ᠰᠢ ᠶᠢᠨ ᠫᠢᠩ ᠪᠠᠷᠪᠠᠳᠤᠰ ᠤᠨ ᠶᠡᠷᠦᠩᠬᠡᠢ ᠰᠠᠶᠢᠳ ᠮᠤᠲ᠋ᠧᠯᠢ ᠲᠠᠢ ᠠᠭᠤᠯᠵᠠᠪᠠ
  
2023/6/29
     6 ᠰᠠᠷ᠎ᠠ ᠶᠢᠨ 27  ᠦᠳᠡ ᠶᠢᠨ ᠬᠤᠶᠢᠨ᠎ᠠ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠠᠯᠪᠠᠨ ᠶᠣᠰᠣᠨ ᠤ ᠠᠶᠢᠯᠴᠢᠯᠠᠯᠲᠠ ᠬᠢᠬᠦ ᠪᠠᠷ ᠢᠷᠡᠭᠰᠡᠨ ᠪᠠᠷᠪᠠᠳᠤᠰ ᠤᠨ ᠶᠡᠷᠦᠩᠬᠡᠢ ᠰᠠᠶᠢᠳ ᠮᠤᠲ᠋ᠧᠯᠢ ᠲᠠᠢ ᠠᠭᠤᠯᠵᠠᠪᠠ ᠃
d84b2549db519b2f6730ef379b4104f1_6382356067898456589947684.jpg
       ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ  ᠯᠢ ᠰᠢᠤᠸᠠᠢ ᠷᠧᠨ  ᠰᠡᠭᠦᠳᠡᠷᠯᠡᠪᠡ        ᠰᠢ ᠶᠢᠨ ᠫᠢᠩ ᠂ ᠪᠠᠷᠪᠠᠳᠤᠰ ᠪᠣᠯ ᠵᠡᠭᠦᠨ ᠺᠠᠷᠢᠪᠧ ᠣᠷᠣᠨ ᠤ ᠬᠠᠮᠤᠭ ᠤᠨ ᠡᠷᠲᠡ ᠳᠤᠮᠳᠠᠳᠤ ᠤᠯᠤᠰ ᠲᠠᠢ ᠬᠠᠷᠢᠯᠴᠠᠭ᠎ᠠ ᠪᠠᠶᠢᠭᠤᠯᠤᠭᠰᠠᠨ ᠤᠯᠤᠰ ᠮᠥᠨ ᠂ ᠮᠥᠨ ᠴᠤ ᠳᠤᠮᠳᠠᠳᠤ ᠤᠯᠤᠰ ᠤᠨ ᠡᠨᠡ ᠬᠦ ᠭᠠᠵᠠᠷ ᠣᠷᠣᠨ ᠳᠠᠬᠢ ᠰᠠᠶᠢᠨ ᠨᠠᠶᠢᠵᠠ ᠂ ᠰᠠᠶᠢᠨ ᠬᠠᠨᠢᠲᠠᠨ ᠮᠥᠨ ᠃ ᠳᠤᠮᠳᠠᠳᠤ ᠪᠠᠷᠪᠠᠳᠤᠰ ᠬᠤᠶᠠᠷ ᠤᠯᠤᠰ ᠬᠡᠳᠦᠶᠢᠪᠡᠷ ᠲᠡᠯᠡᠶ ᠲᠠᠩᠭᠢᠰ ᠢᠶᠠᠷ ᠠᠯᠤᠰᠯᠠᠭᠳᠠᠵᠤ ᠪᠠᠶᠢᠭ᠎ᠠ ᠪᠤᠯᠪᠠᠴᠤ ᠵᠣᠷᠢᠯᠲᠠ ᠨᠢᠭᠡᠲᠡᠢ ᠪᠠᠶᠢᠵᠤ ᠂ ᠭᠠᠷ ᠬᠤᠯᠪᠣᠨ ᠬᠠᠮᠲᠤ ᠪᠠᠷ ᠤᠷᠤᠭᠰᠢᠯᠠᠵᠤ ᠂ ᠬᠤᠶᠠᠷ ᠲᠠᠯ᠎ᠠ ᠶᠢᠨ ᠬᠠᠷᠢᠯᠴᠠᠭ᠎ᠠ ᠲᠠᠰᠤᠷᠠᠯᠲᠠ ᠦᠭᠡᠢ ᠭᠦᠨᠵᠡᠭᠡᠶᠢᠷᠡᠨ ᠬᠥᠭᠵᠢᠵᠦ ᠪᠠᠶᠢᠨ᠎ᠠ ᠃ ᠳᠤᠮᠳᠠᠳᠤ ᠤᠯᠤᠰ ᠴᠢᠨᠠᠷ ᠰᠠᠶᠢᠲᠠᠢ ᠬᠥᠭᠵᠢᠯᠲᠡ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠵᠤ ᠪᠠᠶᠢᠨ᠎ᠠ ᠂ ᠡᠨᠡ ᠨᠢ ᠪᠠᠷᠪᠠᠳᠤᠰ ᠤᠨ ᠬᠥᠭᠵᠢᠯᠲᠡ ᠪᠣᠯᠣᠨ ᠳᠤᠮᠳᠠᠳᠤ ᠪᠠᠷᠪᠠᠳᠤᠰ ᠤᠨ ᠬᠠᠮᠲᠤᠷᠠᠯᠴᠠᠭ᠎ᠠ ᠳᠤ ᠰᠢᠨ᠎ᠡ ᠠᠵᠠ ᠲᠣᠭᠢᠶᠠᠯ ᠠᠪᠴᠢᠷᠠᠬᠤ ᠪᠣᠯᠣᠨ᠎ᠠ ᠂ ᠪᠠᠷᠪᠠᠳᠤᠰ ᠤᠨ ᠲᠠᠯ᠎ᠠ ᠶᠢᠨ ᠬᠢᠨ ᠳᠤᠮᠳᠠᠳᠤ ᠤᠯᠤᠰ ᠤᠨ ᠬᠥᠭᠵᠢᠯᠲᠡ ᠶᠢᠨ 《ᠲᠦᠷᠭᠡᠨ ᠲᠡᠷᠭᠡᠨ 》 ᠳᠤ ᠰᠠᠭᠤᠵᠤ ᠂ ᠳᠤᠮᠳᠠᠳᠤ ᠤᠯᠤᠰ ᠯᠤᠭ᠎ᠠ ᠨᠡᠩ ᠨᠢᠭᠲᠠ ᠳᠣᠲᠣᠨᠣ ᠳᠤᠮᠳᠠᠳᠤ ᠪᠠᠷᠪᠠᠳᠤᠰ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠪᠠᠶᠠᠷᠯᠠᠨ ᠤᠭᠲᠤᠵᠤ ᠪᠠᠶᠢᠨ᠎ᠠ ᠭᠡᠵᠦᠵᠢᠭᠠᠵᠤ ᠭᠠᠷᠭᠠᠪᠠ ᠃        ᠰᠢ ᠶᠢᠨ ᠫᠢᠩ ᠂ ᠳᠤᠮᠳᠠᠳᠤ ᠪᠠᠷᠪᠠᠳᠤᠰ ᠬᠤᠶᠠᠷ ᠲᠠᠯ᠎ᠠ ᠪᠠᠷ ᠢᠶᠠᠨ ᠤᠯᠤᠰ ᠲᠦᠷᠦ ᠶᠢᠨ ᠢᠲᠡᠭᠡᠯᠴᠡᠭᠡ ᠪᠠᠨ ᠭᠦᠨᠵᠡᠭᠡᠶᠢᠷᠡᠭᠦᠯᠵᠦ ᠂ ᠲᠤᠰ ᠲᠤᠰ ᠤᠨ ᠢᠶᠠᠨᠭᠤᠣᠯᠯᠠᠭᠴᠢ ᠠᠰᠢᠭ ᠲᠤᠰᠠ ᠪᠣᠯᠣᠨ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠦᠷᠭᠦᠯᠵᠢᠯᠡᠨ ᠣᠶᠢᠯᠠᠭᠠᠯᠴᠠᠨ ᠳᠡᠮᠵᠢᠯᠴᠡᠶ᠎ᠡ ᠃ ᠳᠤᠮᠳᠠᠳᠤ ᠤᠯᠤᠰ ᠥᠩᠭᠡᠷᠡᠭᠰᠡᠨ ᠲᠠᠢ ᠪᠠᠨ ᠠᠳᠠᠯᠢ ᠪᠠᠷ ᠪᠠᠷᠪᠠᠳᠤᠰ ᠤᠨ ᠬᠢᠨ ᠤ ᠤᠯᠤᠰ ᠤᠨ ᠡᠷᠬᠡ ᠮᠡᠳᠡᠯ ᠪᠠ ᠲᠤᠰᠠᠭᠠᠷ ᠲᠣᠭᠲᠠᠨᠢᠯ ᠢᠶᠠᠨ ᠬᠠᠮᠠᠭᠠᠯᠠᠵᠤ ᠂ ᠬᠥᠭᠵᠢᠯᠲᠡ ᠶᠢᠨᠵᠠᠮ ᠢᠶᠠᠨ ᠡᠵᠡᠨ ᠮᠡᠳᠡᠨ ᠰᠣᠩᠭᠤᠬᠤ ᠶᠢ ᠳᠡᠮᠵᠢᠵᠦ ᠂ ᠳᠤᠷᠠᠲᠠᠶ᠎ᠠ ᠪᠠᠷᠪᠠᠳᠤᠰ ᠤᠨ ᠬᠢᠨ ᠲᠠᠢ ᠵᠠᠰᠠᠭ ᠤᠨ ᠣᠷᠳᠣᠨ ᠂ ᠬᠠᠤᠯᠢ ᠲᠣᠭᠲᠠᠭᠠᠬᠤ ᠪᠠᠶᠢᠭᠤᠯᠤᠮᠵᠢ ᠂ ᠲᠦᠷᠦ ᠶᠢᠨ ᠨᠠᠮ ᠤᠨ ᠶᠠᠪᠤᠯᠴᠠᠭ᠎ᠠ ᠪᠠᠨ ᠨᠢᠭᠲᠠᠷᠠᠭᠤᠯᠵᠤ ᠂ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠶᠢᠨ ᠰᠣᠯᠢᠯᠴᠠᠭ᠎ᠠ ᠪᠠᠨ ᠴᠢᠩᠭᠠᠳᠬᠠᠨ᠎ᠠ ᠃ ᠳᠤᠮᠳᠠᠳᠤ ᠪᠠᠷᠪᠠᠳᠤᠰ ᠪᠣᠯ ᠴᠥᠮ ᠬᠥᠭᠵᠢᠵᠦ ᠪᠠᠶᠢᠭ᠎ᠠ ᠤᠯᠤᠰ ᠮᠥᠨ ᠂ ᠬᠥᠭᠵᠢᠯᠲᠡ ᠶᠢᠨ ᠬᠦᠷᠢᠶᠡᠨ ᠳᠤ ᠬᠠᠮᠲᠤ ᠶᠢᠨ ᠦᠭᠡ ᠬᠡᠯᠡ ᠤᠯᠠᠨ ᠂ ᠬᠠᠮᠲᠤᠷᠠᠯᠴᠠᠭᠠᠨ ᠤᠲᠠᠯᠳᠠ ᠬᠦᠴᠦᠨ ᠶᠡᠭᠡ ᠶᠤᠮ ᠂ ᠬᠤᠶᠠᠷ ᠲᠠᠯ᠎ᠠ ᠪᠠᠷ ᠢᠶᠠᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠥᠷᠭᠡᠳᠬᠡᠵᠦ ᠂ 《ᠨᠢᠭᠡ ᠪᠦᠰᠡ ᠨᠢᠭᠡ ᠵᠠᠮ 》 ᠢᠬᠠᠮᠲᠤ ᠪᠠᠷ ᠪᠦᠲᠦᠭᠡᠨ ᠪᠠᠶᠢᠭᠤᠯᠬᠤ ᠪᠠᠷ ᠠᠵᠠ ᠲᠣᠭᠢᠶᠠᠯ ᠪᠤᠯᠭᠠᠵᠤ ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠂ ᠲᠣᠭᠠᠴᠢᠯᠠᠭᠰᠠᠨ ᠠᠵᠤ ᠠᠬᠤᠢ ᠂ ᠠᠭᠤᠷ ᠠᠮᠢᠰᠬᠤᠯ ᠤᠨ ᠬᠤᠪᠢᠷᠠᠯᠲᠠ ᠂ ᠰᠢᠨ᠎ᠡ ᠡᠨᠧᠷᠭᠢ ᠂ ᠬᠥᠳᠡᠭᠡ ᠠᠵᠤ ᠠᠬᠤᠢ ᠂ ᠡᠮ ᠡᠮᠨᠡᠯᠭᠡ ᠡᠷᠡᠭᠦᠯ ᠬᠠᠮᠠᠭᠠᠯᠠᠯ ᠵᠡᠷᠭᠡ ᠲᠠᠯ᠎ᠠ ᠶᠢᠨ ᠬᠠᠮᠲᠤᠷᠠᠯᠴᠠᠭ᠎ᠠ ᠪᠠᠨᠥᠷᠭᠡᠳᠬᠡᠶ᠎ᠡ ᠃ ᠳᠤᠮᠳᠠᠳᠤ ᠶᠢᠨ ᠲᠠᠯ᠎ᠠ ᠶᠢᠨ ᠬᠢᠨ ᠳᠤᠮᠳᠠᠳᠤ ᠤᠯᠤᠰ ᠤᠨ ᠠᠵᠤ ᠠᠬᠤᠶᠢᠯᠠᠯ ᠤᠨ ᠪᠠᠷᠪᠠᠳᠦᠰ ᠲᠤ ᠬᠦᠷᠴᠦ ᠬᠠᠮᠲᠤᠷᠠᠯᠴᠠᠭ᠎ᠠ ᠥᠷᠨᠢᠭᠦᠯᠬᠦ ᠶᠢ ᠳᠡᠮᠵᠢᠨ᠎ᠡ ᠃ ᠬᠤᠶᠠᠷ ᠲᠠᠯ᠎ᠠ ᠪᠠᠷ ᠢᠶᠠᠨ ᠪᠠᠰᠠ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠨᠢᠭᠲᠠᠷᠠᠭᠤᠯᠵᠤ ᠂ ᠬᠥᠮᠥᠰ ᠤᠨ ᠶᠠᠪᠤᠯᠴᠠᠭ᠎ᠠ ᠪᠠᠨ ᠥᠷᠭᠡᠳᠬᠡᠶ᠎ᠡ ᠭᠡᠵᠦ ᠴᠢᠬᠤᠯᠠᠴᠢᠯᠠᠪᠠ ᠃      ᠰᠢ ᠶᠢᠨ ᠫᠢᠩ ᠂ ᠳᠡᠯᠡᠬᠡᠢ ᠳ᠋ᠠᠬᠢᠨ ᠤ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠶᠢᠨ ᠡᠮᠦᠨ᠎ᠡ ᠂ ᠥᠷᠭᠡᠨ ᠤᠯᠠᠨ ᠬᠥᠭᠵᠢᠵᠦ ᠪᠠᠶᠢᠭ᠎ᠠᠤᠯᠤᠰ ᠪᠦᠯᠬᠦᠮᠳᠡᠨ ᠬᠠᠮᠲᠤᠷᠠᠯᠴᠠᠬᠤ ᠪᠠᠨ ᠴᠢᠩᠭᠠᠳᠬᠠᠵᠤ ᠂ ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠦ ᠂ ᠬᠦᠢᠲᠡᠨ ᠲᠠᠶᠢᠨ ᠤ ᠰᠡᠳᠬᠢᠬᠦᠢ ᠪᠣᠯᠣᠨᠯᠡᠭᠧᠷ ᠤᠨ  ᠡᠰᠡᠷᠭᠦᠴᠡᠯᠳᠦᠯ ᠢ ᠡᠰᠡᠷᠭᠦᠴᠡᠵᠦ ᠂ ᠤᠯᠠᠨ ᠤᠯᠤᠰ ᠤᠨ ᠬᠠᠷᠢᠯᠴᠠᠭᠠᠨ ᠤ ᠦᠨᠳᠦᠰᠦᠨ ᠪᠠᠷᠢᠮᠵᠢᠶ᠎ᠠ ᠶᠢ ᠬᠠᠮᠠᠭᠠᠯᠠᠵᠤ ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠵᠤ ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠬᠡᠷᠡᠭᠲᠡᠢ ᠃ ᠳᠤᠮᠳᠠᠳᠤ ᠶᠢᠨ ᠲᠠᠯ᠎ᠠ ᠪᠠᠷᠪᠠᠳᠤᠰ ᠵᠡᠷᠭᠡ ᠵᠢᠵᠢᠭ ᠠᠷᠠᠯ ᠤᠨ ᠬᠥᠭᠵᠢᠵᠦ ᠪᠠᠶᠢᠭ᠎ᠠ ᠤᠯᠤᠰ ᠤᠳ ᠤᠨ ᠠᠭᠤᠷ ᠠᠮᠢᠰᠬᠤᠯ ᠤᠨ ᠬᠤᠪᠢᠷᠠᠯᠲᠠ ᠶᠢᠨ ᠬᠦᠷᠢᠶᠡᠨ ᠳᠠᠬᠢ ᠬᠦᠰᠡᠯ ᠱᠠᠭᠠᠷᠳᠠᠯᠭ᠎ᠠ ᠶᠢ ᠭᠦᠢᠴᠡᠳ ᠣᠶᠢᠯᠠᠭᠠᠵᠤ ᠂ ᠳᠤᠷᠠᠲᠠᠶ᠎ᠠ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠬᠥᠭᠵᠢᠵᠦ ᠪᠠᠶᠢᠭ᠎ᠠ ᠤᠯᠤᠰ ᠤᠨ ᠬᠠᠮᠲᠤᠷᠠᠯᠴᠠᠭ᠎ᠠ ᠶᠢ ᠦᠷᠭᠦᠯᠵᠢᠯᠡᠨ ᠴᠢᠩᠭᠠᠳᠬᠠᠵᠤ ᠂ ᠪᠠᠷᠪᠠᠳᠤᠰ ᠢ ᠪᠠᠭᠲᠠᠭᠠᠭᠰᠠᠨ ᠬᠥᠭᠵᠢᠵᠦ ᠪᠠᠶᠢᠭ᠎ᠠ ᠤᠯᠤᠰ ᠤᠳ ᠲᠤ ᠬᠠᠪᠰᠤᠷᠤᠯᠭ᠎ᠠ ᠪᠠ ᠳᠡᠮᠵᠢᠯᠭᠡ ᠬᠠᠩᠭᠠᠨ᠎ᠠ ᠃ ᠳᠤᠮᠳᠠᠳᠤ ᠤᠯᠤᠰ ᠪᠠᠶᠢᠯᠳᠤᠬᠤ ᠪᠣᠳᠣᠯᠭ᠎ᠠ ᠶᠢᠨ ᠥᠨᠳᠥᠷᠴᠡ ᠪᠣᠯᠣᠨ ᠠᠯᠤᠰ ᠭᠡᠳᠤ ᠶᠢᠨ ᠬᠠᠷᠠᠭᠠᠰᠤ ᠠᠴᠠ ᠺᠠᠷᠢᠪᠧ ᠯᠤᠭ᠎ᠠ ᠶᠢᠨ ᠬᠠᠷᠢᠯᠴᠠᠭ᠎ᠠ ᠶᠢ ᠴᠢᠬᠤᠯᠠᠴᠢᠯᠠᠵᠤ ᠂ ᠺᠠᠷᠢᠪᠧ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠷᠭᠦᠯᠵᠢᠯᠡᠨ ᠴᠢᠳᠠᠯ ᠤᠨ ᠬᠢᠷᠢ ᠪᠠᠷ ᠢᠶᠠᠨ ᠬᠠᠪᠰᠤᠷᠤᠯᠭ᠎ᠠ ᠦᠵᠡᠭᠦᠯᠦᠨ᠎ᠡ ᠭᠡᠵᠦ ᠵᠢᠭᠠᠵᠤ ᠭᠠᠷᠭᠠᠪᠠ ᠃      ᠮᠤᠲ᠋ᠧᠯᠢ ᠂ ᠪᠢ ᠲᠤᠰ ᠤᠳᠠᠭ᠎ᠠ ᠶᠢᠨ ᠠᠶᠢᠯᠴᠢᠯᠠᠯᠲᠠ ᠪᠠᠷ ᠲᠠᠮᠵᠢᠨ ᠪᠠᠷᠪᠠᠳᠤᠰ ᠳᠤᠮᠳᠠᠳᠤ ᠶᠢᠨ ᠬᠤᠭᠤᠷᠣᠨᠳᠣᠭᠢ ᠪᠦᠯᠬᠦᠮᠳᠡᠯ ᠪᠣᠯᠣᠨ ᠨᠥᠬᠦᠷᠯᠡᠯ ᠢ ᠭᠦᠨᠵᠡᠭᠡᠢᠮᠡᠳᠡᠷᠡᠪᠡ ᠃ ᠳᠤᠮᠳᠠᠳᠤ ᠶᠢᠨ ᠲᠠᠯ᠎ᠠ ᠶᠢᠨ ᠪᠠᠷᠪᠠᠳᠤᠰ ᠲᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠪᠠ ᠪᠠᠷᠪᠠᠳᠤᠰ ᠤᠨᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ ᠡᠷᠬᠢᠮ ᠨᠠᠨᠳᠢᠨ ᠬᠠᠪᠰᠤᠷᠤᠯᠭ᠎ᠠ ᠳᠤ ᠲᠠᠯᠠᠷᠬᠠᠵᠤ ᠪᠠᠶᠢᠨ᠎ᠠ ᠃ ᠳᠤᠮᠳᠠᠳᠤ ᠤᠯᠤᠰ ᠤᠨ ᠵᠠᠰᠠᠭ ᠤᠨᠣᠷᠳᠣᠨ ᠶᠠᠳᠠᠭᠤ ᠬᠦᠴᠢᠷᠳᠡᠯ ᠠᠴᠠ ᠠᠩᠭᠢᠵᠢᠷᠠᠬᠤ ᠂ ᠠᠷᠠᠳ ᠲᠦᠮᠡᠨ ᠳᠤ ᠪᠤᠶᠠᠨ ᠦᠢᠯᠡᠳᠬᠦ ᠲᠠᠯ᠎ᠠ ᠪᠠᠷ ᠳᠡᠯᠡᠬᠡᠢ ᠳ᠋ᠠᠬᠢᠨ ᠤ ᠪᠠᠭ᠋ᠠᠷᠬᠠᠯ ᠢ ᠲᠠᠲᠠᠭᠰᠠᠨ ᠠᠮᠵᠢᠯᠲᠠᠣᠯᠵᠤ ᠂ ᠲᠡᠷᠢᠭᠦᠯᠡᠭᠴᠢ ᠰᠢ ᠶᠢᠨ ᠫᠢᠩ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢ ᠳᠤᠷᠠᠳᠤᠭᠰᠠᠨ ᠨᠢ ᠪᠦᠭᠦ ᠪᠥᠮᠪᠥᠷᠴᠡᠭ ᠤᠨ ᠭᠠᠷᠮᠠᠭᠠᠢ ᠤᠳᠤᠷᠢᠳᠬᠤ ᠬᠦᠴᠦᠨ ᠢ ᠢᠯᠡᠷᠡᠭᠦᠯᠦᠨ ᠂ ᠳᠡᠯᠡᠬᠡᠢ ᠶᠢᠨ ᠡᠯ᠎ᠡ ᠤᠯᠤᠰ ᠪᠣᠯᠣᠨ ᠠᠷᠠᠳ ᠲᠦᠮᠡᠨ ᠢ ᠬᠠᠪᠰᠤᠷᠤᠨ ᠬᠠᠮᠲᠤ ᠶᠢᠨ ᠬᠥᠭᠵᠢᠯ ᠴᠡᠴᠡᠭᠯᠡᠯ ᠢ ᠪᠡᠶᠡᠯᠡᠭᠦᠯᠵᠦ ᠂ ᠪᠦᠭᠦ ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ ᠨᠡᠩ ᠰᠠᠶᠢᠲᠤᠷ ᠠᠷᠭᠠᠴᠠᠭᠠᠬᠤ ᠳᠤ ᠠᠰᠢᠭᠲᠠᠢ ᠶᠤᠮ ᠃ ᠪᠠᠷᠪᠠᠳᠤᠰ ᠤᠨ ᠬᠢᠨ ᠨᠢᠭᠡ ᠳᠤᠮᠳᠠᠳᠤ ᠤᠯᠤᠰ ᠪᠠᠶᠢᠬᠤᠵᠠᠷᠴᠢᠮ ᠢ ᠡᠷᠡᠰ ᠲᠡᠮᠵᠢᠵᠤ ᠂ ᠳᠤᠮᠳᠠᠳᠤ ᠶᠢᠨ ᠲᠠᠯ᠎ᠠ ᠶᠢᠨ ᠣᠶᠢᠯᠠᠭᠠᠭᠳᠠᠬᠤᠨ ᠳᠤ ᠳᠡᠭᠡᠳᠦ ᠬᠡᠮᠵᠢᠶ᠎ᠡ ᠪᠠᠷ ᠬᠠᠮᠲᠤ ᠶᠢᠨ ᠲᠠᠨᠢᠯᠲᠠ ᠲᠠᠢ ᠪᠠᠶᠢᠵᠤ ᠂ ᠳᠤᠷᠠᠲᠠᠶ᠎ᠠᠳᠤᠮᠳᠠᠳᠤ ᠶᠢᠨ ᠲᠠᠯ᠎ᠠ ᠶᠢᠨ ᠲᠤᠷᠰᠢᠯᠭ᠎ᠠ ᠶᠢ ᠰᠤᠷᠤᠯᠴᠠᠨ ᠲᠣᠯᠢ ᠪᠤᠯᠭᠠᠵᠤ ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠬᠤ ᠳᠤ ᠢᠳᠡᠪᠬᠢᠲᠡᠢ ᠣᠷᠣᠯᠴᠠᠨ᠎ᠠ ᠃ ᠪᠠᠷᠪᠠᠳᠤᠰ ᠤᠨ ᠬᠢᠨ ᠳᠤᠮᠳᠠᠳᠤ ᠤᠯᠤᠰ ᠯᠤᠭ᠎ᠠ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠂ ᠤᠰᠤᠨ ᠤ ᠡᠬᠢ ᠪᠠᠶᠠᠯᠢᠭ ᠂ ᠲᠤᠭᠠᠴᠢᠯᠠᠯᠳᠠ ᠶᠢᠨ ᠵᠥᠷᠢᠶ᠎ᠡ ᠶᠢ ᠨᠥᠬᠦᠪᠦᠷᠢᠯᠡᠬᠦ ᠂ ᠡᠷᠡᠭᠦᠯ ᠬᠠᠮᠠᠭᠠᠯᠠᠯ ᠡᠮ ᠡᠮᠨᠡᠯᠭᠡ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠬᠦᠰᠡᠵᠦ ᠪᠠᠶᠢᠨ᠎ᠠ ᠃ ᠪᠠᠷᠪᠠᠳᠤᠰ ᠤᠨ ᠬᠢᠨᠤᠯᠠᠨ ᠲᠠᠯᠠᠲᠤ ᠦᠵᠡᠯ ᠢ ᠪᠠᠷᠢᠮᠲᠠᠯᠠᠵᠤ ᠂ 《ᠬᠠᠷᠢᠴᠠᠭ᠎ᠠ ᠬᠤᠯᠪᠤᠭ᠎ᠠ ᠪᠠᠨ ᠲᠠᠰᠤᠯᠬᠤ 》 ᠡᠰᠡᠷᠭᠦᠴᠡᠵᠦ ᠂ ᠳᠤᠷᠠᠲᠠᠶ᠎ᠠ ᠺᠠᠷᠢᠪᠧ ᠪᠣᠯᠣᠨ ᠳᠤᠮᠳᠠᠳᠤ ᠤᠯᠤᠰ ᠤᠨᠬᠠᠷᠢᠯᠴᠠᠭ᠎ᠠ ᠶᠢᠨ ᠬᠥᠭᠵᠢᠯᠲᠡ ᠶᠢ ᠦᠷᠭᠦᠯᠵᠢᠯᠡᠨ ᠠᠬᠢᠭᠤᠯᠤᠨ᠎ᠠ ᠭᠡᠵᠦ ᠢᠯᠡᠳᠬᠡᠪᠡ ᠃          ᠸᠠᠩ ᠢ ᠠᠭᠤᠯᠵᠠᠯᠲᠠ ᠳᠤ ᠣᠷᠣᠯᠴᠠᠵᠠᠢ ᠃       ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 27 ᠤ ᠴᠠᠭᠢᠯᠭᠠᠨ ᠮᠡᠳᠡᠭᠡ         
  ᠥᠪᠥᠷ ᠮᠣᠩᠭᠤᠯ ᠤᠨ ᠡᠳᠦᠷ ᠤᠨ ᠰᠣᠨᠢᠨ