ᠰᠢ ᠶᠢᠨ ᠫᠢᠩ ᠨᠢᠩᠰᠢᠶᠠ ᠶᠢᠨ ᠢᠷᠭᠠᠢ ᠬᠤᠳᠠ ᠶᠢᠨ ᠰᠢᠩᠴᠢᠩ ᠲᠣᠭᠤᠷᠢᠭ ᠤᠨ ᠹᠦᠶᠠᠩ ᠱᠣᠷᠣᠯᠢᠭ ᠤᠨ ᠭᠠᠵᠠᠷ ᠤᠨ ᠪᠠᠶᠢᠭᠠᠯᠢ ᠶᠢᠨ ᠰᠢᠲᠠᠮᠠᠬᠠᠢ ᠬᠡᠢ ᠶᠢᠨ ᠳᠡᠯᠪᠡᠷᠡᠯᠲᠡ ᠶᠢᠨ ᠠᠳᠡᠯ ᠳᠤ ᠴᠢᠬᠤᠯᠠ ᠵᠢᠭᠠᠪᠤᠷᠢ ᠥᠭᠪᠡ
  
2023/6/28
      ᠰᠢᠷᠬᠠᠲᠤᠭᠰᠠᠳ ᠢ ᠠᠪᠤᠷᠠᠨ ᠡᠮᠨᠡᠬᠦ ᠠᠵᠢᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ ᠭᠤᠣᠯᠳᠠᠯᠭ᠎ᠠ ᠲᠠᠢ ᠠᠵᠢᠯ ᠲᠦᠷᠦᠯ ᠭᠤᠣᠯᠳᠠᠯᠭ᠎ᠠ ᠲᠠᠢ ᠬᠦᠷᠢᠶᠡᠨ ᠳᠠᠬᠢ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ          6 ᠰᠠᠷ᠎ᠠ ᠶᠢᠨ 21 ᠤ ᠡᠳᠦᠷ ᠤᠨ 20 ᠴᠠᠭ 40 ᠮᠢᠨᠦ᠋ᠲ ᠤᠨ ᠦᠶ᠎ᠡ ᠪᠠᠷ᠂ ᠨᠢᠩᠰᠢᠶᠠ ᠶᠢᠨ ᠢᠷᠭᠠᠢ ᠬᠤᠳᠠ ᠶᠢᠨ ᠰᠢᠩᠴᠢᠩ ᠲᠣᠭᠤᠷᠢᠭ ᠤᠨ ᠹᠦᠶᠠᠩᠱᠣᠷᠣᠯᠢᠭ ᠤᠨ ᠭᠠᠵᠠᠷ ᠲᠤ ᠪᠠᠶᠢᠭᠠᠯᠢ ᠶᠢᠨ ᠰᠢᠲᠠᠮᠠᠬᠠᠢ ᠬᠡᠢ ᠶᠢᠨ ᠳᠡᠯᠪᠡᠷᠡᠯᠲᠡ ᠶᠢᠨ ᠠᠳᠡᠯ ᠭᠠᠷᠪᠠ᠃ ᠣᠳᠣᠬᠠᠨ ᠪᠤᠯᠲᠠᠯ᠎ᠠ᠂ ᠠᠳᠡᠯ ᠳᠤ 31 ᠬᠥᠮᠥᠨ ᠠᠳᠡᠵᠦ᠂ 7ᠬᠥᠮᠥᠨ ᠰᠢᠷᠬᠠᠲᠤᠵᠠᠢ᠃         ᠠᠳᠡᠯ ᠭᠠᠷᠤᠭᠰᠠᠨ ᠤ ᠳᠠᠷᠠᠭ᠎ᠠ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ  ᠳᠡᠭᠡᠳᠦ ᠬᠡᠮᠵᠢᠶ᠎ᠡ ᠪᠠᠷ ᠴᠢᠬᠤᠯᠠᠴᠢᠯᠠᠭᠰᠠᠨ ᠪᠥᠭᠡᠳ ᠴᠢᠬᠤᠯᠠ ᠵᠢᠭᠠᠪᠤᠷᠢ ᠥᠭᠴᠦ᠂ ᠨᠢᠩᠰᠢᠶᠠ ᠶᠢᠨ ᠢᠷᠭᠠᠢᠬᠤᠲᠠ ᠶᠢᠨ ᠰᠢᠩᠴᠢᠩ ᠲᠣᠭᠤᠷᠢᠭ ᠤᠨ ᠹᠦᠶᠠᠩ ᠱᠣᠷᠣᠯᠢᠭ ᠤᠨ ᠭᠠᠵᠠᠷ ᠲᠤ ᠪᠠᠶᠢᠭᠠᠯᠢ ᠶᠢᠨ ᠰᠢᠲᠠᠮᠠᠬᠠᠢ ᠬᠡᠢ ᠶᠢᠨ ᠳᠡᠯᠪᠡᠷᠡᠯᠲᠡ ᠶᠢᠨ ᠠᠳᠡᠯ ᠭᠠᠷᠴᠤ᠂ ᠣᠯᠠᠨᠬᠥᠮᠥᠨ ᠦᠬᠦᠵᠦ ᠰᠢᠷᠬᠠᠲᠤᠭᠰᠠᠨ ᠨᠢ ᠬᠥᠮᠥᠰ ᠤᠨ ᠰᠡᠳᠬᠢᠯ ᠢ ᠰᠢᠮᠰᠢᠷᠡᠭᠦᠯᠵᠦ᠂ ᠰᠤᠷᠭᠠᠮᠵᠢ ᠬᠠᠲᠠᠭᠤ ᠪᠠᠶᠢᠨ᠎ᠠ᠃ ᠰᠢᠷᠬᠠᠲᠤᠭᠰᠠᠳ ᠢ ᠠᠪᠤᠷᠠᠨ ᠡᠮᠨᠡᠬᠦ  ᠪᠠᠠᠳᠡᠵᠦ ᠰᠢᠷᠬᠠᠲᠤᠭᠰᠠᠳ ᠤᠨ ᠭᠡᠷ ᠪᠦᠯᠢ ᠶᠢᠨ ᠬᠢᠨ ᠢ ᠲᠣᠬᠤᠨᠢᠭᠤᠯᠬᠤ ᠠᠵᠢᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠳᠡᠯ ᠤᠨ ᠰᠢᠯᠲᠠᠭᠠᠨ ᠢ ᠠᠯᠢᠲᠦᠷᠭᠡᠨ ᠢᠶᠠᠷ ᠪᠠᠶᠢᠴᠠᠭᠠᠨ ᠲᠣᠳᠣᠯᠠᠵᠤ᠂ ᠬᠠᠤᠯᠢ ᠶᠣᠰᠣᠭᠠᠷ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠬᠦ ᠬᠡᠷᠡᠭᠲᠡᠢ᠃ ᠣᠳᠣᠬᠠᠨ ᠳᠤ ᠶᠠᠭ ᠲᠠᠪᠤᠨ ᠰᠠᠷ᠎ᠠ ᠶᠢᠨᠰᠢᠨ᠎ᠡ ᠶᠢᠨ ᠲᠠᠪᠤᠨ ᠤ ᠠᠮᠠᠷᠠᠯᠲᠠ ᠶᠢᠨ ᠬᠤᠭᠤᠴᠠᠭᠠᠨ ᠳᠤ ᠪᠠᠶᠢᠭ᠎ᠠ ᠪᠣᠯᠬᠤᠷ ᠡᠯ᠎ᠡ ᠭᠠᠵᠠᠷ ᠣᠷᠣᠨ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠮᠤᠷᠲᠦᠪᠰᠢᠨ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠤᠶ ᠪᠤᠯᠭᠠᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠨ᠂ 《ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ》ᠬᠠᠷᠢᠭᠤᠴᠠᠯᠭᠠᠲᠤ ᠰᠡᠳᠬᠢᠯᠭᠡ ᠪᠠᠷ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠣᠳᠠᠲᠠᠢ ᠪᠥᠭᠡᠳ ᠨᠠᠷᠢᠯᠢᠭ ᠠᠳᠬᠤᠵᠤ᠂ᠭᠡᠮ ᠰᠣᠭᠤᠭ ᠢ ᠴᠢᠩᠭ᠎ᠠ ᠠᠩᠬᠠᠷᠴᠤ᠂ ᠲᠦᠭᠰᠢᠭᠦᠷᠢ ᠶᠢ ᠪᠦᠭᠦ ᠲᠠᠯ᠎ᠠ ᠪᠠᠷ ᠵᠢᠭᠰᠠᠭᠠᠨ ᠪᠠᠶᠢᠴᠠᠭᠠᠬᠤ ᠬᠡᠷᠡᠭᠲᠡᠢ᠃ ᠣᠶᠢᠷ᠎ᠠ ᠶᠢᠨ ᠬᠤᠭᠤᠴᠠᠭᠠᠨ ᠳᠤ ᠬᠤᠯᠪᠣᠭᠳᠠᠯᠪᠦᠬᠦᠢ ᠰᠠᠯᠠᠭ᠎ᠠ ᠮᠥᠴᠢᠷ ᠠᠶᠤᠯᠭᠦᠢ ᠦᠢᠯᠡᠳᠪᠦᠷᠢᠯᠡᠯ ᠤᠨ ᠲᠦᠭᠰᠢᠭᠦᠷᠢ ᠶᠢ ᠲᠤᠰᠬᠠᠢ ᠴᠡᠭᠴᠡᠯᠡᠨ ᠵᠠᠰᠠᠬᠤ ᠠᠵᠢᠯ ᠢ ᠨᠢᠭᠡ ᠤᠳᠠᠭ᠎ᠠ ᠥᠷᠨᠢᠭᠦᠯᠵᠦ᠂ᠭᠤᠣᠯᠳᠠᠯᠭ᠎ᠠ ᠲᠠᠢ ᠠᠵᠢᠯ ᠲᠦᠷᠦᠯ᠂ ᠭᠤᠣᠯᠳᠠᠯᠭ᠎ᠠ ᠲᠠᠢ ᠬᠦᠷᠢᠶᠡᠨ ᠳᠠᠬᠢ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠦᠨᠳᠦ ᠣᠨᠴᠠ ᠶᠡᠭᠡᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠭᠠᠷᠬᠤ ᠶᠢ ᠪᠦᠲᠦᠮᠵᠢᠲᠡᠢ ᠰᠡᠷᠭᠡᠶᠢᠯᠡᠵᠦ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢᠦᠨᠡᠨ ᠬᠦ ᠪᠠᠲᠤᠯᠠᠬᠤ ᠬᠡᠷᠡᠭᠲᠡᠢ ᠭᠡᠪᠡ᠃         ᠰᠢ ᠶᠢᠨ ᠫᠢᠩ ᠤᠨ ᠵᠢᠭᠠᠪᠤᠷᠢ ᠶᠢ ᠦᠨᠳᠦᠰᠦᠯᠡᠵᠦ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ᠂ ᠣᠷᠣᠨ ᠰᠠᠭᠤᠴᠠ ᠪᠠ ᠬᠤᠲᠠᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠵᠡᠷᠭᠡ ᠰᠠᠯᠠᠭ᠎ᠠ ᠮᠥᠴᠢᠷ ᠨᠢᠭᠡᠨᠲᠡ ᠠᠵᠢᠯᠯᠠᠬᠤ ᠳᠤᠭᠤᠶᠢᠯᠠᠩ ᠲᠣᠮᠢᠯᠠᠨ ᠲᠤᠬᠠᠢ ᠶᠢᠨ ᠲᠠᠯᠠᠪᠤᠷ ᠲᠤ ᠣᠴᠢᠭᠤᠯᠵᠤᠰᠢᠷᠬᠠᠲᠤᠭᠰᠠᠳ ᠢ ᠠᠪᠤᠷᠠᠨ ᠡᠮᠨᠡᠬᠦ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠢ ᠰᠠᠶᠢᠲᠤᠷ ᠵᠢᠯᠣᠭᠤᠳᠤᠭᠤᠯᠵᠤ ᠪᠤᠢ᠃ ᠨᠢᠩᠰᠢᠶᠠ ᠶᠢᠨ ᠬᠤᠲᠣᠩᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ᠂ ᠢᠷᠭᠠᠢ ᠬᠤᠲᠠ ᠶᠢᠨ ᠬᠢᠨ ᠨᠢᠭᠡᠨᠲᠡ ᠬᠦᠴᠦᠨ ᠢᠶᠠᠨ ᠵᠣᠬᠢᠶᠠᠨ ᠪᠠᠶᠢᠭᠤᠯᠵᠤ᠂ ᠬᠤᠶᠢᠲᠤᠬᠢ ᠶᠠᠪᠤᠳᠠᠯ ᠢᠰᠢᠢᠳᠪᠦᠷᠢᠯᠡᠬᠦ ᠠᠵᠢᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ ᠪᠠᠶᠢᠨ᠎ᠠ᠃ ᠣᠳᠣᠬᠠᠨ ᠳᠤ  ᠠᠪᠤᠷᠠᠨ ᠡᠮᠨᠡᠬᠦ᠂ ᠡ᠊ᠨᠳᠡᠯ ᠤᠨ ᠰᠢᠯᠲᠠᠭᠠᠨ ᠢ ᠪᠠᠶᠢᠴᠠᠭᠠᠬᠤ ᠵᠡᠷᠭᠡᠠᠵᠢᠯ ᠶᠠᠭ ᠶᠠᠪᠤᠭᠳᠠᠵᠤ ᠪᠠᠶᠢᠨ᠎ᠠ᠃         ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 22 ᠤᠨ ᠴᠠᠭᠢᠯᠭᠠᠨ ᠮᠡᠳᠡᠭᠡ           
  ᠥᠪᠥᠷ ᠮᠣᠩᠭᠤᠯ ᠤᠨ ᠡᠳᠦᠷ ᠤᠨ ᠰᠣᠨᠢᠨ