ᠭᠤᠸ ᠷᠦᠨ ᠰᠢ ᠡᠷᠭᠦᠨ᠎ᠡ ᠬᠤᠲᠠ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ᠄ ᠬᠤᠲᠠ ᠶᠢᠨ ᠨᠠᠷᠢᠯᠢᠭᠵᠢᠯ ᠬᠠᠮᠢᠶᠠᠷᠤᠯᠲᠠ ᠶᠢᠨ ᠲᠦᠪᠰᠢᠨ ᠢᠳᠡᠭᠡᠭᠰᠢᠯᠡᠭᠦᠯᠵᠦ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠲᠡᠭᠦᠯᠳᠡᠷᠵᠢᠭᠦᠯᠵᠦ ᠠᠰᠤᠷᠤ ᠰᠠᠶᠢᠨ ᠣᠷᠴᠢᠨᠠᠬᠤᠢ ᠶᠢᠨ ᠳᠦᠷᠰᠦ ᠪᠠᠶᠢᠳᠠᠯ ᠢ ᠪᠥᠬᠦ ᠲᠠᠯ᠎ᠠ ᠪᠠᠷ ᠢᠯᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠵᠠᠢ
  
2023/6/30
     6 ᠰᠠᠷ᠎ᠠ ᠶᠢᠨ 25 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠭᠤᠸ ᠷᠦᠨ ᠰᠢ ᠡᠷᠭᠦᠨ᠎ᠡ ᠬᠤᠲᠠ ᠳᠤ ᠭᠦᠨᠵᠡᠭᠡᠶᠢᠷᠡᠨ ᠬᠤᠲᠠ ᠶᠢᠨᠨᠠᠷᠢᠯᠢᠭᠵᠢᠯ ᠬᠠᠮᠢᠶᠠᠷᠤᠯᠲᠠ ᠪᠠ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠬᠤ ᠶᠢᠨ ᠬᠠᠮᠲᠤ ᠲᠤᠬᠠᠢ ᠶᠢᠨᠲᠠᠯᠠᠪᠤᠷ ᠤᠨ ᠠᠵᠢᠯᠯᠠᠬᠤ ᠬᠤᠷᠠᠯ ᠬᠤᠷᠠᠯᠳᠤᠭᠤᠯᠵᠤ᠂ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃   
87bf194622c608473a8cfcd28bdbdc00_6382347176637191241774953.jpg
      ᠡᠷᠭᠦᠨ᠎ᠡ ᠬᠤᠲᠠ ᠶᠢᠨ ᠲᠣᠭᠤᠷᠢᠭ ᠲᠤ᠂ ᠵᠡᠭᠡᠯᠢ ᠭᠤᠳᠤᠮᠵᠢ ᠨᠢ ᠴᠡᠪᠡᠷ ᠴᠡᠮᠴᠡᠭᠡᠷ᠂ ᠵᠤᠭᠠᠴᠠᠭᠰᠠᠳ ᠲᠠᠰᠤᠷᠠᠯᠳᠡ ᠦᠭᠡᠢ ᠵᠤᠷᠴᠢᠵᠤ ᠪᠠᠶᠢᠨ᠎ᠠ᠃ ᠭᠤᠣ ᠷᠦᠨᠰᠢ᠂ ᠬᠤᠲᠠ ᠶᠢᠨ ᠨᠠᠷᠢᠯᠢᠭᠵᠢᠯ ᠬᠠᠮᠢᠶᠠᠷᠤᠯᠲᠠ ᠶᠢᠨ ᠲᠦᠪᠰᠢᠨ ᠨᠢ ᠬᠤᠲᠠ ᠶᠢᠨ ᠳᠦᠷᠢ ᠲᠥᠷᠬᠦ ᠴᠢᠨᠠᠷ ᠴᠢᠨᠰᠠᠭ᠎ᠠ ᠳᠤ ᠬᠤᠯᠪᠣᠭᠳᠠᠵᠤ᠂ ᠰᠣᠶᠣᠯ ᠵᠢᠭᠤᠯᠴᠢᠯᠠᠯ ᠤᠨᠠᠵᠤ ᠦᠢᠯᠡᠰ ᠤᠨ ᠬᠥᠭᠵᠢᠯᠲᠡ ᠶᠢ ᠢᠳᠡᠪᠬᠢᠳᠡᠢ ᠠᠬᠢᠭᠤᠯᠬᠤ ᠶᠢ ᠬᠤᠳᠠ ᠶᠢᠨ ᠴᠢᠳᠠᠮᠵᠢ ᠴᠢᠨᠰᠠᠭ᠎ᠠ ᠶᠢ ᠳᠡᠭᠡᠭᠰᠢᠯᠡᠭᠦᠯᠬᠦ ᠯᠦᠭᠡ ᠬᠠᠷᠢᠯᠴᠠᠨ ᠠᠭᠤᠰᠤᠯᠴᠠᠭᠤᠯᠵᠤ᠂ᠨᠠᠷᠢᠯᠢᠭᠵᠢᠭᠤᠯᠬᠤ᠂ ᠪᠠᠶᠢᠩᠭᠤᠵᠢᠭᠤᠯᠬᠤ᠂ ᠪᠠᠶᠢᠩᠭᠤ ᠪᠦᠲᠦᠮᠵᠢᠲᠦ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠬᠦ ᠳᠡᠭᠡᠷ᠎ᠡ ᠦᠷᠭᠦᠯᠵᠢᠯᠡᠨ ᠬᠦᠴᠦ ᠲᠠᠯᠪᠢᠵᠤ᠂ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠲᠠᠢ ᠤᠶᠠᠯᠳᠤᠭᠤᠯᠵᠤ᠂ ᠡᠭᠦᠳᠡᠨ ᠡᠮᠦᠨᠡᠬᠢ 《ᠲᠠᠪᠤ ᠶᠢ ᠳᠠᠭᠠᠭᠠᠴᠢᠯᠠᠬᠤ》 ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠨᠡᠶᠢᠭᠡᠮ ᠤᠨ ᠬᠦᠴᠦᠨ ᠢ ᠥᠷᠭᠡᠨ ᠢᠶᠠᠷ ᠳᠠᠶᠢᠴᠢᠯᠠᠵᠤ᠂ ᠬᠠᠮᠲᠤᠪᠠᠷ ᠪᠠᠶᠢᠭᠤᠯᠵᠤᠬᠠᠮᠲᠤᠪᠠᠷ ᠵᠠᠰᠠᠵᠤ ᠬᠠᠮᠲᠤᠪᠠᠷ ᠡᠳ᠋ᠯᠡᠬᠦ ᠨᠡᠶᠢᠭᠡᠮ ᠤᠨ ᠵᠠᠰᠠᠯᠲᠠ ᠶᠢᠨ ᠲᠤᠭᠲᠠᠮᠵᠢ ᠶᠢ ᠪᠠᠶᠢᠭᠤᠯᠬᠤ ᠬᠡᠷᠡᠭᠲᠡᠢ ᠭᠡᠵᠡᠢ᠃ 
 98725161ebac98fe379368a5c22d851f_6382347179090317497313394.jpg
      ᠪᠦᠲᠦᠭᠡᠨ ᠪᠠᠶᠢᠭᠤᠯᠵᠤ ᠪᠠᠶᠢᠭ᠎ᠠ ᠰᠤᠶᠤᠯ ᠵᠤᠭᠠᠴᠠᠯ ᠤᠨ ᠲᠦᠷᠦᠯ ᠵᠦᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ ᠶᠢᠨ ᠬᠠᠮᠲᠤ ᠡᠩᠬᠡ ᠤᠷᠤᠰᠦᠨᠳᠦᠰᠦᠲᠡᠨ ᠤ ᠰᠢᠶᠠᠩ ᠳᠤ ᠭᠦᠨᠵᠡᠭᠡᠶᠢᠷᠡᠨ ᠭᠡᠷ ᠪᠦᠯᠢ ᠶᠢᠨ ᠵᠤᠭᠠᠴᠠᠯ ᠤᠨ ᠬᠥᠭᠵᠢᠯᠲᠡ ᠶᠢᠨ ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ ᠭᠤᠤ ᠷᠦᠨ ᠰᠢ᠂ᠠᠬᠢᠴᠠ ᠶᠢ ᠠᠮᠵᠢᠵᠤ᠂ ᠶᠠᠰᠤ ᠴᠢᠨᠠᠷ ᠢ ᠪᠠᠲᠤᠯᠠᠵᠤ᠂ ᠠᠮᠤᠷ ᠲᠦᠪᠰᠢᠨ ᠢᠶᠠᠷ ᠪᠠᠷᠢᠯᠭ᠎ᠠ ᠪᠠᠷᠢᠵᠤ᠂ ᠬᠤᠯᠪᠣᠭᠳᠠᠯ ᠪᠦᠬᠦᠢ ᠲᠦᠷᠦᠯ ᠵᠦᠢᠯ ᠢ ᠵᠤᠭᠠᠴᠠᠯ ᠤᠨᠬᠥᠭᠵᠢᠶᠡᠨᠲᠡᠢ ᠤᠯᠠᠷᠢᠯ ᠳᠤ ᠠᠰᠢᠭᠯᠠᠯᠲᠠ ᠳᠤ ᠣᠷᠣᠭᠤᠯᠬᠤ ᠶᠢ ᠪᠠᠲᠤᠯᠠᠵᠤ᠂ ᠰᠣᠶᠣᠯ ᠵᠤᠭᠠᠴᠠᠯ ᠤᠨ ᠬᠥᠭᠵᠢᠯᠲᠡ ᠶᠢᠨ ᠡᠵᠡᠩᠨᠡᠯᠲᠡ ᠶᠢᠨ ᠬᠡᠯᠪᠡᠷᠢ ᠶᠢ ᠤᠯᠠᠮᠴᠢᠨᠠᠭᠰᠢᠳᠠ ᠲᠡᠭᠦᠯᠳᠡᠷᠵᠢᠭᠦᠯᠦᠨ ᠪᠠᠶᠠᠯᠢᠭᠵᠢᠭᠤᠯᠬᠤ ᠬᠡᠷᠡᠭᠲᠡᠢ᠃ ᠣᠯᠠᠨ ᠡᠰᠢᠲᠦ ᠦᠢᠯᠡᠳᠬᠦᠨ ᠤ ᠬᠠᠩᠭᠠᠯᠭ᠎ᠠ ᠪᠠ ᠲᠠᠭᠠᠯᠠᠮᠵᠢᠲᠠᠢ ᠬᠡᠷᠡᠭᠯᠡᠭᠡᠨ ᠤ ᠣᠷᠴᠢᠨᠲᠣᠭᠤᠷᠢᠨ ᠨᠢ ᠵᠣᠴᠢᠳ ᠤᠨ ᠰᠤᠨᠢᠷᠬᠠᠯ ᠢ ᠲᠠᠲᠠᠵᠤ ᠦᠯᠡᠳᠡᠭᠡᠬᠦ ᠶᠢᠨ ᠵᠠᠩᠭᠢᠯᠠᠭ᠎ᠠ ᠪᠠᠶᠢᠵᠤ᠂ ᠭᠦᠨᠵᠡᠭᠡᠢ ᠰᠤᠳᠤᠯᠵᠤ᠂ ᠨᠢᠮᠪᠠᠢ ᠲᠥᠯᠥᠪᠵᠢᠭᠦᠯᠵᠦ᠂ 《ᠵᠠᠬ᠎ᠠ ᠳᠡᠯᠭᠡᠭᠦᠷ ᠤᠨ ᠡᠵᠡᠩᠨᠡᠯᠲᠡ ᠪᠣᠷᠤᠯᠠᠭᠤᠯᠭ᠎ᠠ》 ᠶᠢᠨ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠪᠦᠲᠦᠭᠡᠭᠳᠡᠬᠦᠨ ᠤ ᠪᠣᠷᠤᠯᠠᠭᠤᠯᠭ᠎ᠠ ᠶᠢᠨ ᠴᠡᠭ ᠢᠳᠤᠪᠤᠶᠢᠯᠭᠠᠵᠤ᠂ ᠤᠬᠠᠭᠤᠯᠤᠨ ᠲᠠᠨᠢᠯᠴᠠᠭᠤᠯᠬᠤ ᠶᠢ ᠴᠢᠬᠤᠯᠠᠴᠢᠯᠠᠵᠤ᠂ ᠵᠤᠭᠠᠴᠠᠭᠰᠠᠳ ᠢᠶᠠᠷ ᠭᠤᠣᠯ ᠳᠦᠷᠢ ᠪᠣᠯᠭᠠᠨ ᠪᠦᠬᠦ ᠬᠡᠯᠬᠢᠶᠡᠳᠤ᠂ ᠨᠠᠷᠢᠯᠢᠭᠵᠢᠭᠤᠯᠤᠭᠰᠠᠨᠦᠢᠯᠡᠴᠢᠯᠡᠭᠡ ᠬᠠᠩᠭᠠᠵᠤ᠂ ᠵᠤᠭᠠᠴᠠᠭᠰᠠᠳ ᠲᠤ ᠲᠤᠬᠠᠢ ᠶᠢᠨ ᠭᠠᠵᠠᠷ ᠤᠨ ᠰᠣᠶᠣᠯ ᠵᠢᠭᠤᠯᠴᠢᠯᠠᠯ ᠤᠨ ᠪᠦᠲᠦᠭᠡᠭᠳᠡᠬᠦᠨ ᠤ ᠠᠭᠤᠯᠤᠭᠳᠠᠬᠤᠨ ᠤ ᠷᠢᠳᠢ ᠰᠢᠳᠢ ᠶᠢ ᠨᠡᠩᠰᠠᠶᠢᠨ ᠣᠶᠢᠯᠠᠭᠠᠭᠤᠯᠬᠤ ᠶᠢᠨ ᠬᠠᠮᠲᠤ᠂ ᠬᠡᠷᠡᠭᠯᠡᠭᠡᠨ ᠤ ᠬᠦᠰᠡᠯ ᠢ ᠨᠡᠮᠡᠭᠳᠡᠭᠦᠯᠵᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠪᠣᠯᠣᠨ ᠬᠡᠷᠡᠭᠯᠡᠭᠡ ᠶᠢ ᠠᠬᠢᠭᠤᠯᠬᠤ ᠶᠢᠬᠠᠮᠲᠤᠪᠠᠷ ᠳᠡᠭᠡᠭᠰᠢᠯᠡᠭᠦᠯᠬᠦ ᠬᠡᠷᠡᠭᠲᠡᠢ ᠭᠡᠵᠡᠢ᠃  
be86a1caa8006974c63697fd4770d2d0_6382347181951253847905717.jpg
       ᠲᠤᠬᠠᠢ ᠶᠢᠨ ᠲᠠᠯᠠᠪᠠᠶ ᠶᠢᠨ ᠠᠯᠪᠠᠯᠠᠬᠤ ᠬᠤᠷᠠᠯ ᠳᠡᠭᠡᠷ᠎ᠡ᠂ ᠭᠤᠣ ᠷᠦᠨ ᠰᠢ᠂ ᠡᠷᠭᠦᠨ᠎ᠡ ᠬᠤᠳᠠ ᠨᠢ ᠪᠦᠬᠦ ᠬᠤᠳᠠ ᠶᠢᠨ ᠬᠤᠳᠠ ᠶᠢᠨ ᠨᠠᠷᠢᠯᠢᠭᠵᠢᠯᠬᠠᠮᠢᠶᠠᠷᠤᠯᠲᠠ ᠶᠢ ᠴᠢᠩᠭᠠᠳᠬᠠᠬᠤ ᠪᠠ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠪᠠᠷᠢᠮᠵᠢᠶ᠎ᠠ ᠪᠠ ᠴᠢᠨᠠᠷ ᠢ ᠳᠡᠭᠡᠭᠰᠢᠯᠡᠭᠦᠯᠵᠦ ᠴᠢᠨᠠᠷ ᠰᠠᠶᠢᠲᠠᠢ ᠬᠥᠭᠵᠢᠯᠲᠡ ᠶᠢᠠᠬᠢᠭᠤᠯᠬᠤ ᠲᠤᠬᠠᠢ ᠶᠢᠨ ᠲᠠᠯᠠᠪᠠᠢ ᠶᠢᠨ ᠬᠤᠷᠠᠯ ᠤᠨ ᠴᠢᠬᠤᠯᠠ ᠵᠠᠩᠭᠢᠯᠠᠭ᠎ᠠ ᠶᠢᠨ ᠬᠤᠳᠠ ᠪᠣᠯᠤᠭᠰᠠᠨ ᠤ ᠬᠤᠪᠢ ᠳᠤ᠂ ᠪᠣᠳᠠᠲᠠᠢ ᠶᠢ ᠡᠷᠬᠢᠮᠯᠡᠬᠦ᠂ ᠥᠨᠳᠥᠷᠪᠦᠲᠦᠮᠵᠢᠲᠡᠢ᠂ ᠠᠷᠠᠳ ᠢᠶᠠᠷ ᠦᠨᠳᠦᠰᠦ ᠪᠣᠯᠭᠠᠬᠤ᠂ ᠠᠷᠪᠢᠯᠠᠨ ᠭᠠᠮᠨᠠᠬᠤ᠂ ᠠᠮᠤᠷ ᠲᠦᠪᠰᠢᠨ ᠵᠠᠷᠴᠢᠮ ᠢ ᠢᠮᠠᠭᠲᠠ ᠪᠠᠷᠢᠮᠲᠠᠯᠠᠵᠤ᠂ ᠨᠢᠭᠡᠳᠦᠯᠲᠡᠢ ᠲᠦᠯᠦᠪᠯᠡᠬᠦ ᠶᠢᠴᠢᠩᠭᠠᠳᠬᠠᠵᠤ᠂ ᠤᠨᠤᠴᠠᠲᠠᠢ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠲᠤᠪᠤᠶᠢᠯᠭᠠᠵᠦ᠂ ᠪᠠᠷᠢᠮᠵᠢᠶᠠᠳᠤ ᠲᠤᠭᠲᠠᠯᠴᠠᠭ᠎ᠠ ᠶᠢ ᠲᠡᠭᠦᠯᠳᠡᠷᠵᠢᠭᠦᠯᠵᠦ᠂ ᠳᠦᠷᠢᠮ ᠤᠨᠲᠣᠭᠲᠠᠴᠠ ᠶᠢᠨ ᠰᠢᠨ᠎ᠡ ᠶᠢ ᠡᠭᠦᠳᠴᠦ᠂ ᠪᠦᠬᠦᠯᠢ ᠴᠣᠭᠴᠠ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠤᠬᠠᠭᠤᠯᠤᠨ ᠲᠠᠨᠢᠯᠴᠠᠭᠤᠯᠬᠤ ᠶᠢ ᠴᠢᠩᠭᠠᠳᠬᠠᠵᠤ᠂ᠬᠤᠷᠠᠯ ᠢᠶᠠᠷ ᠠᠵᠢᠯᠯᠠᠬᠤ ᠶᠢ ᠠᠬᠢᠭᠤᠯᠬᠤ᠂ ᠬᠤᠷᠠᠯ ᠢᠶᠠᠷ ᠪᠠᠶᠢᠭᠤᠯᠬᠤ ᠶᠢ ᠠᠬᠢᠭᠤᠯᠬᠤ᠂ ᠬᠤᠷᠠᠯ ᠢᠶᠠᠷ ᠦᠷ᠎ᠡ ᠪᠦᠲᠦᠮᠵᠢ ᠶᠢ ᠠᠬᠢᠭᠤᠯᠬᠤ ᠶᠢ ᠦᠨᠡᠨᠬᠦ ᠪᠡᠶᠡᠯᠡᠭᠦᠯᠵᠦ᠂ ᠨᠠᠮ ᠤᠨ ᠭᠡᠰᠢᠭᠦᠨ ᠺᠠᠳ᠋ᠷᠴᠤᠳ ᠤᠨ ᠰᠠᠶᠢᠨ ᠰᠠᠶᠢᠬᠠᠨ ᠰᠤᠷᠲᠠᠯ ᠪᠣᠯᠣᠨ ᠵᠢᠭᠤᠯᠴᠢᠯᠠᠯ ᠤᠨ ᠬᠤᠳᠠ ᠶᠢᠨ ᠴᠤ᠋ ᠰᠢᠨ᠎ᠡ ᠳᠦᠷᠢ ᠲᠥᠷᠬᠦ ᠶᠢ ᠪᠦᠬᠦ ᠲᠠᠯ᠎ᠠ ᠪᠠᠷᠢᠯᠡᠷᠡᠭᠦᠯᠬᠦ ᠬᠡᠷᠡᠭᠲᠡᠢ ᠭᠡᠪᠡ᠃  
  ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ