| | | 6 ᠳ᠋ᠤᠭᠠᠷ ᠰᠠᠷ᠎ᠠ ᠶᠢᠨ 26 ᠡᠳᠦᠷ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠰᠣᠨᠢᠨ ᠮᠡᠳᠡᠭᠡᠨ ᠤᠠᠯᠪᠠᠨ ᠭᠡᠷ ᠤᠨ ᠡᠷᠭᠢᠯᠡᠭᠰᠡᠨ | 《ᠬᠤᠶᠠᠷ ᠶᠡᠭᠡ ᠶᠠᠪᠤᠳᠠᠯ ᠢᠶᠠᠷ ᠭᠤᠣᠯ ᠭᠠᠷᠳᠠᠴᠠ ᠪᠣᠯᠭᠠᠨ | ᠥᠪᠥᠷ ᠮᠣᠩᠭᠤᠯ ᠤᠨ ᠣᠳᠣᠬᠢᠴᠢᠯᠠᠯᠲᠠ ᠶᠢᠨ ᠪᠦᠲᠦᠭᠡᠨ | ᠪᠠᠶᠢᠭᠤᠯᠤᠯᠲᠠ ᠶᠢ ᠠᠬᠢᠭᠤᠯᠬᠤ》 ᠰᠣᠨᠢᠨ ᠮᠡᠳᠡᠭᠡ | ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ | ᠨᠢᠳᠤᠨᠤᠨ ᠠᠴᠠ ᠨᠠᠭᠠᠰᠢ᠂ ᠪᠥᠬᠦ ᠣᠷᠣᠨ ᠤ ᠠᠷᠠᠳ ᠤᠨ | ᠶᠠᠪᠤᠳᠠᠯ ᠤᠨ ᠰᠢᠰᠲ᠋ᠧᠮ ᠤᠨ ᠬᠢᠨ ᠨᠡᠶᠢᠭᠡᠮ ᠤᠨ | ᠲᠡᠩᠬᠡᠷᠡᠭᠦᠯᠦᠨ ᠲᠤᠰᠠᠯᠠᠬᠤ ᠳᠦᠷᠢᠮ ᠤᠨ ᠥᠭᠡᠷᠡᠴᠢᠯᠡᠯᠲᠡ ᠶᠢ | ᠦᠷᠭᠦᠯᠵᠢᠯᠡᠨ ᠭᠦᠨᠵᠡᠭᠡᠶᠢᠷᠡᠭᠦᠯᠵᠦ᠂ ᠨᠡᠶᠢᠭᠡᠮ ᠤᠨ | ᠲᠡᠩᠬᠡᠷᠡᠭᠦᠯᠦᠨ ᠲᠤᠰᠠᠯᠠᠯᠲᠠ ᠶᠢᠨ ᠪᠠᠷᠢᠮᠵᠢᠶ᠎ᠠ ᠶᠢ | ᠳᠡᠭᠡᠭᠰᠢᠯᠡᠭᠦᠯᠦᠨ ᠬᠡᠪᠴᠢᠶ᠎ᠡ ᠶᠢ ᠥᠷᠭᠡᠳᠬᠡᠬᠦ ᠶᠢ | ᠠᠬᠢᠭᠤᠯᠤᠨ᠂ ᠦᠨᠳᠦᠰᠦᠨ ᠵᠦᠢᠯ ᠢ ᠪᠠᠲᠤᠯᠠᠬᠤ ᠡᠷᠴᠢᠮ ᠢᠶᠠᠨ | ᠦᠷᠭᠦᠯᠵᠢᠯᠡᠨ ᠴᠢᠩᠭᠠᠷᠠᠭᠤᠯᠵᠤ᠂ ᠠᠷᠠᠳ ᠤᠨ ᠠᠮᠢᠳᠤᠷᠠᠯ ᠤᠨ | ᠦᠨᠳᠦᠰᠦᠨ ᠪᠠᠲᠤᠯᠠᠭ᠎ᠠ ᠶᠢ ᠰᠠᠶᠢᠲᠤᠷ ᠬᠢᠵᠦ ᠪᠠᠶᠢᠨ᠎ᠠ᠃ 2023 | ᠣᠨ ᠳᠤ᠂ ᠮᠠᠨ ᠤ ᠣᠷᠣᠨ ᠤ ᠬᠤᠲᠠ ᠬᠥᠳᠡᠭᠡ ᠶᠢᠨ ᠠᠮᠢᠳᠤᠷᠠᠯ ᠤᠨ | ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠨᠢ | ᠲᠣᠰ ᠲᠣᠰ 840 ᠲᠥᠭᠦᠷᠢᠭ / ᠰᠠᠷ᠎ᠠ᠂ 670 ᠲᠥᠭᠦᠷᠢᠭ /ᠰᠠᠷ᠎ᠠ ᠳᠤ | ᠬᠦᠷᠴᠦ᠂ ᠲᠣᠰ ᠲᠣᠰ ᠪᠥᠬᠦ ᠤᠯᠤᠰ ᠤᠨ 9᠂ 10 ᠳ᠋ᠤᠭᠠᠷ ᠲᠤ | ᠵᠢᠭᠰᠠᠭᠠᠭᠳᠠᠪᠠ᠃ | ᠨᠡᠶᠢᠭᠡᠮ ᠤᠨ ᠲᠡᠩᠬᠡᠷᠡᠭᠦᠯᠦᠨ ᠲᠤᠰᠠᠯᠠᠯᠲᠠ ᠶᠢ | ᠭᠦᠨᠵᠡᠭᠡᠶᠢᠷᠡᠭᠦᠯᠵᠦ᠂ ᠲᠡᠩᠬᠡᠷᠡᠭᠦᠯᠦᠨ ᠲᠤᠰᠠᠯᠠᠯᠲᠠ ᠶᠢ | ᠬᠦᠷᠲᠡᠬᠦ ᠤᠯᠠᠨ ᠲᠦᠮᠡᠨ ᠤ ᠠᠮᠢᠳᠤᠷᠠᠯ ᠢ ᠪᠠᠲᠤᠯᠠᠭ᠎ᠠ ᠲᠠᠢ | ᠪᠣᠯᠭᠠᠬᠤ ᠳᠤ ᠠᠷᠭ᠎ᠠ ᠬᠡᠮᠵᠢᠶ᠎ᠡ ᠪᠠ ᠦᠢᠯᠡ ᠠᠵᠢᠯᠯᠠᠭ᠎ᠠ ᠪᠠᠷ | ᠭᠤᠣᠯᠳᠠᠯᠭ᠎ᠠ ᠪᠣᠯᠭᠠᠵᠤ᠂ ᠪᠣᠳᠠᠲᠤ ᠶᠠᠪᠤᠳᠠᠯ ᠢ ᠰᠠᠶᠢᠲᠤᠷ | ᠬᠢᠬᠦ ᠳᠤ ᠪᠣᠢ᠃ᠨᠢᠳᠤᠨᠤᠨ ᠠᠴᠠ ᠨᠠᠭᠠᠰᠢ᠂ ᠪᠦᠬᠦ ᠣᠷᠣᠨ ᠤ | ᠡᠯ᠎ᠡ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ | ᠮᠥᠴᠢᠷ ᠤᠨ ᠬᠢᠨ ᠶᠠᠳᠠᠭᠤ ᠠᠴᠠ ᠠᠩᠭᠢᠵᠢᠷᠠᠭᠤᠯᠤᠭᠰᠠᠨ | ᠰᠢᠪᠲᠤᠯᠤᠯᠲᠠ ᠶᠢᠨ ᠰᠠᠭᠤᠷᠢ ᠶᠢ ᠪᠠᠲᠤᠯᠠᠭᠰᠠᠨ ᠦᠷ᠎ᠡ | ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠶᠢ | ᠪᠠᠬᠢᠵᠢᠭᠦᠯᠦᠨ ᠥᠷᠭᠡᠳᠬᠡᠵᠦ᠂ ᠬᠥᠳᠡᠯᠮᠦᠷᠢᠯᠡᠬᠦ ᠴᠢᠳᠠᠪᠤᠷᠢ | ᠦᠭᠡᠢ ᠬᠢᠨᠠᠨ ᠰᠢᠨᠵᠢᠬᠦ ᠡᠲᠡᠭᠡᠳ ᠢ ᠲᠡᠩᠬᠡᠷᠡᠭᠦᠯᠦᠨ | ᠲᠤᠰᠠᠯᠠᠬᠤ ᠪᠠᠲᠤᠯᠠᠭ᠎ᠠ ᠶᠢ ᠰᠠᠶᠢᠲᠤᠷ ᠬᠢᠵᠦ᠂ ᠶᠠᠳᠠᠭᠤ ᠠᠴᠠ | ᠠᠩᠭᠢᠵᠢᠷᠠᠭᠰᠠᠨ 37.7 ᠲᠦᠮᠡᠨ ᠬᠥᠮᠥᠨ ᠠᠮᠠ ᠪᠣᠯᠣᠨ ᠲᠠᠬᠢᠨ | ᠶᠠᠳᠠᠭᠤᠷᠠᠬᠤ ᠠᠴᠠ ᠰᠡᠷᠭᠡᠶᠢᠯᠡᠬᠦ 5.4 ᠲᠦᠮᠡᠨ ᠬᠢᠨᠠᠨ | ᠰᠢᠨᠵᠢᠬᠦ ᠡᠲᠡᠭᠡᠳ ᠢ ᠲᠦᠷᠦᠯ ᠬᠤᠪᠢᠶᠠᠨ ᠲᠡᠩᠬᠡᠷᠡᠭᠦᠯᠦᠨ | ᠲᠤᠰᠠᠯᠠᠵᠤ᠂ ᠬᠡᠪᠴᠢᠶᠡᠵᠢᠭᠰᠡᠨ ᠴᠢᠨᠠᠷᠲᠠᠢ ᠪᠠᠷ ᠲᠠᠬᠢᠨ | ᠶᠠᠳᠠᠭᠤᠷᠠᠬᠤ ᠬᠤᠷᠢᠭ᠎ᠠ ᠱᠤᠭᠤᠮ ᠢ ᠪᠠᠲᠤ ᠰᠠᠬᠢᠪᠠ᠃ ᠡᠭᠦᠨ ᠤ | ᠵᠡᠷᠭᠡ ᠪᠠᠷ᠂ ᠣᠷᠣᠯᠭ᠎ᠠ ᠪᠠᠭᠠᠲᠠᠢ ᠬᠥᠮᠥᠨ ᠠᠮᠠ ᠶᠢ | ᠰᠠᠨᠠᠭᠠᠴᠢᠯᠠᠭ᠎ᠠ ᠲᠠᠢ ᠪᠠᠷ ᠢᠯᠡᠷᠡᠭᠦᠯᠬᠦ᠂ ᠬᠢᠨᠠᠨ | ᠰᠢᠨᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠠᠪᠤᠷᠠᠨ | ᠲᠤᠰᠠᠯᠠᠵᠤ ᠬᠠᠪᠰᠤᠷᠤᠨ ᠲᠡᠳᠬᠦᠬᠦ ᠠᠵᠢᠯ ᠤᠨ ᠲᠣᠭᠲᠠᠴᠠ ᠶᠢ | ᠲᠡᠭᠦᠯᠳᠡᠷᠵᠢᠭᠦᠯᠵᠦ᠂ ᠣᠷᠣᠯᠭ᠎ᠠ ᠪᠠᠭᠠᠲᠠᠢ 189.8 ᠲᠦᠮᠡᠨ | ᠬᠥᠮᠥᠨ ᠠᠮᠠ ᠶᠢ ᠪᠠᠶᠢᠩᠭᠤᠵᠢᠭᠰᠠᠨ ᠬᠢᠨᠠᠨ ᠰᠢᠨᠵᠢᠯᠡᠯᠲᠡ ᠳᠤ | ᠣᠷᠣᠭᠤᠯᠪᠠ᠃ ᠲᠡᠩᠬᠡᠷᠡᠭᠦᠯᠦᠨ ᠲᠤᠰᠠᠯᠠᠬᠤ ᠲᠥᠷᠥ ᠶᠢᠨ | ᠪᠣᠳᠣᠯᠭ᠎ᠠ ᠶᠢ ᠣᠨᠣᠪᠴᠢᠲᠠᠶ ᠨᠠᠶᠢᠳᠠᠪᠤᠷᠢᠵᠢᠭᠤᠯᠬᠤ ᠶᠢ | ᠴᠢᠩᠭ᠎ᠠ ᠠᠳᠬᠤᠵᠤ᠂ ᠨᠢᠳᠤᠨᠤᠨ ᠵᠢᠯ ᠤᠨ ᠰᠡᠭᠦᠯᠴᠢ ᠠᠴᠠ | ᠨᠠᠭᠠᠰᠢ᠂ 《ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ | ᠠᠷᠠᠳ ᠤᠨ ᠵᠣᠪᠠᠭᠤᠷᠢ ᠶᠢ ᠲᠠᠶᠢᠯᠬᠤ᠂ ᠠᠷᠠᠳ ᠤᠨ | ᠰᠡᠳᠬᠢᠯ ᠢᠳᠤᠯᠠᠭᠠᠴᠠᠭᠤᠯᠬᠤ》 ᠬᠦᠴᠢᠷᠳᠡᠯᠲᠡᠢ ᠣᠯᠠᠨ | ᠲᠦᠮᠡᠨ ᠢ ᠬᠠᠯᠠᠮᠵᠢᠯᠠᠨ ᠲᠡᠳᠬᠦᠬᠦ ᠨᠠᠢᠮᠠᠨ ᠵᠦᠢᠯ ᠤᠨ | ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠨᠡᠶᠢᠭᠡᠮ ᠤᠨ | ᠲᠡᠩᠬᠡᠷᠡᠭᠦᠯᠦᠨ ᠲᠤᠰᠠᠯᠠᠬᠤ ᠬᠦᠷᠢᠶᠡᠨ ᠳᠠᠬᠢ | 《ᠴᠢᠳᠠᠪᠤᠷᠢ ᠶᠢ ᠳᠡᠭᠡᠭᠰᠢᠯᠡᠭᠦᠯᠦᠨ ᠰᠢᠯᠢᠳᠡᠭ ᠪᠣᠯᠬᠤ ᠪᠠᠷ | ᠴᠢᠷᠮᠠᠶᠢᠬᠤ᠂ ᠪᠣᠳᠠᠲᠠᠢ ᠪᠠᠷ ᠠᠵᠢᠯᠯᠠᠨ ᠠᠷᠠᠳ ᠲᠤ | ᠠᠰᠢᠭᠬᠦᠷᠲᠡᠭᠡᠬᠦ》 ᠠᠵᠢᠯᠯᠠᠭ᠎ᠠ ᠶᠢ ᠡᠬᠢᠯᠡᠭᠦᠯᠦᠨ | ᠬᠡᠷᠡᠭᠵᠢᠭᠦᠯᠵᠦ᠂ ᠬᠦᠴᠢᠷᠳᠡᠯᠲᠡᠢ ᠣᠯᠠᠨ ᠲᠦᠮᠡᠨ ᠢ ᠨᠡᠶᠢᠲᠡ 16. | 4 ᠲᠦᠮᠡᠨ ᠬᠥᠮᠥᠨ ᠤᠳᠠᠭ᠎ᠠ ᠵᠢᠭᠰᠠᠭᠠᠨᠪᠠᠶᠢᠴᠠᠭᠠᠵᠤ᠂ | ᠣᠨᠴᠠᠭᠠᠶ ᠬᠥᠮᠥᠰ ᠢ 16.9 ᠲᠦᠮᠡᠨ ᠬᠥᠮᠥᠨ ᠤᠳᠠᠭ᠎ᠠ ᠡᠷᠭᠢᠨ | ᠦᠵᠡᠵᠦ᠂ ᠬᠥᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ᠂ | ᠭᠡᠷ ᠲᠤ ᠪᠠᠨᠬᠤᠴᠣᠷᠤᠭᠰᠠᠨ ᠪᠠ ᠭᠠᠭᠴᠠᠭᠠᠷ ᠰᠠᠭᠤᠭᠰᠠᠳ | ᠵᠡᠷᠭᠡ ᠨᠠᠰᠤᠲᠠᠶᠢᠴᠤᠳ ᠢ 19.6 ᠲᠦᠮᠡᠨ ᠬᠥᠮᠥᠨ ᠤᠳᠠᠭ᠎ᠠ ᠪᠣᠳᠠᠲᠤ | ᠪᠣᠳᠠᠰ ᠢᠶᠠᠷ ᠲᠡᠩᠬᠡᠷᠡᠭᠦᠯᠦᠨ ᠲᠤᠰᠠᠯᠠᠪᠠ᠃ | | | | | | |