠠᠨᠨᠠᠮ ᠤᠨ | ᠢᠲᠡᠭᠡᠯ ᠢ ᠣᠯᠵᠤ᠂ ᠨᠡᠶᠢᠭᠡᠮ ᠤᠨ ᠬᠦᠨᠳᠦᠳᠬᠡᠯ ᠢ ᠣᠯᠵᠤ᠂ | ᠵᠠᠯᠠᠭᠤᠴᠤᠳ ᠤᠨ ᠮᠠᠭᠲᠠᠭᠠᠯ ᠰᠠᠶᠢᠰᠢᠶᠠᠯ ᠢ ᠣᠯᠬᠤ | ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ ᠬᠠᠮᠤᠭ ᠤᠨ ᠰᠡᠭᠦᠯ ᠳᠤ᠂ ᠡᠯ᠎ᠡ ᠱᠠᠲᠤᠨ ᠤ | ᠨᠠᠮ ᠤᠨ ᠬᠤᠷᠢᠶ᠎ᠠ ᠨᠠᠮ ᠤᠨ ᠤᠳᠤᠷᠢᠳᠬᠤ ᠳᠤᠭᠤᠶᠢᠯᠠᠩ | ᠨᠠᠮ ᠠᠴᠠ ᠵᠠᠯᠠᠭᠤᠴᠤᠳ ᠤᠨᠠᠵᠢᠯ ᠢ ᠬᠠᠮᠢᠶᠠᠷᠬᠤ ᠵᠠᠷᠴᠢᠮ ᠢ | ᠪᠠᠷᠢᠮᠲᠠᠯᠠᠵᠤ᠂ ᠡᠪ ᠬᠠᠮᠲᠤ ᠵᠠᠯᠠᠭᠤᠴᠤᠳ ᠤᠨ ᠡᠪᠯᠡᠯ ᠤᠨ | ᠠᠵᠢᠯ ᠳᠠᠬᠢ ᠤᠳᠤᠷᠢᠳᠤᠯᠭ᠎ᠠ ᠪᠠ ᠳᠡᠮᠵᠢᠯᠭᠡ ᠪᠠᠨ | ᠴᠢᠩᠭᠠᠳᠬᠠᠵᠤ᠂ ᠨᠠᠮ ᠤᠨ ᠤᠳᠤᠷᠢᠳᠤᠯᠭ᠎ᠠ ᠳᠣᠣᠷ᠎ᠠ ᠡᠯ᠎ᠡ | ᠰᠠᠯᠠᠭ᠎ᠠ ᠮᠥᠴᠢᠷ ᠤᠨ ᠬᠢᠨ ᠵᠠᠯᠠᠭᠤᠴᠤᠳ ᠤᠨ ᠬᠥᠭᠵᠢᠯᠲᠡ ᠶᠢᠨ | ᠠᠵᠢᠯ ᠦᠢᠯᠡᠰ ᠢ ᠵᠡᠷᠭᠡ ᠪᠠᠷ ᠠᠳᠬᠤᠵᠤ | ᠬᠠᠮᠲᠤ ᠪᠠᠷᠬᠠᠮᠢᠶᠠᠷᠬᠤ ᠠᠵᠢᠯ ᠤᠨ ᠪᠠᠶᠢᠷᠢᠰᠢᠯ ᠢ | ᠪᠠᠶᠢᠭᠤᠯᠤᠨ ᠲᠡᠭᠦᠯᠳᠡᠷᠵᠢᠭᠦᠯᠵᠦ᠂ ᠡᠪ ᠬᠠᠮᠲᠤ | ᠵᠠᠯᠠᠭᠤᠴᠤᠳ ᠤᠨ ᠡᠪᠯᠡᠯ ᠤᠨ ᠪᠦᠲᠦᠭᠡᠯᠴᠢ ᠴᠢᠨᠠᠷᠲᠠᠢ ᠪᠠᠷ | ᠠᠵᠢᠯ ᠢᠶᠠᠨᠥᠷᠨᠢᠭᠦᠯᠬᠦ ᠶᠢ ᠳᠡᠮᠵᠢᠬᠦ ᠬᠡᠷᠡᠭᠲᠡᠢ᠃ ᠡᠯ᠎ᠡ | ᠱᠠᠲᠤᠨ ᠤ ᠤᠳᠤᠷᠢᠳᠬᠤ ᠺᠠᠳ᠋ᠷᠴᠤᠳ ᠣᠷᠭᠢᠯᠤᠮ᠎ᠠ ᠬᠠᠯᠠᠭᠤᠨ | ᠰᠡᠳᠬᠢᠯᠭᠡ ᠪᠠᠷ ᠵᠠᠯᠠᠭᠤᠴᠤᠳ ᠤᠨ ᠰᠡᠳᠬᠢᠯ ᠢ ᠮᠡᠳᠡᠭᠴᠢ᠂ | ᠵᠠᠯᠠᠭᠤᠴᠤᠳ ᠤᠯᠠᠨ ᠲᠦᠮᠡᠨ ᠤ ᠵᠠᠮᠴᠢᠯᠠᠭᠴᠢ ᠪᠤᠯᠬᠤ | ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠳᠡᠭᠡᠷ᠎ᠡ᠂ ᠡᠪ ᠬᠠᠮᠲᠤ ᠵᠠᠯᠠᠭᠤᠴᠤᠳ ᠤᠨ | ᠡᠪᠯᠡᠯ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ | ᠬᠤᠷᠢᠶ᠎ᠠ ᠶᠢᠨ ᠱᠦᠵᠢ ᠨᠠᠷ ᠤᠨ ᠭᠠᠵᠠᠷ ᠤᠨᠨᠢᠭᠡᠳᠦᠭᠡᠷ ᠱᠦᠵᠢ | ᠠ ᠳ᠋ᠦᠩ ᠡᠪ ᠬᠠᠮᠲᠤ ᠵᠠᠯᠠᠭᠤᠴᠤᠳ ᠤᠨ ᠡᠪᠯᠡᠯ ᠤᠨ ᠠᠷᠪᠠ | ᠶᠢᠰᠦᠳᠦᠭᠡᠷ ᠤᠳᠠᠭ᠎ᠠ ᠶᠢᠨ ᠪᠦᠭᠦ ᠤᠯᠤᠰ ᠤᠨ | ᠲᠥᠯᠥᠭᠡᠯᠡᠭᠴᠢᠳ ᠤᠨ ᠶᠡᠭᠡᠬᠤᠷᠠᠯ ᠪᠣᠯᠣᠨ ᠠᠷᠪᠠ ᠶᠢᠰᠦᠳᠦᠭᠡᠷ | ᠬᠤᠭᠤᠴᠠᠭᠠᠨ ᠤ ᠲᠥᠪ ᠬᠤᠷᠢᠶ᠎ᠠ ᠶᠢᠨ ᠠᠩᠬᠠᠳᠤᠭᠠᠷ ᠪᠦᠭᠦᠳᠠ | ᠬᠤᠷᠠᠯ ᠤᠨ ᠬᠤᠷᠠᠯᠳᠤᠭᠰᠠᠨ ᠪᠠᠶᠢᠳᠠᠯ ᠵᠢᠴᠢ ᠨᠠᠮ ᠤᠨ | ᠲᠥᠪᠬᠤᠷᠢᠶᠠ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠲᠤᠬᠠᠢ ᠬᠤᠯᠪᠣᠭᠳᠠᠯ ᠪᠦᠬᠦᠢ | ᠪᠣᠳᠣᠯᠬᠢᠯᠠᠯ ᠢᠶᠠᠨ ᠬᠠᠷᠢᠭᠤ ᠮᠡᠳᠡᠭᠦᠯᠵᠦ᠂ ᠡᠪ | ᠬᠠᠮᠲᠤᠵᠠᠯᠠᠭᠤᠴᠤᠳ ᠤᠨ ᠡᠪᠯᠡᠯ ᠤᠨ ᠲᠥᠪ ᠬᠤᠷᠢᠶ᠎ᠠ ᠶᠢᠨ | ᠱᠦᠵᠢ ᠨᠠᠷ ᠤᠨ ᠭᠠᠵᠠᠷ ᠤᠨ ᠱᠦᠵᠢ ᠰᠢᠦᠢ ᠰᠢᠶᠣᠣ᠂ ᠸᠠᠩ ᠢ᠂ ᠬᠤ᠋ | ᠪᠠᠢ ᠵᠢᠩ᠂ ᠬᠤ᠋ ᠱᠧᠩ᠂ᠰᠢᠶᠠᠫᠠᠺᠸᠲ᠋ᠢ·ᠤᠱᠤᠸ᠋ᠷ᠂ ᠢᠦᠢ ᠵᠢᠩ ᠲᠤᠰ | ᠲᠤᠰ ᠦᠭᠡ ᠬᠡᠯᠡᠪᠡ᠃ | ᠱᠢ ᠲᠠᠢ ᠹᠧᠩ᠂ ᠯᠢ ᠭᠠᠨ ᠵᠢᠶᠧ᠂ ᠯᠢ ᠱᠣ᠋ ᠯᠧᠢ᠂ ᠴᠧᠨ ᠸᠧᠨ | ᠴᠢᠩ᠂ ᠯᠢᠦ ᠶᠢᠨ ᠭᠦᠸᠧ᠂ ᠸᠠᠩ ᠰᠢᠶᠣᠣ ᠬᠤᠩ ᠶᠠᠷᠢᠯᠴᠠᠭ᠎ᠠ ᠳᠤ | ᠣᠷᠣᠯᠴᠠᠪᠠ᠃ | ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ | 26 ᠤ ᠴᠠᠭᠢᠯᠭᠠᠨ ᠮᠡᠳᠡᠭᠡ | | | | | | |