ᠭᠤᠤ ᠷᠦᠨ ᠰᠢ ᠲᠤᠬᠠᠢ ᠶᠢᠨ ᠲᠠᠯᠠᠪᠠᠢ ᠳᠤ ᠠᠵᠢᠯᠯᠠᠵᠤ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠰᠢᠢᠳᠪᠦᠷᠢᠯᠡᠬᠦ ᠳᠡᠭᠡᠨ᠄ ᠬᠠᠤᠯᠢ ᠲᠣᠭᠲᠠᠭᠠᠯ ᠶᠣᠰᠣᠭᠠᠷᠤᠯᠠᠨ ᠲᠦᠮᠡᠨ ᠳᠤ ᠦᠨᠡᠨᠴᠢ ᠰᠡᠳᠬᠢᠯ ᠠᠴᠠ ᠪᠣᠳᠠᠲᠤ ᠶᠠᠪᠤᠳᠠᠯ ᠬᠢᠵᠦ ᠬᠦᠴᠢᠷᠳᠡᠯ ᠢ ᠨᠢ ᠰᠢᠢᠳᠪᠦᠷᠢᠯᠡᠵᠦ ᠥᠭᠬᠦ ᠶᠢ ᠪᠠᠷᠢᠮᠲᠠᠯᠠᠵᠤ ᠵᠠᠬᠢᠳᠠᠯᠰᠤᠷᠪᠤᠯᠵᠢᠯᠠᠯ ᠤᠨ ᠠᠵᠢᠯ ᠤᠨ ᠲᠤᠰᠬᠠᠶᠢᠵᠢᠯᠲᠠ ᠬᠠᠤᠯᠢᠵᠢᠯᠳᠠ ᠮᠡᠳᠡᠭᠡ ᠵᠠᠩᠭᠢᠵᠢᠯᠲᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢᠭᠡᠵᠦ   ​
  
2023/6/28
    6 ᠰᠠᠷ᠎ᠠ ᠶᠢᠨ 21  ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠭᠤᠣ ᠷᠦᠨ ᠰᠢ ᠵᠠᠬᠢᠳᠠᠯ ᠰᠤᠷᠪᠤᠯᠵᠢᠯᠠᠯ ᠤᠨ ᠠᠵᠢᠯ ᠤᠨ ᠡᠳᠦᠷ ᠲᠤᠬᠤᠲᠠ ᠶᠢᠨ ᠵᠠᠬᠢᠳᠠᠯ ᠰᠤᠷᠪᠤᠯᠵᠢᠯᠠᠯ ᠤᠨ ᠲᠣᠪᠴᠢᠶᠠᠨ ᠤ ᠰᠤᠷᠪᠤᠯᠵᠢᠯᠠᠯ ᠢ ᠬᠦᠯᠢᠶᠡᠨ ᠠᠪᠬᠤ ᠲᠢᠩᠬᠢᠮ ᠳᠤ ᠬᠦᠷᠴᠦ ᠲᠤᠬᠠᠢ ᠶᠢᠨ ᠲᠠᠯᠠᠪᠤᠷ ᠲᠤ ᠠᠵᠢᠯᠯᠠᠵᠤ᠂ᠣᠯᠠᠨ ᠲᠦᠮᠡᠨ ᠤ ᠰᠡᠳᠬᠢᠯ ᠤᠨ ᠦᠭᠡ ᠶᠢ ᠨᠢᠭᠤᠷᠲᠠᠨ ᠰᠣᠨᠣᠰᠴᠤ᠂ ᠵᠠᠬᠢᠳᠠᠯ ᠰᠤᠷᠪᠤᠯᠵᠢᠯᠠᠯ ᠤᠨ ᠵᠦᠢᠯᠡᠰ ᠢ ᠰᠤᠳᠤᠯᠤᠨ ᠵᠣᠬᠢᠴᠠᠭᠤᠯᠵᠤ ᠰᠢᠢᠳᠪᠦᠷᠢᠯᠡᠵᠡᠢ᠃
1761dbcaf9a8ef599d9321c423612242_6382330090034532882822445.jpg
       ᠬᠤᠲᠠ ᠶᠢᠨ ᠤᠳᠤᠷᠢᠳᠤᠯᠭ᠎ᠠ ᠵᠠᠩ ᠴᠤᠸᠠᠨ ᠬᠤᠸᠠ᠂ ᠴᠢ ᠳ᠋ᠢᠶᠠᠨ ᠯᠢ᠂ ᠬᠥᠩ ᠹᠧᠢ ᠲᠢᠶᠠᠨ᠂ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢᠰᠠᠯᠠᠭ᠎ᠠ ᠮᠥᠴᠢᠷ ᠪᠣᠯᠣᠨ ᠬᠠᠶᠢᠯᠠᠷ ᠲᠣᠭᠤᠷᠢᠭ᠂ ᠶᠠᠭᠰᠢ ᠬᠤᠲᠠ ᠶᠢᠨ ᠬᠠᠷᠢᠭᠤᠴᠠᠯᠭᠠᠲᠠᠨ ᠣᠷᠣᠯᠴᠠᠵᠠᠢ᠃  
96d9af35be8361479a95a78c932e2ed0_6382330088103283496421608.jpg
       ᠰᠤᠷᠪᠤᠯᠵᠢᠯᠠᠯ ᠤᠨ ᠲᠤᠬᠠᠢ ᠶᠢᠨ ᠲᠠᠯᠠᠪᠠᠢ ᠳᠤ᠂ ᠭᠤᠤ ᠷᠦᠨ ᠰᠢ ᠰᠤᠷᠪᠤᠯᠵᠢᠯᠠᠬᠤ ᠪᠠᠷ ᠢᠷᠡᠭᠰᠡᠨ ᠤᠯᠠᠨ ᠲᠦᠮᠡᠨ ᠤ ᠲᠣᠭᠠᠴᠢᠯᠲᠠ ᠶᠢ ᠨᠠᠷᠢᠨ ᠬᠢᠨᠠᠮᠠᠭᠠᠢᠰᠣᠨᠣᠰᠴᠤ᠂ ᠲᠤᠰᠬᠠᠭᠰᠠᠨ ᠠᠰᠠᠭᠤᠳᠠᠯ ᠪᠣᠯᠣᠨ ᠭᠤᠮᠣᠳᠠᠯ ᠲᠣᠭᠠᠴᠢᠯᠲᠠ ᠶᠢᠨ ᠤᠴᠢᠷ ᠶᠠᠪᠤᠳᠠᠯ ᠢ ᠨᠠᠷᠢᠨ ᠬᠢᠨᠠᠮᠠᠭᠠᠢ ᠲᠡᠮᠳᠡᠭᠯᠡᠵᠦ᠂ ᠤᠴᠢᠷ ᠶᠠᠪᠤᠳᠠᠯ ᠤᠨ ᠤᠭᠰᠢᠯᠲᠠᠭᠠᠨ ᠵᠢᠴᠢ ᠣᠳᠣᠬᠠᠨ ᠤ ᠰᠢᠢᠳᠪᠦᠷᠢᠯᠡᠭᠰᠡᠨ ᠪᠠᠶᠢᠳᠠᠯ ᠢ ᠨᠠᠷᠢᠨ ᠨᠢᠭᠲᠠ ᠯᠠᠪᠯᠠᠨ ᠠᠰᠠᠭᠤᠬᠤ ᠶᠢᠨ ᠬᠠᠮᠲᠤ ᠬᠠᠮᠢᠶ᠎ᠠ ᠪᠦᠬᠦᠢ ᠰᠠᠯᠠᠭ᠎ᠠ ᠮᠥᠴᠢᠷ᠂ ᠭᠠᠵᠠᠷᠣᠷᠣᠨ ᠤ ᠬᠠᠷᠢᠭᠤᠴᠠᠯᠭᠠᠲᠠᠨ ᠲᠠᠢ ᠠᠰᠠᠭᠤᠳᠠᠯ ᠤᠨ ᠵᠠᠩᠭᠢᠯᠠᠭ᠎ᠠ ᠶᠢ ᠭᠦᠨᠵᠡᠭᠡᠢ ᠵᠠᠳᠠᠯᠵᠤ᠂ ᠲᠤᠬᠠᠢ ᠶᠢᠨ ᠲᠠᠯᠠᠪᠠᠢ ᠳᠤ ᠰᠢᠢᠳᠪᠦᠷᠢᠯᠡᠬᠦ ᠠᠷᠭ᠎ᠠ ᠶᠢ ᠰᠤᠳᠤᠯᠵᠠᠢ᠃ ᠲᠡᠷᠡ᠂ ᠵᠠᠬᠢᠳᠠᠯ ᠰᠤᠷᠪᠤᠯᠵᠢᠯᠠᠯ ᠤᠨ ᠠᠵᠢᠯ ᠪᠣᠯ ᠨᠠᠮ ᠤᠨ ᠤᠯᠠᠨ ᠲᠦᠮᠡᠨ ᠤ ᠠᠵᠢᠯ ᠤᠨ ᠴᠢᠬᠤᠯᠠ ᠪᠦᠷᠢᠯᠳᠦᠭᠦᠨ ᠬᠡᠰᠡᠭ ᠪᠠᠶᠢᠵᠤ᠂ ᠨᠡᠶᠢᠭᠡᠮ ᠤᠨ ᠪᠠᠶᠢᠳᠠᠯᠠᠷᠠᠳ ᠤᠨ ᠰᠠᠨᠠᠭ᠎ᠠ ᠶᠢ ᠣᠶᠢᠯᠠᠭᠠᠬᠤ ᠴᠢᠬᠤᠯᠠ ᠴᠤᠩᠬᠤᠪᠴᠢ ᠮᠥᠨ᠃ ᠪᠦᠬᠦ ᠬᠤᠲᠠ ᠶᠢᠨ ᠡᠯ᠎ᠡ ᠱᠠᠲᠤ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠣᠣ ᠴᠧᠩ ᠤᠨ ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠤᠷᠪᠤᠯᠵᠢᠯᠠᠯ ᠤᠨᠲᠣᠪᠴᠢᠶ᠎ᠠ ᠳᠤ ᠬᠦᠷᠴᠦ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠠᠵᠢᠯ ᠤᠨ ᠱᠠᠭᠠᠷᠳᠠᠯᠭ᠎ᠠ ᠶᠢ ᠭᠦᠨᠵᠡᠭᠡᠢ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠠᠷᠠᠳ ᠲᠦᠮᠡᠨ ᠤ ᠵᠣᠭᠰᠣᠯᠲᠠ ᠳᠤ ᠪᠠᠲᠤ ᠵᠣᠭᠰᠣᠵᠤ᠂ 《ᠰᠢᠢᠳᠪᠦᠷᠢᠯᠡᠬᠦ ᠰᠡᠳᠬᠢᠬᠦᠢ 》 ᠶᠢᠴᠢᠩᠭᠠᠳᠬᠠᠵᠤ᠂ ᠲᠤᠰ ᠪᠡᠶ᠎ᠡ ᠶᠢᠨ ᠪᠣᠳᠠᠲᠠᠢ ᠲᠠᠢ ᠪᠠᠨ ᠤᠶᠠᠯᠳᠤᠭᠤᠯᠵᠤ᠂ 《ᠹᠧᠩᠴᠢᠶᠤᠤ ᠶᠢᠨ ᠲᠤᠷᠰᠢᠯᠭ᠎ᠠ》 《ᠫᠦᠵᠢᠶᠠᠩ ᠤᠨ ᠲᠤᠷᠰᠢᠯᠭ᠎ᠠ》 ᠶᠢ ᠰᠠᠶᠢᠲᠤᠷ ᠰᠤᠷᠤᠯᠴᠠᠨ ᠰᠠᠶᠢᠲᠤᠷ ᠬᠡᠷᠡᠭᠯᠡᠵᠦ᠂ ᠤᠯᠠᠨ ᠲᠦᠮᠡᠨ ᠤ ᠪᠠᠴᠢᠮᠳᠠᠬᠤ ᠬᠦᠴᠢᠷᠳᠡᠬᠦ ᠵᠣᠪᠠᠨᠢᠬᠤ ᠬᠦᠰᠡᠬᠦ》ᠠᠰᠠᠭᠤᠳᠠᠯ ᠢ ᠰᠡᠳᠬᠢᠯ ᠲᠠᠯᠪᠢᠨ ᠬᠦᠴᠦ ᠣᠷᠣᠭᠤᠯᠤᠨᠰᠠᠶᠢᠲᠤᠷ ᠰᠢᠢᠳᠪᠦᠷᠢᠯᠡᠵᠦ᠂ ᠶᠠᠪᠤᠳᠠᠯ ᠪᠣᠯᠭᠠᠨ ᠳᠤ ᠨᠠᠶᠢᠳᠠᠪᠤᠷᠢᠵᠢᠭᠤᠯᠤᠯᠲᠠ ᠲᠠᠢ᠂ ᠶᠠᠪᠤᠳᠠᠯ ᠪᠣᠯᠭᠠᠨ ᠳᠤ ᠬᠠᠷᠢᠭᠤ ᠲᠤᠰᠬᠠᠯ ᠲᠠᠢ ᠪᠠᠶᠢᠬᠤ ᠶᠢ ᠪᠡᠶᠡᠯᠡᠭᠦᠯᠬᠦ ᠬᠡᠷᠡᠭᠲᠡᠢᠭᠡᠵᠦ ᠵᠢᠭᠠᠵᠤ ᠭᠠᠷᠭᠠᠪᠠ᠃   
8b96d2612ed99ef738109a1ef145f52e_6382330092100157534778054.jpg
        ᠭᠤᠤ ᠷᠦᠨ ᠰᠢ᠂ ᠡᠬᠢ ᠦᠨᠳᠦᠰᠦ ᠠᠴᠠ ᠨᠢ ᠵᠠᠰᠠᠬᠤ ᠶᠢ ᠴᠢᠩᠭ᠎ᠠ ᠠᠳᠬᠤᠵᠤ᠂ ᠭᠤᠣᠯᠳᠠᠯᠭ᠎ᠠ ᠲᠠᠢ ᠬᠥᠮᠥᠨ᠂ ᠬᠡᠷᠡᠭ ᠶᠠᠪᠤᠳᠠᠯ᠂ ᠭᠠᠵᠠᠷ ᠣᠷᠣᠨ᠂ ᠨᠢᠭᠡᠴᠢᠪᠣᠯᠣᠨ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠡᠷᠲᠡ ᠢᠯᠡᠷᠡᠭᠦᠯᠬᠦ᠂ ᠡᠷᠲᠡ ᠰᠤᠳᠤᠯᠤᠨ ᠮᠠᠭᠠᠳᠯᠠᠬᠤ᠂ ᠡᠷᠲᠡ ᠰᠢᠢᠳᠪᠦᠷᠢᠯᠡᠬᠦ᠂ ᠡᠷᠲᠡ ᠲᠣᠭᠲᠠᠭᠤᠨ ᠢᠶᠠᠷ ᠡᠵᠡᠮᠳᠡᠬᠦ ᠪᠠᠷ ᠴᠢᠷᠮᠠᠶᠢᠵᠤ᠂ ᠨᠢᠭᠡ ᠠᠴᠠ ᠨᠦᠬᠦᠭᠡ ᠶᠢ ᠵᠦᠢᠴᠢᠯᠡᠨ ᠮᠡᠳᠡᠵᠦ᠂ ᠴᠡᠭ ᠢᠶᠠᠷ ᠲᠠᠯ᠎ᠠ ᠶᠢ ᠲᠠᠶᠢᠴᠢᠯᠠᠵᠤ᠂ ᠥᠪᠡᠷᠮᠢᠴᠡ ᠴᠢᠨᠠᠷ ᠤᠨ ᠬᠦᠰᠡᠯ ᠱᠠᠭᠠᠷᠳᠠᠯᠭ᠎ᠠ ᠠᠴᠠ ᠨᠡᠶᠢᠲᠡᠯᠢᠭ ᠴᠢᠨᠠᠷᠲᠠᠢ ᠠᠰᠠᠭᠤᠳᠠᠯ ᠢ ᠡᠷᠢᠨ ᠣᠯᠵᠤ᠂ ᠠᠰᠠᠭᠤᠳᠠᠯ ᠢ ᠦᠨᠳᠦᠰᠦᠨ ᠱᠠᠲᠤᠨ ᠳᠤ ᠰᠢᠢᠳᠪᠦᠷᠢᠯᠡᠵᠦ᠂ ᠵᠥᠷᠢᠴᠡᠯ ᠢ ᠡᠬᠢᠨ ᠤᠦᠶ᠎ᠡ ᠳᠤ ᠰᠢᠢᠳᠪᠦᠷᠢᠯᠡᠬᠦ ᠪᠠᠷ ᠴᠢᠷᠮᠠᠶᠢᠬᠤ ᠬᠡᠷᠡᠭᠲᠡᠢ︔ ᠰᠢᠰᠲ᠋ᠧᠮᠲᠦ ᠰᠡᠳᠬᠢᠬᠦᠢ ᠪᠠᠨ ᠴᠢᠩᠭᠠᠳᠬᠠᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠡᠯ᠎ᠡ ᠲᠥᠷᠥᠯ ᠤᠨ ᠲᠤᠰᠬᠠᠢ ᠠᠵᠢᠯ ᠤᠨ ᠮᠠᠨ ᠤ ᠬᠤᠲᠠ ᠳᠤ ᠲᠤᠰᠢᠶᠠᠨ ᠰᠢᠢᠳᠪᠦᠷᠢᠯᠡᠭᠦᠯᠬᠦ ᠵᠠᠬᠢᠳᠠᠯ ᠰᠤᠷᠪᠤᠯᠵᠢᠯᠠᠯ ᠤᠨ ᠵᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂《ᠭᠤᠷᠪᠠ ᠶᠢ ᠪᠣᠳᠠᠲᠠᠶᠢᠵᠢᠭᠤᠯᠵᠤ ᠨᠢᠭᠡ ᠶᠢ ᠰᠢᠢᠳᠪᠦᠷᠢᠯᠡᠬᠦ》 ᠠᠵᠢᠯ ᠤᠨ ᠱᠠᠭᠠᠷᠳᠠᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠦᠨᠡᠨ ᠠᠴᠠ ᠵᠥᠪ ᠢ ᠡᠷᠢᠬᠦ᠂ᠡᠷᠬᠡ ᠲᠡᠭᠰᠢ ᠲᠥᠪ ᠭᠤᠥᠯᠴᠢ ᠪᠠᠶᠢᠬᠤ ᠶᠢ ᠪᠠᠷᠢᠮᠲᠠᠯᠠᠨ᠂ ᠦᠨᠡᠨ ᠬᠦ ᠬᠡᠷᠡᠭᠵᠢᠬᠦᠯᠬᠦᠶᠢᠴᠡ ᠲᠥᠰᠥᠯ ᠭᠠᠷᠭᠠᠵᠤ᠂ ᠡᠯ᠎ᠡ ᠬᠦᠷᠢᠶᠡᠨ ᠤ ᠵᠠᠬᠢᠳᠠᠯ  ᠰᠤᠷᠪᠤᠯᠵᠢᠯᠠᠯ ᠤᠨ ᠠᠰᠠᠭᠤᠳᠠᠯ ᠢ ᠲᠣᠬᠢᠲᠠᠢ ᠰᠢᠢᠳᠪᠦᠷᠢᠯᠡᠬᠦ ᠬᠡᠷᠡᠭᠲᠡᠢ︔ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ 《ᠨᠠᠮ ᠵᠠᠰᠠᠭ ᠠᠳᠠᠯᠢ ᠬᠠᠷᠢᠭᠤᠴᠠᠯᠭ᠎ᠠ ᠲᠠᠢ᠂ ᠨᠢᠭᠡᠠᠵᠢᠯ ᠤᠨ ᠪᠠᠶᠢᠷᠢ ᠳᠤ  ᠬᠤᠤᠰ ᠬᠠᠷᠢᠭᠤᠴᠠᠯᠭ᠎ᠠ ᠡᠭᠦᠷᠭᠡᠯᠡᠬᠦ》 《ᠬᠠᠷᠢᠶ᠎ᠠ ᠣᠷᠣᠨ ᠬᠠᠮᠢᠶᠠᠷᠬᠤ᠂ ᠱᠠᠲᠤ ᠬᠤᠪᠢᠶᠠᠨ ᠬᠠᠷᠢᠭᠤᠴᠠᠬᠤ》 《ᠬᠡᠨ ᠭᠤᠣᠯᠴᠢᠯᠠᠨ ᠬᠠᠮᠢᠶᠠᠷᠪᠠᠯ ᠬᠡᠨ ᠬᠠᠷᠢᠭᠤᠴᠠᠬᠤ》 ᠠᠵᠢᠯ ᠤᠨ ᠵᠠᠷᠴᠢᠮ ᠢ ᠪᠠᠷᠢᠮᠲᠠᠯᠠᠨ᠂ ᠠᠰᠠᠭᠤᠳᠠᠯ ᠳᠤ ᠰᠢᠭᠤᠳ ᠬᠠᠨᠳᠤᠬᠤ ᠳᠠᠭᠠᠨ ᠲᠣᠭᠤᠷᠢᠭᠤᠯᠵᠤ ᠲᠣᠭᠰᠢᠭᠤᠯᠬᠤ ᠦᠭᠡᠢ᠂ᠠᠰᠠᠭᠤᠳᠠᠯ ᠢ ᠰᠢᠢᠳᠪᠦᠷᠢᠯᠡᠬᠦ ᠳᠡᠭᠡᠨ ᠤᠳᠠᠭᠠᠰᠢᠷᠠᠭᠤᠯᠬᠤ ᠦᠭᠡᠢ ᠪᠠᠶᠢᠵᠤ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠴᠢᠨᠠᠷ ᠪᠦᠲᠦᠮᠵᠢ ᠶᠢ ᠪᠥᠬᠦ ᠲᠠᠯ᠎ᠠ ᠪᠠᠷᠳᠡᠭᠡᠭᠰᠢᠯᠡᠭᠦᠯᠦᠨ᠂ ᠬᠥᠯᠥᠨ ᠪᠤᠶᠢᠷ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠳᠤ ᠡᠶ᠎ᠡ ᠵᠣᠬᠢᠴᠠᠯ ᠲᠠᠢ ᠠᠮᠤᠷ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠢ ᠭᠡᠵᠦ ᠱᠠᠭᠠᠷᠳᠠᠪᠠ᠃       
  ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ