| | | | ᠣᠷᠭᠢᠯ ᠦᠶ᠎ᠡ ᠶᠢ ᠤᠭᠲᠤᠵᠤ᠂ ᠵᠤᠨ ᠤ ᠤᠯᠠᠷᠢᠯ ᠢ ᠲᠤᠭᠤᠯᠬᠤ | ᠡᠨᠧᠷᠭᠢ ᠶᠢᠨ ᠰᠤᠷᠪᠤᠯᠵᠢ ᠶᠢᠨ ᠡᠳ᠋ ᠪᠠᠷᠠᠭ᠎ᠠ ᠶᠢᠨ | ᠲᠡᠭᠡᠭᠡᠪᠦᠷᠢ ᠶᠢᠨ ᠪᠠᠲᠤᠯᠠᠭ᠎ᠠ ᠶᠢᠨ ᠠᠵᠢᠯ ᠢᠤᠯᠠᠮ ᠨᠢᠭᠡ | ᠠᠯᠬᠤᠮ ᠰᠠᠶᠢᠲᠤᠷ ᠬᠢᠵᠦ᠂ ᠴᠠᠬᠢᠯᠭᠠᠨ ᠬᠦᠴᠦᠨ ᠤ | ᠬᠠᠩᠭᠠᠯᠭ᠎ᠠ ᠶᠢ ᠦᠨᠡᠨ ᠬᠦ ᠪᠠᠲᠤᠯᠠᠬᠤ ᠶᠢᠨ ᠲᠤᠰᠠᠳᠠ᠂ | ᠥᠪᠡᠷᠲᠡᠭᠡᠨ ᠵᠠᠰᠠᠬᠤ ᠣᠷᠣᠨ ᠤ ᠵᠠᠮᠬᠠᠷᠢᠯᠴᠠᠭᠠ | ᠲᠡᠭᠡᠭᠡᠪᠦᠷᠢ ᠶᠢᠨ ᠲᠢᠩᠬᠢᠮ ᠠᠴᠠ ᠬᠠᠮᠢᠶ᠎ᠠ ᠪᠦᠬᠦᠢ | ᠰᠠᠯᠠᠭ᠎ᠠ ᠮᠥᠴᠢᠷ ᠪᠣᠯᠣᠨ ᠨᠢᠭᠡᠴᠢ ᠲᠠᠢ ᠰᠠᠨᠠᠭᠠᠴᠢᠯᠠᠭ᠎ᠠ | ᠠᠴᠠ ᠪᠠᠨ ᠬᠠᠷᠢᠯᠴᠠᠵᠤ ᠂ ᠨᠢᠭᠡᠳᠦᠯᠲᠡᠢᠲᠥᠯᠥᠪᠯᠡᠬᠦ ᠶᠢ | ᠴᠢᠩᠭᠠᠳᠬᠠᠨ ᠂ ᠬᠤᠯᠪᠣᠭᠠᠯᠠᠨ ᠬᠥᠲᠥᠯᠥᠯᠴᠡᠵᠦ ᠂ ᠣᠳᠣᠬᠠᠨ ᠳᠤ | ᠪᠥᠬᠦ ᠣᠷᠣᠨ ᠤ ᠳᠡᠭᠡᠳᠦ ᠬᠤᠷᠳᠤ ᠶᠢᠨ ᠵᠠᠰᠠᠮᠠᠯ ᠵᠠᠮ ᠳᠤ | ᠨᠢᠭᠡᠨᠲᠡ 314 ᠵᠤᠷᠪᠤᠰ ᠰᠠᠭᠠᠳ ᠦᠭᠡᠢ ᠨᠡᠪᠲᠡᠷᠡᠬᠦ ᠵᠠᠮ ᠢ | ᠨᠠᠪᠲᠠᠷᠡᠭᠦᠯᠵᠦ᠂ ᠴᠠᠬᠢᠯᠭᠠᠨ ᠨᠡᠭᠦᠷᠡᠰᠦ ᠶᠢᠨ ᠡᠨᠧᠷᠭᠢ ᠶᠢᠨ | ᠰᠤᠷᠪᠤᠯᠵᠢ ᠶᠢᠨ ᠲᠡᠭᠡᠭᠡᠪᠦᠷᠢ ᠶᠢᠨ ᠲᠡᠷᠭᠡ ᠬᠥᠰᠬᠡ ᠶᠢᠨ | ᠤᠷᠢᠳ ᠢᠶᠠᠷ ᠳᠥᠭᠦᠮ ᠳᠥᠲᠡ ᠨᠡᠪᠲᠡᠷᠡᠬᠦ ᠶᠢ ᠪᠠᠲᠤᠯᠠᠪᠠ ᠃ | ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ | ᠲᠡᠭᠡᠭᠡᠪᠦᠷᠢ ᠶᠢᠨ ᠲᠢᠩᠬᠢᠮ ᠠᠴᠠ ᠣᠯᠠᠨ ᠰᠠᠯᠠᠭ᠎ᠠ | ᠮᠥᠴᠢᠷ ᠤᠨ ᠨᠡᠪᠲᠡᠷᠡᠯᠴᠡᠨ ᠬᠠᠮᠵᠢᠯᠴᠠᠬᠤᠲᠣᠭᠲᠠᠴᠠ ᠶᠢ | ᠪᠠᠶᠢᠭᠤᠯᠤᠨ ᠪᠦᠷᠢᠨᠰᠢᠭᠦᠯᠵᠦ᠂ ᠡᠨᠧᠷᠭᠢ ᠶᠢᠨ ᠰᠤᠷᠪᠤᠯᠵᠢ᠂ | ᠲᠡᠮᠦᠷ ᠵᠠᠮ ᠵᠡᠷᠭᠡ ᠰᠠᠯᠠᠭ᠎ᠠ ᠮᠥᠴᠢᠷ ᠯᠦᠭᠡ ᠶᠢᠨ | ᠨᠡᠪᠲᠡᠷᠡᠯᠴᠡᠭᠡ ᠬᠠᠷᠢᠯᠴᠠᠭ᠎ᠠ ᠪᠠᠨᠴᠢᠩᠭᠠᠳᠬᠠᠨ᠂ | ᠨᠡᠭᠦᠷᠡᠰᠦ᠂ ᠴᠠᠬᠢᠯᠭᠠᠨ ᠬᠦᠴᠦᠨ ᠤ ᠬᠠᠩᠭᠠᠯᠭ᠎ᠠ | ᠬᠡᠷᠡᠭᠴᠡᠭᠡ ᠶᠢᠨ ᠪᠠᠶᠢᠳᠠᠯ ᠢ ᠣᠶᠢᠯᠠᠭᠠᠵᠤ᠂ ᠡᠨᠧᠷᠭᠢ ᠶᠢᠨ | ᠰᠤᠷᠪᠤᠯᠵᠢ ᠶᠢᠨ ᠬᠠᠩᠭᠠᠯᠭ᠎ᠠ ᠶᠢᠪᠠᠲᠤᠯᠠᠬᠤ ᠶᠢ ᠰᠤᠳᠤᠯᠤᠨ | ᠮᠠᠭᠠᠳᠯᠠᠬᠤ ᠠᠵᠢᠯ ᠢ ᠬᠠᠮᠲᠤ ᠪᠠᠷ ᠰᠠᠶᠢᠲᠤᠷ ᠬᠢᠵᠦ᠂ ᠠᠵᠤ | ᠠᠬᠤᠶᠢᠯᠠᠯ ᠤᠨ ᠪᠠᠷᠠᠭᠠᠨ ᠤ ᠭᠦᠢᠯᠭᠡᠭᠡᠨ ᠤ ᠰᠠᠭᠠᠳ ᠦᠭᠡᠢ | ᠨᠡᠪᠲᠡᠷᠡᠬᠦ ᠶᠢᠪᠠᠲᠤᠯᠠᠬᠤ ᠲᠠᠯ᠎ᠠ ᠶᠢᠨ ᠠᠰᠠᠭᠤᠳᠠᠯ ᠳᠤ | 《ᠨᠢᠭᠡ ᠨᠢᠭᠡ ᠶᠠᠪᠤᠳᠠᠯ ᠢᠶᠠᠷ ᠭᠦᠢᠴᠡᠳᠬᠡᠬᠦ 》 《ᠪᠠᠴᠢᠮ | ᠶᠠᠪᠤᠳᠠᠯ ᠢ ᠲᠦᠷᠭᠡᠨ ᠭᠦᠢᠴᠡᠳᠬᠡᠬᠦ 》 《ᠨᠢᠭᠡ ᠨᠢᠭᠡ | ᠶᠠᠪᠤᠳᠠᠯ ᠢᠶᠠᠷ ᠵᠣᠬᠢᠴᠠᠭᠤᠯᠬᠤ 》 ᠬᠡᠷᠡᠭᠵᠢᠭᠦᠯᠵᠦ | ᠪᠠᠶᠢᠨ᠎ᠠ ᠃ ᠭᠤᠣᠯᠳᠠᠯᠭ᠎ᠠ ᠲᠠᠢ ᠠᠵᠤ ᠠᠬᠤᠶᠢᠯᠠᠯ ᠤᠨ | ᠬᠠᠷᠢᠯᠴᠠᠬᠤ ᠳᠦᠷᠢᠮ ᠢ ᠪᠠᠶᠢᠭᠤᠯᠵᠤ᠂ ᠪᠥᠬᠦ ᠣᠷᠣᠨ ᠤ67 | ᠨᠡᠭᠦᠷᠡᠰᠦ ᠬᠡᠷᠡᠭᠯᠡᠬᠦ ᠴᠠᠬᠢᠯᠭᠠᠨ ᠤ ᠦᠢᠯᠡᠳᠪᠦᠷᠢ ᠲᠠᠢ | ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ ᠂ ᠠᠵᠤ | ᠠᠬᠤᠶᠢᠯᠠᠯ ᠤᠨ ᠦᠢᠯᠡᠳᠪᠦᠷᠢᠯᠡᠯ᠂ ᠨᠦᠭᠡᠴᠡᠯᠡᠯᠲᠡ ᠂ | ᠵᠠᠷᠤᠴᠠᠭᠤᠯᠭ᠎ᠠ ᠪᠠ ᠲᠡᠭᠡᠭᠡᠪᠦᠷᠢ ᠶᠢᠨ ᠪᠠᠲᠤᠯᠠᠭ᠎ᠠ ᠵᠡᠷᠭᠡ | ᠬᠥᠳᠡᠯᠦᠩᠭᠦᠢ ᠮᠡᠳᠡᠭᠡ ᠵᠠᠩᠭᠢ ᠵᠢᠴᠢ ᠣᠷᠣᠰᠢᠵᠤ ᠪᠠᠶᠢᠭ᠎ᠠ | ᠭᠤᠣᠯ ᠠᠰᠠᠭᠤᠳᠠᠯ ᠢ ᠣᠶᠢᠯᠠᠭᠠᠨ᠂ ᠨᠥᠭᠡᠴᠡᠯᠡᠭᠰᠡᠨ | ᠨᠡᠭᠦᠷᠡᠰᠤᠨ ᠤ ᠬᠡᠮᠵᠢᠶ᠎ᠠ ᠨᠢ ᠰᠡᠷᠡᠮᠵᠢᠯᠡᠭᠦᠯᠬᠦ ᠱᠤᠭᠤᠮ | ᠠᠴᠠ ᠳᠣᠣᠷ᠎ᠠ ᠪᠠᠶᠢᠭ᠎ᠠ ᠴᠠᠬᠢᠯᠭᠠᠨ ᠤ ᠦᠢᠯᠡᠳᠪᠦᠷᠢ ᠶᠢᠨ | ᠲᠡᠭᠡᠭᠡᠪᠦᠷᠢ ᠶᠢ ᠤᠷᠢᠳ ᠢᠶᠠᠷ ᠪᠠᠲᠤᠯᠠᠵᠤ᠂ ᠡᠨᠧᠷᠭᠢ ᠶᠢᠨ | ᠰᠤᠷᠪᠤᠯᠵᠢ ᠶᠢᠨ ᠡᠳ᠋ ᠪᠣᠳᠠᠰ ᠤᠨ ᠲᠡᠭᠡᠭᠡᠪᠦᠷᠢ ᠶᠢᠨ | ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠶᠢ ᠪᠥᠬᠦ | ᠬᠦᠴᠦᠨ ᠢᠶᠠᠷ ᠢᠶᠠᠨ ᠰᠠᠶᠢᠲᠤᠷ ᠬᠢᠵᠦ ᠪᠠᠶᠢᠨ᠎ᠠ ᠃ TOCC ᠳᠤ | ᠲᠦᠰᠢᠭᠯᠡᠨ ᠪᠥᠬᠦ ᠣᠷᠣᠨ ᠤ ᠵᠠᠮ ᠤᠨ ᠲᠣᠣᠷ ᠤᠨ ᠠᠵᠢᠯᠯᠠᠭᠠᠨ ᠤ | ᠬᠢᠨᠠᠨ ᠰᠢᠨᠵᠢᠯᠡᠯᠲᠡ ᠶᠢ ᠴᠢᠩᠭᠠᠳᠬᠠᠵᠤ᠂ | ᠴᠠᠬᠢᠯᠭᠠᠨᠨᠡᠭᠦᠷᠡᠰᠦ ᠲᠡᠭᠡᠭᠡᠪᠦᠷᠢᠯᠡᠬᠦ | ᠭᠤᠣᠯᠳᠠᠯᠭ᠎ᠠ ᠲᠠᠢ ᠣᠷᠣᠨ ᠬᠡᠪᠴᠢᠶ᠎ᠡ ᠂ ᠭᠤᠣᠯᠳᠠᠯᠭ᠎ᠠ ᠲᠠᠢ | ᠵᠠᠮ ᠤᠨ ᠬᠡᠰᠡᠭ᠂ ᠲᠡᠭᠡᠭᠡᠪᠦᠷᠢ ᠶᠢᠨ ᠨᠡᠪᠲᠡᠷᠡᠬᠦ ᠵᠠᠮ ᠳᠤ | ᠭᠤᠣᠯᠳᠠᠯᠭ᠎ᠠ ᠲᠠᠢᠬᠢᠨᠠᠨ ᠰᠢᠨᠵᠢᠯᠡᠯᠲᠡ ᠬᠢᠵᠦ ᠂ ᠬᠠᠮᠢᠶ᠎ᠠ | ᠪᠦᠬᠦᠢ ᠮᠡᠳᠡᠭᠡ ᠵᠠᠩᠭᠢ ᠶᠢ ᠤᠷᠢᠳᠴᠢᠯᠠᠨ ᠨᠡᠶᠢᠲᠡᠯᠡᠵᠦ᠂ | ᠲᠡᠷᠭᠡ ᠬᠥᠰᠬᠡ ᠶᠢ ᠬᠥᠲᠥᠯᠥᠨ ᠵᠢᠯᠤᠭᠤᠳᠴᠤ | ᠪᠠᠶᠢᠭᠠᠳᠲᠡᠭᠡᠭᠡᠪᠦᠷᠢ ᠶᠢᠨ ᠵᠠᠮ ᠱᠤᠭᠤᠮ ᠢ ᠵᠦᠢ ᠵᠣᠬᠢᠰᠲᠠᠢ | ᠲᠣᠬᠢᠷᠠᠭᠤᠯᠵᠤ ᠪᠠᠶᠢᠨ᠎ᠠ ᠃ ᠡᠭᠦᠨ ᠤ ᠬᠠᠮᠲᠤ᠂ ᠵᠠᠮ | ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠴᠠ ᠡᠯ᠎ᠡ | ᠠᠶᠢᠮᠠᠭᠬᠤᠲᠠ ᠶᠢ ᠵᠢᠯᠣᠭᠤᠳᠤᠨ ᠪᠠᠴᠢᠮ ᠪᠠᠶᠢᠳᠠᠯ ᠢ | ᠠᠷᠭᠠᠴᠠᠭᠠᠬᠤ ᠪᠠᠲᠤᠯᠠᠭ᠎ᠠ ᠶᠢᠨ 14 ᠮᠠᠰᠢᠨ ᠲᠡᠷᠭᠡᠨ ᠤ | ᠠᠩᠭᠢ ᠶᠢ ᠰᠠᠶᠢᠲᠤᠷ ᠪᠠᠶᠢᠭᠤᠯᠤᠨ ᠰᠠᠶᠢᠲᠤᠷ | ᠬᠡᠷᠡᠭᠯᠡᠵᠦ᠂ᠲᠤᠶᠢᠯ ᠤᠨ ᠪᠠᠴᠢᠮ ᠪᠠᠶᠢᠳᠠᠯ ᠤᠨ ᠳᠣᠣᠷ᠎ᠠ | ᠭᠠᠷᠴᠤ ᠮᠡᠳᠡᠬᠦ ᠲᠡᠭᠡᠭᠡᠪᠦᠷᠢ ᠶᠢᠨ ᠬᠦᠴᠦᠨ ᠳᠤᠲᠠᠭᠳᠠᠬᠤ | ᠲᠦᠭᠰᠢᠭᠦᠷᠢ ᠶᠢ ᠠᠷᠭᠠᠴᠠᠭᠠᠬᠤ ᠪᠠᠷ ᠪᠠᠶᠢᠨ᠎ᠠ | ᠃ᠦᠢᠯᠡᠴᠢᠯᠡᠭᠡᠨ ᠤ ᠲᠣᠭᠤᠷᠢᠭ᠂ ᠵᠢᠯᠣᠭᠤᠴᠢ ᠶᠢᠨ ᠭᠡᠷ ᠵᠡᠷᠭᠡ | ᠲᠠᠯᠠᠪᠤᠷ ᠢ ᠭᠦᠢᠴᠡᠳ ᠠᠰᠢᠭᠯᠠᠨ ᠥᠷᠭᠡᠨ ᠣᠯᠠᠨ ᠵᠢᠯᠣᠭᠤᠴᠢ ᠪᠠ | ᠲᠡᠷᠭᠡ ᠬᠥᠰᠬᠡ ᠶᠢᠨ ᠠᠵᠢᠯᠲᠠᠳ ᠲᠤ ᠠᠮᠠᠷᠠᠬᠤ᠂ ᠤᠰᠤ ᠤᠤᠭᠤᠬᠤ᠂ | ᠴᠠᠬᠢᠯᠭᠠᠨ ᠴᠡᠨᠡᠭᠯᠡᠬᠦ ᠵᠡᠷᠭᠡ ᠠᠷᠠᠳ ᠲᠤ ᠲᠥᠬᠦᠮ ᠦᠵᠡᠭᠦᠯᠬᠦ | ᠦᠢᠯᠡᠴᠢᠯᠡᠭᠡ ᠬᠠᠩᠭᠠᠵᠦ ᠪᠠᠶᠢᠨ᠎ᠠ ᠃ | 《ᠲᠠᠷᠠᠭᠠᠴᠢ ᠶᠢᠨ ᠠᠯᠬᠤᠮ ᠳᠤ᠂ ᠪᠢᠳᠡ ᠪᠠᠷᠠᠭᠠᠨ ᠤ | ᠭᠦᠢᠯᠭᠡᠭᠡᠨ ᠤ ᠰᠠᠭᠠᠳ ᠦᠭᠡᠢ ᠨᠡᠪᠲᠡᠷᠡᠬᠦ ᠶᠢ ᠪᠠᠲᠤᠯᠠᠬᠤ | ᠠᠵᠢᠯ ᠤᠨ ᠤᠳᠤᠷᠢᠳᠬᠤ ᠳᠤᠭᠤᠶᠢᠯᠠᠩ ᠤᠨᠠᠯᠪᠠᠨ ᠭᠡᠷ ᠤᠨ | ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠶᠡᠷᠦᠩᠬᠡᠶᠢᠯᠡᠨ | ᠵᠣᠬᠢᠴᠠᠭᠤᠯᠬᠤ᠂ ᠲᠡᠭᠡᠭᠡᠪᠦᠷᠢ ᠶᠢ ᠵᠣᠬᠢᠶᠠᠨ ᠪᠠᠶᠢᠭᠤᠯᠬᠤ | ᠪᠠ ᠪᠠᠴᠢᠮ ᠪᠠᠶᠢᠳᠠᠯ ᠢᠠᠷᠭᠠᠴᠠᠭᠠᠬᠤ ᠪᠠᠲᠤᠯᠠᠭ᠎ᠠ ᠵᠡᠷᠭᠡ | ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ ᠣᠷᠭᠢᠯ | ᠦᠶ᠎ᠡ ᠶᠢ ᠤᠭᠲᠤᠵᠤ᠂ ᠵᠤᠨ ᠤ ᠤᠯᠠᠷᠢᠯ ᠢ ᠲᠤᠭᠤᠯᠬᠤ | ᠡᠨᠧᠷᠭᠢ ᠶᠢᠨ ᠰᠤᠷᠪᠤᠯᠵᠢ ᠶᠢᠨ ᠡᠳ᠋ ᠪᠣᠳᠠᠰ ᠤᠨ | ᠲᠡᠭᠡᠭᠡᠪᠦᠷᠢ ᠶᠢᠨ ᠠᠮᠤᠷ ᠲᠦᠪᠰᠢᠨ ᠪᠥᠭᠡᠳ ᠰᠠᠭᠠᠳ ᠦᠭᠡᠢ | ᠨᠡᠪᠲᠡᠷᠡᠬᠦ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ | ᠬᠡᠪ ᠤᠨ ᠦᠢᠯᠡᠳᠪᠦᠷᠢᠯᠡᠯ ᠠᠮᠢᠳᠤᠷᠠᠯ ᠤᠨ ᠴᠠᠬᠢᠯᠭᠠᠨ | ᠬᠡᠷᠡᠭᠯᠡᠬᠦ ᠶᠢ ᠪᠠᠲᠤᠯᠠᠵᠤ᠂ ᠠᠵᠤ ᠠᠬᠤᠢ ᠨᠡᠶᠢᠭᠡᠮ ᠤᠨ | ᠲᠣᠭᠲᠠᠭᠤᠨ ᠪᠥᠭᠡᠳ ᠡᠮᠬᠢ ᠵᠢᠷᠤᠮ ᠲᠠᠢᠠᠵᠢᠯᠯᠠᠭᠠᠨ ᠳᠤ | ᠲᠤᠯᠭᠠᠭᠤᠷᠢᠯᠠᠯ ᠬᠠᠩᠭᠠᠨ᠎ᠠ 》 ᠭᠡᠵᠦ ᠥᠪᠡᠷᠲᠡᠭᠡᠨ ᠵᠠᠰᠠᠬᠤ | ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ | ᠬᠠᠮᠢᠶ᠎ᠠ ᠪᠦᠬᠦᠢᠬᠠᠷᠢᠭᠤᠴᠠᠯᠭᠠᠲᠠᠨ ᠢᠯᠡᠷᠬᠡᠶᠢᠯᠡᠪᠡ ᠃ | | | | | | | |