| | ᠰᠢ ᠶᠢᠨ ᠫᠢᠩ ᠵᠤᠤ ᠯᠧ ᠵᠢᠢ ᠸᠠᠩ ᠬᠤ᠋ ᠨᠢᠩ ᠳ᠋ᠢᠩ ᠰᠢᠤᠸᠠᠢ | ᠰᠢᠶᠠᠩ ᠯᠢ ᠰᠢ ᠬᠤᠷᠠᠯ ᠳᠤ ᠣᠷᠣᠯᠴᠠᠵᠤ ᠪᠠᠶᠠᠷ ᠬᠦᠷᠭᠡᠪᠡ ᠼᠠᠢ | ᠴᠢ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠪᠠᠶᠠᠷ ᠤᠨ | ᠦᠭᠡ ᠬᠡᠯᠡᠵᠡᠢ | ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 19 ᠤ | ᠴᠠᠭᠢᠯᠭᠠᠨ ᠮᠡᠳᠡᠭᠡ ᠳᠤᠮᠳᠠᠳᠤ ᠤᠯᠤᠰ ᠤᠨ ᠡᠪ ᠬᠠᠮᠲᠤ | ᠵᠠᠯᠠᠭᠤᠴᠤᠳ ᠤᠨ ᠡᠪᠯᠡᠯ ᠤᠨᠠᠷᠪᠠ ᠶᠢᠰᠦᠳᠦᠭᠡᠷ ᠤᠳᠠᠭ᠎ᠠ ᠶᠢᠨ | ᠪᠦᠭᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ 19 | ᠦᠳᠡ ᠶᠢᠨ ᠡᠮᠦᠨ᠎ᠡ ᠠᠷᠠᠳ ᠤᠨ ᠶᠡᠭᠡ ᠬᠤᠷᠠᠯ ᠤᠨ ᠲᠠᠩᠬᠢᠮ ᠳᠤ | ᠡᠬᠢᠯᠡᠪᠡ ᠃ | | | | ᠰᠢ ᠶᠢᠨ ᠫᠢᠩ ᠂ ᠵᠣᠣ ᠯᠧ ᠵᠢᠢ ᠂ ᠸᠠᠩ ᠬᠤ᠋ ᠨᠢᠩ ᠂ ᠳ᠋ᠢᠩ | ᠰᠢᠤᠸᠠᠢ ᠰᠢᠶᠠᠩ ᠂ ᠯᠢ ᠰᠢ ᠵᠡᠷᠭᠡ ᠨᠠᠮ ᠪᠠ ᠲᠥᠷᠥ ᠶᠢᠨ | ᠤᠳᠤᠷᠢᠳᠬᠤ ᠬᠥᠮᠥᠰᠬᠤᠷᠠᠯ ᠳᠤ ᠣᠷᠣᠯᠴᠠᠵᠤ ᠪᠠᠶᠠᠷ ᠬᠦᠷᠭᠡᠵᠦ ᠂ | ᠼᠠᠢ ᠴᠢ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ | ᠪᠠᠶᠠᠷ ᠤᠨ ᠦᠭᠡ ᠬᠡᠯᠡᠵᠡᠢ ᠃ 6 ᠰᠠᠷ᠎ᠠ ᠶᠢᠨ 19 ᠤ ᠡᠳᠦᠷ ᠂ | ᠳᠤᠮᠳᠠᠳᠤ ᠤᠯᠤᠰ ᠤᠨ ᠡᠪ ᠬᠠᠮᠲᠤ ᠵᠠᠯᠠᠭᠤᠴᠤᠳ ᠤᠨ ᠡᠪᠯᠡᠯ ᠤᠨ | ᠠᠷᠪᠠ ᠶᠢᠰᠦᠳᠦᠭᠡᠷ ᠤᠳᠠᠭ᠎ᠠ ᠶᠢᠨ ᠪᠦᠭᠦ ᠤᠯᠤᠰ ᠤᠨ | ᠲᠥᠯᠥᠭᠡᠯᠡᠭᠴᠢᠳ ᠤᠨ ᠶᠡᠭᠡ ᠬᠤᠷᠠᠯ ᠪᠡᠭᠡᠵᠢᠩ ᠤᠨ ᠠᠷᠠᠳ ᠤᠨ | ᠶᠡᠭᠡ ᠬᠤᠷᠠᠯ ᠤᠨ ᠲᠠᠩᠬᠢᠮ ᠳᠤ ᠡᠬᠢᠯᠡᠪᠡ ᠃ ᠵᠢᠷᠤᠭ ᠪᠣᠯ | ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ | ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ | ᠰᠢ ᠶᠢᠨ ᠫᠢᠩᠲᠡᠷᠢᠭᠦᠯᠡᠭᠴᠢ ᠶᠢᠨ ᠲᠠᠶᠢᠰᠠᠨ ᠠᠴᠠ ᠬᠤᠷᠠᠯ ᠳᠤ | ᠤᠷᠤᠯᠴᠠᠬᠰᠡᠨ ᠲᠥᠯᠥᠭᠡᠯᠡᠭᠴᠢᠳ ᠲᠤ ᠮᠡᠨᠳᠦᠴᠢᠯᠡᠯ | ᠳᠡᠪᠰᠢᠭᠦᠯᠵᠦ ᠪᠠᠶᠢᠭ᠎ᠠ ᠨᠢ ᠃ | | | | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠵᠢᠦᠢ ᠫᠧᠩ | ᠰᠡᠭᠦᠳᠡᠷᠯᠡᠪᠡ | ᠠᠷᠠᠳ ᠤᠨ ᠶᠡᠭᠡ ᠬᠤᠷᠠᠯ ᠤᠨ ᠲᠠᠩᠬᠢᠮ ᠤᠨ ᠶᠣᠰᠣᠯᠠᠯ ᠤᠨ | ᠲᠠᠩᠬᠢᠮ ᠳᠤ ᠥᠩᠭᠡᠲᠦ ᠳ᠋ᠧᠩ ᠳᠤᠸᠠᠯᠠᠵᠤ ᠂ ᠭᠦᠷ | ᠬᠥᠭᠵᠢᠶᠡᠨ ᠢᠶᠠᠷ ᠪᠢᠯᠬᠠᠨ᠎ᠠ ᠃ ᠲᠡᠷᠢᠭᠦᠯᠡᠭᠴᠢ ᠶᠢᠨ | ᠲᠠᠶᠢᠰᠠᠨ ᠤ ᠳᠡᠭᠡᠷ᠎ᠡ ᠲᠠᠯ᠎ᠠ ᠳᠤ 《ᠳᠤᠮᠳᠠᠳᠤ ᠤᠯᠤᠰ ᠤᠨ ᠡᠪ | ᠬᠠᠮᠲᠤ ᠵᠠᠯᠠᠭᠤᠴᠤᠳ ᠤᠨ ᠡᠪᠯᠡᠯ ᠤᠨ ᠠᠷᠪᠠ ᠶᠢᠰᠦᠳᠦᠭᠡᠷ | ᠤᠳᠠᠭ᠎ᠠ ᠶᠢᠨ ᠪᠦᠭᠦᠤᠯᠤᠰ ᠤᠨ ᠲᠥᠯᠥᠭᠡᠯᠡᠭᠴᠢᠳ ᠤᠨ ᠶᠡᠭᠡ | ᠬᠤᠷᠠᠯ 》 ᠭᠡᠬᠦ ᠬᠤᠷᠠᠯ ᠤᠨ ᠲᠡᠮᠳᠡᠭ ᠢ ᠡᠯᠭᠦᠵᠦ ᠂ ᠠᠷᠤ | ᠬᠥᠰᠢᠭᠡ ᠶᠢᠨ ᠭᠤᠣᠯ ᠳᠤᠮᠳᠠ ᠭᠡᠷᠡᠯ ᠭᠢᠯᠪᠠᠭ᠎ᠠ | ᠰᠠᠴᠤᠷᠠᠭᠰᠠᠨᠡᠪᠯᠡᠯ ᠤᠨ ᠰᠦᠯᠳᠡ ᠶᠢ ᠡᠯᠭᠦᠵᠦ ᠂ 10 ᠤᠯᠠᠭᠠᠨ | ᠲᠤᠭ ᠢ ᠬᠤᠶᠠᠷ ᠲᠠᠯ᠎ᠠ ᠪᠠᠷ ᠨᠢ ᠵᠢᠭᠰᠠᠭᠠᠪᠠ ᠃ ᠬᠤᠶᠠᠳᠤᠭᠠᠷ | ᠳᠠᠪᠬᠤᠷᠯᠢᠭ ᠤᠨ ᠪᠠᠷᠠᠯᠠᠬᠤ ᠲᠠᠶᠢᠰᠠᠨ ᠳᠤ《ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ | ᠪᠤᠯᠭᠠᠵᠤ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ ᠂ ᠥᠷᠭᠡᠨ | ᠤᠯᠠᠨ ᠵᠠᠯᠠᠭᠤᠴᠤᠳ ᠢ ᠳᠠᠶᠢᠴᠢᠯᠠᠨ ᠳᠠᠭᠠᠭᠤᠯᠵᠤᠪᠠᠶᠢᠭᠠᠳ | ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ | ᠲᠠᠯ᠎ᠠ ᠪᠠᠷ ᠪᠦᠲᠦᠭᠡᠨ ᠪᠠᠶᠢᠭᠤᠯᠬᠤ ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨᠮᠠᠨᠳᠤᠯᠲᠠ ᠶᠢ ᠪᠦᠭᠦ | ᠲᠠᠯ᠎ᠠ ᠪᠠᠷ ᠠᠬᠢᠭᠤᠯᠬᠤ ᠶᠢᠨ ᠲᠥᠯᠥᠭᠡ ᠪᠦᠯᠬᠦᠮᠳᠡᠨ | ᠲᠡᠮᠡᠴᠡᠵᠡᠭᠡᠶ᠎ᠡ ︕》 ᠭᠡᠰᠡᠨ ᠤᠷᠢᠶ᠎ᠠ ᠯᠣᠽᠦ᠋ᠩ ᠢ ᠡᠯᠭᠦᠵᠡᠢ ᠃ | ᠪᠦᠭᠦ ᠤᠯᠤᠰ ᠤᠨ ᠡᠯ᠎ᠡ ᠭᠠᠵᠠᠷ ᠠᠴᠠ ᠢᠷᠡᠭᠰᠡᠨ ᠲᠤᠮᠳᠠᠳᠤ | ᠤᠯᠤᠰ ᠤᠨ ᠡᠪ ᠬᠠᠮᠲᠤ ᠵᠠᠯᠠᠭᠤᠴᠤᠳ ᠤᠨ ᠡᠪᠯᠡᠯ ᠤᠨ ᠠᠷᠪᠠ | ᠶᠢᠰᠦᠳᠦᠭᠡᠷ ᠤᠳᠠᠭ᠎ᠠ ᠶᠢᠨ ᠪᠦᠭᠦ ᠤᠯᠤᠰ ᠤᠨ | ᠲᠥᠯᠥᠭᠡᠯᠡᠭᠴᠢᠳ ᠤᠨ ᠶᠡᠭᠡ ᠬᠤᠷᠠᠯ ᠤᠨ 1500 ᠰᠢᠬᠠᠮ | ᠲᠥᠯᠥᠭᠡᠯᠡᠭᠴᠢ ᠂ ᠲᠤᠮᠳᠠᠳᠤ ᠤᠯᠤᠰ ᠤᠨ ᠡᠪ ᠬᠠᠮᠲᠤ | ᠵᠠᠯᠠᠭᠤᠴᠤᠳ ᠤᠨ ᠡᠪᠯᠡᠯ ᠤᠨ 7300 ᠭᠠᠷᠤᠢ ᠲᠦᠮᠡᠨᠭᠡᠰᠢᠭᠦᠨ ᠤ | ᠬᠦᠨᠳᠦ ᠨᠠᠶᠢᠳᠠᠯᠭ᠎ᠠ ᠶᠢ ᠡᠭᠦᠷᠭᠡᠯᠡᠨ ᠶᠡᠭᠡ ᠬᠤᠷᠠᠯ ᠳᠤ | ᠣᠷᠣᠯᠴᠠᠪᠠ ᠃ 6 ᠰᠠᠷ᠎ᠠ ᠶᠢᠨ 19 ᠤ ᠡᠳᠦᠷ ᠂ ᠳᠤᠮᠳᠠᠳᠤ ᠤᠯᠤᠰ ᠤᠨ | ᠡᠪ ᠬᠠᠮᠲᠤ ᠵᠠᠯᠠᠭᠤᠴᠤᠳ ᠤᠨ ᠡᠪᠯᠡᠯ ᠤᠨ ᠠᠷᠪᠠ ᠶᠢᠰᠦᠳᠦᠭᠡᠷ | ᠤᠳᠠᠭ᠎ᠠ ᠶᠢᠨ ᠪᠦᠭᠦ ᠤᠯᠤᠰ ᠤᠨᠲᠥᠯᠥᠭᠡᠯᠡᠭᠴᠢᠳ ᠤᠨ ᠶᠡᠭᠡ | ᠬᠤᠷᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ | ᠲᠠᠩᠬᠢᠮ ᠳᠤ ᠡᠬᠢᠯᠡᠪᠡ ᠃ ᠰᠢ ᠶᠢᠨ ᠫᠢᠩ ᠂ ᠵᠣᠣ ᠯᠧ ᠵᠢᠢ ᠂ ᠸᠠᠩ | ᠬᠤ᠋ ᠨᠢᠩ ᠂ ᠼᠠᠢ ᠴᠢ ᠂ ᠳ᠋ᠢᠩ ᠰᠢᠤᠸᠠᠢ ᠰᠢᠶᠠᠩ ᠂ ᠯᠢ ᠰᠢ ᠨᠠᠷ | ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠵᠤ ᠂ ᠶᠡᠭᠡ | ᠬᠤᠷᠠᠯ ᠬᠤᠷᠠᠯᠳᠤᠭᠰᠠᠨ ᠳᠤ ᠪᠠᠶᠠᠷ ᠬᠦᠷᠭᠡᠪᠡ ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠵᠢᠦᠢ ᠫᠧᠩ | ᠰᠡᠭᠦᠳᠡᠷᠯᠡᠪᠡ | ᠦᠳᠡ ᠶᠢᠨ ᠡᠮᠦᠨᠡᠬᠢ 10 ᠴᠠᠭ ᠲᠤ ᠂ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ | ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ | ᠨᠠᠷ ᠬᠤᠷᠠᠯ ᠤᠨ ᠲᠠᠯᠠᠪᠠᠶ ᠳᠤ ᠣᠷᠣᠵᠤ ᠢᠷᠡᠭᠰᠡᠨ ᠳᠤ | ᠲᠠᠯᠠᠪᠠᠶ ᠳᠠᠶᠠᠭᠠᠷ ᠨᠢᠵᠢᠭᠢᠨᠡᠲᠡᠯ᠎ᠡ ᠠᠯᠠᠭ᠎ᠠ | ᠲᠠᠰᠢᠵᠠᠭᠠᠪᠠ ᠃ | ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ | ᠪᠠᠶᠢᠩᠭᠤ ᠶᠢᠨ ᠭᠡᠰᠢᠭᠦᠨ ᠠ ᠳ᠋ᠦᠩ ᠶᠡᠭᠡ ᠬᠤᠷᠠᠯ | ᠡᠬᠢᠯᠡᠭᠰᠡᠨ ᠢ ᠵᠠᠷᠯᠠᠪᠠ ᠃ ᠪᠦᠭᠦᠳᠡᠭᠡᠷ ᠢᠶᠠᠨᠪᠣᠰᠴᠤ | ᠵᠣᠭᠰᠣᠨ ᠤᠯᠤᠰ ᠤᠨ ᠰᠦᠯᠳᠡ ᠳᠠᠭᠤᠤ ᠂ ᠡᠪᠯᠡᠯ ᠤᠨ ᠳᠠᠭᠤᠤ ᠶᠢ | ᠬᠠᠩᠭᠢᠨᠠᠲᠠᠯ᠎ᠠ ᠳᠠᠭᠤᠯᠠᠪᠠ ᠃ | ᠳᠠᠷᠠᠭ᠎ᠠ ᠨᠢ ᠂ ᠪᠠᠭᠠᠴᠤᠳ ᠤᠨ ᠬᠤᠰᠢᠭᠤᠴᠢ ᠠᠩᠭᠢ ᠶᠢᠨ 8 | ᠭᠡᠰᠢᠭᠦᠨ ᠶᠡᠭᠡ ᠬᠤᠷᠠᠯ ᠳᠤ ᠪᠠᠶᠠᠷ ᠤᠨ ᠦᠭᠡ ᠳᠡᠪᠰᠢᠭᠦᠯᠪᠡ ᠃ | ᠲᠡᠳᠡ ᠬᠠᠷᠠᠬᠠᠨ ᠪᠠᠭ᠎ᠠ ᠠᠴᠠ ᠪᠠᠨ ᠨᠠᠮ ᠤᠨ ᠦᠭᠡ ᠶᠢ | ᠰᠣᠨᠣᠰᠬᠤ ᠂ ᠨᠠᠮ ᠢᠶᠠᠨ ᠲᠠᠭᠠᠬᠤ ᠂ ᠨᠠᠮ ᠤᠨ ᠲᠥᠯᠥᠭᠡ | ᠴᠢᠳᠠᠪᠤᠷᠢᠲᠠᠨ ᠪᠤᠯᠬᠤ ᠂ ᠤᠯᠤᠰ ᠣᠷᠣᠨ ᠳᠠᠭᠠᠨ ᠬᠤᠪᠢ ᠨᠡᠮᠡᠷᠢ | ᠦᠵᠡᠭᠦᠯᠭᠦ ᠪᠠᠷᠵᠣᠷᠢᠭ ᠰᠢᠭᠤᠳᠤᠭᠰᠠᠨ ᠡᠷᠡᠰ ᠪᠠᠲᠤ | ᠵᠣᠷᠢᠭ ᠢᠶᠠᠨ ᠬᠠᠩᠭᠢᠨᠠᠮ᠎ᠠ ᠲᠠᠭᠤᠨ ᠢᠶᠠᠷ ᠢᠯᠡᠳᠬᠡᠭᠰᠡᠨ | ᠪᠠᠶᠢᠨ᠎ᠠ ᠃ | ᠼᠠᠢ ᠴᠢ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ | 《ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ | ᠦᠨᠳᠦᠰᠦᠲᠡᠨ ᠤ ᠰᠡᠷᠭᠦᠨᠮᠠᠨᠳᠤᠯᠲᠠ ᠶᠢᠨ ᠰᠢᠨ᠎ᠡ ᠠᠶᠠᠨ ᠳᠤ | ᠢᠷᠠᠭᠤ ᠭᠠᠶᠢᠬᠠᠮᠰᠢᠭᠲᠤ ᠵᠠᠯᠠᠭᠤ ᠨᠠᠰᠤᠨ ᠤ ᠬᠠᠭᠤᠳᠠᠰᠤ ᠶᠢ | ᠪᠢᠴᠢᠭᠯᠡᠶ᠎ᠡ 》 ᠭᠡᠬᠦ ᠰᠡᠳᠦᠪ ᠢᠶᠠᠷ ᠪᠠᠶᠠᠷ ᠤᠨ ᠦᠭᠡ ᠬᠡᠯᠡᠪᠡ | ᠃ ᠼᠠᠢ ᠴᠢ ᠶᠡᠭᠡ ᠬᠤᠷᠠᠯ ᠬᠤᠷᠠᠯᠳᠤᠭᠰᠠᠨ ᠳᠤ ᠬᠠᠯᠠᠭᠤᠨ ᠪᠠᠶᠠᠷ | ᠬᠦᠷᠭᠡᠵᠦ ᠂ ᠪᠦᠭᠦ ᠤᠯᠤᠰ ᠤᠨ ᠦᠨᠳᠦᠰᠦᠲᠡᠨ ᠨᠦᠭᠦᠳ ᠤᠨ | ᠵᠠᠯᠠᠭᠤᠴᠤᠳ ᠂ ᠪᠦᠭᠦ ᠡᠪ ᠬᠠᠮᠲᠤᠵᠠᠯᠠᠭᠤᠴᠤᠳ ᠤᠨ ᠡᠪᠯᠡᠯ ᠤᠨ | ᠭᠡᠰᠢᠭᠦᠨ ᠂ ᠥᠷᠭᠡᠨ ᠤᠯᠠᠨ ᠡᠪᠯᠡᠯ ᠤᠨ ᠺᠠᠳ᠋ᠷ ᠪᠣᠯᠣᠨ | ᠵᠠᠯᠠᠭᠤᠴᠤᠳ ᠪᠠᠭᠠᠴᠤᠳ ᠤᠨ ᠠᠵᠢᠯᠲᠠᠳ ᠲᠤ ᠴᠢᠩ ᠰᠡᠳᠬᠢᠯ ᠤᠨ | ᠮᠡᠨᠳᠦᠴᠢᠯᠡᠯ ᠳᠡᠪᠰᠢᠭᠦᠯᠵᠡᠢ ᠃ | ᠼᠠᠢ ᠴᠢ ᠪᠠᠶᠠᠷ ᠤᠨ ᠦᠭᠡ ᠬᠡᠯᠡᠬᠦ ᠳᠡᠭᠡᠨ ᠄ ᠨᠠᠮ ᠤᠨ ᠲᠥᠪ | ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠂ | ᠡᠪᠯᠡᠯ ᠤᠨ ᠠᠷᠪᠠᠨ ᠨᠠᠢᠮᠠᠳᠤᠭᠠᠷᠶᠡᠭᠡ ᠬᠤᠷᠠᠯ ᠠᠴᠠ ᠨᠠᠭᠠᠰᠢ | ᠂ ᠡᠪ ᠬᠠᠮᠲᠤ ᠵᠠᠯᠠᠭᠤᠴᠤᠳ ᠤᠨ ᠡᠪᠯᠡᠯ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ | ᠪᠤᠯᠭᠠᠬᠤ ᠶᠢ ᠪᠠᠷᠢᠮᠲᠠᠯᠠᠵᠤ ᠂ ᠶᠡᠷᠦᠩᠬᠡᠢ ᠱᠦᠵᠢ ᠰᠢ ᠶᠢᠨ | ᠫᠢᠩ ᠤᠨ ᠵᠠᠯᠠᠭᠤᠴᠤᠳ ᠤᠨ ᠠᠵᠢᠯ ᠤᠨ ᠲᠤᠬᠠᠢᠴᠢᠬᠤᠯᠠ ᠦᠵᠡᠯ | ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ ᠂ | ᠡᠪᠯᠡᠯ ᠢ ᠪᠦᠭᠦ ᠲᠠᠯ᠎ᠠ ᠪᠠᠷ ᠴᠢᠩᠭ᠎ᠠ ᠬᠠᠮᠢᠶᠠᠷᠴᠤ ᠴᠢᠩᠭ᠎ᠠ | ᠵᠠᠰᠠᠵᠤ ᠂ ᠡᠪᠯᠡᠯ ᠤᠨ ᠤᠯᠤᠰᠲᠥᠷᠥᠴᠢ ᠴᠢᠨᠠᠷ ᠂ ᠲᠡᠷᠢᠭᠦᠨ ᠤ | ᠴᠢᠨᠠᠷ ᠂ ᠤᠯᠠᠨ ᠲᠦᠮᠡᠨᠴᠢ ᠴᠢᠨᠠᠷ ᠲᠠᠰᠤᠷᠠᠯᠳᠡ ᠦᠭᠡᠢ | ᠴᠢᠩᠭᠠᠷᠠᠵᠤ ᠂ ᠬᠥᠲᠥᠯᠥᠨ ᠳᠠᠭᠠᠭᠤᠯᠬᠤ ᠬᠦᠴᠦᠨ ᠂ ᠵᠣᠬᠢᠶᠠᠨ | ᠪᠠᠶᠢᠭᠤᠯᠬᠤᠬᠦᠴᠦᠨ ᠂ ᠦᠢᠯᠡᠴᠢᠯᠡᠬᠦ ᠬᠦᠴᠦᠨ ᠲᠠᠰᠤᠷᠠᠯᠳᠡ | ᠦᠭᠡᠢ ᠳᠡᠭᠡᠭᠰᠢᠯᠡᠪᠡ ᠃ ᠥᠷᠭᠡᠨ ᠤᠯᠠᠨ ᠡᠪᠯᠡᠯ ᠤᠨ ᠭᠡᠰᠢᠭᠦᠨ | ᠪᠣᠯᠣᠨ ᠵᠠᠯᠠᠭᠤᠴᠤᠳ ᠨᠠᠮ ᠪᠣᠯᠣᠨ ᠠᠷᠠᠳᠲᠦᠮᠡᠨ ᠤ | ᠤᠷᠢᠶᠠᠯᠠᠭ᠎ᠠ ᠶᠢ ᠰᠣᠨᠣᠰᠴᠤ ᠂ ᠵᠠᠯᠠᠭᠤ ᠨᠠᠰᠤᠨ ᠤ | ᠣᠷᠭᠢᠯᠤᠮ᠎ᠠ ᠰᠡᠳᠬᠢᠯᠭᠡ ᠪᠠᠷ 《ᠦᠨᠡᠨᠴᠢ ᠬᠠᠶᠢᠷ᠎ᠠ ᠪᠠᠨ | ᠵᠥᠪᠭᠡᠨ ᠳᠤᠮᠳᠠᠳᠤ ᠤᠯᠤᠰ ᠲᠠᠭᠠᠨᠵᠣᠷᠢᠭᠤᠯᠤᠨᠠᠮ 》 ᠭᠡᠬᠦ ᠴᠠᠭ | ᠦᠶ᠎ᠡ ᠶᠢᠨ ᠬᠦᠴᠦᠷᠬᠡᠭ ᠳᠠᠭᠤᠨ ᠢ ᠴᠤᠤᠷᠢᠶᠠᠲᠤᠭᠤᠯᠵᠤ ᠂ | ᠵᠠᠯᠠᠭᠤ ᠨᠠᠰᠤᠨ ᠤ ᠦᠢᠯᠡ ᠠᠵᠢᠯᠯᠠᠭ᠎ᠠ ᠪᠠᠷ ᠢᠶᠠᠨ 《ᠨᠠᠮ | ᠮᠠᠨᠢ ᠰᠠᠨᠠᠭᠠᠠᠮᠤᠷ ᠪᠠᠶᠢᠭᠠᠷᠠᠢ ᠂ ᠤᠯᠤᠰ ᠢᠶᠠᠨ | ᠬᠦᠴᠦᠷᠬᠡᠭᠵᠢᠭᠦᠯᠬᠦ ᠳᠤ ᠪᠢᠳᠠ ᠪᠠᠶᠢᠨ᠎ᠠ 》 ᠭᠡᠬᠦ ᠡᠷᠡᠰ ᠪᠠᠲᠤ | ᠲᠠᠩᠭᠠᠷᠢᠭ ᠢ ᠦᠢᠯᠡᠳᠦᠯᠭᠡᠵᠢᠭᠦᠯᠵᠡᠢ ᠭᠡᠪᠡ ᠃ | ᠼᠠᠢ ᠴᠢ ᠂ ᠳᠤᠮᠳᠠᠳᠤ ᠤᠯᠤᠰ ᠤᠨ ᠵᠠᠯᠠᠭᠤᠴᠤᠳ ᠪᠣᠯᠣᠨ | ᠳᠤᠮᠳᠠᠳᠤ ᠤᠯᠤᠰ ᠤᠨ ᠵᠠᠯᠠᠭᠤᠴᠤᠳ ᠤᠨ ᠬᠥᠳᠡᠯᠭᠡᠭᠡᠨ ᠨᠢ | ᠶᠡᠷᠦ ᠠᠴᠠ ᠴᠠᠭ ᠦᠶ᠎ᠡ ᠶᠢᠨᠡᠭᠦᠷᠭᠡ ᠶᠢ ᠡᠭᠦᠷᠭᠡᠯᠡᠬᠦ | ᠳᠤᠮᠳᠠ ᠵᠠᠯᠠᠭᠤ ᠨᠠᠰᠤᠨ ᠤ ᠡᠭᠦᠷᠭᠡ ᠬᠠᠷᠢᠭᠤᠴᠠᠯᠭ᠎ᠠ ᠪᠠᠨ | ᠢᠯᠡᠷᠡᠭᠦᠯᠵᠦ ᠂ ᠴᠠᠭ ᠦᠶ᠎ᠡ ᠶᠢᠨ ᠳᠠᠪᠰᠢᠯᠲᠠ ᠶᠢ ᠠᠬᠢᠭᠤᠯᠬᠤ | ᠳᠤᠮᠳᠠ ᠥᠪᠡᠷ ᠤᠨᠳᠠᠪᠰᠢᠯᠲᠠ ᠪᠠᠨ ᠪᠡᠶᠡᠯᠡᠭᠦᠯᠳᠡᠭ ᠶᠤᠮ ᠃ | ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ | ᠪᠦᠭᠦ ᠲᠠᠯ᠎ᠠ ᠪᠠᠷ ᠪᠦᠲᠦᠭᠡᠨ ᠪᠠᠶᠢᠭᠤᠯᠵᠤ ᠂ ᠬᠤᠶᠠᠳᠤᠭᠠᠷ | ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠵᠦ ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡᠰᠡᠷᠭᠦᠨ | ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠪᠣᠯ ᠨᠠᠮ ᠤᠨ | ᠭᠤᠣᠯ ᠡᠭᠦᠷᠭᠡ ᠪᠤᠯᠬᠤ ᠪᠥᠭᠡᠳ ᠪᠠᠰᠠ ᠴᠤ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠵᠠᠯᠠᠭᠤᠴᠤᠳ ᠤᠨ | ᠬᠥᠳᠡᠯᠭᠡᠭᠡᠨ ᠪᠠ ᠵᠠᠯᠠᠭᠤᠴᠤᠳ ᠤᠨ ᠠᠵᠢᠯ ᠤᠨ ᠢᠯᠡ ᠲᠣᠳᠣ ᠭᠤᠣᠯ | ᠰᠡᠳᠦᠪ ᠮᠥᠨ ᠃ ᠥᠷᠭᠡᠨ ᠤᠯᠠᠨ ᠵᠠᠯᠠᠭᠤᠴᠤᠳ ᠶᠡᠷᠦᠩᠬᠡᠢ ᠱᠦᠵᠢ | ᠰᠢ ᠶᠢᠨ ᠫᠢᠩ ᠤᠨ ᠴᠢᠩ ᠰᠡᠳᠬᠢᠯ ᠤᠨ ᠰᠤᠷᠭᠠᠯ ᠢ ᠪᠠᠲᠤ | ᠴᠡᠭᠡᠵᠢᠯᠡᠵᠦ ᠂ ᠬᠦᠰᠡᠯᠡᠩ ᠲᠠᠢ ᠂ ᠵᠣᠷᠢᠭᠲᠠᠢ ᠪᠠᠷ | ᠬᠠᠷᠢᠭᠤᠴᠠᠯᠭ᠎ᠠ ᠡᠭᠦᠷᠭᠡᠯᠡᠬᠦ ᠂ ᠵᠣᠪᠠᠭᠤᠷᠢ | ᠵᠦᠳᠡᠭᠦᠷᠢ ᠶᠢᠲᠡᠰᠪᠦᠷᠢᠯᠡᠬᠦ ᠂ ᠵᠣᠷᠢᠭᠲᠠᠢ ᠪᠠᠷ ᠲᠡᠮᠡᠴᠡᠬᠦ | ᠰᠢᠨ᠎ᠡ ᠴᠠᠭ ᠦᠶ᠎ᠡ ᠶᠢᠨ ᠰᠠᠶᠢᠨ ᠵᠠᠯᠠᠭᠤᠴᠤᠳ ᠪᠤᠯᠬᠤ ᠪᠠᠷ | ᠵᠣᠷᠢᠭ ᠰᠢᠭᠤᠳᠴᠤ ᠂ ᠤᠯᠤᠰ ᠢᠶᠠᠨ | ᠬᠦᠴᠦᠷᠬᠡᠭᠵᠢᠭᠦᠯᠬᠦᠪᠦᠲᠦᠭᠡᠨ ᠪᠠᠶᠢᠭᠤᠯᠤᠯᠲᠠ ᠂ | ᠦᠨᠳᠦᠰᠦᠲᠡᠨ ᠤ ᠰᠡᠷᠭᠦᠨ ᠮᠠᠨᠳᠤᠯᠲᠠ ᠳᠤ ᠬᠡᠬᠦᠳᠡᠭ ᠳᠦᠭᠦᠷᠡᠩ | ᠬᠠᠷᠢᠭᠤᠴᠠᠯᠭ᠎ᠠ ᠡᠭᠦᠷᠭᠡᠯᠡᠵᠦ ᠂ ᠴᠠᠭ ᠦᠶ᠎ᠡ ᠳᠤ ᠣᠰᠣᠯᠳᠠᠬᠤ | ᠦᠭᠡᠢ ᠂ ᠠᠷᠠᠳ ᠲᠦᠮᠡᠨ ᠳᠤ ᠣᠰᠣᠯᠳᠠᠬᠤ ᠦᠭᠡᠢ ᠂ ᠲᠡᠦᠬᠡ ᠳᠤ | ᠣᠰᠣᠯᠳᠠᠬᠤ ᠦᠭᠡᠢ ᠵᠠᠯᠠᠭᠤ ᠨᠠᠰᠤᠨ ᠤ ᠰᠢᠨ᠎ᠡ ᠠᠮᠵᠢᠯᠲᠠ | ᠪᠦᠲᠦᠮᠵᠢ ᠶᠢ ᠦᠷᠭᠦᠯᠵᠢᠯᠡᠨ ᠡᠭᠦᠳᠬᠦᠬᠡᠷᠡᠭᠲᠡᠢ ᠃ ᠡᠪ ᠬᠠᠮᠲᠤ | ᠵᠠᠯᠠᠭᠤᠴᠤᠳ ᠤᠨ ᠡᠪᠯᠡᠯ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯᠰᠠᠨᠠᠭ᠎ᠠ ᠪᠠᠷ ᠰᠡᠳᠬᠢᠯ ᠢᠶᠠᠨ ᠨᠢᠭᠡᠳᠬᠡᠨ | ᠰᠦᠭ ᠰᠦᠨᠡᠰᠦ ᠪᠠᠨ ᠱᠤᠭᠤᠬᠤ ᠶᠢ ᠪᠠᠷᠢᠮᠲᠠᠯᠠᠵᠤ ᠂ ᠨᠠᠮ ᠤᠨ | ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠲᠠᠢ ᠴᠠᠭ ᠢᠮᠠᠭᠲᠠ ᠪᠠᠷᠢᠮᠵᠢᠶᠠᠯᠠᠨ | ᠬᠠᠷᠭᠤᠭᠤᠯᠵᠤ ᠠᠵᠢᠯ ᠢᠶᠠᠨ ᠲᠥᠯᠥᠪᠵᠢᠭᠦᠯᠦᠨ ᠠᠬᠢᠭᠤᠯᠵᠤ ᠂ | ᠥᠷᠭᠡᠨ ᠤᠯᠠᠨ ᠵᠠᠯᠠᠭᠤᠴᠤᠳ ᠢ ᠨᠡᠩᠰᠠᠶᠢᠲᠤᠷ | ᠪᠦᠯᠬᠦᠮᠳᠡᠭᠦᠯᠦᠨ ᠳᠠᠭᠠᠭᠤᠯᠵᠤ ᠰᠢᠨ᠎ᠡ ᠠᠶᠠᠨ ᠳᠠᠭᠠᠨ | ᠡᠷᠡᠮᠡᠬᠡᠶᠢᠯᠡᠨ ᠤᠷᠤᠭᠰᠢᠯᠠᠵᠤ ᠂ ᠰᠢᠨ᠎ᠡ ᠴᠠᠭ ᠦᠶ᠎ᠡ ᠳᠤ | ᠭᠠᠪᠢᠶ᠎ᠠ ᠪᠠᠶᠢᠭᠤᠯᠵᠤ ᠂ ᠡᠪᠯᠡᠯ ᠢᠶᠠᠨᠴᠢᠩᠭᠠ ᠬᠠᠮᠢᠶᠠᠷᠤᠨ | ᠵᠠᠰᠠᠵᠤ ᠂ ᠪᠦᠭᠦ ᠲᠠᠯ᠎ᠠ ᠶᠢᠨ ᠂ ᠥᠨᠳᠥᠷ ᠪᠠᠷᠢᠮᠵᠢᠶ᠎ᠠ ᠪᠠᠷ | ᠳᠠᠪᠲᠠᠨ ᠪᠤᠯᠪᠠᠰᠤᠷᠠᠭᠤᠯᠬᠤ ᠳᠤᠮᠳᠠ ᠡᠪ ᠬᠠᠮᠲᠤ | ᠵᠠᠯᠠᠭᠤᠴᠤᠳ ᠤᠨ ᠡᠪᠯᠡᠯ ᠤᠨ ᠴᠤᠭᠪᠠᠳᠠᠷᠠᠩᠭᠤᠢ ᠥᠭᠡᠳᠡᠯᠡᠨ | ᠲᠠᠪᠰᠢᠬᠤ ᠤᠶᠤᠨ ᠰᠠᠨᠠᠭᠠᠨ ᠤ ᠳᠦᠷᠰᠦ ᠪᠠᠶᠢᠳᠠᠯ ᠢ | ᠪᠠᠳᠠᠷᠠᠭᠤᠯᠵᠤ ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠵᠠᠯᠠᠭᠤᠴᠤᠳ ᠤᠨᠬᠥᠳᠡᠯᠭᠡᠭᠡᠨ ᠪᠣᠯᠣᠨ ᠵᠠᠯᠠᠭᠤᠴᠤᠳ ᠤᠨ | ᠠᠵᠢᠯ ᠤᠨ ᠢᠷᠠᠭᠤ ᠭᠠᠶᠢᠬᠠᠮᠰᠢᠭᠲᠤ ᠬᠠᠭᠤᠳᠠᠰᠤ ᠶᠢ | ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠢᠯᠡᠳᠬᠡᠪᠡ ᠃ | ᠳᠤᠮᠳᠠᠳᠤ ᠶᠢᠨ ᠪᠦᠭᠦ ᠤᠯᠤᠰ ᠤᠨ ᠠᠵᠢᠯᠴᠢᠨ ᠤ ᠶᠡᠷᠦᠩᠬᠡᠢ | ᠡᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ | ᠱᠦᠵᠢ ᠨᠠᠷ ᠤᠨ ᠭᠠᠵᠠᠷ ᠤᠨ ᠨᠢᠭᠡᠳᠦᠭᠡᠷ ᠱᠦᠵᠢ ᠰᠢᠦᠢ ᠯᠢᠦ ᠫᠢᠩ | ᠳᠤᠮᠳᠠᠳᠤ ᠶᠢᠨ ᠪᠦᠭᠦ ᠤᠯᠤᠰ ᠤᠨ ᠠᠵᠢᠯᠴᠢᠨ ᠤ ᠶᠡᠷᠦᠩᠬᠡᠢ | ᠡᠪᠯᠡᠯ ᠂ ᠳᠤᠮᠳᠠᠳᠤ ᠶᠢᠨ ᠪᠦᠭᠦ ᠤᠯᠤᠰ ᠤᠨ ᠡᠮᠡᠭᠲᠡᠶᠢᠴᠦᠳ ᠤᠨ | ᠬᠤᠯᠪᠤᠭ᠎ᠠ ᠂ ᠳᠤᠮᠳᠠᠳᠤ ᠤᠯᠤᠰ ᠤᠨ ᠤᠳᠬ᠎ᠠ | ᠤᠷᠠᠯᠢᠭ ᠤᠨ ᠬᠢᠨ ᠤ ᠬᠤᠯᠪᠤᠭ᠎ᠠ ᠂ ᠳᠤᠮᠳᠠᠳᠤ ᠤᠯᠤᠰ ᠤᠨ | ᠵᠣᠬᠢᠶᠠᠯᠴᠢᠳ ᠤᠨ ᠨᠡᠶᠢᠭᠡᠮᠯᠢᠭ ᠂ ᠳᠤᠮᠳᠠᠳᠤ ᠤᠯᠤᠰ ᠤᠨ | ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠡᠪᠯᠡᠯ ᠂ | ᠳᠤᠮᠳᠠᠳᠤ ᠶᠢᠨ ᠪᠦᠭᠦ ᠤᠯᠤᠰ ᠤᠨ ᠤᠯᠤᠰ ᠲᠠᠭᠠᠨ ᠪᠤᠴᠠᠵᠤ | ᠢᠷᠡᠭᠰᠡᠨ ᠬᠠᠷᠢᠶᠠᠲᠤ ᠨᠠᠷ ᠤᠨ ᠬᠤᠯᠪᠤᠭ᠎ᠠ ᠂ ᠳᠤᠮᠳᠠᠳᠤ ᠶᠢᠨ | ᠪᠦᠭᠦ ᠤᠯᠤᠰ ᠤᠨ ᠲᠠᠶᠢᠸᠠᠨ ᠤ ᠠᠬ᠎ᠠ ᠳᠡᠭᠦᠦ ᠨᠠᠷ ᠤᠨ | ᠨᠥᠬᠦᠷᠯᠡᠯ ᠤᠨ ᠬᠤᠯᠪᠤᠭ᠎ᠠ ᠂ ᠳᠤᠮᠳᠠᠳᠤ ᠤᠯᠤᠰ ᠤᠨ | ᠵᠡᠮᠳᠡᠭᠴᠦᠳ ᠤᠨ ᠬᠤᠯᠪᠤᠭ᠎ᠠ ᠶᠢᠲᠥᠯᠥᠭᠡᠯᠡᠨ ᠶᠡᠭᠡ | ᠬᠤᠷᠠᠯ ᠳᠤ ᠪᠠᠶᠠᠷ ᠤᠨ ᠦᠭᠡ ᠬᠡᠯᠡᠪᠡ ᠃ ᠪᠠᠶᠠᠷ ᠤᠨ ᠦᠭᠡ ᠳᠤ ᠂ | ᠡᠯ᠎ᠡ ᠤᠯᠠᠨ ᠲᠦᠮᠡᠨ ᠤ ᠪᠦᠯᠭᠦᠮ ᠤᠨ ᠵᠣᠬᠢᠶᠠᠨ ᠪᠠᠶᠢᠭᠤᠯᠤᠯᠲᠠ | ᠦᠷᠭᠦᠯᠵᠢᠯᠡᠨ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠵᠤ | ᠂ ᠲᠤᠰ ᠲᠤᠰ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ ᠂ | ᠬᠠᠷᠢᠯᠴᠠᠵᠤ ᠪᠠᠶᠢᠭ᠎ᠠ ᠤᠯᠠᠨᠲᠦᠮᠡᠨ ᠢᠶᠠᠨ ᠳᠠᠭᠠᠭᠤᠯᠤᠨ ᠨᠡᠩ | ᠢᠲᠡᠭᠡᠯ ᠲᠡᠭᠦᠯᠳᠡᠷ ᠂ ᠨᠡᠩ ᠲᠡᠮᠡᠴᠡᠯ ᠤᠨ ᠵᠣᠷᠢᠭ | ᠪᠠᠳᠠᠷᠠᠩᠭᠤᠢ ᠪᠠᠷ ᠨᠠᠮ ᠢᠶᠠᠨ ᠲᠠᠭᠠᠨ ᠤᠯᠤᠰ ᠢᠶᠠᠨ | ᠬᠦᠴᠦᠷᠬᠡᠭᠵᠢᠭᠦᠯᠬᠦᠪᠦᠲᠦᠭᠡᠨ ᠪᠠᠶᠢᠭᠤᠯᠤᠯᠲᠠ ᠂ | ᠦᠨᠳᠦᠰᠦᠲᠡᠨ ᠤ ᠰᠡᠷᠭᠦᠨ ᠮᠠᠨᠳᠤᠯᠲᠠ ᠶᠢᠨ ᠶᠡᠭᠡ ᠵᠠᠮ ᠢᠶᠠᠷ | ᠵᠠᠮᠨᠠᠵᠤ ᠂ ᠰᠢᠨ᠎ᠡ ᠴᠠᠭ ᠦᠶ᠎ᠡ ᠶᠢᠨ ᠨᠠᠮ ᠤᠨ ᠤᠯᠠᠨ | ᠲᠦᠮᠡᠨ ᠤᠪᠦᠯᠭᠦᠮ ᠤᠨ ᠠᠵᠢᠯ ᠤᠨ ᠰᠢᠨ᠎ᠡ ᠬᠠᠭᠤᠳᠠᠰᠤ ᠶᠢ | ᠬᠠᠮᠲᠤ ᠪᠠᠷ ᠪᠢᠴᠢᠭᠯᠡᠬᠦ ᠬᠡᠷᠡᠭᠲᠡᠢ ᠭᠡᠵᠦ ᠵᠢᠭᠠᠵᠤ | ᠭᠠᠷᠭᠠᠪᠠ ᠃ | ᠠ ᠳ᠋ᠦᠩ ᠡᠪ ᠬᠠᠮᠲᠤ ᠵᠠᠯᠠᠭᠤᠴᠤᠳ ᠤᠨ ᠡᠪᠯᠡᠯ ᠤᠨ ᠠᠷᠪᠠᠨ | ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢ | ᠲᠥᠯᠥᠭᠡᠯᠡᠨ 《ᠰᠢ ᠶᠢᠨ ᠫᠢᠩ ᠤᠨ ᠰᠢᠨ᠎ᠡᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭᠠᠨ ᠤ ᠵᠢᠯᠣᠭᠤᠳᠤᠯᠭ᠎ᠠ ᠳᠣᠣᠷ᠎ᠠ ᠥᠷᠭᠡᠨ ᠣᠯᠠᠨ | ᠵᠠᠯᠠᠭᠤᠴᠤᠳ ᠢᠳᠠᠶᠢᠴᠢᠯᠠᠨ ᠳᠠᠭᠠᠭᠤᠯᠵᠤ ᠨᠡᠶᠢᠭᠡᠮ ᠵᠢᠷᠤᠮᠲᠤ | ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ | ᠪᠠᠶᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠶ᠎ᠡ 》 ᠭᠡᠬᠦ | ᠰᠡᠳᠦᠪ ᠢᠶᠠᠷ ᠮᠡᠳᠡᠭᠦᠯᠦᠯᠲᠡ ᠬᠢᠪᠡ ᠃ ᠮᠡᠳᠡᠭᠦᠯᠦᠯᠲᠡ ᠪᠠᠨ 10 | ᠬᠡᠰᠡᠭ ᠬᠤᠪᠢᠶᠠᠪᠠ ᠄ ᠬᠤᠪᠢᠰᠬᠠᠯᠲᠤ ᠴᠢᠨᠠᠷᠲᠠᠢ ᠳᠠᠪᠲᠠᠯᠲᠠ | ᠳᠤᠮᠳᠠ ᠡᠷᠡᠮᠡᠬᠡᠶᠢᠯᠡᠨ ᠤᠷᠤᠭᠰᠢᠯᠠᠭᠰᠠᠨᠳᠤᠮᠳᠠᠳᠤ ᠤᠯᠤᠰ ᠤᠨ | ᠡᠪ ᠬᠠᠮᠲᠤ ᠵᠠᠯᠠᠭᠤᠴᠤᠳ ᠤᠨ ᠡᠪᠯᠡᠯ ︔ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠵᠠᠯᠠᠭᠤᠴᠤᠳ ᠤᠨ ᠡᠭᠦᠷᠭᠡ | ᠬᠠᠷᠢᠭᠤᠴᠠᠯᠭ᠎ᠠ ︔ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠡᠪ ᠬᠠᠮᠲᠤ ᠵᠠᠯᠠᠭᠤᠴᠤᠳ ᠤᠨᠡᠪᠯᠡᠯ ᠤᠨ | ᠠᠵᠢᠯ ᠢ ᠶᠡᠷᠦᠩᠬᠡᠶᠢᠯᠡᠨ ᠵᠢᠯᠣᠭᠤᠳᠣᠭᠤᠯᠤᠨ᠎ᠠ ︔ | ᠵᠠᠯᠠᠭᠤᠴᠤᠳ ᠤᠨ ᠦᠵᠡᠯ ᠰᠠᠨᠠᠭ᠎ᠠ ᠤᠯᠤᠰ ᠲᠦᠷᠦ ᠶᠢᠨ | ᠵᠢᠯᠣᠭᠤᠳᠤᠮᠵᠢ ᠶᠢ ᠶᠡᠭᠡ ᠪᠠᠷ ᠴᠢᠩᠭᠠᠳᠬᠠᠨ᠎ᠠ ︔ | ᠵᠠᠯᠠᠭᠤᠴᠤᠳ ᠢ ᠵᠣᠬᠢᠶᠠᠨ ᠪᠠᠶᠢᠭᠤᠯᠵᠤ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ | ᠪᠠᠶᠢᠭᠤᠯᠤᠯᠲᠠ ᠶᠢᠨ ᠰᠢᠨ᠎ᠡ ᠬᠦᠴᠦᠨ ᠪᠤᠯᠭᠠᠨ᠎ᠠ ︔ | ᠵᠠᠯᠠᠭᠤᠴᠤᠳ ᠤᠨ ᠦᠰᠦᠨ ᠪᠤᠶᠢᠵᠢᠯᠲᠠ ᠬᠥᠭᠵᠢᠯᠲᠡ ᠳᠤ ᠴᠢᠩ | ᠰᠡᠳᠬᠢᠯ ᠠᠴᠠ ᠪᠠᠨ ᠦᠶᠯᠡᠴᠢᠯᠡᠨ᠎ᠡ ︔ ᠵᠠᠯᠠᠭᠤᠴᠤᠳ ᠤᠨ ᠡᠬᠡ | ᠣᠷᠣᠨᠴᠢ ᠨᠢᠭᠡᠳᠦᠮᠡᠯ ᠹᠷᠣᠨᠲ ᠢᠪᠠᠬᠢᠵᠢᠭᠦᠯᠦᠨ ᠥᠷᠭᠡᠳᠭᠡᠨ᠎ᠡ | ︔ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢ ᠪᠠᠶᠢᠭᠤᠯᠬᠤ ᠵᠠᠯᠠᠭᠤ ᠨᠠᠰᠤᠨ ᠤ | ᠬᠦᠴᠦᠨ ᠢᠨᠢᠬᠲᠠᠷᠠᠭᠤᠯᠤᠨᠠ ︔ ᠡᠪ ᠬᠠᠮᠲᠤ ᠵᠠᠯᠠᠭᠤᠴᠤᠳ ᠤᠨ | ᠡᠪᠯᠡᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ | ᠠᠭᠢᠭᠤᠯᠤᠨ᠎ᠠ ︔ ᠡᠪᠯᠡᠯ ᠢ ᠪᠦᠭᠦ ᠲᠠᠯ᠎ᠠ ᠪᠠᠷ ᠴᠢᠩᠭ᠎ᠠ | ᠵᠠᠰᠠᠬᠤ ᠶᠢ ᠭᠤᠶᠢᠪᠢᠰᠢ ᠦᠭᠡᠢ ᠪᠠᠷᠢᠮᠲᠠᠯᠠᠨ᠎ᠠ ᠃ | ᠨᠠᠮ ᠤᠨ ᠲᠥᠪ ᠬᠤᠷᠢᠶ᠎ᠠ ᠶᠢᠨ ᠱᠦᠵᠢ ᠨᠠᠷ ᠤᠨ ᠭᠠᠵᠠᠷ ᠤᠨ | ᠱᠦᠵᠢ ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨᠪᠠᠶᠢᠩᠭᠤ ᠶᠢᠨ ᠬᠤᠷᠢᠶ᠎ᠠ ᠂ ᠲᠦᠷᠦ ᠶᠢᠨ | ᠶᠠᠪᠤᠳᠠᠯ ᠤᠨ ᠬᠤᠷᠢᠶ᠎ᠠ ᠂ ᠪᠦᠭᠦ ᠤᠯᠤᠰ ᠤᠨ ᠤᠯᠤᠰ ᠲᠦᠷᠦ ᠶᠢᠨ | ᠵᠥᠪᠯᠡᠯᠭᠡᠨ ᠂ ᠲᠥᠪ ᠤᠨ ᠴᠡᠷᠢᠭ ᠤᠨ | ᠶᠠᠪᠤᠳᠠᠯ ᠤᠨᠬᠤᠷᠢᠶ᠎ᠠ ᠶᠢᠨ ᠬᠤᠯᠪᠣᠭᠳᠠᠯ ᠪᠦᠬᠦᠢ ᠤᠳᠤᠷᠢᠳᠬᠤ | ᠨᠥᠬᠦᠳ ᠬᠤᠷᠠᠯ ᠳᠤ ᠣᠷᠣᠯᠴᠠᠪᠠ ᠃ | ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ | ᠪᠦᠬᠦᠢ ᠰᠠᠯᠠᠭ᠎ᠠ ᠮᠥᠴᠢᠷ ᠂ ᠡᠯ᠎ᠡ ᠠᠷᠠᠳ ᠤᠨ ᠪᠦᠯᠭᠦᠮ ᠂ | ᠪᠡᠭᠡᠵᠢᠩ ᠬᠤᠳᠠ ᠶᠢᠨᠬᠠᠷᠢᠭᠤᠴᠠᠯᠭᠠᠲᠠᠨ ᠨᠥᠬᠦᠳ ᠂ | ᠡᠪᠯᠡᠯ ᠤᠨ ᠲᠥᠪ ᠬᠤᠷᠢᠶ᠎ᠠ ᠶᠢᠨ ᠱᠦᠵᠢ ᠨᠠᠷ ᠤᠨ ᠭᠠᠵᠠᠷ ᠲᠤ | ᠠᠵᠢᠯᠯᠠᠵᠤ ᠪᠠᠶᠢᠭᠰᠠᠨ ᠪᠡᠭᠡᠵᠢᠩ ᠳᠤ ᠪᠠᠶᠢᠭ᠎ᠠ | ᠠᠵᠢᠯ ᠠᠴᠠ ᠪᠠᠨᠳᠠᠷᠬᠠᠯᠠᠬᠳᠠᠵᠤ ᠠᠵᠢᠯ ᠠᠴᠠ ᠪᠠᠨ | ᠠᠮᠠᠷᠠᠭᠰᠠᠨ ᠬᠡᠰᠡᠭ ᠠᠬᠠᠮᠠᠳ ᠨᠥᠬᠦᠳ ᠂ ᠨᠡᠶᠢᠰᠯᠡᠯ ᠤᠨ ᠡᠯ᠎ᠡ | ᠦᠨᠳᠦᠰᠦᠲᠡᠨ ᠡᠯ᠎ᠡ ᠡᠲᠡᠭᠡᠳ ᠤᠨ ᠡᠪᠯᠡᠯ ᠤᠨ | ᠭᠡᠰᠢᠭᠦᠨᠵᠠᠯᠠᠭᠤᠴᠤᠳ ᠤᠨ ᠲᠥᠯᠥᠭᠡᠯᠡᠭᠴᠢ ᠨᠠᠷ | ᠡᠭᠢᠯᠡᠯᠲᠡ ᠶᠢᠨ ᠬᠤᠷᠠᠯ ᠳᠤ ᠣᠷᠣᠯᠴᠠᠵᠠᠢ ᠃ | | | |