| | | ᠠᠷᠠᠣᠠ ᠤᠨ ᠡᠳᠦᠷ ᠤᠨ ᠰᠣᠨᠢᠨ ᠤ ᠰᠤᠷᠪᠤᠯᠵᠢᠯᠠᠭᠴᠢ | ᠶᠡᠷᠦᠩᠬᠡᠢ ᠱᠦᠵᠢ ᠰᠢ ᠶᠢᠨ ᠫᠢᠩ᠄ 《ᠰᠠᠭᠤᠭᠠᠯᠢ ᠠᠷᠠᠳ ᠤᠨ | ᠬᠡᠷᠡᠭᠯᠡᠭᠡ ᠶᠢ ᠥᠷᠭᠡᠳᠬᠡᠬᠦ ᠤᠷᠳᠤ ᠬᠤᠭᠤᠴᠠᠭᠠᠨ ᠤ | ᠪᠦᠲᠦᠮᠵᠢᠲᠡᠢ ᠲᠣᠭᠲᠠᠴᠠ ᠶᠢᠪᠠᠶᠢᠭᠤᠯᠤᠨ | ᠲᠡᠭᠦᠯᠳᠡᠷᠵᠢᠭᠦᠯᠵᠦ᠂ ᠰᠠᠭᠤᠭᠠᠯᠢ ᠠᠷᠠᠳ ᠢ ᠲᠣᠭᠲᠠᠪᠤᠷᠢᠲᠠᠢ | ᠣᠷᠣᠯᠭ᠎ᠠ ᠲᠠᠢ ᠬᠡᠷᠡᠭᠯᠡᠭᠡ ᠬᠢᠵᠦ ᠲᠡᠶᠢᠯᠬᠦ᠂ ᠰᠠᠨᠠᠭ᠎ᠠ | ᠵᠣᠪᠠᠭ᠋ᠤ ᠵᠦᠢᠯ ᠦᠭᠡᠢ ᠪᠤᠯᠵᠤᠵᠤᠷᠢᠬᠳᠠᠢ ᠪᠠᠷ ᠬᠡᠷᠡᠭᠯᠡᠭᠡ | ᠬᠢᠭᠦ᠂ ᠬᠡᠷᠡᠭᠯᠡᠭᠡᠨ ᠤ ᠣᠷᠴᠢᠨ ᠨᠦᠭᠦᠴᠡᠯ ᠰᠢᠯᠢᠳᠡᠭ | ᠬᠦᠷᠲᠡᠮᠵᠢ ᠶᠢᠨ ᠲᠦᠷᠦᠭᠳᠡᠯ ᠴᠢᠩᠭ᠎ᠠ ᠪᠤᠯᠵᠤ ᠬᠡᠷᠡᠭᠯᠡᠭᠡ | ᠬᠢᠭᠦ ᠬᠦᠰᠡᠯ ᠲᠠᠢᠪᠤᠯᠭᠠᠬᠤ ᠬᠡᠷᠡᠭᠲᠡᠢ》 ᠭᠡᠵᠦ ᠵᠢᠭᠠᠵᠤ | ᠭᠠᠷᠭᠠᠪᠠ᠃ | ᠡᠨᠡ ᠵᠢᠯ ᠠᠴᠠ ᠨᠠᠭᠠᠰᠢ᠂ ᠡᠯ᠎ᠡ ᠭᠠᠵᠠᠷ ᠣᠷᠣᠨ ᠡᠯ᠎ᠡ | ᠰᠠᠯᠠᠭ᠎ᠠ ᠮᠥᠴᠢᠷ ᠤᠨ ᠬᠢᠨ ᠬᠡᠷᠡᠭᠯᠡᠭᠡ ᠶᠢ ᠰᠡᠷᠭᠦᠭᠡᠬᠦ ᠪᠠ | ᠥᠷᠭᠡᠳᠬᠡᠬᠦ ᠶᠢ ᠲᠡᠷᠢᠭᠦᠨ ᠪᠠᠶᠢᠷᠢᠨ ᠳᠤᠲᠠᠯᠪᠢᠵᠤ᠂ ᠨᠡᠩ | ᠰᠢᠯᠢᠳᠡᠭ ᠬᠡᠷᠡᠭᠯᠡᠭᠡᠨ ᠤ ᠣᠷᠴᠢᠨ ᠢᠶᠠᠷ ᠨᠡᠩ ᠶᠡᠭᠡ | ᠬᠥᠭᠵᠢᠯᠲᠡ ᠶᠢᠨ ᠬᠥᠳᠡᠯᠭᠡᠬᠦ ᠡᠨᠧᠷᠭᠢ ᠶᠢ ᠬᠥᠭᠵᠢᠭᠡᠵᠦ᠂ | ᠬᠡᠷᠡᠭᠯᠡᠭᠡᠨ ᠤ ᠰᠠᠶᠢᠵᠢᠷᠠᠯᠲᠠ ᠶᠢᠲᠦᠷᠭᠡᠳᠭᠡᠪᠡ᠃ | ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠲᠤᠭ᠎ᠠ | ᠪᠠᠷᠢᠮᠲᠠ ᠠᠴᠠ ᠦᠵᠡᠪᠡᠯ᠂ 1 ᠰᠠᠷ᠎ᠠ ᠠᠴᠠ 5 ᠰᠠᠷ᠎ᠠ ᠪᠣᠯᠲᠠᠯ᠎ᠠ᠂ | ᠨᠡᠶᠢᠭᠡᠮ ᠤᠨ ᠬᠡᠷᠡᠭᠯᠡᠭᠡᠨ ᠤᠵᠦᠢᠯ ᠤᠨ ᠵᠢᠵᠢᠭᠯᠡᠨ | ᠬᠤᠳᠠᠯᠳᠤᠭᠰᠠᠨ ᠪᠥᠬᠦ ᠲᠤᠭ᠎ᠠ 187636 ᠳ᠋ᠦᠩᠰᠢᠭᠤᠷ ᠲᠥᠭᠦᠷᠢᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 9. | 3% ᠪᠠᠷᠨᠡᠮᠡᠭᠳᠡᠵᠦ᠂ 1 ᠠᠴᠠ 4 ᠰᠠᠷ᠎ᠠ ᠶᠢᠨ ᠬᠢ ᠠᠴᠠ 0.8 | ᠵᠠᠭᠤᠨ ᠤ ᠬᠤᠪᠢ ᠶᠢᠨ ᠴᠡᠭ ᠲᠦᠷᠭᠡᠨ ᠪᠣᠯᠵᠠᠶ᠃ | ᠳᠤᠮᠳᠠᠳᠤ ᠤᠯᠤᠰ ᠤᠨ ᠬᠤᠳᠠᠯᠳᠤᠭᠠᠨ ᠤ ᠬᠤᠯᠪᠣᠭᠠᠲᠤ | ᠬᠤᠷᠠᠯ ᠤᠨ ᠨᠡᠶᠢᠲᠡᠯᠡᠭᠰᠡᠨ ᠲᠤᠭ᠎ᠠ ᠪᠠᠷᠢᠮᠲᠠ ᠳᠤ | ᠢᠯᠡᠷᠡᠭᠦᠯᠦᠭᠰᠡᠨ ᠢᠶᠠᠷ᠂ 5 ᠰᠠᠷ᠎ᠠ ᠳᠤ᠂ᠳᠤᠮᠳᠠᠳᠤ ᠤᠯᠤᠰ ᠤᠨ | ᠵᠢᠵᠢᠭᠯᠡᠨ ᠪᠤᠷᠤᠯᠠᠭᠤᠯᠬᠤ ᠦᠢᠯᠡᠰ ᠤᠨ ᠬᠥᠭᠵᠢᠯᠲᠡ ᠶᠢᠨ | ᠵᠢᠭᠠᠯᠲᠠ ᠲᠤᠭ᠎ᠠ 51.1% ᠪᠠᠶᠢᠵᠤ᠂ ᠲᠦᠷᠦᠭᠦᠦ | ᠰᠠᠷ᠎ᠠ ᠶᠢᠨ ᠬᠢ ᠠᠴᠠ 0.3ᠵᠠᠭᠤᠨ ᠤ ᠬᠤᠪᠢ ᠶᠢᠨ ᠴᠡᠭ | ᠳᠡᠭᠡᠭᠰᠢᠯᠡᠵᠦ᠂ 5 ᠰᠠᠷ᠎ᠠ ᠳᠠᠷᠠᠭᠠᠯᠠᠨ ᠮᠠᠭᠤᠳᠠᠯ ᠤᠨ | ᠱᠤᠭᠤᠮ ᠠᠴᠠ ᠳᠡᠭᠡᠭᠰᠢ ᠪᠠᠶᠢᠬᠤ ᠶᠢ ᠪᠠᠲᠤᠯᠠᠪᠠ᠃ ᠡᠨᠡ ᠨᠢ | ᠠᠵᠤ ᠠᠬᠤᠶᠢᠯᠠᠯ ᠤᠨᠡᠵᠡᠩᠨᠡᠯᠲᠡ ᠶᠢᠨ ᠢᠲᠡᠭᠡᠯ ᠤᠯᠠᠮ ᠨᠢᠭᠡ | ᠠᠯᠬᠤᠮ ᠳᠡᠭᠡᠭᠰᠢᠯᠡᠵᠦ᠂ ᠵᠢᠵᠢᠭᠯᠡᠨ ᠪᠤᠷᠤᠯᠠᠭᠤᠯᠬᠤ | ᠦᠢᠯᠡᠰ ᠤᠨ ᠬᠥᠭᠵᠢᠯᠲᠡ ᠦᠷᠭᠦᠯᠵᠢᠯᠡᠨ ᠳᠡᠭᠡᠭᠰᠢᠯᠡᠬᠦ | ᠬᠠᠨᠳᠤᠰᠢ ᠲᠠᠢᠪᠠᠶᠢᠬᠤ ᠶᠢ ᠬᠠᠷᠠᠭᠤᠯᠵᠤ ᠪᠠᠶᠢᠨ᠎ᠠ᠃ | ᠬᠤᠳᠠᠯᠳᠤᠭᠠᠨ ᠤ ᠰᠠᠭᠤᠷᠢ ᠲᠦᠭᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢᠨ ᠪᠠᠭᠲᠠᠭᠠᠮᠵᠢ ᠶᠢ ᠥᠷᠭᠡᠳᠬᠡᠨ | ᠬᠤᠷᠳᠤᠴᠠ ᠶᠢ ᠲᠦᠷᠭᠡᠳᠬᠡᠵᠦ᠂ ᠵᠠᠬᠠᠳᠡᠯᠭᠡᠭᠦᠷ ᠤᠨ | ᠬᠠᠩᠭᠠᠯᠭ᠎ᠠ ᠶᠢ ᠰᠢᠨᠡᠳᠭᠡᠪᠡ ᠪᠡᠭᠡᠵᠢᠩ ᠤᠨ ᠴᠤᠤᠶᠠᠩ | ᠲᠣᠭᠤᠷᠢᠭ ᠲᠤ᠂ ᠯᠢᠶᠠᠩ ᠮᠠ ᠾᠧ ᠭᠤᠣᠯ ᠨᠢ ᠰᠠᠨ ᠯᠢ ᠳᠦᠨ᠂ ᠶᠠᠨ | ᠱᠠ᠂ ᠯᠠᠨ ᠰᠧ ᠭᠠᠩᠸᠠᠨ ᠵᠡᠷᠭᠡ ᠬᠤᠳᠠᠯᠳᠤᠭᠠᠨ ᠤ ᠲᠣᠭᠤᠷᠢᠭ ᠢ | ᠬᠤᠯᠪᠣᠵᠤ ᠪᠠᠶᠢᠳᠠᠭ᠃ ᠤᠢᠢᠷ᠎ᠠ ᠶᠢᠨ ᠵᠢᠯ ᠠᠴᠠ ᠨᠠᠭᠠᠰᠢ᠂ | ᠯᠢᠶᠠᠩ ᠮᠠ ᠾᠧ ᠭᠤᠣᠯ ᠤᠨ ᠬᠤᠶᠠᠷ ᠬᠥᠪᠡᠭᠡᠨ ᠤᠬᠤᠳᠠᠯᠳᠤᠭᠠᠨ ᠤ | ᠠᠵᠤ ᠠᠬᠤᠶᠢᠯᠠᠯ ᠨᠢ ᠬᠡᠪ ᠵᠠᠭᠪᠤᠷ ᠤᠨ ᠰᠢᠨ᠎ᠡ ᠶᠢ | ᠡᠭᠦᠳᠬᠦ ᠪᠠᠷ ᠬᠤᠳᠠᠯᠳᠤᠭᠠᠨ ᠤ ᠡᠵᠡᠩᠨᠡᠯᠲᠡ ᠶᠢᠨ ᠲᠡᠰ | ᠳᠡᠪᠰᠢᠬᠦ ᠶᠢ ᠲᠠᠶᠢᠴᠢᠯᠠᠵᠥ᠂ᠬᠤᠳᠠᠯᠳᠤᠭᠠᠨ ᠤ ᠲᠣᠭᠤᠷᠢᠭ ᠤᠨ | ᠪᠦᠲᠦᠴᠡ ᠶᠢ ᠲᠠᠰᠤᠷᠠᠯᠳᠡ ᠦᠭᠡᠢ ᠰᠢᠯᠢᠳᠡᠭᠵᠢᠭᠦᠯᠵᠦ᠂ | ᠲᠠᠸᠠᠷ ᠤᠨ ᠬᠠᠩᠭᠠᠯᠭ᠎ᠠ ᠶᠢ ᠪᠠᠶᠠᠯᠢᠭᠵᠢᠭᠤᠯᠵᠤ᠂ ᠪᠡᠭᠡᠵᠢᠩ | ᠬᠤᠳᠠ ᠶᠢᠨᠲᠣᠭᠤᠷᠢᠭ ᠤᠨ ᠨᠢᠭᠡᠨ ᠴᠢᠬᠤᠯᠠ ᠭᠤᠤᠯ ᠲᠠᠭᠠᠬᠰᠠᠨ | ᠬᠤᠳᠠᠯᠳᠤᠭᠠᠨ ᠤ ᠪᠦᠰᠡ ᠶᠢ ᠪᠦᠷᠢᠯᠳᠦᠭᠦᠯᠵᠦ᠂ | ᠬᠤᠳᠠᠯᠳᠤᠭᠠᠨ ᠤ ᠦᠢᠯᠡᠰ ᠤᠨ ᠬᠥᠭᠵᠢᠶᠡᠨᠲᠡᠢ | ᠪᠠᠶᠢᠳᠠᠯ ᠢᠶᠡᠭᠡ ᠪᠠᠷ ᠳᠡᠭᠡᠭᠰᠢᠯᠡᠭᠦᠯᠪᠡ᠃ | ᠳᠥᠲᠡ ᠳᠡᠯᠭᠡᠭᠦᠷ ᠠᠴᠠ ᠬᠡᠯᠬᠢᠶ᠎ᠡ ᠬᠤᠳᠠᠯᠳᠤᠭᠠᠨ ᠤ ᠬᠡᠲᠦ | ᠳᠡᠯᠭᠡᠭᠦᠷ ᠬᠦᠷᠲᠡᠯ᠎ᠡ᠂ ᠬᠤᠳᠠᠯᠳᠤᠭᠠᠨ ᠤ ᠠᠭᠤᠳᠠᠮ | ᠲᠠᠯᠠᠪᠠᠶ ᠠᠴᠠ ᠬᠤᠳᠠᠯᠳᠤᠭᠠᠨ ᠤ ᠶᠡᠷᠦᠩᠬᠡᠶᠴᠣᠭᠴᠠ | ᠬᠦᠷᠲᠡᠯ᠎ᠡ᠂ ᠣᠶᠢᠷ᠎ᠠ ᠶᠢᠨ ᠵᠢᠯ ᠤᠳ ᠲᠤ᠂ ᠮᠠᠨ ᠤ ᠤᠯᠤᠰ | ᠬᠤᠳᠠᠯᠳᠤᠭᠠᠨ ᠤ ᠰᠠᠭᠤᠷᠢ ᠲᠥᠬᠦᠭᠡᠷᠦᠮᠵᠢ ᠶᠢᠨ ᠪᠥᠲᠥᠭᠡᠨ | ᠪᠠᠶᠢᠭᠤᠯᠤᠯᠲᠠ ᠶᠢᠨ ᠪᠠᠭᠲᠠᠭᠠᠮᠵᠢ ᠶᠢ ᠦᠷᠭᠡᠳᠭᠡᠨ | ᠬᠤᠷᠳᠤᠴᠠ ᠶᠢ ᠲᠦᠷᠭᠡᠳᠭᠡᠵᠦ᠂ ᠬᠥᠮᠦᠰ ᠪᠠᠷᠠᠭ᠎ᠠ ᠬᠤᠳᠠᠯᠳᠤᠨ | ᠠᠪᠬᠤ ᠳᠤ ᠨᠠᠩ ᠲᠥᠬᠦᠮ ᠪᠣᠯᠵᠣ᠂ ᠰᠣᠩᠭᠤᠯᠲᠠ ᠨᠢ ᠨᠠᠩ ᠪᠠᠶᠠᠯᠢᠭ | ᠪᠣᠯᠪᠠ᠃ | ᠲᠦᠷᠭᠡᠨ ᠬᠦᠷᠭᠡᠯᠲᠡ ᠶᠢᠨ ᠪᠠᠷᠠᠭᠠᠨ ᠤ ᠭᠦᠢᠯᠭᠡᠭᠡ ᠶᠢ | ᠲᠡᠭᠦᠯᠳᠡᠷᠵᠢᠭᠦᠯᠵᠦ᠂ ᠭᠦᠢᠯᠭᠡᠭᠡᠨ ᠤ ᠵᠠᠮ ᠰᠤᠪᠠᠭ ᠢ ᠨᠡᠩ | ᠰᠢᠯᠤᠭᠤᠳᠬᠠᠪᠠ᠃ᠬᠤᠨᠠᠨ ᠤ ᠯᠸᠢ ᠶᠠᠩ ᠳᠤ᠂ ᠲᠣᠰᠬᠤᠨ ᠤ ᠠᠷᠠᠳ | ᠲᠦᠷᠭᠡᠨ ᠬᠦᠷᠭᠡᠯᠲᠡ ᠪᠠᠨ ᠬᠤᠷᠢᠶᠠᠵᠤ ᠠᠪᠬᠤ ᠪᠤᠶᠤ | ᠢᠯᠡᠭᠡᠭᠦ ᠳᠤ ᠲᠣᠰᠬᠤᠨ ᠠᠴᠠ ᠪᠠᠨ ᠭᠠᠷᠬᠤ ᠬᠡᠷᠡᠭ | ᠦᠭᠡᠢᠪᠤᠯᠤᠬᠰᠠᠨ ᠪᠦᠭᠡᠳ ᠪᠠᠰᠠ ᠰᠦᠯᠵᠢᠶᠡᠨ ᠳᠡᠭᠡᠷ᠎ᠡ | ᠲᠠᠷᠢᠶᠠᠯᠠᠩ ᠤᠨ ᠪᠦᠲᠦᠭᠡᠭᠳᠡᠬᠦᠨ ᠢᠶᠠᠨ ᠪᠣᠷᠣᠯᠠᠭᠤᠯᠵᠤ | ᠪᠤᠯᠬᠤ ᠪᠤᠯᠵᠠᠢ᠃ ᠲᠤᠬᠠᠶ ᠶᠢᠨ ᠭᠠᠵᠠᠷ ᠤᠨ ᠬᠢᠨ | ᠲᠦᠷᠭᠡᠨᠬᠦᠷᠭᠡᠯᠲᠡ ᠶᠢ ᠲᠣᠰᠬᠤᠨ ᠳᠤ ᠣᠷᠣᠭᠤᠯᠬᠤ ᠲᠥᠷᠥᠯ | ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠵᠤ᠂ ᠲᠣᠰᠬᠤᠨ ᠳᠤ ᠠᠷᠠᠳ ᠲᠤ ᠲᠥᠬᠦᠮᠦᠵᠡᠭᠦᠯᠬᠦ | ᠶᠡᠷᠦᠩᠬᠡᠶᠢᠯᠡᠭᠰᠡᠨ ᠦᠢᠯᠡᠴᠢᠯᠡᠭᠡᠨ ᠤ ᠥᠷᠲᠡᠭᠡ | ᠪᠠᠶᠢᠭᠤᠯᠬᠤ ᠪᠠᠷ ᠳᠠᠮᠵᠢᠭᠤᠯᠤᠨ᠂ ᠬᠥᠳᠡᠭᠡ ᠲᠣᠰᠬᠤᠨ ᠤ | ᠪᠠᠷᠠᠭᠠᠨ ᠤ ᠭᠦᠢᠯᠭᠡᠭᠡᠨ ᠤ ᠦᠢᠯᠡᠴᠢᠯᠡᠭᠡ ᠶᠢᠨ《ᠬᠠᠮᠤᠭ | ᠡᠴᠤᠰ ᠤᠨ ᠨᠢᠭᠡ ᠠᠯᠬᠤᠮ ᠵᠠᠢ》 ᠶᠢ ᠨᠡᠪᠲᠡᠷᠡᠭᠦᠯᠪᠡ᠃ | ᠣᠶᠢᠷ᠎ᠠ ᠶᠢᠨ ᠵᠢᠯ ᠤᠳ ᠲᠤ᠂ ᠡᠯ᠎ᠡ ᠭᠠᠵᠠᠷ ᠣᠷᠣᠨ ᠡᠯ᠎ᠡ | ᠰᠠᠯᠠᠭ᠎ᠠ ᠮᠥᠴᠢᠷ ᠤᠨ ᠬᠢᠨ ᠰᠢᠶᠠᠨ ᠰᠢᠶᠠᠩ ᠤᠨ ᠵᠠᠬ᠎ᠠ | ᠳᠡᠯᠭᠡᠭᠦᠷ ᠤᠨ ᠰᠢᠰᠲ᠋ᠧᠮ ᠤᠨᠪᠠᠶᠢᠭᠤᠯᠤᠯᠲᠠ ᠶᠢ ᠶᠡᠬᠡᠪᠡᠷ | ᠴᠢᠩᠭᠠᠳᠬᠠᠵᠤ᠂ ᠠᠷᠠᠯᠵᠢᠶ᠎ᠠ ᠬᠤᠳᠠᠯᠳᠤᠭᠠᠨ ᠤ ᠲᠥᠪ᠂ ᠲᠣᠮᠣ | ᠳᠤᠮᠳᠠ ᠬᠡᠯᠪᠡᠷᠢ ᠶᠢᠨ ᠬᠡᠲᠦ ᠳᠡᠯᠭᠡᠭᠦᠷ᠂ ᠴᠤᠭᠯᠠᠭ᠎ᠠ | ᠮᠠᠶᠢᠮᠠᠶ ᠶᠢᠨ ᠵᠠᠬᠠᠳᠡᠯᠭᠡᠭᠦᠷ ᠵᠡᠷᠭᠡ ᠶᠢ ᠲᠠᠰ | ᠳᠡᠪᠰᠢᠭᠦᠯᠦᠨ ᠦᠭᠡᠷᠡᠴᠢᠯᠡᠭᠦ ᠶᠢ ᠲᠦᠷᠭᠡᠳᠭᠡᠵᠦ᠂ | ᠬᠡᠯᠬᠢᠶᠡᠲᠦ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ | ᠠᠵᠤ ᠠᠬᠤᠶᠢᠯᠠᠯ᠂ᠡᠯᠧᠺᠲᠷᠣᠨ ᠬᠤᠳᠠᠯᠳᠤᠭᠠᠨ ᠤ ᠶᠠᠪᠤᠳᠠᠯ ᠤᠨ | ᠲᠠᠪᠴᠠᠩ ᠵᠡᠷᠭᠡ ᠶᠢ ᠬᠥᠳᠡᠭᠡ ᠲᠣᠰᠬᠤᠨ ᠳᠤ | ᠭᠦᠨᠵᠡᠭᠡᠶᠢᠷᠡᠭᠦᠯᠬᠦ ᠶᠢ ᠵᠣᠷᠢᠭᠵᠢᠭᠤᠯᠤᠨ᠂ | ᠬᠡᠷᠡᠭᠯᠡᠭᠡ ᠶᠢᠨ ᠰᠢᠨᠡᠡᠵᠡᠩᠨᠡᠯᠲᠡ ᠶᠢᠨ ᠬᠡᠯᠪᠡᠷᠢ ᠰᠢᠨ᠎ᠡ | ᠠᠬᠤᠶ ᠪᠠᠶᠢᠳᠠᠯ ᠢ ᠥᠷᠭᠡᠳᠬᠡᠵᠦ᠂ ᠰᠢᠶᠠᠩ ᠪᠠᠯᠭᠠᠰᠤ ᠶᠢᠨ | ᠬᠤᠳᠠᠯᠳᠤᠭ᠎ᠠ ᠲᠥᠪᠯᠡᠷᠡᠭᠰᠡᠨ ᠲᠣᠭᠤᠷᠢᠭ ᠢ ᠴᠤᠬᠴᠠᠯᠠᠪᠠ᠃ | ᠪᠥᠬᠦᠤᠯᠤᠰ ᠤᠨ ᠪᠠᠶᠢᠭᠤᠯᠤᠯᠳᠤ ᠲᠣᠰᠬᠤᠨ ᠤ ᠲᠦᠷᠭᠡᠨ | ᠬᠦᠷᠭᠡᠯᠲᠡ ᠶᠢᠨ ᠦᠢᠯᠡᠴᠢᠯᠡᠭᠡᠨ ᠤ ᠪᠦᠷᠬᠦᠴᠡ ᠶᠢᠨ ᠨᠣᠷᠮ᠎ᠠ | ᠨᠢᠭᠡᠨᠲᠡ 95% ᠳᠤ ᠬᠦᠷᠴᠡᠶ᠃ | ᠲᠥᠷᠥ ᠶᠢᠨ ᠪᠣᠳᠣᠯᠭ᠎ᠠ ᠶᠢᠨ ᠲᠥᠪᠯᠡᠷᠡᠯ ᠢ ᠴᠢᠩᠭᠠᠳᠬᠠᠵᠤ᠂ | ᠨᠡᠶᠢᠭᠡᠮ ᠲᠣᠭᠤᠷᠢᠭ ᠤᠨ ᠬᠡᠷᠡᠭᠯᠡᠭᠡ ᠶᠢ ᠨᠠᠩ ᠳᠥᠭᠦᠮ | ᠪᠤᠯᠭᠠᠪᠠ᠃ ᠥᠷᠯᠥᠭᠡ ᠡᠷᠲᠡ ᠰᠠᠭᠤᠭᠠᠯᠢ ᠲᠣᠭᠤᠷᠢᠭ ᠤᠨ | ᠡᠭᠦᠳᠡᠨ ᠳᠠᠬᠢ ᠥᠷᠯᠥᠭᠡ ᠶᠢᠨ ᠬᠤᠭᠤᠯᠠᠨ ᠭᠠᠵᠠᠷ ᠲᠤ ᠨᠢᠭᠡᠨ | ᠰᠢᠩᠭᠡᠯᠢᠭ ᠬᠠᠯᠠᠭᠤᠨ ᠠᠭᠤᠷ ᠰᠠᠪᠰᠠᠯᠠᠭᠰᠠᠨᠪᠤᠤᠰᠠ ᠢᠳᠡᠵᠦ᠂ | ᠠᠵᠢᠯ ᠠᠴᠠ ᠪᠠᠨ ᠪᠠᠭᠤᠭᠰᠠᠨ ᠤ ᠳᠠᠷᠠᠭ᠎ᠠ ᠠᠰᠠᠷ ᠳᠣᠣᠷᠠᠬᠢ | ᠠᠷᠠᠳ ᠲᠤ ᠳᠦᠭᠦᠮ ᠦᠵᠡᠭᠦᠯᠬᠦ ᠨᠣᠭᠤᠭ᠎ᠠ ᠶᠢᠨ ᠳᠡᠯᠭᠡᠭᠦᠷ ᠲᠤ | ᠣᠴᠢᠵᠤ ᠬᠡᠳᠦᠨᠵᠦᠢᠯ ᠤᠨ ᠰᠢᠨ᠎ᠡ ᠰᠣᠷᠭᠤᠭ ᠢᠳᠡᠰᠢᠨ ᠨᠣᠭᠤᠭ᠎ᠠ | ᠰᠤᠩᠭᠤᠨ᠎ᠠ᠁ ᠬᠠᠮᠢᠶ᠎ᠠ ᠪᠦᠬᠦᠢ ᠰᠠᠯᠠᠭ᠎ᠠ ᠮᠥᠴᠢᠷ ᠤᠨ | ᠠᠬᠢᠭᠤᠯᠤᠯ ᠳᠣᠣᠷ᠎ᠠ᠂ ᠮᠠᠰᠢ ᠤᠯᠠᠨ ᠬᠤᠲᠠ ᠨᠢᠠᠷᠠᠳ ᠲᠤ ᠳᠦᠭᠦᠮ | ᠦᠵᠡᠭᠦᠯᠬᠦ ᠠᠮᠢᠳᠤᠷᠠᠯ ᠤᠨ ᠲᠣᠭᠤᠷᠢᠭ ᠢ ᠲᠦᠷᠭᠡᠨ | ᠪᠠᠶᠢᠭᠤᠯᠵᠤ᠂ ᠨᠡᠶᠢᠭᠡᠮ ᠲᠣᠭᠤᠷᠢᠭ ᠤᠨ ᠬᠤᠳᠠᠯᠳᠤᠭᠠᠨ ᠤ | ᠬᠡᠪᠴᠢᠶ᠎ᠡ ᠦᠷᠭᠦᠯᠵᠢᠯᠡᠨᠥᠷᠭᠡᠵᠢᠪᠡ︔ ᠨᠡᠶᠢᠭᠡᠮ | ᠲᠣᠭᠤᠷᠢᠭ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ | ᠲᠦᠭᠦᠭᠡᠷᠦᠮᠵᠢ ᠬᠢᠭᠡᠳ ᠨᠡᠶᠢᠭᠡᠮ ᠲᠣᠭᠤᠷᠢᠭ ᠤᠨ | ᠬᠤᠳᠠᠯᠳᠤᠭᠠᠨ ᠤ ᠲᠣᠣᠷ ᠴᠡᠭ ᠤᠨᠵᠣᠬᠢᠴᠠᠩᠭᠤᠶ ᠪᠠᠷ | ᠬᠥᠭᠵᠢᠬᠦ ᠶᠢ ᠨᠢᠭᠡᠳᠦᠯᠲᠡᠶ ᠲᠦᠯᠦᠪᠵᠢᠭᠦᠯᠵᠦ᠂ ᠵᠠᠬ᠎ᠠ | ᠳᠡᠯᠭᠡᠭᠦᠷ ᠤᠨ ᠠᠮᠢᠵᠢᠷᠠᠯ ᠤᠨ ᠬᠦᠴᠦᠨ ᠢ ᠲᠠᠰᠤᠷᠠᠯᠲᠠ | ᠤᠢᠭᠡᠢ ᠬᠦᠭᠵᠢᠭᠡᠪᠡ᠃ ᠵᠠᠬᠠᠳᠡᠯᠭᠡᠭᠦᠷ ᠤᠨ | ᠬᠠᠩᠭᠠᠯᠭ᠎ᠠ ᠶᠢᠨ ᠰᠢᠨ᠎ᠡ ᠶᠢ ᠡᠭᠦᠳᠴᠦ᠂ ᠬᠡᠷᠡᠭᠯᠡᠭᠡᠨ ᠤ | ᠰᠣᠩᠭᠤᠯᠲᠠ ᠨᠡᠩ ᠪᠠᠶᠠᠯᠢᠭ ᠪᠣᠯᠪᠠ᠃ | 《ᠠᠳᠡ ᠬᠡᠭᠡᠷ᠎ᠡ ᠪᠠᠭᠤᠳᠠᠯᠯᠠᠬᠤ ᠳᠤ ᠪᠠᠰᠠ ᠠᠯ ᠰᠡᠭᠦᠯ | ᠵᠡᠷᠭᠡ ᠬᠤᠪᠣᠷ ᠴᠤᠬᠠᠭ ᠰᠢᠪᠠᠭᠤᠨ ᠤ ᠲᠥᠷᠥᠯ ᠢ ᠣᠯᠵᠤ | ᠬᠠᠷᠠᠨ᠎ᠠ᠂ ᠵᠢᠭᠤᠯᠴᠢᠯᠠᠯ ᠤᠨ ᠪᠠᠶᠠᠴᠢᠤᠶᠢᠯᠠᠭᠠᠯᠳᠠ ᠮᠠᠰᠢ | ᠰᠠᠶᠢᠨ᠃ ᠪᠢᠯᠧᠲ ᠤᠨ ᠦᠨ᠎ᠡ ᠨᠢ ᠠᠷᠠᠳ ᠲᠤ ᠡᠭᠡᠯᠢᠲᠡᠶ | ᠪᠠᠶᠢᠵᠤ᠂ ᠪᠠᠶᠠᠷ ᠳᠤᠷᠠᠰᠬᠠᠯ ᠤᠨ ᠡᠳᠦᠷ ᠬᠡᠦᠭᠡᠳ ᠢᠶᠠᠨ | ᠳᠠᠭᠠᠭᠤᠯᠤᠨᠵᠤᠭᠠᠴᠠᠬᠤ ᠳᠤ ᠲᠣᠬᠢᠷᠠᠨ᠎ᠠ》᠃ ᠣᠶᠢᠷ᠎ᠠ ᠳᠤ᠂ | ᠱᠠᠨᠳᠦ᠋ᠩ ᠤᠨ ᠯᠢᠶᠣᠤ ᠴᠧᠩ ᠤᠨ ᠸᠧᠢ ᠱᠠᠨ ᠨᠤᠭᠤ ᠭᠠᠵᠠᠷ ᠤᠨ | ᠴᠡᠴᠡᠷᠯᠢᠭ ᠲᠤ᠂ ᠬᠡᠭᠡᠷ᠎ᠡ ᠪᠠᠭᠤᠳᠠᠯᠯᠠᠬᠤ ᠪᠠᠷᠢᠷᠡᠭᠰᠡᠨ | ᠵᠠᠩ ᠰᠢᠨ ᠤ ᠬᠢᠨ ᠪᠠᠶᠠᠷᠲᠠᠶᠢᠬᠠᠨ ᠨᠠᠭᠠᠳᠤᠯ᠎ᠠ᠃ | ᠰᠣᠶᠣᠯ ᠤᠨ ᠬᠡᠷᠡᠭᠯᠡᠭᠡ ᠬᠢᠭᠡᠳ ᠵᠢᠭᠤᠯᠴᠢᠯᠠᠯ ᠤᠨ | ᠬᠡᠷᠡᠭᠯᠡᠭᠡ ᠶᠢᠨ ᠣᠷᠭᠠᠨᠢᠭ ᠤᠶᠠᠯᠳᠤᠯ ᠢ ᠠᠬᠢᠭᠤᠯᠵᠤ᠂ | ᠰᠣᠶᠣᠯ ᠵᠢᠭᠤᠯᠴᠢᠯᠠᠯ ᠤᠨ ᠠᠭᠤᠰᠤᠯᠴᠠᠯ ᠤᠨᠰᠢᠨ᠎ᠡ | ᠡᠵᠡᠩᠨᠡᠯᠲᠡ ᠶᠢᠨ ᠬᠡᠯᠪᠡᠷᠢ ᠰᠢᠨ᠎ᠡ ᠵᠠᠭᠪᠤᠷ ᠢ | ᠪᠤᠶᠢᠵᠢᠭᠤᠯᠪᠠ᠃ | ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ | ᠡᠵᠡᠩᠨᠡᠯᠲᠡ ᠶᠢᠨ ᠪᠡᠶᠡᠴᠢ ᠴᠣᠭᠴᠠ ᠶᠢᠨ ᠢᠳᠡᠪᠬᠢᠵᠢᠯ | ᠭᠦᠢᠴᠡᠳ ᠳᠠᠶᠢᠴᠢᠯᠠᠵᠤ᠂ᠭᠤᠤᠯᠳᠠᠯᠭ᠎ᠠ ᠲᠠᠢ ᠠᠵᠤ ᠦᠢᠯᠡᠰ ᠤᠨ | ᠲᠥᠷᠣ᠋ ᠵᠦᠢᠯ ᠢᠶᠠᠷ ᠠᠴᠢᠶᠠᠯᠠᠪᠤᠷᠢ ᠪᠣᠯᠭᠠᠵᠤ᠂ ᠰᠣᠶᠣᠯ | ᠵᠢᠭᠤᠯᠴᠢᠯᠠᠯ ᠤᠨ ᠠᠵᠤ ᠦᠢᠯᠡᠰ ᠤᠨ ᠡᠬᠢ | ᠪᠠᠶᠠᠯᠢᠭ ᠤᠨᠡᠯᠧᠮᠧᠨ᠋ᠲ ᠢ ᠬᠥᠳᠡᠭᠡ ᠲᠣᠰᠬᠤᠨ ᠤ ᠠᠵᠤ ᠠᠬᠤᠶ | ᠨᠡᠶᠢᠭᠡᠮ ᠤᠨ ᠬᠥᠭᠵᠢᠯᠲᠡ ᠳᠤ ᠠᠭᠤᠰᠤᠯᠴᠠᠭᠤᠯᠬᠤ ᠶᠢ | ᠠᠬᠢᠭᠤᠯᠵᠤ᠂ ᠬᠥᠳᠡᠭᠡ ᠲᠣᠰᠬᠤᠨ ᠤ ᠬᠥᠭᠵᠢᠯᠲᠡ ᠶᠢᠨᠰᠢᠨ᠎ᠡ | ᠬᠥᠳᠡᠯᠭᠡᠬᠦ ᠡᠨᠧᠷᠭᠢ ᠶᠢ ᠪᠤᠶᠢᠵᠢᠭᠤᠯᠪᠠ᠃ ᠬᠤᠳᠠᠯᠳᠤᠭ᠎ᠠ | ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ | ᠡᠵᠡᠩᠨᠡᠯᠲᠡ ᠶᠢᠨ ᠪᠡᠶᠡᠴᠢ ᠴᠣᠭᠴᠠ ᠶᠢᠨᠠᠮᠢᠵᠢᠷᠠᠯ ᠤᠨ | ᠬᠦᠴᠦᠨ ᠢ ᠬᠥᠭᠵᠢᠭᠡᠪᠡ ᠦᠷ᠎ᠡ ᠪᠦᠲᠦᠮᠵᠢ ᠶᠢ | ᠳᠡᠭᠡᠭᠰᠢᠯᠡᠭᠦᠯᠵᠦ᠂ ᠲᠠᠩᠰᠠᠯᠠᠭᠤᠯᠤᠨ ᠪᠦᠷᠢᠳᠭᠡᠭᠦᠯᠭᠦ ᠶᠢ | ᠲᠦᠭᠦᠮᠴᠢᠯᠡᠪᠡ᠃ | 《ᠭᠠᠷᠠᠭ ᠤᠨ ᠰᠡᠭᠦᠯᠴᠢ ᠳᠤ᠂ ᠪᠢᠳᠡ ᠪᠤᠷᠪᠢ ᠪᠤᠬᠢᠰᠬᠢᠯ ᠦᠭᠡᠢ | ᠶᠠᠭᠠᠷᠠᠵᠤ᠂ ᠨᠢᠭᠡ ᠡᠳᠦᠷ ᠲᠤ ᠬᠡᠳᠦᠨ ᠵᠠᠭᠤᠨ ᠬᠥᠮᠦᠨ ᠢ ᠤᠬᠳᠤᠨ | ᠵᠤᠴᠢᠯᠠᠵᠤ᠂ᠬᠤᠭᠤᠯᠠᠨ ᠰᠢᠷᠡᠭᠡ ᠶᠢ ᠲᠠᠪᠳᠠᠨ ᠬᠡᠷᠡᠭᠯᠡᠭᠰᠡᠨ | ᠨᠤᠷᠮ᠎ᠠ ᠮᠠᠰᠢ ᠥᠨᠳᠥᠷ ᠪᠤᠯᠪᠠ》᠃ ᠡᠨᠡ ᠵᠢᠯ᠂ ᠱᠠᠩᠬᠠᠶ | ᠬᠤᠲᠠ ᠶᠢᠨ ᠠᠷᠠᠳ ᠮᠧᠡᠭ ᠵᠢᠩ ᠵᠢᠶᠧ ᠭᠤᠧᠠᠢ ᠵᠢᠩ ᠠᠨᠰᠢᠨᠡ | ᠦᠢᠯᠡᠳᠭᠡᠯ ᠤᠨ ᠭᠠᠵᠠᠷ ᠤᠨ ᠰᠣᠶᠣᠯ ᠤᠨ ᠪᠦᠲᠦᠭᠡᠯᠴᠢ ᠠᠵᠤ | ᠦᠢᠯᠡᠰ ᠤᠨ ᠰᠠᠭᠤᠷᠢᠨ ᠭᠠᠵᠠᠷ ᠲᠤ ᠬᠤᠭᠤᠯᠠᠨ ᠬᠡᠷ ᠨᠡᠭᠡᠭᠡᠵᠦ᠂ | ᠬᠤᠭᠤᠯᠠᠨ ᠤ ᠴᠠᠭ ᠪᠣᠯᠬᠤᠪᠦᠷᠢ ᠵᠣᠴᠢᠳ ᠲᠠᠰᠤᠷᠠᠯᠲᠠ ᠥᠬᠡᠶ | ᠴᠤᠪᠤᠷᠠᠳᠠᠭ ᠪᠠᠶᠢᠪᠠ᠃ ᠠᠵᠤ ᠠᠬᠤᠶᠢᠯᠠᠯ ᠡᠷᠭᠢᠯᠡᠬᠦ | ᠶᠠᠪᠤᠴᠠ ᠶᠢ ᠰᠢᠯᠢᠳᠡᠭᠵᠢᠭᠦᠯᠬᠦ ᠶᠢᠨ ᠲᠥᠯᠥᠭᠡ᠂ | ᠱᠠᠩᠬᠠᠶ ᠶᠢᠨ ᠵᠢᠩ ᠠᠨᠲᠣᠭᠤᠷᠢᠭ ᠤᠨ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠣᠷᠣᠨ | ᠰᠠᠭᠤᠴᠠ ᠶᠢᠨ ᠪᠠᠷᠢᠮᠵᠢᠶᠠᠵᠢᠭᠤᠯᠤᠬᠰᠠᠨ ᠳᠡᠩᠰᠡᠯᠡᠯᠲᠡ ᠶᠢᠨ | 《ᠲᠥᠬᠦᠮᠺᠣᠳ᠋ ᠢᠶᠠᠷ ᠬᠦᠢᠴᠡᠳᠭᠡᠭᠦ》 ᠵᠠᠬᠪᠤᠷ ᠢ ᠭᠠᠷᠭᠠᠵᠤ᠂ | ᠣᠷᠣᠨ ᠰᠠᠭᠤᠴᠠ ᠶᠢᠨ ᠲᠤᠬᠠᠢ ᠵᠤᠵᠠᠭᠠᠨ ᠮᠠᠲ᠋ᠧᠷᠢᠶᠠᠯ | ᠬᠡᠷᠡᠭᠰᠡᠬᠦ ᠪᠠᠨ ᠪᠤᠯᠢᠵᠤ᠂ ᠮᠧᠡᠭ ᠵᠢᠩ ᠵᠢᠶᠧ | ᠰᠦᠯᠵᠢᠶᠡᠨᠳᠡᠭᠡᠷᠡ ᠬᠤᠶᠠᠷ ᠬᠡᠮᠵᠢᠯᠳᠦ ᠺᠣᠳ᠋ ᠪᠠ | ᠲᠦᠷᠢᠶᠡᠰᠦᠯᠡᠯ ᠤᠨ ᠭᠡᠷ᠎ᠡ ᠪᠠᠨ ᠲᠤᠰᠢᠶᠠᠵᠤ᠂ ᠳᠠᠷᠠᠭ᠎ᠠ | ᠡᠳᠦᠷ ᠨᠢ ᠡᠵᠡᠩᠨᠡᠯᠲᠡ ᠶᠢᠨ ᠦᠨᠡᠮᠯᠡᠯ ᠢᠶᠠᠨ ᠤᠯᠵᠤ | ᠭᠠᠷᠳᠠᠵᠠᠢ᠃ | ᠡᠨᠡ ᠵᠢᠯ ᠤᠨ 1 ᠰᠠᠷ᠎ᠠ ᠳᠤ᠂ ᠱᠠᠩᠬᠠᠶ ᠬᠤᠲᠠ ᠶᠢᠨ ᠬᠢᠨ | ᠢᠲᠡᠭᠡᠯ ᠵᠣᠷᠢᠭ ᠢ ᠬᠥᠪᠴᠢᠯᠡᠨ ᠬᠡᠷᠡᠭᠴᠡᠭᠡ ᠶᠢ ᠥᠷᠭᠡᠳᠬᠡᠵᠦ | ᠨᠡᠮᠡᠭᠳᠡᠯ ᠢᠲᠣᠭᠲᠠᠪᠤᠷᠢᠵᠢᠭᠤᠯᠤᠨ ᠬᠥᠭᠵᠢᠯᠲᠡ ᠶᠢ | ᠠᠬᠢᠭᠤᠯᠬᠤ ᠠᠵᠢᠯᠯᠠᠭᠠᠨ ᠤ ᠲᠥᠰᠦᠯ ᠢ ᠨᠡᠶᠢᠲᠡᠯᠡᠵᠦ᠂ ᠠᠵᠤ | ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ | ᠰᠢᠢᠳᠪᠦᠷᠢᠯᠡᠬᠦᠪᠠ ᠠᠵᠤ ᠠᠬᠤᠶᠢᠯᠠᠯ ᠢ ᠲᠤᠰᠠᠯᠠᠵᠤ ᠠᠵᠢᠯ ᠤᠨ | ᠪᠠᠶᠢᠷᠢ ᠶᠢ ᠲᠣᠭᠲᠠᠪᠤᠷᠢᠵᠢᠭᠤᠯᠤᠨ ᠠᠵᠢᠯ ᠤᠨ ᠪᠠᠶᠢᠷᠢ ᠶᠢ | ᠥᠷᠭᠡᠳᠬᠡᠬᠦ᠂ ᠬᠡᠷᠡᠭᠯᠡᠭᠡ ᠶᠢ ᠰᠡᠷᠭᠦᠭᠡᠨ | ᠳᠡᠭᠡᠭᠰᠢᠯᠡᠭᠦᠯᠬᠦ᠂ᠳᠡᠯᠡᠬᠡᠶ ᠶᠢᠨ ᠲᠡᠷᠢᠭᠦᠨ ᠵᠡᠷᠭᠡ ᠶᠢᠨ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠣᠶ ᠪᠣᠯᠭᠠᠬᠤ | ᠵᠡᠷᠭᠡ ᠠᠵᠢᠯᠯᠠᠭ᠎ᠠ ᠶᠢ ᠥᠷᠨᠢᠭᠦᠯᠵᠡᠢ᠃ | 《ᠨᠠᠳᠠ ᠶᠢ ᠡᠷᠲᠡᠬᠡᠨ ᠭᠡᠷᠡᠴᠢ ᠠᠪᠤᠭᠤᠯᠬᠤ ᠶᠢᠨ ᠲᠥᠯᠥᠭᠡ᠂ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠰᠠᠯᠠᠭ᠎ᠠ ᠮᠥᠴᠢᠷ ᠤᠨ ᠠᠵᠢᠯᠲᠠᠨ ᠪᠠᠰᠠᠭᠡᠷ ᠲᠤᠨᠢ ᠬᠦᠷᠴᠦ | ᠤᠷᠤᠨ ᠰᠠᠭᠤᠴᠠ ᠶᠢ ᠲᠦᠷᠢᠮ ᠶᠤᠰᠤᠭᠠᠷ ᠵᠠᠰᠠᠵᠤ ᠴᠢᠮᠡᠭᠯᠡᠭᠦ | ᠲᠤᠬᠠᠢ ᠵᠢᠯᠣᠭᠤᠳᠴᠤ᠂ ᠪᠢᠳᠡᠨ ᠢ ᠲᠣᠭᠤᠷᠢᠭᠤ ᠵᠠᠮ ᠢᠶᠠᠷ | ᠳᠤᠲᠠᠭᠤ ᠶᠠᠪᠤᠭᠤᠯᠵᠤ᠂ᠥᠪᠡᠷ ᠤᠨ ᠥᠷᠲᠡᠭ ᠢ ᠠᠷᠪᠢᠯᠠᠪᠠ》 | ᠭᠡᠵ᠊ ᠮᠧᠡᠭ ᠵᠢᠩ ᠵᠢᠶᠧ ᠬᠡᠯᠡᠪᠡ᠃ 《ᠬᠤᠳᠠᠯᠳᠤᠭ᠎ᠠ ᠡᠵᠡᠩᠨᠡᠬᠦ | ᠣᠷᠴᠢᠨ ᠨᠥᠬᠦᠴᠡᠯ ᠢ ᠰᠢᠯᠢᠳᠡᠭᠵᠢᠭᠦᠯᠬᠦ ᠨᠢ | ᠵᠠᠰᠠᠭᠵᠠᠬᠢᠷᠭᠠᠨ ᠤ ᠠᠵᠢᠯ ᠡᠷᠬᠢᠯᠡᠬᠦ ᠦᠷ᠎ᠡ ᠪᠦᠲᠦᠮᠵᠢ ᠶᠢ | ᠶᠡᠭᠡ ᠪᠠᠷ ᠳᠡᠭᠡᠭᠰᠢᠯᠡᠭᠦᠯᠵᠦ ᠴᠢᠳᠠᠨ᠎ᠠ᠂ ᠨᠡᠩ ᠴᠢᠬᠤᠯᠠ ᠨᠢ | ᠠᠵᠤ ᠠᠬᠤᠶᠢᠯᠠᠯ᠂ ᠰᠠᠭᠤᠭᠠᠯᠢ ᠠᠷᠠᠳ ᠲᠤ ᠢᠲᠡᠭᠡᠯᠪᠠ | ᠬᠥᠳᠡᠯᠭᠡᠬᠦ ᠬᠦᠴᠦᠨ ᠤᠯᠭᠤᠵᠤ ᠴᠢᠳᠠᠨ᠎ᠠ》᠃ ᠳᠤᠮᠳᠠᠳᠤ | ᠤᠯᠤᠰ ᠤᠨ ᠠᠷᠠᠳ ᠤᠨ ᠶᠡᠭᠡ ᠰᠤᠷᠭᠠᠭᠤᠯᠢ ᠶᠢᠨ | ᠬᠡᠷᠡᠭᠯᠡᠭᠡᠨ ᠤ ᠠᠵᠤ ᠠᠬᠤᠶ ᠶᠢᠨ ᠳᠡᠭᠡᠳᠦᠰᠤᠷᠭᠠᠭᠤᠯᠢ ᠶᠢᠨ | ᠳᠡᠳ᠋ ᠵᠠᠬᠢᠷᠤᠯ ᠬᠤᠸᠠᠩ ᠵᠢᠤᠸᠠᠨ ᠬᠡᠯᠡᠬᠦ ᠳᠡᠭᠡᠨ᠂ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠲᠠᠰᠤᠷᠠᠯᠲᠠ | ᠥᠬᠡᠶ ᠰᠢᠯᠢᠳᠡᠭᠵᠢᠭᠦᠯᠵᠦ᠂ᠳᠣᠲᠣᠭᠠᠳᠤ ᠬᠡᠷᠡᠭᠴᠡᠭᠡ ᠶᠢᠨ | ᠨᠡᠮᠡᠭᠳᠡᠯ ᠢ ᠬᠢᠵᠠᠭᠠᠷᠯᠠᠵᠤ ᠪᠠᠶᠢᠭ᠎ᠠ ᠪᠠᠶᠢᠭᠤᠯᠤᠯ | ᠲᠣᠭᠲᠠᠴᠠ ᠶᠢᠨ ᠬᠠᠷᠰᠢ ᠰᠠᠭᠠᠳ ᠢ ᠦᠷᠭᠦᠯᠵᠢᠯᠡᠨ ᠠᠷᠢᠯᠭᠠᠵᠤ᠂ | ᠵᠠᠬ᠎ᠠ ᠳᠡᠯᠭᠡᠭᠦᠷ ᠤᠨᠢᠲᠡᠭᠡᠯ ᠵᠣᠷᠢᠭ ᠢ ᠬᠥᠪᠴᠢᠯᠡᠬᠦ | ᠬᠡᠷᠡᠭᠲᠡᠶ ᠬᠡᠪᠡ᠃ | ᠲᠣᠭᠲᠠᠴᠠ ᠶᠢ ᠰᠢᠨᠡᠳᠭᠡᠵᠦ᠂ ᠡᠵᠡᠩᠨᠡᠯᠲᠡ ᠶᠢᠨ ᠪᠡᠶᠡᠴᠢ | ᠴᠣᠭᠴᠠ ᠡᠷᠴᠢ ᠵᠤᠷᠢᠭ ᠪᠠᠳᠠᠷᠠᠩᠭᠤᠢ ᠪᠤᠯᠪᠠ᠃ | ᠨᠢᠳᠤᠨᠤᠨ ᠤ 12 ᠰᠠᠷ᠎ᠠ ᠳᠤ᠂ ᠪᠥᠬᠦ ᠤᠯᠤᠰ ᠤᠨ ᠠᠩᠬᠠᠳᠠᠭᠴᠢ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ | ᠪᠠᠶᠢᠭᠤᠯᠤᠯᠲᠠ ᠶᠢᠨ ᠲᠢᠩᠬᠢᠮ ᠪᠤᠯᠬᠤᠬᠠᠶᠢᠨᠠᠨ ᠮᠤᠵᠢ ᠶᠢᠨ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ | ᠪᠠᠶᠢᠭᠤᠯᠤᠯᠲᠠ ᠶᠢᠨ ᠲᠢᠩᠬᠢᠮ ᠫᠠᠶᠢᠰᠠ ᠡᠯᠭᠦᠨ | ᠪᠠᠶᠢᠭᠤᠯᠤᠬᠳᠠᠵᠤ᠂ ᠬᠤᠳᠠᠯᠳᠤᠭᠠᠡᠵᠡᠩᠨᠡᠭᠦ ᠤᠷᠴᠢᠨ | ᠨᠦᠭᠦᠴᠡᠯ ᠤᠨ ᠪᠠᠶᠢᠭᠤᠯᠤᠯᠳᠠ ᠶᠢᠨ ᠪᠠᠶᠢᠭᠤᠯᠤᠯ | ᠲᠤᠬᠳᠠᠴᠠ ᠶᠢᠨ ᠰᠢᠨᠡᠴᠢᠯᠡᠯᠲᠡ ᠶᠢᠨ ᠲᠤᠬᠠᠢ ᠰᠢᠨ᠎ᠠ | ᠰᠦᠪᠡᠭᠴᠢᠯᠡᠯᠲᠡ ᠬᠢᠪᠡ᠃ ᠵᠠᠰᠠᠭ ᠤᠨᠣᠷᠳᠣᠨ ᠤ ᠰᠠᠯᠠᠭ᠎ᠠ | ᠮᠥᠴᠢᠷ ᠦᠢᠯᠡᠴᠢᠯᠡᠭᠡᠨ ᠤ ᠲᠦᠪᠰᠢᠨ ᠢᠶᠠᠨ ᠶᠡᠭᠡ ᠪᠠᠷ | ᠳᠡᠭᠡᠭᠰᠢᠯᠡᠭᠦᠯᠵᠦ᠂ ᠡᠵᠡᠩᠨᠡᠯᠲᠡ ᠶᠢᠨ ᠪᠡᠶᠡᠴᠢ ᠴᠣᠭᠴᠠ | ᠪᠣᠯᠤᠨ ᠤᠯᠠᠨ ᠲᠦᠮᠡᠨ ᠳᠤᠰᠠᠶᠢᠳᠤᠷ ᠦᠢᠯᠡᠴᠢᠯᠡᠪᠡ᠃ | ᠡᠨᠡ ᠵᠢᠯ ᠤᠨ 1 ᠰᠠᠷ᠎ᠠ ᠳᠤ᠂ ᠪᠡᠭᠡᠵᠢᠩ ᠬᠤᠲᠠ ᠲᠠᠯᠳᠠ | ᠰᠠᠭᠠᠳ ᠢ ᠠᠷᠢᠯᠭᠠᠵᠤ ᠬᠡᠷᠡᠭᠯᠡᠭᠡᠨ ᠤ ᠬᠤᠳᠠᠯᠳᠤᠭ᠎ᠠ | ᠡᠵᠡᠩᠨᠡᠬᠦ ᠣᠷᠴᠢᠨ ᠨᠥᠬᠦᠴᠡᠯ ᠢᠰᠢᠯᠢᠳᠡᠭᠵᠢᠭᠦᠯᠬᠦ ᠲᠤᠬᠠᠶ | ᠬᠡᠷᠡᠭᠵᠢᠭᠦᠯᠬᠦ ᠲᠥᠰᠦᠯ ᠢ ᠨᠡᠶᠢᠲᠡᠯᠡᠵᠦ᠂ ᠬᠡᠷᠡᠭᠯᠡᠭᠡᠨ ᠤ | ᠬᠦᠷᠢᠶᠡᠨ ᠳᠠᠬᠢ ᠠᠵᠤ ᠠᠬᠤᠶᠢᠯᠠᠯ ᠤᠨ ᠪᠥᠬᠦ ᠠᠮᠢ ᠨᠠᠰᠤᠨ ᠤ | ᠦᠶᠡᠯᠡᠯ ᠤᠨᠬᠤᠭᠤᠴᠠᠭᠠᠨ ᠤ ᠲᠦᠭᠵᠢᠷᠡᠯ ᠪᠠ ᠡᠪᠡᠷᠰᠢᠶᠡᠯ ᠲᠠᠢ | ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ | ᠬᠡᠷᠡᠭᠯᠡᠭᠡ ᠶᠢ ᠥᠷᠭᠡᠳᠬᠡᠬᠦ ᠶᠢ ᠬᠢᠵᠠᠭᠠᠷᠯᠠᠵᠤ | ᠪᠠᠶᠢᠭᠠᠲᠦᠷᠢᠮ ᠲᠣᠭᠲᠠᠴᠠ ᠶᠢᠨ ᠬᠠᠷᠰᠢ ᠰᠠᠭᠠᠳ ᠢ ᠬᠦᠴᠦᠯᠡᠨ | ᠠᠷᠢᠯᠭᠠᠵᠤ᠂ ᠡᠵᠡᠩᠨᠡᠯᠲᠡ ᠶᠢᠨ ᠪᠡᠶᠡᠴᠢ ᠴᠣᠭᠴᠠ ᠶᠢᠨ | ᠠᠮᠢᠵᠢᠷᠠᠯ ᠤᠨ ᠬᠦᠴᠦᠨ ᠪᠠ ᠰᠢᠨ᠎ᠡ ᠶᠢ | ᠡᠭᠦᠳᠬᠦᠴᠢᠳᠠᠪᠤᠷᠢ ᠶᠢ ᠪᠤᠶᠢᠵᠢᠭᠤᠯᠤᠨ ᠬᠥᠭᠵᠢᠭᠡᠵᠦ᠂ | ᠬᠡᠷᠡᠭᠯᠡᠭᠡ ᠶᠢᠨ ᠰᠡᠷᠭᠦᠯᠲᠡ ᠶᠢ ᠪᠥᠬᠦ ᠲᠠᠯ᠎ᠠ ᠪᠠᠷ | ᠠᠬᠢᠭᠤᠯᠵᠦ᠂ ᠬᠡᠷᠡᠭᠯᠡᠭᠡ ᠶᠢᠨ ᠶᠠᠰᠤ ᠴᠢᠨᠠᠷ ᠢ | ᠳᠡᠭᠡᠭᠰᠢᠯᠡᠭᠦᠯᠦᠨ ᠲᠠᠰᠳᠡᠪᠰᠢᠭᠦᠯᠬᠦ ᠶᠢ ᠲᠦᠷᠭᠡᠳᠬᠡᠵᠠᠢ᠃ | ᠳᠤᠮᠳᠠᠳᠤ ᠤᠯᠤᠰ ︵ᠱᠧᠨᠵᠧᠨ︶ ᠤᠨ ᠶᠡᠷᠦᠩᠬᠡᠶᠢᠯᠡᠭᠰᠡᠨ | ᠨᠡᠭᠡᠭᠡᠨ ᠬᠥᠭᠵᠢᠭᠦᠯᠦᠯᠲᠡ ᠶᠢᠨ ᠰᠤᠳᠤᠯᠭᠠᠨ ᠤ | ᠬᠦᠷᠢᠶᠡᠯᠡᠩ ᠤᠨᠪᠠᠶᠢᠩᠭᠤ ᠶᠢᠨ ᠳᠡᠳ᠋ ᠳᠠᠷᠤᠭ᠎ᠠ ᠭᠦᠸᠧ ᠸᠠᠨ | ᠳ᠋ᠠ ᠶᠢᠨ ᠦᠵᠡᠬᠦ ᠪᠠᠷ᠂ ᠬᠤᠳᠠᠯᠳᠤᠭ᠎ᠠ ᠡᠵᠡᠩᠨᠡᠬᠦ ᠰᠠᠶᠢᠨ | ᠰᠠᠶᠢᠬᠠᠨ ᠣᠷᠴᠢᠨ ᠨᠥᠬᠦᠴᠡᠯ ᠨᠢ ᠵᠠᠬ᠎ᠠ | ᠳᠡᠯᠭᠡᠭᠦᠷ ᠤᠨᠢᠲᠡᠭᠡᠯ ᠵᠣᠷᠢᠭ ᠢ ᠬᠥᠪᠴᠢᠯᠡᠵᠦ᠂ ᠬᠡᠷᠡᠭᠯᠡᠭᠡ | ᠪᠣᠯᠤᠨ ᠦᠢᠯᠡᠳᠪᠦᠷᠢᠯᠡᠯ ᠢ ᠥᠷᠭᠡᠳᠬᠡᠬᠦ ᠳᠤ ᠠᠰᠢᠭᠲᠠᠢ ᠶᠤᠮ᠂ | ᠡᠨᠡ ᠨᠢ ᠡᠵᠡᠩᠨᠡᠯᠲᠡ ᠶᠢᠨ ᠪᠡᠶᠡᠴᠢ ᠴᠣᠭᠴᠠ ᠶᠢᠨ《ᠰᠡᠳᠬᠢᠯ ᠢ | ᠠᠮᠤᠷᠵᠢᠭᠤᠯᠵᠤ》᠂ ᠬᠥᠭᠵᠢᠯᠲᠡ ᠶᠢᠨ ᠡᠷᠴᠢ ᠵᠣᠷᠢᠭ ᠢ ᠨᠢ | ᠴᠢᠩᠭᠠᠯᠠᠬᠰᠠᠨ ᠪᠠᠶᠢᠨ᠎ᠠ᠃ | ᠬᠡᠷᠡᠭᠯᠡᠭᠴᠢᠳ ᠤᠨ ᠬᠤᠶᠢᠰᠢᠳᠠ ᠶᠢᠨ ᠵᠣᠪᠠᠨᠢᠯ ᠢ | ᠪᠠᠭᠠᠰᠬᠠᠵᠤ᠂ ᠬᠡᠷᠡᠭᠯᠡᠭᠡᠨ ᠤ ᠳᠠᠯᠳᠠ ᠬᠦᠴᠦᠨ ᠢ | ᠪᠠᠳᠠᠷᠠᠭᠤᠯᠪᠠ᠃ | ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠨᠢ | ᠭᠡᠳᠦᠢ ᠰᠢᠭᠤᠳ ᠰᠢᠯᠤᠭᠤᠨ ᠪᠣᠯ ᠬᠡᠷᠡᠭᠯᠡᠭᠴᠢᠳ ᠤᠨ | ᠬᠤᠶᠢᠰᠢᠳᠠ ᠶᠢᠨ ᠵᠣᠪᠠᠨᠢᠯ ᠲᠡᠳᠦᠢ ᠪᠠᠭᠠᠪᠣᠯᠤᠨᠠ᠃ | ᠬᠡᠷᠡᠭᠯᠡᠭᠡᠨ ᠤ ᠣᠷᠴᠢᠨ ᠨᠥᠬᠦᠴᠡᠯ ᠨᠠᠩ ᠡᠷᠡᠭᠦᠯ ᠪᠥᠭᠡᠳ ᠡᠮᠬᠢ | ᠵᠢᠷᠤᠮ ᠲᠠᠢ ᠪᠣᠯᠬᠤ ᠶᠢ ᠳᠠᠭᠠᠯᠳᠤᠨ᠂ ᠬᠥᠮᠦᠰ ᠤᠨ | ᠪᠡᠶ᠎ᠡ ᠪᠠᠨ ᠳᠠᠭᠠᠭᠠᠵᠤ ᠬᠡᠷᠡᠭᠯᠡᠭᠡᠬᠢᠬᠦ ᠤᠬᠠᠮᠰᠠᠷ ᠪᠠ | ᠠᠰᠠᠭᠤᠳᠠᠯ ᠢ ᠢᠯᠭᠠᠨ ᠲᠠᠨᠢᠬᠤ ᠴᠢᠳᠠᠪᠤᠷᠢ ᠲᠡᠭᠡᠭᠰᠢᠯᠡᠭᠰᠡᠨ | ᠪᠠᠶᠢᠨ᠎ᠠ᠃ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ | ᠠᠷᠭ᠎ᠠ ᠵᠠᠮ ᠢ ᠤᠯᠠᠮᠴᠢᠨᠠᠬᠰᠢᠳᠠ ᠰᠢᠯᠤᠭᠤᠳᠬᠠᠬᠤ ᠶᠢᠨ | ᠲᠤᠰᠠᠳᠠ᠂ ᠬᠡᠷᠡᠭᠯᠡᠭᠡᠨ ᠤ ᠳᠠᠯᠳᠠ ᠬᠦᠴᠦᠨ ᠢ ᠲᠠᠰᠤᠷᠠᠯᠲᠠ | ᠥᠬᠡᠶ ᠪᠠᠳᠠᠷᠠᠭᠤᠯᠵᠤ᠂ ᠬᠡᠷᠡᠭᠯᠡᠭᠡ ᠶᠢᠨ ᠦᠷᠭᠦᠯᠵᠢᠯᠡᠨ | ᠰᠡᠷᠭᠦᠬᠦ ᠶᠢᠠᠬᠢᠭᠤᠯᠵᠠᠢ᠃ ᠰᠦᠯᠵᠢᠶᠡᠨ ᠳᠡᠭᠡᠷᠡᠬᠢ | ᠵᠢᠭᠤᠷᠠᠯᠳᠤᠭᠠᠨ ᠢ ᠰᠢᠢᠳᠪᠦᠷᠢᠯᠡᠬᠦ ᠲᠣᠭᠲᠠᠴᠠ ᠶᠢ | ᠭᠦᠨᠵᠡᠭᠡᠶᠢᠷᠡᠭᠦᠯᠵᠦ᠂ ᠡᠷᠬᠡ ᠠᠰᠢᠭ ᠢᠶᠠᠨ ᠬᠠᠮᠠᠭᠠᠯᠠᠬᠤ | ᠦᠢᠯᠡᠴᠢᠯᠡᠭᠡ ᠶᠢᠴᠢᠩᠭᠠᠳᠬᠠᠪᠡ᠃ 《12315 ᠲᠠᠪᠴᠠᠩ ᠳᠤ | ᠢᠯᠡᠴᠢᠯᠡᠨ ᠵᠠᠭᠠᠯᠳᠤᠭᠰᠠᠨ ᠤ ᠬᠤᠶᠠᠳᠤᠭᠠᠷ ᠡᠳᠦᠷ ᠲᠤ᠂ | ᠵᠠᠭᠠᠯᠳᠤᠭᠳᠠᠭᠰᠠᠨ ᠰᠦᠯᠵᠢᠶᠡᠨ ᠳᠡᠯᠭᠡᠭᠦᠷ ᠤᠨ | ᠪᠠᠶᠢᠭᠠᠡᠯᠧᠺᠲᠷᠣᠨ ᠬᠤᠳᠠᠯᠳᠤᠭᠠᠨ ᠤ ᠲᠠᠪᠴᠠᠩ ᠤᠨ ᠬᠢᠨ | ᠨᠠᠳᠠ ᠳᠤ ᠤᠲᠠᠰᠤᠳᠠᠵᠤ᠂ ᠪᠠᠶᠢᠳᠠᠯ ᠢ ᠲᠣᠳᠣᠷᠬᠠᠶ | ᠣᠶᠢᠯᠠᠭᠠᠭᠰᠠᠨ ᠤ ᠳᠠᠷᠠᠭ᠎ᠠ ᠳᠠᠷᠦ᠋ᠢᠬᠠᠨ | ᠪᠠᠷᠠᠭᠠᠪᠤᠴᠠᠭᠠᠬᠤ ᠶᠢ ᠵᠥᠪᠰᠢᠶᠡᠷᠡᠵᠡᠢ᠂ ᠤᠳᠤ ᠰᠦᠯᠵᠢᠶᠡᠨ | ᠳᠡᠭᠡᠷ᠎ᠡ ᠪᠠᠷᠠᠭ᠎ᠠ ᠬᠤᠳᠠᠯᠳᠤᠨ ᠠᠪᠬᠤ ᠳᠤ ᠨᠠᠩ ᠰᠠᠨᠠᠭ᠎ᠠ | ᠠᠮᠤᠷ ᠪᠣᠯᠪᠠ︕》 ᠭᠡᠵᠦ ᠪᠡᠭᠡᠵᠢᠩ ᠤᠨ ᠬᠠᠶᠳ᠋ᠢᠶᠠᠨ | ᠲᠣᠭᠤᠷᠢᠭ ᠤᠨ ᠬᠤᠲᠠ ᠶᠢᠨ ᠠᠷᠠᠳ ᠵᠠᠩ ᠵᠣᠣ ᠷᠠᠨ ᠬᠡᠯᠡᠯ᠎ᠡ᠃ | ᠣᠶᠢᠷ᠎ᠠ ᠶᠢᠨ ᠵᠢᠯ ᠤᠳ ᠲᠤ᠂ ᠤᠯᠤᠰ ᠤᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ | ᠲᠣᠪᠴᠢᠶ᠎ᠠ ᠨᠢ ᠰᠦᠯᠵᠢᠶᠡᠨ ᠳᠡᠭᠡᠷᠡᠬᠢᠵᠢᠭᠤᠷᠠᠯᠳᠤᠭᠠᠨ ᠢ | ᠰᠢᠢᠳᠪᠦᠷᠢᠯᠡᠬᠦ ᠲᠣᠭᠲᠠᠴᠠ ᠶᠢᠨ ᠪᠠᠶᠢᠭᠤᠯᠤᠯᠲᠠ ᠶᠢ | ᠭᠦᠨᠵᠡᠭᠡᠶᠢᠷᠡᠭᠦᠯᠵᠦ᠂ 11.4 ᠲᠦᠮᠡᠨ ᠬᠤᠯᠪᠣᠭᠳᠠᠯ ᠪᠥᠬᠦᠶ ᠠᠵᠤ | ᠠᠬᠤᠶᠢᠯᠠᠯ ᠤᠨ ᠪᠥᠬᠦᠤᠯᠤᠰ ᠤᠨ 12315 ᠲᠠᠪᠴᠠᠩ ᠳᠤ ᠣᠷᠣᠵᠤ | ᠰᠠᠭᠤᠬᠤ ᠶᠢ ᠠᠬᠢᠭᠤᠯᠪᠠ᠃ ᠤᠯᠠᠮᠵᠢᠯᠠᠯᠲᠤ ᠡᠶᠡᠳᠡᠭᠦᠯᠭᠡ ᠲᠠᠢ | ᠬᠠᠷᠢᠴᠠᠭᠤᠯᠪᠠᠯ᠂ ᠵᠢᠭᠤᠷᠠᠯᠳᠤᠭᠠᠨ ᠢ | ᠰᠢᠢᠳᠪᠦᠷᠢᠯᠡᠬᠦᠴᠠᠭ ᠨᠢ 14.2 ᠡᠳᠦᠷ ᠪᠣᠭᠤᠨᠢᠰᠴᠦ᠂ | ᠡᠶᠡᠳᠡᠯᠲᠡ ᠶᠢᠨ ᠨᠣᠷᠮ᠎ᠠ ᠨᠢ11.25 ᠵᠠᠭᠤᠨ ᠤ ᠬᠤᠪᠢ ᠶᠢᠨ ᠴᠡᠭ | ᠳᠡᠭᠡᠭᠰᠢᠯᠡᠵᠡᠢ᠃ | ᠪᠦᠷᠢᠳᠬᠡᠯ ᠢ ᠦᠨᠳᠦᠰᠦᠯᠡᠪᠡᠯ᠂ ᠨᠢᠳᠤᠨᠤᠨ ᠤ ᠵᠢᠯ ᠤᠨ ᠡᠴᠦᠰ | ᠪᠣᠯᠲᠠᠯ᠎ᠠ᠂ ᠪᠥᠬᠦ ᠤᠯᠤᠰ ᠤᠨ 12315 ᠲᠠᠪᠴᠠᠩ ᠨᠢ 7078.94 ᠲᠦᠮᠡᠨ | ᠬᠤᠪᠢᠢᠯᠡᠴᠢᠯᠡᠨ ᠵᠠᠭᠠᠯᠳᠤᠯᠭ᠎ᠠ ᠪᠠ ᠠᠰᠠᠭᠤᠨ | ᠯᠠᠪᠯᠠᠯᠭ᠎ᠠ ᠶᠢ ᠭᠥᠯᠢᠶᠡᠨ ᠠᠪᠴᠤ ᠰᠢᠢᠳᠪᠦᠷᠢᠯᠡᠨ᠂ | ᠬᠡᠷᠡᠭᠯᠡᠭᠴᠢᠳ ᠲᠤ 123.02 ᠳ᠋ᠦᠩᠰᠢᠭᠤᠷ ᠲᠥᠭᠦᠷᠢᠭ ᠤᠨ | ᠠᠵᠤᠠᠬᠤᠶ ᠶᠢᠨ ᠬᠤᠬᠢᠷᠠᠯ ᠢ ᠡᠭᠡᠭᠦᠯᠦᠨ ᠠᠪᠴᠢᠷᠠᠵᠦ ᠦᠭᠴᠡᠢ᠃ | ᠵᠠᠭᠠᠯᠳᠤᠯᠭ᠎ᠠ ᠶᠢ ᠬᠠᠮᠵᠢᠯᠴᠠᠨ ᠰᠢᠢᠳᠪᠦᠷᠢᠯᠡᠬᠦ ᠲᠦᠷᠢᠮ ᠢ | ᠲᠡᠭᠦᠯᠳᠡᠷᠵᠢᠭᠦᠯᠵᠦ᠂ ᠵᠠᠭᠠᠯᠳᠤᠯᠭ᠎ᠠ ᠶᠢᠰᠢᠢᠳᠪᠦᠷᠢᠯᠡᠬᠦ | ᠨᠤᠷᠮ᠎ᠠ ᠪᠠ ᠬᠠᠨᠤᠮᠵᠢ ᠶᠢᠨ ᠬᠡᠮᠵᠢᠶ᠎ᠡ ᠶᠢ | ᠳᠡᠭᠡᠭᠰᠢᠯᠡᠭᠦᠯᠪᠡ᠃ 《ᠵᠠᠭᠠᠯᠳᠤᠯᠭ᠎ᠠ ᠶᠢᠨ ᠠᠵᠢᠯ ᠤᠨ | ᠲᠣᠭᠲᠠᠴᠠ ᠶᠢᠨ ᠪᠠᠶᠢᠭᠤᠯᠤᠯᠲᠠ ᠶᠢ | ᠦᠷᠭᠦᠯᠵᠢᠯᠡᠨᠴᠢᠩᠭᠠᠳᠬᠠᠵᠤ᠂ ᠵᠠᠭᠠᠯᠳᠤᠯᠭ᠎ᠠ ᠶᠢ | ᠬᠠᠮᠵᠢᠯᠴᠠᠨ ᠰᠢᠢᠳᠪᠦᠷᠢᠯᠡᠬᠦ ᠲᠦᠷᠢᠮ ᠢ | ᠲᠡᠭᠦᠯᠳᠡᠷᠵᠢᠭᠦᠯᠵᠦ᠂ ᠬᠡᠷᠡᠭᠯᠡᠭᠡ ᠶᠢᠨ ᠵᠠᠭᠠᠯᠳᠤᠯᠭ᠎ᠠ ᠶᠢ | ᠰᠢᠢᠳᠪᠦᠷᠢᠯᠡᠬᠦ ᠨᠣᠷᠮ᠎ᠠ ᠪᠠᠬᠠᠨᠤᠮᠵᠢ ᠶᠢᠨ ᠬᠡᠮᠵᠢᠶ᠎ᠡ ᠶᠢ | ᠳᠡᠭᠡᠭᠰᠢᠯᠡᠭᠦᠯᠤᠨ᠎ᠡ᠃ ᠠᠷᠠᠳ ᠣᠯᠠᠨ ᠤ ᠬᠡᠷᠡᠭᠯᠡᠭᠡᠨ ᠤ | ᠳᠤᠮᠳᠠᠬᠢ ᠬᠦᠷᠲᠡᠮᠵᠢ ᠶᠢᠨ ᠲᠥᠷᠥᠭᠳᠡᠯ᠂ ᠵᠤᠯ ᠵᠢᠷᠭᠠᠯᠲᠤ | ᠲᠥᠷᠥᠭᠳᠡᠯ᠂ ᠠᠮᠤᠷᠲᠦᠪᠰᠢᠨ ᠤ ᠲᠥᠷᠥᠭᠳᠡᠯ ᠢ ᠨᠠᠩ | ᠲᠡᠭᠦᠯᠳᠡᠷ᠂ ᠨᠠᠩ ᠪᠠᠲᠤᠯᠠᠭ᠎ᠠ ᠲᠠᠢ᠂ ᠨᠠᠩ | ᠦᠷᠭᠦᠯᠵᠢᠯᠡᠬᠦ᠋ᠢᠴᠡ ᠪᠣᠯᠭᠠᠨ᠎ᠠ》 ᠭᠡᠵᠦ ᠳᠤᠮᠳᠠᠳᠤ ᠤᠯᠤᠰ ᠤᠨ | ᠬᠡᠷᠡᠭᠯᠡᠭᠴᠢᠳ ᠤᠨᠨᠡᠶᠢᠭᠡᠮᠯᠢᠭ ᠤᠨ ᠳᠡᠳ᠋ ᠳᠠᠷᠤᠭ᠎ᠠ ᠪᠥᠭᠡᠳ | ᠨᠠᠷᠢᠨ ᠪᠢᠴᠢᠭ ᠤᠨ ᠳᠠᠷᠤᠭ᠎ᠠ ᠫᠸᠡᠭ ᠰᠢᠨ ᠮᠢᠨ ᠬᠡᠯᠡᠪᠡ᠃ | ᠬᠡᠷᠡᠭᠯᠡᠭᠡᠨ ᠤ ᠰᠠᠶᠢᠨ ᠰᠠᠶᠢᠬᠠᠨ ᠣᠷᠴᠢᠨ ᠨᠥᠬᠦᠴᠡᠯ | ᠪᠣᠯᠬᠡᠷᠡᠭᠯᠡᠭᠡᠨ ᠤ ᠢᠲᠡᠭᠡᠯ ᠢ ᠨᠡᠮᠡᠭᠳᠡᠭᠦᠯᠵᠦ᠂ | ᠨᠡᠶᠢᠭᠡᠮ ᠤᠨ ᠬᠡᠷᠡᠭᠯᠡᠭᠡ ᠶᠢ ᠠᠬᠢᠭᠤᠯᠬᠤ ᠴᠢᠬᠤᠯᠠ | ᠵᠠᠩᠭᠢᠯᠠᠭ᠎ᠠ ᠮᠥᠨ᠃ ᠣᠯᠠᠨ ᠵᠦᠢᠯ ᠤᠨ ᠠᠷᠭ᠎ᠠ ᠬᠡᠮᠵᠢᠶ᠎ᠡ ᠶᠢ | ᠵᠡᠷᠭᠡ ᠪᠠᠷᠬᠡᠷᠡᠭᠯᠡᠨ ᠬᠡᠷᠡᠭᠯᠡᠭᠴᠢᠳ ᠤᠨ ᠬᠠᠤᠯᠢ ᠶᠣᠰᠣᠨ ᠤ | ᠡᠷᠬᠡ ᠠᠰᠢᠭ ᠢ ᠰᠠᠶᠢᠲᠤᠷ ᠪᠠᠲᠤᠯᠠᠵᠤ᠂ ᠬᠡᠷᠡᠭᠯᠡᠭᠡᠨ ᠤ | ᠣᠷᠴᠢᠨ ᠨᠥᠬᠦᠴᠡᠯ ᠢ ᠦᠷᠭᠦᠯᠵᠢᠯᠡᠨ | ᠰᠢᠯᠢᠳᠡᠭᠵᠢᠭᠦᠯᠬᠦ ᠨᠢᠬᠡᠷᠡᠭᠯᠡᠭᠡᠨ ᠤ ᠳᠠᠯᠳᠠ ᠬᠦᠴᠦᠨ ᠢ | ᠲᠠᠰᠤᠷᠠᠯᠲᠠ ᠥᠬᠡᠶ ᠬᠥᠭᠵᠢᠭᠡᠬᠦ᠂ ᠬᠡᠷᠡᠭᠯᠡᠭᠡᠨ ᠤ ᠵᠠᠬ᠎ᠠ | ᠳᠡᠯᠭᠡᠭᠦᠷ ᠤᠨ ᠦᠷᠭᠦᠯᠵᠢᠯᠡᠨ ᠰᠠᠶᠢᠵᠢᠷᠠᠬᠤ ᠶᠢ | ᠠᠬᠢᠭᠤᠯᠬᠤ ᠳᠤᠠᠰᠢᠭᠲᠠᠶ ᠶᠤᠮ᠃ | ︵ᠠᠷᠠᠳ ᠤᠨ ᠡᠳᠦᠷ ᠤᠨ ᠰᠣᠨᠢᠨ ᠤ ᠰᠤᠷᠪᠤᠯᠵᠢᠯᠠᠭᠴᠢ ᠯᠢᠨ ᠯᠢ | ᠯᠢ᠂ ᠴᠢ ᡁᠢ ᠮᠢᠩ᠂ ᠸᠠᠩ ᠬᠤᠤ ᠨᠠᠨ᠂ ᠬᠤᠸᠠᠩ ᠰᠢᠶᠤᠤ ᠬᠤᠢ︶ | | |