ᠰᠢ ᠶᠢᠨ ᠫᠢᠩ ᠮᠣᠩᠭᠤᠯ ᠤᠯᠤᠰ ᠤᠨ ᠶᠡᠷᠦᠩᠬᠡᠢ ᠰᠠᠶᠢᠳ ᠣᠶᠤᠨ᠋ᠡᠷᠳᠡᠨᠢ ᠲᠠᠢ ᠠᠭᠤᠯᠵᠠᠪᠠ
  
2023/6/29
       6 ᠰᠠᠷ᠎ᠠ ᠶᠢᠨ 27 ᠦᠳᠡ ᠶᠢᠨ ᠬᠤᠶᠢᠨ᠎ᠠ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤᠤᠯᠤᠰ ᠲᠤ ᠠᠯᠪᠠᠨ ᠶᠣᠰᠣᠨ ᠤ ᠠᠶᠢᠯᠴᠢᠯᠠᠯᠲᠠ ᠬᠢᠬᠦ ᠪᠠᠷ ᠢᠷᠡᠭᠰᠡᠨ ᠮᠣᠩᠭᠤᠯ ᠤᠯᠤᠰ ᠤᠨ ᠶᠡᠷᠦᠩᠬᠡᠢ ᠰᠠᠶᠢᠳ ᠣᠶᠤᠨ᠋ᠡᠷᠳᠡᠨᠢ ᠲᠠᠢ ᠠᠭᠤᠯᠵᠠᠪᠠ ᠃ 
c6463db1a3f6107d3a8f8ed5ca41ddc3_6382356115745329663806577.jpg    
     6 ᠰᠠᠷ᠎ᠠ ᠶᠢᠨ 27 ᠤ ᠦᠳᠡ ᠶᠢᠨ ᠬᠤᠶᠢᠨ᠎ᠠ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠠᠯᠪᠠᠨ ᠶᠣᠰᠣᠨ ᠤ ᠠᠶᠢᠯᠴᠢᠯᠠᠯᠲᠠ ᠬᠢᠬᠦ ᠪᠠᠷ ᠢᠷᠡᠭᠰᠡᠨ ᠮᠣᠩᠭᠤᠯ ᠤᠯᠤᠰ ᠤᠨ ᠶᠡᠷᠦᠩᠬᠡᠢ ᠰᠠᠶᠢᠳ ᠣᠶᠤᠨ᠋ᠡᠷᠳᠡᠨᠢ ᠲᠠᠢ ᠠᠭᠤᠯᠵᠠᠪᠠ ᠃         ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ  ᠱᠧᠨ ᠬᠤᠩ  ᠰᠡᠭᠦᠳᠡᠷᠯᠡᠪᠡ       ᠰᠢ ᠶᠢᠨ ᠫᠢᠩ ᠂ ᠳᠤᠮᠳᠠᠳᠤ ᠮᠣᠩᠭᠤᠯ ᠠᠭᠤᠯᠠ ᠤᠰᠤ ᠪᠠᠷ ᠢᠶᠠᠨ ᠵᠠᠯᠭᠠᠯᠳᠤᠵᠤ ᠂ ᠬᠥᠷᠰᠢᠯᠡᠨ ᠰᠠᠭᠤᠷᠢᠰᠢᠵᠤ ᠪᠠᠶᠢᠨ᠎ᠠ ᠂ ᠤᠷᠳᠤ ᠬᠤᠭᠤᠴᠠᠭᠠᠨ ᠤ ᠡᠶᠡᠯᠳᠡᠭ ᠬᠥᠷᠰᠢ ᠶᠢᠨ ᠨᠥᠭᠦᠷᠰᠡᠭ ᠬᠠᠷᠢᠯᠴᠠᠭ᠎ᠠ ᠶᠢ ᠬᠥᠭᠵᠢᠭᠦᠯᠬᠦ ᠪᠣᠯ ᠬᠤᠶᠠᠷ ᠲᠠᠯ᠎ᠠ ᠶᠢᠨ ᠬᠠᠮᠲᠤ ᠪᠠᠷ ᠲᠣᠭᠲᠠᠭᠠᠭᠰᠠᠨ ᠪᠠᠶᠢᠯᠳᠤᠬᠤ ᠪᠣᠳᠣᠯᠭ᠎ᠠ ᠶᠢᠨ ᠰᠣᠩᠭᠤᠯᠲᠠ ᠪᠠᠶᠢᠵᠤ ᠂ ᠬᠤᠶᠠᠷ ᠤᠯᠤᠰ ᠤᠨ ᠠᠷᠠᠳ ᠲᠦᠮᠡᠨ ᠤ ᠦᠨᠳᠦᠰᠦᠨ ᠠᠰᠢᠭ ᠲᠤᠰᠠ ᠲᠠᠢ ᠪᠦᠷᠢᠮᠦᠰᠦᠨ ᠨᠡᠶᠢᠴᠡᠨ᠎ᠡ ᠃ ᠳᠤᠮᠳᠠᠳᠤ ᠮᠣᠩᠭᠤᠯ ᠤᠨ ᠬᠠᠷᠢᠯᠴᠠᠭ᠎ᠠ ᠶᠢ ᠬᠥᠭᠵᠢᠭᠦᠯᠬᠦ ᠶᠢ ᠳᠤᠮᠳᠠᠳᠤ ᠤᠯᠤᠰ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠮᠣᠩᠭᠤᠯ ᠤᠯᠤᠰ ᠤᠨ ᠢᠲᠡᠭᠡᠵᠦ ᠪᠤᠯᠬᠤ ᠪᠥᠭᠡᠳ ᠲᠦᠰᠢᠭᠯᠡᠵᠦ ᠪᠤᠯᠬᠤ ᠬᠠᠨᠢᠲᠠᠨ ᠮᠥᠨ ᠃ ᠳᠤᠮᠳᠠᠳᠤ ᠤᠯᠤᠰ ᠳᠤᠷᠠᠲᠠᠶ᠎ᠠ ᠮᠣᠩᠭᠤᠯ ᠤᠯᠤᠰ ᠯᠤᠭ᠎ᠠ ᠬᠠᠮᠲᠤ ᠪᠠᠷ ᠳᠤᠮᠳᠠᠳᠤ ᠮᠣᠩᠭᠤᠯ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠪᠠᠷ ᠵᠢᠯᠣᠭᠤᠳᠤᠮᠵᠢ ᠪᠤᠯᠭᠠᠵᠤ ᠂ ᠬᠤᠶᠠᠷ ᠤᠯᠤᠰ ᠤᠨ ᠨᠥᠬᠦᠷᠯᠡᠯ ᠂ ᠢᠲᠡᠭᠡᠯᠴᠡᠭᠡ ᠂ ᠬᠠᠮᠲᠤᠷᠠᠯᠴᠠᠭ᠎ᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ ᠂ ᠳᠤᠮᠳᠠᠳᠤ ᠮᠣᠩᠭᠤᠯ ᠤᠨ ᠪᠦᠭᠦᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠨᠠᠩ ᠥᠨᠳᠥᠷ ᠲᠦᠪᠰᠢᠨ ᠲᠡᠶᠢᠰᠢ ᠠᠭᠢᠬᠤ ᠶᠢ ᠠᠬᠢᠭᠤᠯᠵᠤ ᠂ ᠲᠣᠰ ᠭᠠᠵᠠᠷ ᠣᠷᠣᠨ ᠳᠤᠨᠠᠩ ᠣᠯᠠᠨ ᠲᠣᠭᠲᠠᠭᠤᠨ ᠴᠢᠨᠠᠷ ᠪᠠ ᠲᠣᠬᠲᠠᠭᠠᠯᠲᠤ ᠴᠢᠨᠠᠷ ᠢ ᠨᠡᠮᠡᠷᠢᠯᠡᠨ᠎ᠡ ᠭᠡᠵᠦ ᠵᠢᠭᠠᠵᠤ ᠭᠠᠷᠭᠠᠪᠠ ᠃        ᠰᠢ ᠶᠢᠨ ᠫᠢᠩ ᠂ ᠳᠤᠮᠳᠠᠳᠤ ᠮᠣᠩᠭᠤᠯ ᠲᠤᠰᠠᠭᠠᠷ ᠲᠣᠭᠲᠠᠨᠢᠯ ᠂ ᠡᠷᠬᠡ ᠮᠡᠳᠡᠯ ᠂ ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠶᠢ ᠬᠠᠷᠢᠯᠴᠠᠨ ᠬᠦᠨᠳᠦᠳᠬᠡᠬᠦ ᠶᠢ ᠢᠮᠠᠭᠲᠠ ᠪᠠᠷᠢᠮᠲᠠᠯᠠᠵᠤ ᠂ ᠬᠤᠶᠠᠷ ᠤᠯᠤᠰ ᠤᠨ ᠠᠷᠠᠳ ᠲᠦᠮᠡᠨ ᠤ ᠪᠡᠶ᠎ᠡ ᠪᠠᠨ ᠳᠠᠭᠠᠭᠠᠵᠤ ᠰᠣᠩᠭᠤᠭᠰᠠᠨ ᠬᠥᠭᠵᠢᠯᠲᠡ ᠶᠢᠨ ᠵᠠᠮ ᠢ ᠭᠦᠨᠳᠦᠳᠭᠡᠵᠦ ᠂ ᠲᠤᠰ ᠲᠤᠰ ᠤᠨ ᠭᠤᠣᠯᠯᠠᠭᠴᠢ ᠠᠰᠢᠭ ᠲᠤᠰᠠ ᠳᠤ ᠬᠤᠯᠪᠣᠭᠳᠠᠬᠤ ᠪᠠ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠬᠠᠷᠢᠯᠴᠠᠨ ᠡᠷᠡᠰ ᠳᠡᠮᠵᠢᠶ᠎ᠠ ᠃ ᠳᠤᠮᠳᠠᠳᠤ ᠤᠯᠤᠰ ᠶᠠᠭ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦᠲᠠᠯ᠎ᠠ ᠪᠠᠷ ᠠᠬᠢᠭᠤᠯᠵᠤ ᠪᠤᠢ ᠂ ᠮᠣᠩᠭᠤᠯ ᠤᠯᠤᠰ ᠴᠤ ᠤᠯᠤᠰ ᠤᠨ ᠥᠭᠡᠷᠡᠴᠢᠯᠡᠯᠲᠡ ᠪᠣᠯᠣᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠢᠶᠠᠨ ᠲᠥᠯᠥᠭᠡᠴᠢᠷᠮᠠᠶᠢᠵᠤ ᠪᠤᠢ ᠂ ᠬᠤᠶᠠᠷ ᠲᠠᠯ᠎ᠠ ᠪᠠᠷ ᠢᠶᠠᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ ᠂ ᠭᠠᠷ ᠬᠤᠯᠪᠣᠨᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠠᠬᠢᠭᠤᠯᠵᠤ ᠪᠣᠯᠣᠨ᠎ᠠ ᠃ ᠳᠤᠮᠳᠠᠳᠤ ᠤᠯᠤᠰ ᠳᠣᠲᠣᠨᠣ ᠦᠨᠡᠨᠴᠢ ᠠᠰᠢᠭᠲᠠᠢ ᠪᠠᠭᠲᠠᠭᠠᠮᠵᠢᠲᠠᠢ ᠪᠠᠶᠢᠬᠤᠣᠶᠢᠯᠠᠭᠠᠭᠳᠠᠬᠤᠨ ᠢ ᠦᠷᠭᠦᠯᠵᠢᠯᠡᠨ ᠪᠠᠷᠢᠮᠲᠠᠯᠠᠵᠤ ᠮᠣᠩᠭᠤᠯ ᠤᠯᠤᠰ ᠯᠤᠭ᠎ᠠ ᠬᠠᠮᠲᠤᠷᠠᠯᠴᠠᠭ᠎ᠠ ᠥᠷᠨᠢᠭᠦᠯᠵᠦ ᠂ ᠬᠤᠶᠠᠷ ᠤᠯᠤᠰ ᠤᠨ ᠬᠤᠯᠪᠣᠯᠳᠤᠨ ᠨᠡᠪᠲᠡᠷᠡᠯᠴᠡᠬᠦ ᠶᠢᠴᠢᠩᠭᠠᠳᠬᠠᠵᠤ ᠂ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ ᠂ 《ᠨᠢᠭᠡ ᠪᠦᠰᠡ ᠨᠢᠭᠡ ᠵᠠᠮ 》 ᠢᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠤᠶ᠎ᠠ ᠃ ᠳᠤᠮᠳᠠᠳᠤ ᠤᠯᠤᠰ ᠪᠦᠭᠦ ᠪᠥᠮᠪᠥᠷᠴᠡᠭ ᠤᠨ ᠣᠷᠴᠢᠨ ᠲᠣᠭᠤᠷᠢᠨ ᠤ ᠵᠠᠰᠠᠯᠲᠠ ᠶᠢ ᠢᠳᠡᠪᠬᠢᠲᠡᠢ ᠠᠬᠢᠭᠤᠯᠵᠤ ᠂ ᠳᠤᠷᠠᠲᠠᠶ᠎ᠠ ᠮᠣᠩᠭᠤᠯ ᠤᠯᠤᠰ ᠯᠤᠭ᠎ᠠ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠬᠠᠮᠲᠤᠷᠠᠯᠴᠠᠭ᠎ᠠ ᠥᠷᠨᠢᠭᠦᠯᠵᠦ ᠂ ᠮᠣᠩᠭᠤᠯ ᠤᠯᠤᠰ ᠤᠨ 《10 ᠳ᠋ᠦᠩᠰᠢᠭᠤᠷ ᠰᠠᠭᠤᠷᠢ ᠮᠣᠳᠣ ᠲᠠᠷᠢᠬᠤ ᠲᠥᠯᠥᠪᠯᠡᠭᠡ 》 ᠦᠷᠭᠦᠯᠵᠢᠯᠡᠨ ᠲᠡᠮᠵᠢᠨ᠎ᠠ ᠃ ᠳᠤᠮᠳᠠᠳᠤ ᠶᠢᠨ ᠲᠠᠯ᠎ᠠ ᠳᠤᠷᠠᠲᠠᠶ᠎ᠠ ᠮᠣᠩᠭᠤᠯ ᠤᠨ ᠲᠠᠯ᠎ᠠ ᠲᠠᠢ ᠨᠠᠮ ᠤᠨ ᠬᠤᠭᠤᠷᠣᠨᠳᠣᠭᠢ ᠶᠠᠪᠤᠯᠴᠠᠭ᠎ᠠ ᠪᠠᠨ ᠴᠢᠩᠭᠠᠳᠬᠠᠵᠤ ᠂ ᠲᠦᠷᠦ ᠶᠢ ᠵᠠᠰᠠᠵᠤ ᠵᠠᠰᠠᠭ ᠢ ᠡᠷᠭᠢᠯᠡᠭᠦ ᠰᠣᠯᠢᠯᠴᠠᠭ᠎ᠠ ᠪᠠᠨ ᠴᠢᠩᠭᠠᠳᠬᠠᠨ᠎ᠠ ᠭᠡᠵᠦ ᠴᠢᠬᠤᠯᠠᠴᠢᠯᠠᠪᠠ ᠃       ᠰᠢ ᠶᠢᠨ ᠫᠢᠩ ᠂ ᠳᠤᠮᠳᠠᠳᠤ ᠮᠣᠩᠭᠤᠯ ᠪᠣᠯ ᠪᠦᠷ ᠬᠥᠭᠵᠢᠵᠦ ᠪᠠᠶᠢᠭ᠎ᠠ ᠤᠯᠤᠰ ᠮᠥᠨ ᠂ ᠳᠡᠯᠡᠬᠡᠢ ᠶᠢᠨ ᠪᠠ ᠭᠠᠵᠠᠷ ᠣᠷᠣᠨ ᠤ ᠬᠡᠷᠡᠭ ᠶᠠᠪᠤᠳᠠᠯ ᠳᠤᠮᠳᠠᠥᠷᠭᠡᠨ ᠳᠡᠯᠭᠡᠷ ᠬᠠᠮᠲᠤ ᠶᠢᠨ ᠠᠰᠢᠭ ᠲᠤᠰᠠ ᠪᠠ ᠠᠳᠠᠯᠢᠪᠲᠤᠷ ᠵᠣᠭᠰᠣᠯᠲᠠ ᠵᠣᠷᠢᠯᠲᠠ ᠲᠠᠢ ᠶᠤᠮ ᠂ ᠳᠤᠮᠳᠠᠳᠤ ᠤᠯᠤᠰ ᠮᠣᠩᠭᠤᠯ ᠤᠨ ᠲᠠᠯ᠎ᠠ ᠶᠢᠨ ᠬᠢᠨ ᠤ ᠭᠠᠵᠠᠷᠣᠷᠣᠨ ᠪᠠ ᠣᠯᠠᠨ ᠤᠯᠤᠰ ᠤᠨ ᠬᠡᠷᠡᠭ ᠶᠠᠪᠤᠳᠠᠯ ᠳᠤᠮᠳᠠ ᠢᠳᠡᠪᠬᠢᠲᠡᠢ ᠦᠢᠯᠡᠳᠦᠯ ᠦᠵᠡᠭᠦᠯᠭᠦ ᠶᠢ ᠳᠡᠮᠵᠢᠨ᠎ᠡ ᠃ ᠬᠤᠶᠠᠷ ᠲᠠᠯ᠎ᠠ ᠪᠠᠷ ᠢᠶᠠᠨ ᠬᠥᠮᠥᠨ ᠲᠥᠷᠥᠯᠬᠢᠲᠡᠨ ᠤᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠷᠢᠮᠲᠠᠯᠠᠵᠤ ᠂ ᠤᠯᠠᠨ ᠲᠠᠯᠠᠲᠤ ᠦᠵᠡᠯ ᠢ ᠡᠷᠡᠰ ᠬᠠᠮᠠᠭᠠᠯᠠᠵᠤ ᠂ ᠬᠠᠷᠢᠯᠴᠠᠨ ᠬᠦᠨᠳᠦᠳᠬᠡᠬᠦ ᠂ ᠡᠷᠬᠡ ᠲᠡᠭᠰᠢ ᠲᠥᠪ ᠭᠤᠣᠯᠴᠢ ᠂ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠰᠢᠨ᠎ᠡ ᠭᠡᠯᠪᠡᠷᠢ ᠶᠢᠨ ᠤᠯᠠᠨ ᠤᠯᠤᠰ ᠤᠨ ᠬᠠᠷᠢᠯᠴᠠᠭ᠎ᠠ ᠶᠢ ᠬᠠᠮᠲᠤ ᠪᠠᠷᠪᠠᠶᠢᠭᠤᠯᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ ᠃        ᠣᠶᠤᠨ᠋ᠡᠷᠳᠡᠨᠢ ᠂ ᠮᠣᠩᠭᠤᠯ ᠳᠤᠮᠳᠠᠳᠤ ᠠᠭᠤᠯᠠ ᠤᠰᠤ ᠪᠠᠷ ᠢᠶᠠᠨ ᠵᠠᠯᠭᠠᠯᠳᠤᠵᠤ ᠂ ᠠᠷᠠᠳ ᠤᠨ ᠰᠡᠳᠬᠢᠯ ᠨᠡᠪᠲᠡᠷᠡᠯᠴᠡᠵᠦ ᠂ ᠬᠤᠪᠢ ᠵᠠᠶᠠᠭ᠎ᠠ ᠪᠠᠨ ᠬᠠᠮᠲᠤᠳᠬᠠᠵᠤ ᠪᠠᠶᠢᠨ᠎ᠠ ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠬᠤᠭᠤᠴᠠᠭᠠᠨ ᠳᠤ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨᠴᠤᠭᠯᠠᠭᠠᠨ ᠢ ᠪᠡᠭᠡᠵᠢᠩ ᠳᠤ ᠠᠮᠵᠢᠯᠲᠠ ᠲᠠᠢ ᠡᠷᠭᠢᠯᠡᠵᠦ ᠂ ᠪᠦᠯᠬᠦᠮᠳᠡᠯ ᠪᠠ ᠬᠠᠮᠲᠤᠷᠠᠯᠴᠠᠭᠠᠨ ᠤ ᠢᠳᠡᠪᠬᠢᠲᠡᠢ ᠮᠡᠳᠡᠭᠡ ᠵᠠᠩᠭᠢ ᠶᠢ ᠨᠡᠶᠢᠲᠡᠯᠡᠵᠦ ᠂ ᠳᠡᠯᠡᠬᠡᠢ ᠨᠡᠶᠢᠭᠡᠮ ᠤᠨᠢᠲᠡᠭᠡᠯ ᠢ ᠶᠡᠭᠡ ᠪᠠᠷ ᠬᠥᠪᠴᠢᠯᠡᠭᠰᠡᠨ ᠢ ᠮᠣᠩᠭᠤᠯ ᠤᠯᠤᠰ ᠮᠠᠷᠲᠠᠬᠤ ᠦᠭᠡᠢ ᠶᠤᠮ ᠃ ᠮᠣᠩᠭᠤᠯ ᠤᠨ ᠲᠠᠯ᠎ᠠ ᠶᠢᠨ ᠬᠢᠨ ᠪᠠᠰᠠ ᠳᠤᠮᠳᠠᠳᠤ ᠶᠢᠨ ᠲᠠᠯ᠎ᠠ ᠶᠢᠨ ᠬᠠᠩᠭᠠᠭᠰᠠᠨ ᠡᠷᠬᠢᠮ ᠨᠠᠨᠳᠢᠨ ᠬᠠᠪᠰᠤᠷᠤᠯᠭ᠎ᠠ ᠶᠢ ᠮᠠᠷᠲᠠᠬᠤ ᠦ ᠭᠡᠢ ᠶᠤᠮ ᠃ ᠳᠤᠮᠳᠠᠳᠤ ᠤᠯᠤᠰ ᠤᠨ ᠬᠥᠭᠵᠢᠯᠲᠡ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ ᠠᠮᠵᠢᠯᠲᠠ ᠪᠦᠲᠦᠮᠵᠢ ᠣᠯᠵᠤ ᠂ ᠳᠤᠮᠳᠠᠳᠤ ᠤᠯᠤᠰ ᠤᠨ ᠳᠡᠯᠡᠬᠡᠢ ᠳᠡᠭᠡᠷᠡᠬᠢ ᠤᠳᠤᠷᠢᠳᠬᠤ ᠬᠦᠴᠦᠨ ᠢ ᠢᠯᠡᠷᠡᠭᠦᠯᠪᠡ ᠃ ᠲᠡᠷᠢᠭᠦᠯᠡᠭᠴᠢ ᠰᠢ ᠶᠢᠨ ᠫᠢᠩ ᠤᠨ ᠤᠳᠤᠷᠢᠳᠤᠯᠭ᠎ᠠ ᠳᠣᠣᠷ᠎ᠠ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠯᠠᠪᠲᠠᠢ ᠪᠡᠶᠡᠯᠡᠭᠳᠡᠬᠦ ᠶᠢ ᠢᠲᠡᠭᠡᠵᠦ ᠪᠠᠶᠢᠨ᠎ᠠ ᠃ ᠮᠣᠩᠭᠤᠯ ᠤᠯᠤᠰ ᠤᠨ ᠬᠢᠨ ᠳᠤᠷᠠᠲᠠᠶ᠎ᠠ ᠳᠤᠮᠳᠠᠳᠤ ᠤᠯᠤᠰ ᠲᠠᠢ ᠬᠠᠮᠲᠤ ᠪᠠᠷ ᠮᠣᠩᠭᠤᠯ ᠳᠤᠮᠳᠠᠳᠤ ᠶᠢᠨ ᠬᠠᠷᠢᠯᠴᠠᠭ᠎ᠠ ᠶᠢ ᠤᠯᠤᠰ ᠪᠣᠯᠣᠨ ᠤᠯᠤᠰ ᠤᠨ ᠬᠤᠭᠤᠷᠣᠨᠳᠣᠭᠢ ᠬᠠᠷᠢᠯᠴᠠᠭᠠᠨ ᠤ ᠬᠡᠪ ᠳᠠᠭᠤᠷᠢᠶᠠᠯ ᠪᠣᠯᠭᠠᠨ᠎ᠠ ᠃ ᠮᠣᠩᠭᠤᠯ ᠤᠨ ᠲᠠᠯ᠎ᠠ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠪᠠᠷᠢᠮᠲᠠᠯᠠᠵᠤ ᠂ ᠳᠤᠮᠳᠠᠳᠤ ᠶᠢᠨ ᠲᠠᠯ᠎ᠠ ᠶᠢᠨ ᠲᠠᠶᠢᠸᠠᠨ ᠲᠠᠢ ᠬᠤᠯᠪᠣᠭᠳᠠᠭᠰᠠᠨ ᠂ ᠲᠥᠪᠡᠳ ᠲᠠᠢᠬᠤᠯᠪᠣᠭᠳᠠᠭᠰᠠᠨ ᠂ ᠰᠢᠨᠵᠢᠶᠠᠩ ᠲᠠᠢ ᠬᠤᠯᠪᠣᠭᠳᠠᠭᠰᠠᠨ ᠵᠡᠷᠭᠡ ᠠᠰᠠᠭᠤᠳᠠᠯ ᠤᠨ ᠲᠠᠯ᠎ᠠ ᠪᠠᠷ ᠬᠢ ᠵᠣᠭᠰᠣᠯᠲᠠ ᠶᠢ ᠳᠡᠮᠵᠢᠵᠦ ᠂ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠳᠡᠮᠵᠢᠵᠦ ᠂ ᠳᠤᠷᠠᠲᠠᠶ᠎ᠠ ᠳᠤᠮᠳᠠᠳᠤ ᠶᠢᠨ ᠲᠠᠯ᠎ᠠ ᠲᠠᠢ ᠨᠢᠭᠲᠠ ᠬᠠᠮᠲᠤᠷᠠᠯᠴᠠᠵᠤ ᠂ ᠲᠣᠰ ᠲᠣᠰ ᠤᠨ ᠰᠣᠩᠭᠤᠭᠰᠠᠨ ᠬᠥᠭᠵᠢᠯᠲᠡ ᠶᠢᠨᠵᠠᠮ ᠢᠶᠠᠨ ᠦᠷᠭᠦᠯᠵᠢᠯᠡᠨ ᠬᠠᠷᠢᠯᠴᠠᠨ ᠬᠦᠨᠳᠦᠳᠬᠡᠬᠦ ᠶᠢᠨ ᠬᠠᠮᠲᠤ ᠳᠡᠮᠵᠢᠵᠦ ᠂ 《ᠨᠢᠭᠡ ᠪᠦᠰᠡ ᠨᠢᠭᠡ ᠵᠠᠮ 》 ᠴᠢᠨᠠᠷ ᠰᠠᠶᠢᠲᠠᠢ ᠬᠠᠮᠲᠤ ᠪᠠᠷ ᠪᠦᠲᠦᠭᠡᠨᠪᠠᠶᠢᠭᠤᠯᠵᠤ ᠂ ᠲᠥᠷᠥ ᠶᠢᠨ ᠨᠠᠮ ᠪᠣᠯᠣᠨ ᠵᠠᠯᠠᠭᠤᠴᠤᠳ ᠤᠨ ᠰᠣᠯᠢᠯᠴᠠᠭ᠎ᠠ ᠪᠠᠨ ᠴᠢᠩᠭᠠᠳᠬᠠᠵᠤ ᠂ ᠬᠤᠶᠠᠷ ᠤᠯᠤᠰ ᠤᠨ ᠬᠢᠯᠢ ᠠᠯᠤᠰᠯᠠᠭᠰᠠᠨ ᠲᠡᠮᠦᠷ ᠵᠠᠮ ᠂ ᠪᠣᠭᠤᠮᠲᠠ ᠶᠢᠨ ᠨᠡᠪᠲᠡᠷᠡᠯᠴᠡᠭᠡ ᠵᠡᠷᠭᠡ ᠬᠤᠯᠪᠣᠯᠳᠤᠨ ᠨᠡᠪᠲᠡᠷᠡᠯᠴᠡᠬᠦ ᠶᠢ ᠠᠬᠢᠭᠤᠯᠵᠤ ᠂ ᠠᠵᠤ ᠠᠬᠤᠢ ᠠᠷᠠᠯᠵᠢᠶ᠎ᠠ ᠂ ᠪᠡᠯᠡ ᠣᠷᠣᠭᠤᠯᠤᠯᠲᠠ ᠂ ᠡᠨᠧᠷᠭᠢ ᠂ ᠪᠣᠬᠢᠷᠳᠤᠯᠦᠭᠡᠢ ᠬᠥᠭᠵᠢᠯᠲᠡ ᠂ ᠢᠯᠵᠠᠷᠠᠯ ᠢ ᠡᠰᠡᠷᠭᠦᠴᠡᠬᠦ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠨ᠎ᠡ ᠭᠡᠵᠦ ᠢᠯᠡᠳᠬᠡᠪᠡ ᠃         ᠸᠠᠩ ᠢ ᠠᠭᠤᠯᠵᠠᠯᠲᠠ ᠳᠤ ᠣᠷᠣᠯᠴᠠᠵᠠᠢ ᠃           ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 27 ᠤ ᠴᠠᠭᠢᠯᠭᠠᠨ ᠮᠡᠳᠡᠭᠡ        
  ᠥᠪᠥᠷ ᠮᠣᠩᠭᠤᠯ ᠤᠨ ᠡᠳᠦᠷ ᠤᠨ ᠰᠣᠨᠢᠨ