ᠭᠤᠸ ᠷᠦᠨ ᠰᠢ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ ᠪᠥᠬᠦ ᠬᠤᠲᠠ ᠶᠢᠨ ᠠᠵᠤ ᠠᠬᠤᠢ ᠶᠢᠨ ᠶᠠᠪᠤᠭᠳᠠᠯ ᠤᠨ ᠪᠠᠶᠢᠳᠠᠯ ᠢ ᠵᠠᠳᠠᠯᠤᠨᠵᠤᠬᠢᠴᠠᠭᠤᠯᠵᠤ ᠲᠠᠷᠠᠭᠠᠴᠢ ᠶᠢᠨ ᠱᠠᠲᠤᠨ ᠤ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ
  
2023/6/30
     6 ᠰᠠᠷ᠎ᠠ ᠶᠢᠨ 26 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠭᠤᠸ ᠷᠦᠨ ᠰᠢ ᠲᠤᠰᠬᠠᠢ ᠰᠡᠳᠦᠪᠲᠦ ᠬᠤᠷᠠᠯ ᠡᠷᠭᠢᠯᠡᠨ ᠬᠤᠷᠠᠯᠳᠤᠭᠤᠯᠵᠤ᠂ ᠪᠥᠬᠦ ᠬᠤᠲᠠ ᠶᠢᠨ ᠡᠯ᠎ᠡ ᠵᠦᠢᠯ ᠤᠨ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢᠰᠣᠨᠣᠰᠴᠤ᠂ ᠲᠦᠷᠦᠭᠦᠸ ᠬᠠᠭᠠᠰ ᠵᠢᠯ ᠤᠨ ᠠᠵᠤ ᠠᠬᠤᠢ ᠶᠢᠨ ᠪᠠᠶᠢᠳᠠᠯ ᠢ ᠵᠠᠳᠠᠯᠤᠨ ᠰᠤᠳᠤᠯᠵᠤ ᠮᠠᠭᠠᠳᠯᠠᠨ᠂ ᠲᠠᠷᠠᠭᠠᠴᠢ ᠶᠢᠨ ᠱᠠᠲᠤᠨ ᠤ ᠭᠤᠣᠯᠳᠠᠯᠭ᠎ᠠ ᠲᠠᠢᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃
820251f68a0c2273c2657f156b94b603_6382354805673515311649470.jpg
     ᠬᠤᠳᠠ ᠶᠢᠨ ᠤᠳᠤᠷᠢᠳᠤᠯᠭ᠎ᠠ ᠪᠠᠢ ᠬᠠᠢ ᠯᠢᠨ᠂ ᠬᠤ᠋ ᠵᠤᠤ ᠮᠢᠨ᠂ ᠵᠠᠩ ᠴᠤᠸᠠᠨ ᠬᠤᠸᠠ ᠪᠣᠯᠣᠨ ᠬᠤᠳᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
6bfa31bd409f55d242eb43d49ef6a01a_6382354807679764765421178.jpg
     ᠭᠤᠣ ᠷᠦᠨ ᠰᠢ᠂ ᠡᠨᠡ ᠵᠢᠯ ᠠᠴᠠ ᠨᠠᠰᠢ᠂ ᠪᠦᠬᠦ ᠬᠤᠲᠠ ᠪᠠᠷ ᠢᠶᠠᠨ 《ᠲᠠᠪᠤᠨ ᠶᠡᠭᠡ ᠡᠭᠦᠷᠭᠡ》  ᠴᠢᠨᠠᠷ ᠰᠠᠶᠢᠲᠠᠢ ᠪᠡᠶᠡᠯᠡᠭᠦᠯᠬᠦ ᠪᠠ 《ᠵᠢᠱᠢᠶᠡᠴᠢ ᠥᠪᠡᠷᠲᠡᠭᠡᠨ ᠵᠠᠰᠠᠬᠤ ᠣᠷᠣᠨ》 ᠢ ᠪᠦᠬᠦ ᠲᠠᠯ᠎ᠠ  ᠪᠠᠷ ᠪᠦᠲᠦᠭᠡᠨ ᠪᠠᠶᠢᠭᠤᠯᠬᠤ ᠬᠤᠶᠠᠷ ᠲᠤᠮᠤ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ    ᠦᠢᠯᠡᠰ ᠤᠨ ᠬᠥᠭᠵᠢᠯᠲᠡ ᠶᠢᠨ 《ᠲᠠᠪᠤᠨ ᠶᠡᠭᠡ ᠠᠵᠢᠯᠯᠠᠭᠠᠨ ᠤ ᠲᠥᠯᠥᠪᠯᠡᠭᠡ》 ᠶᠢ ᠭᠦᠨᠵᠡᠭᠡᠶᠢᠷᠡᠬᠦᠯᠦᠨ ᠪᠣᠳᠠᠲᠠᠶᠢᠵᠢᠭᠤᠯᠵᠤ᠂ ᠪᠥᠬᠦ ᠬᠦᠴᠦᠨ ᠢᠶᠠᠷ ᠢᠶᠠᠨ    ᠬᠥᠭᠵᠢᠯᠲᠡ ᠶᠢ ᠠᠳᠬᠤᠨ᠂ ᠠᠵᠤ ᠦᠢᠯᠡᠰ ᠢ ᠠᠳᠬᠤᠨ᠂ ᠲᠥᠷᠥᠯ ᠵᠦᠢᠯ ᠢ ᠠᠳᠬᠤᠨ᠂ ᠬᠤᠳᠠᠯᠳᠤᠭᠠᠴᠢᠨ ᠤᠷᠢᠬᠤ ᠶᠢ ᠠᠳᠬᠤᠨ᠂ ᠣᠷᠴᠢᠨ ᠠᠬᠤᠢ ᠶᠢ  ᠠᠳᠬᠤᠨ᠂ ᠨᠡᠭᠡᠭᠡᠯᠲᠡ ᠬᠢᠬᠦ ᠶᠢ ᠠᠳᠬᠤᠨ᠂ ᠬᠡᠷᠡᠭᠯᠡᠭᠡ ᠶᠢ ᠠᠳᠬᠤᠨ᠂ ᠨᠠᠶᠢᠳᠠᠪᠤᠷᠢᠵᠢᠭᠤᠯᠤᠯᠲᠠ ᠶᠢ ᠠᠳᠬᠤᠵᠤ᠂ ᠠᠵᠤ ᠠᠬᠤᠢ ᠶᠢᠨ ᠶᠠᠪᠤᠭᠳᠠᠯ ᠤᠨ  ᠬᠥᠭᠵᠢᠯᠲᠡ ᠶᠢᠨ ᠰᠠᠶᠢᠨ ᠪᠠᠶᠢᠳᠠᠯ ᠢ ᠪᠠᠲᠤᠯᠠᠵᠤ᠂ 《ᠲᠣᠭᠲᠠᠭᠤᠨ ᠪᠠᠶᠢᠯᠭᠠᠬᠤ》 ᠬᠠᠷᠠᠯᠲᠠ ᠶᠢ ᠪᠡᠶᠡᠯᠡᠭᠦᠯᠦᠨ᠂ 《ᠤᠷᠤᠭᠰᠢᠯᠠᠬᠤ》 ᠪᠠᠶᠢᠳᠠᠯ ᠢ    ᠦᠷᠭᠦᠯᠵᠢᠯᠡᠭᠦᠯᠵᠦ᠂ 《ᠰᠢᠯᠢᠳᠡᠭ》 ᠤᠨ ᠦᠢᠯᠡᠳᠦᠯ ᠢ ᠲᠣᠪᠤᠶᠢᠯᠭᠠᠨ᠂ 《ᠰᠢᠨ᠎ᠡ》 ᠬᠥᠳᠡᠯᠭᠡᠬᠦ ᠬᠦᠴᠦᠨ ᠢ ᠴᠢᠩᠭᠠᠷᠠᠭᠤᠯᠵᠤ᠂ 《ᠰᠠᠶᠢᠨ》 ᠤ    ᠵᠢᠱᠢᠯᠲᠡ ᠶᠢ ᠪᠠᠬᠢᠵᠢᠭᠦᠯᠪᠡ᠃ ᠪᠥᠬᠦ ᠬᠤᠲᠠ ᠪᠠᠷ ᠢᠶᠠᠨ ᠢᠲᠡᠭᠡᠯ ᠵᠣᠷᠢᠭ ᠢᠶᠠᠨ ᠠᠯᠬᠤᠮ ᠴᠢᠨᠠᠭᠰᠢᠳᠠ ᠪᠠᠲᠤᠳᠬᠠᠵᠤ᠂ ᠳᠠᠷᠤᠯᠲᠠ ᠥᠭᠴᠦ ᠡᠷᠡᠯᠬᠡᠭᠯᠡᠨ ᠤᠷᠤᠭᠰᠢᠯᠠᠵᠤ᠂ ᠪᠦᠲᠦᠮᠵᠢᠲᠡᠶ ᠠᠷᠭ᠎ᠠ ᠪᠠᠷᠢᠯ ᠢ ᠦᠷᠭᠦᠯᠵᠢᠯᠡᠨ ᠰᠠᠶᠢᠲᠤᠷ ᠬᠡᠷᠡᠭᠯᠡᠨ᠂ ᠳᠤᠲᠠᠭᠤᠳᠠᠯ ᠢᠶᠠᠨ ᠴᠢᠷᠮᠠᠶᠢᠨ ᠨᠥᠬᠦᠪᠦᠷᠢᠯᠡᠵᠦ᠂  ᠪᠠᠭᠤᠷᠠᠢ ᠲᠠᠯ᠎ᠠ ᠪᠠᠨ    ᠴᠢᠩᠭᠠᠷᠠᠭᠤᠯᠵᠤ᠂ ᠰᠢᠪᠲᠤᠯᠤᠯᠳᠠ ᠬᠢᠬᠦ ᠴᠠᠭ ᠤᠨ ᠡᠭᠦᠷᠭᠡ ᠶᠢᠨ ᠬᠤᠤᠰ ᠳᠠᠪᠠᠯᠳᠠ ᠶᠢ ᠪᠡᠶᠡᠯᠡᠬᠦᠯᠬᠦ ᠪᠠᠷ ᠬᠦᠴᠦᠯᠡᠨ ᠴᠢᠷᠮᠠᠶᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃    
9cc4f6399b140befe8ac8ffadf50b1b0_6382354809553202506463702.jpg
        ᠭᠤᠸ ᠷᠦᠨ ᠰᠢ᠂ ᠣᠳᠣᠬᠠᠨ ᠳᠤ ᠶᠠᠭ ᠲᠦᠷᠦᠭᠦᠸ ᠬᠠᠭᠠᠰ ᠵᠢᠯ ᠤᠨ ᠰᠡᠭᠦᠯ ᠬᠤᠷᠢᠶᠠᠬᠤ ᠵᠠᠩᠭᠢᠯᠠᠭ᠎ᠠ ᠶᠢᠨ ᠴᠠᠭ ᠪᠤᠯᠪᠠ᠂ ᠡᠯ᠎ᠡ ᠱᠠᠲᠤ ᠡᠯ᠎ᠡ ᠭᠠᠵᠠᠷᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠪᠠᠨ ᠴᠢᠯᠦᠭᠡᠯᠡᠵᠦ᠂ ᠰᠡᠳᠬᠢᠮᠵᠢ ᠪᠠᠨ ᠥᠷᠭᠡᠳᠬᠡᠨ᠂ ᠲᠣᠭᠲᠠᠭᠰᠠᠨ ᠬᠠᠷᠠᠯᠲᠠᠡᠭᠦᠷᠭᠡ ᠶᠢᠨ ᠶᠣᠰᠣᠭᠠᠷ᠂ ᠠᠵᠤ ᠠᠬᠤᠢ ᠶᠢᠨ ᠶᠠᠪᠤᠭᠳᠠᠯ ᠤᠨ ᠲᠣᠬᠢᠷᠠᠭᠤᠯᠤᠯᠲᠠ ᠪᠠ ᠪᠦᠷᠢᠳᠬᠡᠯ ᠤᠨ ᠬᠢᠨᠠᠨ ᠬᠡᠮᠵᠢᠯᠲᠡ ᠶᠢ ᠪᠥᠬᠦ ᠲᠠᠯ᠎ᠠ ᠪᠠᠷ ᠴᠢᠩᠭᠠᠳᠬᠠᠵᠤ᠂ᠭᠤᠣᠯᠳᠠᠯᠭ᠎ᠠ ᠲᠠᠢ ᠠᠵᠢᠯ ᠲᠥᠷᠥᠯ ᠪᠠ ᠰᠠᠭᠤᠷᠢ ᠴᠢᠨᠠᠷᠲᠠᠢ ᠭᠦᠢᠴᠡᠳᠬᠡᠯ ᠲᠤᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠳᠤᠲᠠᠭᠤᠳᠠᠯ ᠢᠶᠠᠨ ᠪᠠᠶᠢᠴᠠᠭᠠᠨᠨᠥᠬᠦᠪᠦᠷᠢᠯᠡᠵᠦ᠂ ᠰᠢᠢᠳᠪᠦᠷᠢᠯᠡᠬᠦ ᠰᠡᠳᠬᠢᠬᠦᠢ ᠪᠠᠨ ᠴᠢᠩᠭᠠᠳᠬᠠᠨ᠂ ᠬᠠᠮᠤᠭ ᠤᠨ ᠶᠡᠭᠡ ᠴᠢᠷᠮᠠᠶᠢᠯᠭ᠎ᠠ ᠭᠠᠷᠭᠠᠵᠤ᠂ ᠬᠠᠮᠤᠭ ᠤᠨ ᠶᠡᠭᠡ ᠳᠠᠯᠳᠠ ᠬᠦᠴᠦᠨ ᠢᠠᠭᠤᠳᠠᠯᠵᠤ᠂ ᠬᠠᠮᠤᠭ ᠤᠨ ᠰᠠᠶᠢᠨ ᠦᠷ᠎ᠡ ᠳ᠋ᠦᠩ ᠢ ᠣᠯᠬᠤ ᠬᠡᠷᠡᠭᠲᠡᠢ᠃ ᠭᠤᠣᠯᠳᠠᠯᠭ᠎ᠠ ᠲᠠᠢ ᠲᠦᠷᠦᠯ ᠵᠦᠢᠯ ᠤᠨ ᠠᠬᠢᠴᠠ ᠶᠢ ᠪᠦᠬᠦ ᠬᠦᠴᠦᠨ ᠢᠶᠠᠷ ᠲᠦᠷᠭᠡᠳᠬᠡᠵᠦ᠂ ᠨᠡᠩ ᠤᠯᠠᠨ ᠪᠦᠲᠦᠮᠵᠢᠲᠡᠢ ᠪᠡᠯᠡ ᠣᠷᠣᠭᠤᠯᠤᠯᠲᠠ ᠶᠢ ᠪᠦᠷᠢᠯᠳᠦᠭᠦᠯᠵᠦ᠂ ᠬᠤᠷᠢᠶᠠᠬᠤ ᠶᠣᠰᠣᠲᠠᠢ ᠶᠢ ᠨᠢ ᠪᠦᠬᠦᠨ ᠢ ᠬᠤᠷᠢᠶᠠᠵᠤ᠂ ᠨᠢᠭᠡᠳᠬᠡᠬᠦ ᠶᠣᠰᠣᠲᠠᠢ ᠶᠢ ᠨᠢᠪᠦᠬᠦᠨ ᠢ ᠨᠢᠭᠡᠳᠦᠯᠵᠢᠬᠦᠯᠬᠦ ᠶᠢ ᠪᠠᠲᠤᠯᠠᠬᠤ ᠬᠡᠷᠡᠭᠲᠡᠢ︔ ᠳᠠᠪᠠᠭᠤᠯᠢᠭ ᠢ ᠴᠢᠩᠭ᠎ᠠ ᠠᠩᠬᠠᠷᠴᠤ᠂ ᠣᠨᠴᠠᠯᠢᠭ ᠢ ᠴᠢᠩᠭᠠᠳᠬᠠᠵᠤ᠂ ᠠᠵᠤ ᠦᠢᠯᠡᠳᠪᠦᠷᠢ ᠶᠢᠨ ᠠᠵᠤᠠᠬᠤᠢ ᠶᠢᠨ ᠴᠢᠳᠠᠪᠤᠷᠢ ᠶᠢ ᠥᠷᠭᠡᠳᠬᠡᠨ ᠦᠷ᠎ᠡ ᠠᠰᠢᠭ ᠢ ᠨᠡᠮᠡᠭᠳᠡᠭᠦᠯᠬᠦ ᠶᠢ ᠪᠠᠬᠢᠵᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠭᠠᠷᠤᠯᠲᠠ ᠶᠢᠲᠣᠭᠲᠠᠪᠤᠷᠢᠵᠢᠭᠤᠯᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠵᠤ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠶᠢ ᠬᠡᠷᠡᠭᠵᠢᠭᠦᠯᠦᠨ ᠬᠡᠷᠡᠭᠯᠡᠭᠡᠨ ᠤ ᠳᠠᠯᠳᠠ ᠬᠦᠴᠦᠨ ᠢᠪᠠᠳᠠᠷᠠᠭᠤᠯᠵᠤ᠂ ᠴᠢᠨᠠᠷ ᠰᠠᠶᠢᠲᠠᠢ ᠬᠥᠭᠵᠢᠯᠲᠡ ᠳᠤ ᠬᠥᠳᠡᠯᠭᠡᠬᠦ ᠬᠦᠴᠦᠨ ᠢ ᠨᠡᠮᠡᠭᠳᠡᠭᠦᠯᠬᠦ ᠬᠡᠷᠡᠭᠲᠡᠢ︔ ᠢᠳᠡᠪᠬᠢᠲᠡᠢ ᠰᠠᠨᠠᠭᠠᠴᠢᠯᠠᠭ᠎ᠠ ᠲᠠᠢ ᠠᠵᠢᠯᠯᠠᠵᠤ᠂ ᠬᠠᠮᠵᠢᠯᠴᠠᠨᠬᠠᠮᠲᠤᠷᠠᠯᠴᠠᠬᠤ ᠶᠢ ᠴᠢᠩᠭᠠᠳᠬᠠᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠬᠡᠳᠡᠷᠬᠦ ᠰᠢᠮᠳᠠᠭᠤᠯᠵᠤ᠂ ᠬᠢᠨᠠᠯᠲᠠ ᠲᠠᠯᠪᠢᠵᠤ ᠬᠢᠨᠠᠨ ᠰᠢᠯᠭᠠᠬᠤ ᠶᠢᠴᠢᠩᠳᠠᠯᠠᠵᠤ᠂ 《ᠬᠠᠭᠠᠰ ᠵᠢᠯ ᠳᠤ ᠪᠠᠨ ᠲᠣᠭᠲᠠᠭᠤᠨ᠂ ᠬᠠᠭᠠᠰ ᠵᠢᠯ ᠳᠤ ᠪᠠᠨ ᠤᠷᠤᠭᠰᠢᠯᠠᠯ ᠲᠠᠢ》 ᠪᠠᠶᠢᠬᠤ ᠬᠠᠷᠠᠯᠲᠠ ᠡᠭᠦᠷᠭᠡ ᠶᠢ ᠪᠡᠶᠡᠯᠡᠭᠦᠯᠬᠦ ᠶᠢ ᠪᠠᠲᠤᠯᠠᠵᠤ》ᠪᠦᠬᠦ ᠵᠢᠯ ᠳᠤ ᠪᠠᠨ ᠲᠣᠭᠲᠠᠭᠤᠨ᠂ ᠪᠦᠬᠦ ᠵᠢᠯ ᠳᠤ ᠪᠠᠨ ᠤᠷᠤᠭᠰᠢᠯᠠᠯ ᠲᠠᠢ》 ᠪᠠᠶᠢᠬᠤ ᠶᠢ ᠲᠡᠮᠡᠴᠡᠨ ᠣᠯᠬᠤ ᠳᠤ ᠪᠠᠲᠤ ᠪᠠᠬᠢ ᠰᠠᠭᠤᠷᠢ ᠶᠢ ᠪᠠᠲᠤᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃         
  ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ