ᠭᠤᠸ ᠷᠦᠨ ᠰᠢ ᠱᠠᠨᠳᠦ᠋ᠩ ᠤᠨ ᠰᠢᠵᠢᠷ ᠠᠯᠳ᠋ᠨ ᠪᠦᠯᠦᠭᠯᠡᠯ ᠤᠨ ᠸᠠᠩ ᠯᠢ ᠵᠢᠶᠦ᠋ᠨ ᠨᠠᠷ ᠲᠠᠢ ᠠᠭᠤᠯᠵᠠᠪᠠ
  
2023/6/28
       6 ᠰᠠᠷ᠎ᠠ ᠶᠢᠨ 21 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠭᠤᠸ ᠷᠦᠨ ᠰᠢ ᠱᠠᠨᠳᠦ᠋ᠩ ᠤᠨ ᠰᠢᠵᠢᠷ ᠠᠯᠲᠠ ᠪᠦᠯᠦᠭᠯᠡᠯ ᠤᠨ ᠨᠠᠮ ᠤᠨᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠶᠡᠷᠦᠩᠬᠡᠢ ᠳᠠᠭᠠᠭᠠᠮᠠᠯ ᠸᠠᠩ ᠯᠢ ᠵᠢᠶᠦ᠋ᠨ ᠨᠠᠷ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ ᠠᠵᠤ ᠦᠢᠯᠡᠰ ᠤᠨᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭᠠᠳᠬᠠᠬᠤ ᠵᠡᠷᠭᠡ ᠬᠤᠯᠪᠣᠭᠳᠠᠯ ᠪᠦᠬᠦᠢ ᠤᠴᠢᠷ ᠶᠠᠪᠤᠳᠠᠯ ᠤᠨ ᠲᠤᠬᠠᠢ ᠰᠠᠨᠠᠯ ᠢᠶᠠᠨ ᠭᠦᠨᠵᠡᠭᠡᠢ ᠰᠤᠯᠢᠯᠴᠠᠪᠠ᠃
42e5cce5c3d2c6b5717ca8c075498f14_6382330107257969916436521.jpg
      ᠭᠤᠤ ᠷᠦᠨ ᠰᠢ᠂ ᠸᠠᠩ ᠯᠢ ᠵᠢᠶᠦ᠋ᠨ ᠨᠠᠷ ᠤᠨ ᠠᠶᠢᠯᠴᠢᠯᠠᠷ᠎ᠠ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ 《ᠲᠠᠪᠤᠨ ᠶᠡᠭᠡ ᠡᠭᠦᠷᠭᠡ》 ᠲᠡᠷᠢᠭᠦᠨ ᠴᠢᠬᠤᠯᠠ ᠡᠭᠦᠷᠭᠡ ᠪᠣᠯ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠶᠠᠪᠤᠳᠠᠯ ᠪᠣᠯᠣᠨ᠎ᠠ᠃ ᠣᠳᠣᠬᠠᠨ ᠳᠤ᠂ ᠮᠠᠨ ᠤ ᠬᠤᠲᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠬᠤᠭᠤᠴᠠᠭᠠᠨ ᠳᠠᠬᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠢ ᠶᠢ ᠲᠡᠷᠢᠭᠦᠨ ᠳᠤ ᠪᠤᠳᠤᠯᠬᠢᠯᠠᠬᠤ᠂ ᠪᠣᠬᠢᠷᠲᠤᠯ ᠦᠭᠡᠢ ᠪᠠᠷ ᠬᠥᠭᠵᠢᠭᠦᠯᠬᠦ ᠵᠠᠮ ᠢᠶᠠᠷ ᠭᠤᠶᠢᠪᠢᠰᠢ ᠦᠭᠡᠢ ᠰᠠᠶᠢᠲᠤᠷ ᠵᠠᠮᠨᠠᠵᠤ᠂ ᠣᠨᠴᠠᠯᠢᠭᠲᠤ ᠳᠠᠪᠠᠭᠤᠯᠢᠭ ᠠᠵᠤ ᠦᠢᠯᠡᠰ ᠢ ᠲᠠᠰᠤᠷᠠᠯᠲᠠ ᠦᠭᠡᠢ ᠪᠤᠵᠠᠭᠠᠶᠢᠷᠠᠭᠤᠯᠤᠨ᠂ ᠣᠲᠣ ᠦᠶ᠎ᠡ ᠶᠢᠨ ᠠᠵᠤ ᠦᠢᠯᠡᠰ ᠤᠨ ᠲᠤᠭᠲᠠᠯᠴᠠᠭ᠎ᠠ ᠶᠢ ᠲᠦᠷᠭᠡᠳᠬᠡᠨ ᠪᠠᠶᠢᠭᠤᠯᠵᠤ ᠪᠤᠢ᠃ ᠱᠠᠨᠳᠦ᠋ᠩ ᠤᠨ ᠰᠢᠵᠢᠷ ᠠᠯᠲᠠ ᠪᠦᠯᠦᠭᠯᠡᠯ ᠨᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ᠂ ᠪᠣᠬᠢᠷᠲᠤᠯ ᠦᠭᠡᠢ ᠬᠦᠭᠵᠢᠬᠦᠯᠬᠦ ᠵᠡᠷᠭᠡ ᠤᠯᠠᠨ ᠲᠠᠯ᠎ᠠ ᠪᠠᠷ ᠠᠰᠢᠭᠲᠠᠢ ᠰᠦᠪᠡᠭᠴᠢᠯᠡᠯᠲᠡ ᠬᠢᠵᠦ᠂ ᠮᠠᠨ ᠤ ᠬᠤᠳᠠ ᠶᠢᠨ ᠤᠯᠠᠮᠵᠢᠯᠠᠯᠲᠤ ᠠᠵᠤ ᠦᠢᠯᠡᠰ ᠤᠨ ᠰᠢᠨ᠎ᠡ ᠶᠢ ᠡᠭᠦᠳᠬᠦ ᠰᠢᠯᠢᠳᠡᠭ ᠢ ᠡᠭᠦᠳᠬᠦ ᠬᠥᠭᠵᠢᠯᠲᠡ ᠶᠢᠨ ᠪᠠᠶᠢᠷᠢ ᠲᠣᠭᠲᠠᠭᠠᠯᠲᠠ ᠲᠠᠢ ᠨᠡᠶᠢᠴᠡᠬᠦ ᠬᠡᠮᠵᠢᠶ᠎ᠡ ᠥᠨᠳᠥᠷ ᠪᠠᠶᠢᠨ᠎ᠠ᠃ ᠣᠷᠣᠨ ᠨᠤᠲᠤᠭ ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠬᠠᠷᠢᠯᠴᠠᠨ ᠠᠰᠢᠭᠲᠠᠢ ᠬᠠᠷᠢᠯᠴᠠᠨ ᠬᠠᠪᠰᠤᠷᠤᠯᠴᠠᠵᠤ᠂ ᠠᠮᠢ ᠠᠬᠤᠢ ᠶᠢᠨ ᠬᠠᠮᠠᠭᠠᠯᠠᠯᠲᠠ ᠶᠢ ᠢᠮᠠᠭᠲᠠ ᠲᠡᠷᠢᠭᠦᠨ ᠳᠤ ᠲᠠᠯᠪᠢᠵᠤ᠂ 《ᠬᠤᠣᠰ ᠨᠡᠭᠦᠷᠡᠰᠦᠲᠥ᠋ᠷᠥᠭᠴᠢ》 ᠪᠠᠶᠢᠯᠳᠤᠬᠤ ᠪᠣᠳᠣᠯᠭ᠎ᠠ ᠶᠢ ᠡᠷᠡᠰ ᠭᠤᠶᠢᠪᠢᠰᠢ ᠦᠭᠡᠢ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠤᠳᠠᠳᠠᠶᠢᠵᠢᠭᠤᠯᠵᠤ᠂ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠠᠯᠬᠤᠴᠠ ᠪᠠᠨ ᠲᠦᠷᠭᠡᠳᠬᠡᠵᠦ᠂ ᠠᠮᠢ ᠠᠬᠤᠢ ᠶᠢᠨ ᠦᠷ᠎ᠡ ᠠᠰᠢᠭ ᠪᠣᠯᠣᠨ ᠠᠵᠤ ᠠᠬᠤᠢ ᠨᠡᠶᠢᠭᠡᠮ ᠤᠨ ᠦᠷ᠎ᠡ ᠠᠰᠢᠭ ᠤᠨ ᠨᠢᠭᠡᠳᠦᠯ ᠢ ᠬᠦᠴᠦ ᠪᠠᠨ ᠬᠠᠮᠲᠤᠳᠬᠠᠨ ᠪᠡᠶᠡᠯᠡᠭᠦᠯᠬᠦ  ᠬᠡᠷᠡᠭᠲᠡᠢ᠃ ᠡᠭᠦᠨ ᠤ ᠬᠠᠮᠲᠤ ᠠᠵᠤ ᠠᠬᠤᠶᠢᠯᠠᠯ ᠤᠨ ᠬᠢᠨ ᠳᠣᠲᠣᠭᠠᠳᠤ ᠬᠠᠮᠢᠶᠠᠷᠤᠯᠲᠠ ᠪᠣᠯᠣᠨ ᠮᠡᠷᠭᠡᠵᠢᠯ ᠤᠨ ᠰᠢᠨ᠎ᠡ ᠶᠢ ᠡᠭᠦᠳᠬᠦ ᠪᠠᠨ ᠴᠢᠨᠠᠭᠰᠢᠳᠠ ᠴᠢᠩᠭᠠᠳᠬᠠᠵᠤ᠂  ᠤᠳᠤ ᠶᠢᠨ ᠪᠠᠶᠢᠭ᠎ᠠ ᠠᠵᠤ ᠦᠢᠯᠡᠰ ᠤᠨ ᠰᠠᠭᠤᠷᠢ ᠪᠠᠨ ᠪᠠᠬᠢᠵᠢᠭᠦᠯᠵᠦ᠂ 《ᠬᠡᠯᠬᠢᠶ᠎ᠡ ᠶᠢ ᠴᠢᠩᠭᠠᠳᠬᠠᠬᠤ ᠨᠦᠬᠦᠪᠦᠷᠢᠯᠡᠬᠦ ᠤᠷᠲᠤᠳᠬᠠᠬᠤ》 ᠳᠡᠭᠡᠷ᠎ᠡ ᠬᠦᠴᠦ ᠲᠠᠯᠪᠢᠵᠤ᠂  ᠠᠷᠠᠳ ᠤᠨ ᠠᠮᠢᠳᠤᠷᠠᠯ ᠤᠨ ᠬᠦᠷᠢᠶ᠎ᠡ᠂ ᠰᠣᠶᠣᠯ ᠵᠤᠭᠠᠴᠠᠯ ᠪᠣᠯᠣᠨ ᠰᠢᠨ᠎ᠡ ᠬᠡᠯᠪᠡᠷᠢ ᠶᠢᠨ ᠰᠠᠭᠤᠷᠢ  ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠪᠠᠶᠢᠷᠢᠰᠢᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠰᠢᠨ᠎ᠡ ᠦᠢᠯᠡᠳᠬᠦᠨ᠂ ᠰᠢᠨ᠎ᠡ ᠡᠵᠡᠩᠨᠡᠯᠲᠡ ᠶᠢᠨ ᠬᠡᠯᠪᠡᠷᠢ᠂ ᠰᠢᠨ᠎ᠡ ᠵᠠᠭᠪᠤᠷ ᠢ    ᠳᠠᠰᠤᠷᠠᠯᠳᠠ ᠦᠭᠡᠢ ᠪᠣᠶᠢᠵᠢᠭᠤᠯᠵᠤ᠂ ᠣᠷᠣᠨ ᠨᠤᠲᠤᠭ ᠠᠵᠤ ᠠᠬᠤᠶᠢᠯᠠᠯ ᠬᠤᠶᠠᠷ ᠲᠠᠯ᠎ᠠ ᠶᠢᠨ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ᠂ ᠬᠠᠮᠲᠤᠪᠠᠷ  ᠬᠥᠭᠵᠢᠬᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠪᠡ᠃   
8ca81c7a025b3a028d8150157672c6ac_6382330109092344679766192.jpg
       ᠸᠠᠩ ᠯᠢ ᠵᠢᠶᠦ᠋ᠨ᠂ ᠬᠥᠯᠥᠨ ᠪᠤᠶᠢᠷ ᠬᠤᠲᠠ ᠶᠢᠨ ᠬᠠᠪᠰᠤᠷᠤᠯᠭ᠎ᠠ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠱᠠᠨᠳᠦ᠋ᠩ ᠤᠨᠰᠢᠵᠢᠷ ᠠᠯᠲᠠ ᠪᠦᠯᠦᠭᠯᠡᠯ ᠡᠬᠢ ᠪᠠᠶᠠᠯᠢᠭ ᠢ ᠨᠡᠶᠢᠳᠬᠡᠬᠦ ᠶᠢ ᠢᠳᠡᠪᠬᠢᠲᠡᠢ ᠲᠦᠷᠭᠡᠳᠬᠡᠵᠦ᠂ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠠᠬᠢᠭᠤᠯᠵᠤ᠂ ᠮᠥᠨ ᠴᠢᠨᠠᠷ ᠤᠨ ᠠᠮᠤᠷ ᠲᠦᠪᠰᠢᠨ ᠪᠣᠯᠣᠨ ᠳᠣᠲᠣᠭᠠᠳᠤ ᠶᠢᠨ ᠬᠠᠮᠢᠶᠠᠷᠤᠯᠲᠠ ᠶᠢᠨ ᠲᠦᠪᠰᠢᠨ ᠢᠶᠠᠨ ᠳᠡᠭᠡᠭᠰᠢᠯᠡᠭᠦᠯᠵᠦ᠂ ᠪᠦᠲᠦᠴᠡ ᠨᠢ ᠨᠡᠩ ᠰᠢᠯᠢᠳᠡᠭ᠂ᠦᠷ᠎ᠡ ᠠᠰᠢᠭ ᠨᠡᠩ ᠰᠠᠶᠢᠨ ᠴᠢᠨᠠᠷ ᠰᠠᠶᠢᠲᠠᠢ ᠬᠥᠭᠵᠢᠯᠲᠡ ᠶᠢ ᠴᠢᠷᠮᠠᠶᠢᠨ ᠪᠡᠶᠡᠯᠡᠭᠦᠯᠵᠦ ᠪᠠᠶᠢᠨ᠎ᠠ᠃ ᠬᠥᠯᠥᠨ ᠪᠤᠶᠢᠷ ᠤᠨ ᠤᠷᠤᠨ ᠪᠠᠶᠢᠷᠢᠰᠢᠯ ᠥᠪᠡᠷᠮᠢᠴᠡ᠂ ᠡᠬᠢᠪᠠᠶᠠᠯᠢᠭ ᠡᠯᠪᠡᠭ᠂ ᠨᠢᠭᠡᠨ ᠪᠡᠯᠡ ᠤᠷᠤᠭᠤᠯᠬᠤ ᠬᠠᠯᠠᠮᠰᠢᠯᠲᠤ ᠣᠷᠣᠨ ᠪᠣᠯᠣᠨ᠎ᠠ᠂ ᠬᠤᠶᠠᠷ ᠲᠠᠯ᠎ᠠ ᠪᠠᠷ ᠢᠶᠠᠨ ᠰᠢᠨ᠎ᠡ ᠶᠢ ᠡᠭᠦᠳᠬᠦ ᠰᠣᠯᠢᠯᠴᠠᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠰᠡᠳᠬᠢᠮᠵᠢ ᠶᠢ ᠬᠠᠮᠲᠤᠪᠠᠷ ᠰᠦᠪᠡᠭᠴᠢᠯᠡᠵᠦ᠂ ᠪᠣᠳᠠᠲᠠᠢ ᠬᠠᠮᠲᠤᠷᠠᠯᠴᠠᠭᠠᠨ ᠤ ᠰᠢᠨ᠎ᠡ ᠬᠦᠷᠢᠶ᠎ᠡ ᠶᠢᠥᠷᠭᠡᠳᠬᠡᠬᠦ ᠶᠢ ᠬᠦᠰᠡᠵᠦ ᠪᠠᠶᠢᠨ᠎ᠠ ᠭᠡᠵᠡᠢ᠃       
  ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ